ᠥᠥᠰᠢᠨ ᠬᠤᠰᠢᠭᠤ ᠪᠤᠯ ᠣᠷᠳᠣᠰ ᠨᠠᠷᠢᠨ ᠨᠤᠤᠰᠤᠲᠤ ᠬᠤᠨᠢᠨ ᠤ ᠭᠤᠤᠯ ᠭᠠᠷᠤᠯᠳᠠ ᠶᠢᠨ ᠤᠷᠤᠨ ᠪᠠᠶᠢᠵᠦ ᠨᠠᠷᠢᠨ ᠨᠤᠤᠰᠤᠲᠤ ᠬᠤᠨᠢ ᠨᠢ ᠮᠠᠨ ᠤ | ᠬᠤᠰᠢᠭᠤᠨ ᠤ ᠮᠠᠯ ᠠᠵᠦ ᠠᠬᠤᠢ ᠶᠢᠨ ᠭᠤᠤᠯᠯᠠᠬᠴᠢ ᠡᠬᠦᠯᠳᠡᠷ ᠪᠤᠯᠤᠭᠰᠠᠨ ᠪᠠᠶᠢᠨ᠎ᠠ᠃ ᠳᠡᠭᠡᠷ᠎ᠡ ᠵᠠᠭᠤᠨ ᠤ ᠲᠠᠪᠢᠭᠠᠳ ᠤᠨ ᠠᠴᠠ ᠥᠥᠰᠢᠨ ᠬᠤᠰᠢᠭᠤ ᠨᠢ | ᠣᠷᠳᠣᠰ ᠨᠠᠷᠢᠨ ᠨᠤᠤᠰᠤᠲᠤ ᠬᠤᠨᠢᠨ ᠤ ᠪᠤᠶᠢᠵᠢᠭᠤᠯᠤᠯᠲᠠ ᠪᠠ ᠡᠬᠦᠯᠳᠡᠷ ᠰᠠᠶᠢᠵᠢᠷᠠᠭᠤᠯᠬᠤ ᠠᠵᠢᠯ ᠢ ᠡᠬᠢᠯᠡᠨ ᠬᠢᠵᠦ᠂ ᠤᠷᠤᠨ ᠨᠤᠲᠤᠭ ᠤᠨ ᠮᠤᠩᠭᠤᠯ ᠬᠤᠨᠢ | ᠪᠠᠷ ᠡᠭᠡ ᠤᠳᠤᠮ ᠪᠤᠯᠭᠠᠵᠦ᠂ ᠡᠴᠢᠬᠡ ᠤᠳᠤᠮ ᠨᠢ ᠰᠢᠨᠵᠢᠶᠠᠩ ᠤᠨ ᠨᠠᠷᠢᠨ ᠨᠤᠤᠰᠤᠲᠤ ᠬᠤᠨᠢ ᠪᠠᠷ ᠭᠤᠤᠯᠯᠠᠭᠤᠯᠤᠨ᠂ ᠪᠠᠭ᠎ᠠ ᠬᠡᠮᠵᠢᠶᠡᠨ ᠤ ᠵᠦᠪᠯᠡᠯᠲᠤ | ᠮᠧᠷᠨᠤᠰ ᠬᠤᠨᠢ ᠪᠤᠯᠤᠨ ᠹᠦᠷᠹᠠᠰ ᠬᠤᠨᠢᠨ ᠤ ᠴᠢᠰᠤ ᠶᠢ ᠬᠤᠯᠢᠯᠳᠤᠭᠤᠯᠤᠨ ᠡᠭᠦᠯᠳᠡᠷ ᠰᠠᠶᠢᠵᠢᠷᠠᠭᠤᠯᠤᠬᠰᠠᠨ ᠶᠤᠮ᠃ 1972 ᠤᠨ ᠳᠤ᠂ ᠡᠯ᠎ᠡ ᠡᠬᠦᠯᠳᠡᠷ | ᠪᠤᠶᠢᠵᠢᠭᠤᠯᠬᠤ ᠴᠡᠭ ᠨᠢ ︽ᠬᠦᠨᠳᠡᠯᠡᠨ ᠢᠶᠠᠷ ᠰᠤᠯᠪᠢᠯᠴᠠᠭᠤᠯᠬᠤ︾ ᠵᠢᠴᠢ ᠰᠤᠩᠭᠤᠨ ᠪᠤᠶᠢᠵᠢᠭᠤᠯᠵᠦ ᠳᠡᠭᠡᠭᠰᠢᠯᠡᠬᠦᠯᠬᠦ ᠠᠵᠢᠯ ᠢᠶᠠᠨ ᠬᠤᠶᠢᠨ᠎ᠠ ᠬᠤᠶᠢᠨ᠎ᠠ ᠠᠴᠠ | ᠨᠢ ᠡᠬᠢᠯᠡᠬᠦᠯᠵᠦ ᠱᠠᠲᠤ ᠦᠶᠡᠴᠢ ᠴᠢᠨᠠᠷᠲᠠᠢ ᠦᠷ᠎ᠡ ᠪᠦᠲᠦᠮᠵᠢ ᠶᠢ ᠤᠯᠤᠬᠰᠠᠨ ᠪᠠᠶᠢᠨ᠎ᠠ᠃ | 1985 ᠣᠨ ᠤ 5 ᠰᠠᠷ᠎ᠠ ᠶᠢᠨ 5 ᠤ ᠡᠳᠤᠷ᠂ ᠥᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ | ᠲᠤᠰᠬᠠᠢ ᠮᠡᠷᠭᠡᠵᠢᠯᠳᠡᠨ ᠢ ᠵᠤᠬᠢᠶᠠᠨ ᠪᠠᠶᠢᠭᠤᠯᠵᠦ᠂ ᠣᠷᠳᠣᠰ ᠨᠠᠷᠢᠨ ᠨᠤᠤᠰᠤᠲᠤ ᠬᠤᠨᠢ ᠪᠤᠶᠢᠵᠢᠭᠤᠯᠬᠤ ᠠᠵᠢᠯ ᠵᠢᠴᠢ ᠦᠢᠯᠡᠳᠪᠤᠷᠢᠯᠡᠯ ᠤᠨ ᠴᠢᠳᠠᠪᠬᠢ ᠳᠤ | ᠪᠦᠬᠦ ᠲᠠᠯ᠎ᠠ ᠶᠢᠨ ᠬᠢᠨᠠᠨ ᠰᠢᠯᠭᠠᠯᠳᠠ ᠬᠢᠵᠦ᠂ ᠵᠢᠩᠬᠢᠨᠢ ᠪᠠᠷ ︽ᠣᠷᠳᠣᠰ ᠨᠠᠷᠢᠨ ᠨᠤᠤᠰᠤᠲᠤ ᠬᠤᠨᠢ︾ ᠬᠡᠵᠦ ᠨᠡᠷᠡᠶᠢᠳᠦᠭᠰᠡᠨ ᠪᠠᠶᠢᠨ᠎ᠠ᠃ | | | | |