ᠦᠦᠰᠢᠨ ᠬᠤᠰᠢᠭᠤᠨ ᠤ 2022 ᠣᠨ ᠤ 1 ︱ 6 ᠳ᠋ᠤᠭᠠᠷ ᠰᠠᠷ᠎ᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ  ᠡᠷᠬᠢᠯᠳᠡ ᠶᠢᠨ ᠵᠠᠳᠠᠯᠤᠯᠲᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2022/11/25
      1 — 6 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠭᠡᠪᠴᠢᠶᠡᠵᠢᠯ ᠠᠴᠠ ᠳᠡᠭᠡᠭᠰᠢᠬᠢ 27 ᠠᠵᠤ ᠠᠬᠤᠶᠢᠯᠠᠯ ︵ᠪᠠᠶᠢᠭᠠᠯᠢ ᠶᠢᠨ ᠰᠢᠲᠠᠮᠠᠬᠠᠢ ᠬᠡᠢ ᠪᠠᠭᠲᠠᠬᠤ ᠦᠭᠡᠢ︶ ᠨᠢ 344.96 ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠲᠡᠭ ᠢ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 37.53% ᠪᠠᠷ ᠨᠡᠮᠡᠭᠳᠡᠵᠦ᠂ ᠪᠣᠷᠤᠯᠠᠭᠤᠯᠤᠭᠰᠠᠨ ᠦᠢᠯᠡᠳᠬᠦᠨ ᠤ ᠦᠷᠲᠡᠭ ᠢ 341.52 ᠳ᠋ᠦᠩᠰᠢᠭᠤᠷ ᠲᠥᠭᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 34.61% ᠪᠠᠷ ᠨᠡᠮᠡᠭᠳᠡᠪᠡ᠃ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠳᠤ ᠨᠠᠷᠢᠯᠢᠭ ᠮᠧᠲ᠋ᠢᠯ ᠠᠯᠺᠣᠣᠯ᠂ ᠰᠢᠩᠭᠡᠨᠵᠢᠬᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ᠂ ᠰᠢᠭᠡᠰᠦᠯᠢᠭ ᠡᠳ᠋᠂ ᠪᠥᠭᠡᠭᠡᠨᠡᠷᠡᠯ ᠡᠲ᠋ᠧᠨ᠂ ᠪᠥᠭᠡᠭᠡᠨᠡᠷᠡᠯ ᠫᠷᠦᠫᠧᠨ ᠤ ᠭᠠᠷᠤᠯᠲᠠ ᠲᠤᠰ ᠲᠤᠰ 351.49 ᠲᠦᠮᠡᠨ ᠲᠣᠨ᠂ 45.72 ᠲᠦᠮᠡᠨ ᠲᠣᠨ᠂ 156.5 ᠲᠦᠮᠡᠨ ᠲᠣᠨ᠂ 52.81 ᠲᠦᠮᠡᠨ ᠲᠣᠨ᠂ 56.57 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 12.39%᠂ 19.71%᠂ 2.63%᠂ —5.65%᠂ —1.87% ᠪᠠᠷ ᠨᠡᠮᠡᠭᠳᠡᠪᠡ᠃ ᠴᠠᠬᠢᠯᠭᠠᠨ ᠭᠠᠷᠭᠠᠭᠰᠠᠨ ᠬᠡᠮᠵᠢᠶ᠎ᠡ ᠨᠢ 13.39 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.54%  ᠪᠠᠷ ᠪᠠᠭᠤᠷᠠᠵᠠᠢ᠃ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ