ᠨᠠᠢᠮᠠᠳᠤᠭᠠᠷ ᠪᠦᠯᠦᠭ ᠬᠤᠰᠢᠭᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠢ ᠨᠡᠶᠢᠲᠡᠯᠡᠬᠦ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/10/19
                             ᠦᠦᠰᠢᠨ ᠵᠠᠰᠠᠭ ᠠᠯᠪᠠᠨ ᠳᠠᠷᠬᠠᠭᠠᠬᠤ ﹇2022﹈ 100 ᠳ᠋ᠤᠭᠠᠷ ᠲᠣᠭᠠᠲᠤ         ᠡᠯ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ︵ᠬᠦᠷᠢᠶᠡᠯᠡᠩ ᠲᠣᠭᠤᠷᠢᠭ︶ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠠᠳ᠂ ᠡᠳᠦᠭᠡ ᠨᠠᠢᠮᠠᠳᠤᠭᠠᠷ ᠪᠦᠯᠦᠭ ᠬᠤᠰᠢᠭᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠢ ᠨᠡᠶᠢᠲᠡᠯᠡᠶ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ︽ᠬᠠᠮᠠᠭᠠᠯᠠᠬᠤ ᠪᠠᠷ ᠭᠤᠣᠯ ᠪᠣᠯᠭᠠᠵᠤ᠂ ᠠᠪᠤᠷᠠᠬᠤ ᠶᠢ ᠲᠡᠷᠢᠭᠦᠨ ᠳᠤ ᠲᠠᠯᠪᠢᠵᠤ᠂ ᠵᠦᠢ ᠵᠣᠬᠢᠰᠲᠠᠢ ᠠᠰᠢᠭᠯᠠᠵᠤ᠂ ᠤᠯᠠᠮᠵᠢᠯᠠᠨ ᠬᠥᠭᠵᠢᠭᠦᠯᠬᠦ︾ ᠠᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠬᠠᠮᠢᠶᠠᠷᠬᠤ ᠪᠠ ᠵᠦᠢ ᠵᠣᠬᠢᠰᠲᠠᠢ ᠠᠰᠢᠭᠯᠠᠬᠤ ᠠᠵᠢᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ᠃            ᠳᠠᠭᠠᠯᠳᠤᠭᠤᠯᠤᠯ᠄ ᠦᠦᠰᠢᠨ ᠬᠤᠰᠢᠭᠤᠨ ᠤ ᠨᠠᠢᠮᠠᠳᠤᠭᠠᠷ ᠪᠦᠯᠦᠭ ᠬᠤᠰᠢᠭᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ                                 ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                            2022 ᠣᠨ ᠤ 9 ᠰᠠᠷ᠎ᠠ ᠶᠢᠨ 16 ᠤ ᠡᠳᠦᠷ  
O9S6N`O$[OEL{W1`%ES%V%2.png
                 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ