ᠦᠦᠰᠢᠨ ᠬᠤᠰᠢᠭᠤᠨ ᠤ 2022 ᠣᠨ ᠤ 1 ︱10 ᠳ᠋ᠤᠭᠠᠷ ᠰᠠᠷ᠎ᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠬᠢᠯᠲᠡ ᠶᠢᠨ ᠵᠠᠳᠠᠯᠤᠯᠲᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2022/11/25
      1—10 ᠳ᠋ᠤᠭᠠᠷ ᠰᠠᠷ᠎ᠠ ᠳᠤ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠳᠤᠮᠳᠠ᠂ ᠨᠠᠷᠢᠯᠢᠭ ᠮᠧᠲ᠋ᠢᠯ ᠠᠯᠺᠣᠣᠯ ᠤᠨ ᠭᠠᠷᠤᠯᠲᠠ 549.02 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.03% ᠪᠠᠷ ᠨᠡᠮᠡᠭᠳᠡᠨ᠂ 47.49 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 42.38% ᠪᠠᠷ ᠨᠡᠮᠡᠭᠳᠡᠪᠡ︔ ᠪᠥᠭᠡᠭᠡᠨᠡᠷᠡᠯ ᠡᠲ᠋ᠧᠨ ᠤ ᠭᠠᠷᠤᠯᠲᠠ 88.48 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.21% ᠪᠠᠷ ᠨᠡᠮᠡᠭᠳᠡᠵᠦ᠂ 70.93 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 16.58% ᠪᠠᠷ ᠨᠡᠮᠡᠭᠳᠡᠪᠡ︔ ᠪᠥᠭᠡᠭᠡᠨᠡᠷᠡᠯ ᠫᠷᠤᠫᠧᠨ ᠤ ᠭᠠᠷᠤᠯᠲᠠ 94.51 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.65% ᠪᠠᠷ ᠨᠡᠮᠡᠭᠳᠡᠵᠦ᠂ 76.50 ᠳ᠋ᠦᠩᠰᠢᠭᠤᠷ ᠲᠥᠭᠦᠷᠢᠭ  ᠤᠨ ᠦᠢᠯᠡᠳᠬᠦᠨ ᠤ ᠥᠷᠲᠡᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 12.12% ᠪᠠᠷ ᠨᠡᠮᠡᠭᠳᠡᠪᠡ︔ ᠰᠢᠭᠡᠰᠦᠯᠢᠭ ᠡᠳ᠋ ᠤᠨ ᠭᠠᠷᠤᠯᠲᠠ 233.48 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.43% ᠪᠠᠷ ᠪᠠᠭᠤᠷᠠᠪᠠ ︵7 ︱ 8 ᠰᠠᠷ᠎ᠠ ᠳᠤ ᠵᠦᠩ ᠮᠧᠢ ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ ᠦᠢᠯᠡᠳᠪᠦᠷᠢ ᠶᠢᠨ ᠬᠢᠵᠠᠭᠠᠷᠲᠤ ᠺᠤᠮᠫᠠᠨᠢ᠂ ᠪᠥᠸᠧ ᠳ᠋ᠠ ᠱᠢ ᠳ᠋ᠢ ᠬᠢᠮᠢ ᠶᠢᠨ ᠬᠢᠵᠠᠭᠠᠷᠲᠤ ᠺᠤᠮᠫᠠᠨᠢ ᠲᠣᠰ ᠲᠣᠰ ᠦᠢᠯᠡᠳᠪᠦᠷᠢᠯᠡᠯ ᠢᠶᠠᠨ ᠵᠣᠭᠰᠣᠭᠠᠵᠤ ᠪᠠᠶᠢᠴᠠᠭᠠᠨ ᠰᠡᠯᠪᠢᠪᠡ︶᠂ 65.00 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 12.69% ᠪᠠᠷ ᠨᠡᠮᠡᠭᠳᠡᠪᠡ︔ ᠰᠢᠩᠭᠡᠨᠵᠢᠬᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ 73.48 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.48% ᠪᠠᠷ ᠨᠡᠮᠡᠭᠳᠡᠨ᠂ 31.68 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ  ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 44.67% ᠪᠠᠷ ᠨᠡᠮᠡᠭᠳᠡᠪᠡ᠃ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ