ᠦᠦᠰᠢᠨ ᠵᠠᠰᠠᠭ ᠠᠯᠪᠠᠨ ᠳᠠᠷᠬᠠᠭᠠᠬᠤ〔2022〕39 ᠳ᠋ᠤᠭᠡᠷ ᠲᠣᠭᠠᠲᠤ | | ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠬᠤᠰᠢᠭᠤ ᠰᠢᠭᠤᠳ | ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ᠂ ᠡᠯ᠎ᠡ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠦᠦᠰᠢᠨ | ᠬᠤᠰᠢᠭᠤᠨ ᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠵᠤ ᠥᠯᠥ ᠬᠥᠳᠡᠯᠬᠦ ᠬᠥᠷᠥᠩᠭᠡ ᠳᠤ | ᠨᠢᠭᠡᠳᠦᠯᠲᠡᠢ ᠳᠠᠩᠰᠠᠯᠠᠬᠤ ᠠᠵᠢᠯ ᠤᠨ ᠲᠥᠰᠥᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 4 ᠰᠠᠷ᠎ᠠ ᠶᠢᠨ 25 ᠤ ᠡᠳᠤᠷ | | | | ᠦᠦᠰᠢᠨ ᠬᠤᠰᠢᠭᠤᠨ ᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠵᠤ | ᠥᠯᠥ ᠬᠥᠳᠡᠯᠬᠦ ᠬᠥᠷᠥᠩᠭᠡ ᠳᠤ ᠨᠢᠭᠡᠳᠦᠯᠲᠡᠢ ᠳᠠᠩᠰᠠᠯᠠᠬᠤ ᠠᠵᠢᠯ ᠤᠨ ᠲᠥᠰᠥᠯ | | | ᠨᠤᠲᠤᠭ ᠪᠡᠯᠴᠢᠭᠡᠷ ᠤᠨ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠢ ᠰᠠᠶᠢᠲᠤᠷ | ᠬᠢᠵᠦ ᠥᠷᠭᠡᠨ ᠣᠯᠠᠨ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ︾᠂ ︽ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠬᠠᠮᠢᠶ᠎ᠠ ᠪᠦᠬᠦᠢ | ᠬᠠᠤᠯᠢ ᠴᠠᠭᠠᠵᠠ ᠲᠦᠷᠢᠮ ᠲᠣᠭᠲᠠᠭᠠᠯ ᠪᠣᠯᠣᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠡᠭᠦᠷᠭᠡ | ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠬᠦ ᠲᠤᠬᠠᠢ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ | ᠬᠤᠰᠢᠭᠤᠨ ᠤ ᠣᠷᠣᠨ ᠲᠤᠭ᠎ᠠ ᠶᠢᠨ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃ | ᠨᠢᠭᠡ᠂ ᠡᠯ᠎ᠡ ᠰᠤᠮᠤ ᠪᠠᠯᠭᠠᠰᠤ᠂ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠡᠭᠦᠷᠬᠡᠯᠡᠬᠦ ᠠᠵᠢᠯ ᠤᠨ ᠬᠤᠪᠢᠶᠠᠷᠢᠯᠠᠯ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠨᠤᠲᠤᠭ ᠪᠡᠯᠴᠢᠭᠡᠷ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ | ᠠᠵᠢᠯ ᠤᠨ ᠳᠤᠮᠳᠠ ᠡᠭᠦᠷᠭᠡᠯᠡᠬᠦ ᠴᠢᠬᠤᠯᠠᠲᠠᠢ ᠠᠵᠢᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠦ ᠪᠠᠶᠢᠭᠤᠯᠤᠮᠵᠢ | ᠶᠢᠨ ᠦᠬᠡᠷᠡᠴᠢᠯᠡᠯᠲᠡ ᠶᠢᠨ ᠳᠠᠷᠠᠭᠠᠬᠢ ᠲᠤᠬᠠᠶᠢᠯᠠᠭᠰᠠᠨ ᠠᠵᠢᠯ ᠢ ᠰᠠᠶᠢᠲᠤᠷ ᠵᠣᠯᠭᠠᠭᠤᠯᠬᠤ ᠶᠢᠨ ᠲᠦᠯᠦᠬᠡ᠂ | ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠡᠩᠰᠡᠯᠡᠬᠤ ᠠᠵᠢᠯ ᠢ ᠰᠤᠮᠤ ᠪᠠᠯᠭᠠᠰᠣᠨ ᠤ ᠠᠷᠠᠳ ᠤᠨ ᠵᠠᠰᠠᠭ ᠤᠨ | ᠣᠷᠳᠣᠨ ᠭᠥᠯᠢᠶᠡᠨ ᠠᠪᠴᠤ ᠬᠦᠢᠴᠡᠳᠬᠡᠬᠦ ᠪᠠ ᠠᠩᠬ᠎ᠠ ᠬᠢᠨᠠᠬᠤ᠂ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠳᠠᠬᠢᠨ ᠬᠢᠨᠠᠬᠤ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠡᠩᠰᠡᠯᠡᠵᠦ ᠦᠨᠡᠮᠯᠡᠯ ᠣᠯᠭᠤᠬᠤ | ᠶᠠᠪᠤᠴᠠ ᠶᠣᠰᠣᠭᠠᠷ ᠭᠦᠢᠴᠡᠳᠬᠡᠨ᠎ᠡ᠂ ᠬᠡᠷᠪᠡ ᠳᠡᠭᠡᠳᠦ ᠱᠠᠲᠤᠨ ᠠᠴᠠ ᠪᠣᠳᠠᠲᠠᠢ ᠠᠵᠢᠯ ᠤᠨ ᠲᠥᠰᠥᠯ ᠢ ᠨᠡᠶᠢᠲᠡᠯᠡᠪᠡᠯ | ᠳᠡᠭᠡᠳᠦ ᠱᠠᠲᠤᠨ ᠤ ᠲᠥᠰᠥᠯ ᠤᠨ ᠶᠣᠰᠣᠭᠠᠷ ᠬᠡᠷᠡᠭᠵᠢᠭᠦᠯᠵᠦ᠂ ᠲᠣᠰ ᠲᠥᠰᠥᠯ ᠥᠪᠡᠷᠳᠡᠭᠡᠨ ᠬᠦᠴᠦᠨ ᠦᠭᠡᠢ | ᠪᠣᠯᠤᠨ᠎ᠠ᠃ | ︵ᠨᠢᠭᠡ︶ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡᠯᠡᠬᠦ ᠠᠵᠢᠯ | ᠨᠤᠲᠤᠭ ᠪᠡᠯᠴᠢᠭᠡᠷ ᠤᠨ ᠭᠡᠷ᠎ᠡ ᠲᠣᠭᠲᠠᠬᠤ ᠵᠡᠷᠭᠡ ᠤᠴᠢᠷ ᠶᠠᠪᠤᠳᠠᠯ ᠢ ᠬᠠᠷᠢᠭᠤᠴᠠᠨ᠎ᠠ᠂ ᠪᠣᠳᠠᠲᠠᠢ ᠪᠠᠷ ᠬᠡᠯᠡᠪᠡᠯ | ᠄ | ⒈ᠨᠤᠲᠤᠭ ᠪᠡᠯᠴᠢᠭᠡᠷ ᠤᠨ ᠲᠦᠷᠪᠡᠨ ᠵᠠᠬ᠎ᠠ ᠶᠢᠨ ᠬᠡᠪᠴᠢᠶᠡᠨ ᠳᠤ ᠡᠷᠬᠡ ᠶᠢᠨ ᠬᠠᠷᠢᠶᠠᠯᠠᠯ ᠤᠨ ᠪᠠᠶᠢᠴᠠᠭᠠᠯᠲᠠ | ᠬᠢᠬᠦ᠂ ᠲᠤᠬᠠᠢ ᠶᠢᠨ ᠭᠠᠵᠠᠷ ᠲᠤ ᠪᠠᠶᠢᠴᠠᠭᠠᠨ ᠬᠡᠮᠵᠢᠨ ᠵᠢᠷᠤᠬᠤ ᠪᠠ ᠬᠥᠷᠰᠢ ᠵᠡᠷᠭᠡᠯᠡᠳᠡᠭᠡ ᠶᠢᠨ ᠨᠤᠲᠤᠭ ᠪᠡᠯᠴᠢᠭᠡᠷ | ᠤᠨ ᠡᠷᠭᠡᠲᠤ ᠭᠦᠮᠦᠨ ᠤ ᠭᠠᠷ ᠤᠨ ᠦᠰᠦᠭ ᠵᠢᠷᠤᠬᠤ ᠶᠢ ᠵᠣᠬᠢᠶᠠᠨ ᠪᠠᠶᠢᠭᠤᠯᠤᠨ᠎ᠠ︔ | ⒉ᠭᠠᠴᠠᠭ᠎ᠠ ︵ᠲᠣᠰᠬᠤᠨ︶ ᠵᠥᠪᠯᠡᠯ ᠢ ᠵᠢᠯᠣᠭᠤᠳᠤᠨ ᠲᠣᠰ ᠵᠠᠰᠠᠭ ᠵᠠᠬᠢᠷᠭᠠᠨ ᠤ ᠣᠷᠣᠨ ᠤ | ᠬᠤᠪᠢᠶᠠᠷᠢᠯᠠᠯ ᠤᠨ ᠬᠡᠪᠴᠢᠶᠡᠨ ᠳᠠᠬᠢ ᠬᠥᠳᠡᠭᠡ ᠲᠣᠰᠬᠤᠨ ᠤ ᠨᠤᠲᠤᠭ ᠪᠡᠯᠴᠢᠭᠡᠷ ᠤᠨ ᠭᠡᠷ᠎ᠡ ᠲᠤᠬᠲᠠᠬᠤ ᠶᠢ ᠵᠣᠬᠢᠶᠠᠨ | ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ︔ | ⒊ᠭᠠᠴᠠᠭ᠎ᠠ ︵ᠲᠣᠰᠬᠤᠨ︶ ᠵᠥᠪᠯᠡᠯ ᠢ ᠰᠢᠮᠳᠠᠭᠤᠯᠤᠨ ᠵᠢᠯᠤᠭᠤᠳᠴᠤ ᠪᠠᠶᠢᠭᠠᠳ ᠲᠣᠰ ᠭᠠᠴᠠᠭ᠎ᠠ | ᠲᠣᠰᠬᠤᠨ ᠤ ᠬᠠᠮᠲᠤ ᠶᠢᠨ ᠬᠡᠪᠴᠢᠶᠡᠨ ᠳᠤ ᠬᠥᠳᠡᠭᠡ ᠲᠣᠰᠬᠤᠨ ᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ | ᠡᠷᠬᠡ ᠶᠢᠨ ᠳᠠᠩᠰᠠᠯᠠᠯᠲᠠ ᠶᠢᠨ ᠵᠦᠢᠯᠡᠰ ᠢ ᠢᠯᠡ ᠨᠡᠶᠢᠲᠡᠯᠡᠨ᠎ᠡ︔ | ⒋ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠤᠬᠲᠠᠭᠠᠵᠦ ᠳᠠᠩᠰᠠᠯᠠᠬᠤ᠂ ᠳᠠᠭᠠᠭᠠᠴᠢᠯᠠᠨ ᠡᠵᠡᠩᠨᠡᠬᠦ | ᠡᠷᠬᠡ ᠶᠢ ᠦᠬᠡᠷᠡᠴᠢᠯᠡᠨ ᠳᠠᠩᠰᠠᠯᠠᠬᠤ ᠳᠤ ᠠᠩᠬᠠᠨ ᠤ ᠬᠢᠨᠠᠯᠲᠠ ᠶᠢᠨ ᠰᠠᠨᠠᠯ ᠢ ᠭᠠᠷᠭᠠᠨ᠎ᠠ︔ | ⒌ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ︵ᠳᠠᠭᠠᠭᠠᠴᠢᠯᠠᠨ ᠡᠵᠡᠩᠨᠡᠬᠦ ᠡᠷᠬᠡ ᠪᠠᠭᠲᠠᠨ᠎ᠠ︶ ᠶᠢᠨ | ᠡᠷᠭᠢᠯᠲᠡ ᠶᠢᠨ ᠳᠠᠩᠰᠠᠯᠠᠯᠲᠠ ᠶᠢᠨ ᠪᠣᠳᠠᠲᠠᠢ ᠠᠵᠢᠯ ᠢ ᠬᠠᠷᠢᠭᠤᠴᠠᠨ᠎ᠠ︔ | ⒍︽ᠨᠤᠲᠤᠭ ᠪᠡᠯᠴᠢᠭᠡᠷ ᠤᠨ ᠬᠠᠤᠯᠢ︾ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠬᠤᠰᠢᠭᠤ | ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠤᠲᠤᠭ ᠪᠡᠯᠴᠢᠭᠡᠷ ᠤᠨ ᠡᠷᠬᠡ ᠶᠢᠨ | ᠬᠠᠷᠢᠶᠠᠯᠠᠯ ᠤᠨ ᠮᠠᠷᠭᠤᠯᠳᠤᠭᠠᠨ ᠢ ᠬᠠᠤᠯᠢ ᠶᠣᠰᠣᠭᠠᠷ ᠡᠶᠡᠳᠡᠭᠦᠯᠦᠨ ᠰᠢᠢᠳᠪᠦᠷᠢᠯᠡᠵᠦ ᠨᠤᠲᠤᠭ ᠪᠡᠯᠴᠢᠭᠡᠷ ᠤᠨ | ᠡᠷᠬᠡ ᠶᠢ ᠨᠤᠲᠠᠯᠠᠨ ᠳᠡᠩᠰᠡᠯᠡᠬᠤ ᠳᠤᠬᠠᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠵᠦ᠂ | ᠡᠶᠡᠳᠡᠭᠦᠯᠦᠨ ᠰᠢᠢᠳᠪᠦᠷᠢᠯᠡᠬᠦ ᠳᠤ ᠬᠦᠴᠢᠷᠲᠡᠢ ᠪᠣᠯ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠬᠠᠤᠯᠢ ᠶᠣᠰᠣᠭᠠᠷ ᠡᠶᠡᠳᠡᠭᠦᠯᠦᠨ ᠰᠢᠢᠳᠪᠦᠷᠢᠯᠡᠬᠦ ᠶᠢ ᠭᠤᠶᠤᠴᠢᠯᠠᠬᠤ ᠪᠤᠶᠤ ᠬᠠᠤᠯᠢ ᠴᠠᠭᠠᠵᠠ ᠶᠢᠨ ᠵᠢᠷᠤᠮ ᠢᠶᠠᠷ | ᠰᠢᠢᠳᠪᠦᠷᠢᠯᠡᠨ᠎ᠡ︔ | ⒎ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠪᠣᠶ ᠪᠦᠬᠦᠢ ᠮᠠᠲ᠋ᠧᠷᠢᠶᠠᠯ ᠢ ᠬᠤᠰᠢᠭᠤ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠲᠤᠰᠢᠶᠠᠵᠤ ᠬᠢᠨᠠᠨ ᠬᠠᠷᠭᠤᠭᠤᠯᠤᠭᠤᠯᠵᠤ᠂ ᠡᠯ᠎ᠡ ᠲᠥᠷᠥᠯ ᠤᠨ | ᠭᠡᠷ᠎ᠡ ᠶᠢᠨ ᠡᠷᠬᠡ ᠠᠰᠢᠭ ᠤᠨ ᠭᠤᠣᠯ ᠴᠣᠭᠴᠠ ᠲᠣᠳᠣᠷᠬᠠᠢ᠂ ᠡᠷᠬᠡ ᠠᠰᠢᠭ ᠤᠨ ᠬᠦᠷᠢᠶ᠎ᠡ ᠬᠡᠪᠴᠢᠶ᠎ᠡ ᠶᠢᠨ | ᠳᠥᠷᠪᠡᠨ ᠵᠠᠬ᠎ᠠ ᠶᠢᠨ ᠵᠠᠭᠠᠭ ᠵᠢᠴᠢ ᠲᠠᠯᠠᠪᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠨ᠎ᠠ᠃ | ︵ᠬᠤᠶᠠᠷ︶ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠭᠦᠷᠭᠡᠯᠡᠬᠦ ᠠᠵᠢᠯ | ᠨᠤᠲᠤᠭ ᠪᠡᠯᠴᠢᠭᠡᠷ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ | ᠳᠠᠬᠢᠨ ᠬᠢᠨᠠᠬᠤ ᠠᠵᠢᠯ ᠢ ᠬᠠᠷᠢᠭᠤᠴᠠᠨ᠎ᠠ᠂ ᠪᠣᠳᠠᠲᠠᠢ ᠪᠠᠷ ᠬᠡᠯᠡᠪᠡᠯ᠄ | ⒈ᠣᠶ ᠰᠢᠭᠤᠢ ᠪᠠ ᠨᠤᠲᠤᠭ ᠪᠡᠯᠴᠢᠭᠡᠷ ᠢ ᠢᠯᠭᠠᠨ ᠲᠣᠭᠲᠠᠭᠠᠬᠤ ᠵᠢᠴᠢ ᠨᠤᠲᠤᠭ ᠪᠡᠯᠴᠢᠭᠡᠷ ᠤᠨ ᠡᠷᠬᠡ ᠶᠢ | ᠨᠤᠲᠠᠯᠠᠨ ᠲᠣᠭᠲᠠᠭᠠᠬᠤ ᠶᠢ ᠳᠠᠬᠢᠨ ᠬᠢᠨᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ | ᠲᠣᠭᠲᠠᠭᠠᠬᠤ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠬᠢᠨᠠᠨ ᠬᠠᠷᠭᠤᠭᠤᠯᠤᠭᠰᠠᠨ ᠰᠠᠨᠠᠯ ᠭᠠᠷᠭᠠᠵᠤ᠂ | ᠡᠷᠬᠡ ᠶᠢ ᠨᠤᠲᠠᠯᠠᠨ ᠲᠣᠭᠲᠠᠭᠠᠬᠤ ᠮᠠᠲ᠋ᠧᠷᠢᠶᠠᠯ ᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠠ ᠶᠢᠨ ᠲᠥᠪ ᠲᠤ | ᠰᠢᠯᠵᠢᠭᠦᠯᠦᠨ ᠲᠤᠰᠢᠶᠠᠨ᠎ᠠ᠃ | ⒉ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠤᠨ ᠳᠠᠭᠠᠭᠠᠴᠢᠯᠠᠯᠲᠠ᠂ | ᠡᠷᠭᠢᠯᠲᠡ ᠬᠠᠮᠢᠶᠠᠷᠤᠯᠲᠠ ᠶᠢ ᠵᠢᠯᠣᠭᠤᠳᠤᠨ᠎ᠠ︔ | ⒊ᠨᠤᠲᠤᠭ ᠪᠡᠯᠴᠢᠭᠡᠷ ᠢ ᠲᠠᠲᠠᠪᠤᠷᠢᠯᠠᠬᠤ ᠪᠠ ᠡᠵᠡᠯᠡᠨ ᠬᠡᠷᠡᠭᠯᠡᠬᠦ ᠤᠴᠢᠷ ᠶᠠᠪᠤᠳᠠᠯ ᠢ ᠭᠥᠯᠢᠶᠡᠨ ᠠᠪᠴᠤ | ᠬᠦᠢᠴᠡᠳᠬᠡᠬᠦ ᠪᠠ ᠳᠠᠮᠵᠢᠭᠤᠯᠤᠨ ᠮᠡᠳᠡᠭᠦᠯᠬᠦ ᠵᠡᠷᠭᠡ ᠠᠵᠢᠯ ᠢ ᠡᠭᠦᠷᠭᠡᠯᠡᠨ᠎ᠡ︔ | ⒋ᠭᠡᠷ᠎ᠡ ᠶᠢᠨ ᠵᠢᠭᠤᠷᠠᠯᠳᠤᠭᠠᠨ ᠵᠢᠴᠢ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠢ ᠬᠠᠮᠵᠢᠨ ᠡᠶᠡᠳᠡᠭᠦᠯᠦᠨ | ᠰᠢᠢᠳᠪᠦᠷᠢᠯᠡᠨ᠎ᠡ︔ | ︵ᠭᠤᠷᠪᠠ︶ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠡᠭᠦᠷᠭᠡᠯᠡᠬᠦ ᠠᠵᠢᠯ | ᠨᠤᠲᠤᠭ ᠪᠡᠯᠴᠢᠭᠡᠷ ᠤᠨ ᠥᠯᠥ ᠬᠥᠳᠡᠯᠬᠦ ᠬᠥᠷᠥᠩᠭᠡ ᠶᠢᠨ ᠲᠤᠬᠠᠶᠢᠯᠠᠭᠰᠠᠨ ᠠᠵᠢᠯ ᠳᠤ ᠬᠢᠨᠠᠯᠲᠠ ᠲᠠᠯᠪᠢᠵᠤ | ᠵᠢᠯᠤᠭᠤᠳᠬᠤ ᠶᠢ ᠬᠠᠷᠢᠭᠤᠴᠠᠨ᠎ᠠ᠂ ᠪᠣᠳᠠᠲᠠᠢ ᠪᠠᠷ ᠬᠡᠯᠡᠪᠡᠯ᠄ | ⒈ᠨᠤᠲᠤᠭ ᠪᠡᠯᠴᠢᠭᠡᠷ ᠤᠨ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠳᠠᠩᠰᠠᠯᠠᠯᠲᠠ ᠶᠢᠨ ᠭᠤᠶᠤᠴᠢᠯᠠᠯ ᠢ | ᠭᠥᠯᠢᠶᠡᠨ ᠠᠪᠴᠤ ᠬᠦᠢᠴᠡᠳᠭᠡᠬᠦ᠂ ᠬᠢᠨᠠᠨ ᠬᠠᠷᠭᠤᠭᠤᠯᠬᠤ᠂ ᠳᠡᠪᠲᠡᠷ ᠲᠤ ᠲᠡᠮᠳᠡᠭᠯᠡᠬᠦ᠂ ᠦᠨᠡᠮᠯᠡᠯ ᠣᠯᠭᠤᠬᠤ ᠠᠵᠢᠯ | ᠢ ᠬᠠᠷᠢᠭᠤᠴᠠᠨ᠎ᠠ︔ | ⒉ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠤᠨ ᠪᠦᠷᠢᠨᠰᠢᠭᠦᠯᠦᠨ᠎ᠡ︔ | ⒊ᠨᠤᠲᠤᠭ ᠪᠡᠯᠴᠢᠭᠡᠷ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠠᠩᠰᠠᠯᠠᠯᠲᠠ ᠶᠢᠨ ᠮᠠᠲ᠋ᠧᠷᠢᠶᠠᠯ ᠢ | ᠴᠤᠭᠯᠠᠭᠤᠯᠬᠤ᠂ ᠡᠮᠬᠢᠳᠬᠡᠬᠦ᠂ ᠬᠠᠮᠲᠤᠪᠡᠷ ᠡᠳ᠋ᠯᠡᠬᠦ᠂ ᠬᠤᠷᠢᠶᠠᠩᠭᠤᠶᠢᠯᠠᠨ ᠲᠤᠰᠢᠶᠠᠬᠤ᠂ ᠬᠠᠮᠢᠶᠠᠷᠬᠤ ᠵᠡᠷᠭᠡ ᠠᠵᠢᠯ ᠢ | ᠬᠠᠷᠢᠭᠤᠴᠠᠨ᠎ᠠ︔ | ⒋ᠨᠤᠲᠤᠭ ᠪᠡᠯᠴᠢᠭᠡᠷ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ | ᠵᠢᠴᠢ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ | ⒌ᠨᠤᠲᠤᠭ ᠪᠡᠯᠴᠢᠭᠡᠷ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ᠂ ᠭᠡᠷᠡᠴᠢ ᠣᠯᠭᠤᠬᠤ ᠪᠠ | ᠬᠠᠮᠢᠶᠠᠷᠬᠤ ᠠᠵᠢᠯ ᠢ ᠡᠭᠦᠷᠭᠡᠯᠡᠨ᠎ᠡ︔ | ⒍ᠤᠯᠤᠰ ᠠᠴᠠ ᠲᠣᠭᠲᠠᠭᠠᠭᠰᠠᠨ ᠨᠤᠲᠤᠭ ᠪᠡᠯᠴᠢᠭᠡᠷ ᠤᠨ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ | ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ᠂ ᠡᠷᠬᠡ ᠶᠢᠨ ᠬᠠᠷᠢᠶᠠᠯᠠᠯ ᠢ ᠪᠠᠶᠢᠴᠠᠭᠠᠬᠤ᠂ ᠥᠯᠥ ᠬᠥᠳᠡᠯᠬᠦ | ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ | ᠳᠦᠷᠢᠮ᠂ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ᠬᠤᠶᠠᠷ᠂ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠡᠩᠰᠡᠯᠡᠬᠤ ᠲᠤᠬᠠᠶᠢᠯᠠᠭᠰᠠᠨ ᠠᠵᠢᠯ ᠢ | ᠭᠦᠢᠴᠡᠳᠬᠡᠬᠦ ᠶᠢ ᠵᠣᠯᠭᠠᠭᠤᠯᠬᠤ ᠶᠠᠪᠤᠴᠠ | ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠲᠥᠪ ᠨᠢ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠬᠡᠷᠡᠭᠯᠡᠬᠦ ᠡᠷᠬᠡ ᠶᠢᠨ | ᠳᠠᠩᠰᠠᠯᠠᠯᠲᠠ ᠶᠢᠨ ᠠᠵᠢᠯ ᠢ ᠬᠠᠷᠢᠭᠤᠴᠠᠨ᠎ᠠ ︵ᠡᠭᠦᠨ ᠳᠤ᠄ ᠠᠩᠬ᠎ᠠ ᠤᠳᠠᠭᠠᠨ ᠤ ᠳᠠᠩᠰᠠᠯᠠᠯᠲᠠ᠂ ᠰᠢᠯᠵᠢᠭᠦᠯᠬᠦ | ᠳᠠᠩᠰᠠᠯᠠᠯᠲᠠ᠂ ᠬᠤᠪᠢᠷᠠᠭᠠᠬᠤ ᠳᠠᠩᠰᠠᠯᠠᠯᠲᠠ᠂ ᠬᠦᠴᠦᠨ ᠦᠭᠡᠢ ᠪᠣᠯᠭᠠᠬᠤ ᠳᠠᠩᠰᠠᠯᠠᠯᠲᠠ᠂ ᠣᠨᠳᠣᠣ ᠰᠠᠨᠠᠯ ᠤᠨ | ᠳᠠᠩᠰᠠᠯᠠᠯᠲᠠ᠂ ᠤᠷᠢᠳᠴᠢᠯᠠᠨ ᠮᠡᠳᠡᠭᠳᠡᠬᠦ ᠳᠠᠩᠰᠠᠯᠠᠯᠲᠠ᠂ ᠪᠠᠶᠢᠴᠠᠭᠠᠨ ᠪᠢᠲᠡᠭᠦᠮᠵᠢᠯᠡᠬᠦ ᠳᠠᠩᠰᠠᠯᠠᠯᠲᠠ᠂ | ᠵᠠᠯᠠᠷᠠᠭᠤᠯᠬᠤ ᠳᠠᠩᠰᠠᠯᠠᠯᠲᠠ ᠵᠡᠷᠭᠡ ᠪᠠᠭᠲᠠᠨ᠎ᠠ︶᠃ | ︵ᠨᠢᠭᠡ︶ ᠭᠤᠶᠤᠴᠢᠯᠠᠭᠴᠢ ᠨᠢ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠤᠭᠲᠠᠭᠠᠬᠤ ᠠᠩᠬᠠᠨ ᠤ | ᠳᠠᠩᠰᠠᠯᠠᠯᠲᠠ᠂ ᠬᠤᠪᠢᠷᠠᠭᠠᠬᠤ ᠳᠠᠩᠰᠠᠯᠠᠯᠲᠠ᠂ ᠣᠨᠳᠣᠣ ᠰᠠᠨᠠᠯ ᠤᠨ ᠳᠠᠩᠰᠠᠯᠠᠯᠲᠠ ᠵᠡᠷᠭᠡ ᠬᠠᠮᠢᠶ᠎ᠠ ᠪᠦᠬᠦᠢ | ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠳᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ | ᠭᠤᠶᠤᠴᠢᠯᠠᠯ ᠭᠠᠷᠭᠠᠵᠤ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠥᠯᠥ ᠬᠥᠳᠡᠯᠬᠦ | ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠶᠢᠨ ᠶᠠᠪᠤᠴᠠ ᠶᠢᠨ ᠶᠣᠰᠣᠭᠠᠷ ᠲᠣᠰᠬᠤᠨ ︵ᠭᠠᠴᠠᠭ᠎ᠠ︶᠂ | ᠬᠤᠷᠰᠢᠶ᠎ᠠ ᠶᠢ ᠵᠣᠬᠢᠶᠠᠨ ᠪᠠᠶᠢᠭᠤᠯᠤᠨ ᠬᠤᠷᠠᠯ ᠬᠤᠷᠠᠯᠳᠤᠭᠤᠯᠵᠤ ᠨᠤᠲᠤᠭ ᠪᠡᠯᠴᠢᠭᠡᠷ ᠢ ᠳᠠᠭᠠᠭᠠᠴᠢᠯᠠᠬᠤ᠂ | ᠰᠢᠯᠵᠢᠭᠦᠯᠦᠨ ᠥᠭᠬᠦ ᠭᠡᠷ᠎ᠡ ᠲᠣᠭᠲᠠᠵᠤ ᠬᠥᠷᠰᠢ ᠵᠡᠷᠭᠡᠯᠡᠳᠡᠭᠡ ᠪᠠᠨ ᠵᠣᠬᠢᠶᠠᠨ ᠪᠠᠶᠢᠭᠤᠯᠤᠨ ᠭᠠᠷ ᠤᠨ ᠥᠰᠥᠭ | ᠵᠢᠷᠤᠭᠤᠯᠵᠤ ᠨᠤᠲᠠᠯᠠᠭᠤᠯᠤᠨ᠎ᠠ᠃ ᠳᠠᠩᠰᠠᠯᠠᠭᠰᠠᠨ ᠠᠭᠤᠯᠭ᠎ᠠ ᠶᠢ ᠢᠯᠡ ᠨᠡᠶᠢᠲᠡᠯᠡᠵᠦ᠂ ᠢᠯᠡ ᠨᠡᠶᠢᠲᠡᠯᠡᠭᠡᠳ ᠣᠨᠳᠣᠣ | ᠰᠠᠨᠠᠯ ᠦᠭᠡᠢ ᠪᠣᠯ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠢᠨᠠᠨ ᠬᠠᠷᠭᠤᠭᠤᠯᠤᠨ᠎ᠠ᠃ | ᠭᠤᠶᠤᠴᠢᠯᠠᠭᠴᠢ ᠨᠢ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠢᠭᠡᠨᠲᠡ ᠬᠢᠨᠠᠨ | ᠬᠠᠷᠭᠤᠭᠤᠯᠤᠭᠰᠠᠨ ᠬᠠᠮᠢᠶ᠎ᠠ ᠪᠦᠬᠦᠢ ᠲᠠᠩᠰᠠ ᠡᠪᠬᠡᠮᠡᠯ ᠤᠨ ᠮᠠᠲ᠋ᠧᠷᠢᠶᠠᠯ ᠢ ᠠᠪᠴᠤ ᠬᠤᠰᠢᠭᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠳᠤ ᠬᠦᠷᠴᠦ ᠬᠠᠮᠢᠶ᠎ᠠ ᠪᠦᠬᠦᠢ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠡᠩᠰᠡᠯᠡᠬᠤ ᠶᠢ | ᠭᠦᠢᠴᠡᠳᠬᠡᠨ᠎ᠡ᠃ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠥᠯᠢᠶᠡᠨ ᠠᠪᠤᠭᠰᠠᠨ ᠤ ᠳᠠᠷᠠᠭ᠎ᠠ | ᠭᠤᠶᠤᠴᠢᠯᠠᠬᠤ᠂ ᠭᠥᠯᠢᠶᠡᠨ ᠠᠪᠬᠤ᠂ ᠬᠢᠨᠠᠨ ᠬᠠᠷᠭᠤᠭᠤᠯᠬᠤ᠂ ᠲᠡᠮᠳᠡᠭᠯᠡᠬᠦ᠂ ᠦᠨᠡᠮᠯᠡᠯ ᠣᠯᠭᠤᠬᠤ ᠠᠯᠬᠤᠮ | ᠳᠠᠷᠠᠭ᠎ᠠ ᠪᠠᠷ ᠨᠥᠬᠦᠴᠡᠯ ᠳᠤ ᠨᠡᠶᠢᠴᠡᠬᠦ ᠳᠤᠨᠢ ᠬᠠᠮᠢᠶ᠎ᠠ ᠪᠦᠬᠦᠢ ᠦᠨᠡᠮᠯᠡᠯ ᠣᠯᠭᠤᠨ᠎ᠠ᠃ | ︵ᠬᠤᠶᠠᠷ︶ ᠡᠷᠬᠡᠲᠦ ᠬᠥᠮᠥᠨ ᠨᠢ ᠨᠢᠭᠡᠨᠲᠡ ᠤᠯᠤᠭᠰᠠᠨ ︽ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠬᠦ ᠡᠷᠬᠡ ᠶᠢᠨ ᠦᠨᠡᠮᠯᠡᠯ︾ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠢᠶᠠᠨ ᠵᠠᠯᠠᠷᠠᠭᠤᠯᠬᠤ | ᠂ ᠪᠠᠷᠢᠴᠠᠭᠠᠯᠠᠬᠤ᠂ ᠬᠦᠴᠦᠨ ᠦᠭᠡᠢ ᠪᠣᠯᠭᠠᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠳᠤ ᠬᠤᠰᠢᠭᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠭᠥᠯᠢᠶᠡᠨ ᠠᠪᠴᠤ ᠬᠦᠢᠴᠡᠳᠭᠡᠨ᠎ᠡ︔ ᠬᠠᠤᠯᠢ ᠴᠠᠭᠠᠵᠠ ᠶᠢᠨ | ᠰᠠᠯᠠᠭ᠎ᠠ ᠮᠥᠴᠢᠷ ᠠᠴᠠ ᠪᠠᠶᠢᠴᠠᠭᠠᠨ ᠪᠢᠲᠡᠭᠦᠮᠵᠢᠯᠡᠭᠰᠡᠨ ᠪᠠᠶᠢᠪᠠᠯ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠠᠴᠠ ᠬᠠᠮᠢᠶ᠎ᠠ ᠪᠦᠬᠦᠢ ᠬᠠᠤᠯᠢ ᠴᠠᠭᠠᠵᠠ ᠶᠢᠨ ᠪᠢᠴᠢᠭ ᠢ ᠦᠨᠳᠦᠰᠦᠯᠡᠨ ᠬᠠᠤᠯᠢ ᠶᠣᠰᠣᠭᠠᠷ ᠭᠥᠯᠢᠶᠡᠨ | ᠠᠪᠴᠤ ᠬᠦᠢᠴᠡᠳᠭᠡᠨ᠎ᠡ︔ ᠬᠢᠨᠠᠨ ᠬᠠᠷᠭᠤᠭᠤᠯᠬᠤ ᠶᠠᠪᠤᠴᠠ ᠳᠤᠮᠳᠠ ᠬᠤᠰᠢᠭᠤ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠵᠢᠨ ᠬᠢᠨᠠᠨ | ᠪᠠᠶᠢᠴᠠᠭᠠᠬᠤ ᠴᠢᠬᠤᠯᠠᠲᠠᠢ ᠪᠣᠯ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠤᠰᠢᠭᠤ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ | ᠵᠠᠬᠢᠳᠠᠯ ᠭᠠᠷᠭᠠᠵᠤ᠂ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠤᠮᠤ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠨᠢ ᠢᠷᠡᠭᠦᠯᠦᠭᠰᠡᠨ ᠵᠠᠬᠢᠳᠠᠯ ᠢ ᠦᠨᠳᠦᠰᠦᠯᠡᠨ ᠬᠠᠷᠢᠭᠤ ᠲᠤᠰᠬᠠᠨ᠎ᠠ᠃ ᠬᠠᠷᠠᠬᠠᠨ | ᠰᠢᠢᠳᠪᠦᠷᠢᠯᠡᠭᠡᠳᠦᠢ ᠮᠠᠷᠭᠤᠯᠳᠤᠭᠠᠨ ᠣᠷᠣᠰᠢᠵᠤ ᠪᠠᠶᠢᠭ᠎ᠠ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠤᠨ | ᠠᠰᠠᠭᠤᠳᠠᠯ ᠢ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠵᠦ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠢ | ᠰᠢᠢᠳᠪᠦᠷᠢᠯᠡᠭᠰᠡᠨ ᠤ ᠳᠠᠷᠠᠭ᠎ᠠ ᠰᠠᠶ᠋ᠢ ᠬᠦᠢᠴᠡᠳᠭᠡᠨ᠎ᠡ᠃ | ︵ᠭᠤᠷᠪᠠ︶ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠲᠣᠰ ᠲᠥᠰᠥᠯ ᠢ | ᠬᠡᠷᠡᠭᠵᠢᠭᠦᠯᠬᠦ ᠠᠴᠠ ᠡᠮᠦᠨ᠎ᠡ ᠲᠠᠷᠬᠠᠭᠠᠭᠰᠠᠨ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠤᠭᠲᠠᠭᠠᠭᠰᠠᠨ | ᠳᠠᠩᠰᠠᠯᠠᠯᠲᠠ ᠶᠢᠨ ᠲᠠᠩᠰᠠ ᠡᠪᠬᠡᠮᠡᠯ ᠢ ᠰᠢᠷᠪᠢᠵᠦ ᠡᠯᠧᠺᠲᠷᠣᠨ ᠲᠠᠩᠰᠠ ᠡᠪᠬᠡᠮᠡᠯ ᠪᠣᠯᠭᠠᠨ ᠬᠠᠮᠢᠶ᠎ᠠ ᠪᠦᠬᠦᠢ | ᠡᠯᠧᠺᠲᠷᠣᠨ ᠲᠤᠭ᠎ᠠ ᠪᠠᠷᠢᠮᠲᠠ ᠶᠢ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠰᠢᠯᠵᠢᠭᠦᠯᠦᠨ | ᠲᠤᠰᠢᠶᠠᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠲᠠᠢ ᠡᠮᠬᠢᠯᠡᠨ | ᠨᠡᠶᠢᠯᠡᠭᠦᠯᠵᠤ ᠴᠠᠭᠠᠰᠤᠨ ᠲᠠᠩᠰᠠ ᠡᠪᠬᠡᠮᠡᠯ ᠢ ᠬᠤᠰᠢᠭᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠠᠴᠠ | ᠦᠷᠬᠦᠯᠵᠢᠯᠡᠨ ᠬᠠᠮᠢᠶᠠᠷᠬᠤ ᠪᠤᠶᠤ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠰᠢᠯᠵᠢᠭᠦᠯᠦᠨ | ᠲᠤᠰᠢᠶᠠᠨ᠎ᠠ᠃ ᠰᠢᠨ᠎ᠡ ᠪᠠᠷ ᠭᠦᠢᠴᠡᠳᠬᠡᠭᠰᠡᠨ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠤᠭᠲᠠᠭᠠᠬᠤ | ᠳᠠᠩᠰᠠᠯᠠᠯᠲᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠳᠤ ᠦᠯᠡᠳᠡᠭᠡᠨ ᠬᠠᠳᠠᠭᠠᠯᠠᠵᠤ ᠳᠡᠩᠰᠡᠯᠡᠨ ᠲᠡᠮᠳᠡᠭᠯᠡᠭᠰᠡᠨ ᠦᠷ᠎ᠡ ᠳ᠋ᠦᠩ ᠵᠢᠴᠢ ᠬᠠᠮᠢᠶ᠎ᠠ ᠪᠦᠬᠦᠢ | ᠮᠠᠲ᠋ᠧᠷᠢᠶᠠᠯ ᠢ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠳᠤ ᠰᠢᠯᠵᠢᠭᠦᠯᠦᠨ ᠬᠦᠷᠭᠡᠵᠦ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ | ᠭᠤᠷᠪᠠ᠂ ᠬᠠᠮᠢᠶ᠎ᠠ ᠪᠦᠬᠦᠢ ᠵᠢᠷᠤᠮᠵᠢᠭᠤᠯᠬᠤ ᠠᠵᠢᠯ ᠪᠠ ᠱᠠᠭᠠᠷᠳᠠᠯᠭ᠎ᠠ | ︵ᠨᠢᠭᠡ︶ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠬᠦᠰᠦᠨᠦᠭᠲᠦ ᠶᠢ ᠨᠢᠭᠡᠳᠬᠡᠵᠦ᠂ | ᠭᠤᠶᠤᠴᠢᠯᠠᠬᠤ᠂ ᠬᠢᠨᠠᠨ ᠵᠥᠪᠰᠢᠶᠡᠷᠡᠬᠦ ᠬᠦᠰᠦᠨᠦᠭᠲᠦ᠂ ᠡᠷᠬᠡ ᠶᠢᠨ ᠬᠠᠷᠢᠶᠠᠯᠠᠯ ᠤᠨ ᠪᠠᠶᠢᠴᠠᠭᠠᠯᠲᠠ ᠶᠢᠨ | ᠬᠦᠰᠦᠨᠦᠭᠲᠦ᠂ ᠭᠥᠯᠢᠶᠡᠨ ᠠᠪᠤᠭᠰᠠᠨ ᠮᠠᠲ᠋ᠧᠷᠢᠶᠠᠯ ᠢ ᠭᠥᠯᠢᠶᠡᠨ ᠠᠪᠴᠤ ᠬᠦᠢᠴᠡᠳᠭᠡᠬᠦ ᠬᠠᠭᠤᠳᠠᠰᠤ ᠵᠡᠷᠭᠡ ᠶᠢ | ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠶᠢᠨ ᠬᠦᠰᠦᠨᠦᠭᠲᠦ ᠶᠢᠨ ᠵᠠᠭᠪᠤᠷ ᠤᠨ ᠱᠠᠭᠠᠷᠳᠠᠯᠭ᠎ᠠ | ᠶᠣᠰᠣᠭᠠᠷ ᠨᠢᠭᠡᠳᠦᠯᠲᠡᠢ ᠬᠦᠰᠦᠨᠦᠭᠲᠦ ᠶᠢ ᠬᠡᠷᠡᠭᠯᠡᠬᠦ ᠶᠢᠨ ᠬᠠᠮᠲᠤ ᠵᠢᠷᠤᠮᠵᠢᠭᠤᠯᠤᠨ ᠲᠠᠭᠯᠠᠨ᠎ᠡ᠃ | ︵ᠬᠤᠶᠠᠷ︶ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠤᠭᠲᠠᠭᠠᠬᠤ ᠬᠡᠮᠵᠢᠨ ᠵᠢᠷᠤᠬᠤ ᠬᠡᠮᠵᠢᠯᠲᠡ ᠶᠢᠨ | ᠵᠠᠷᠤᠳᠠᠯ ᠢ ᠵᠠᠰᠠᠭ ᠤᠨ ᠣᠷᠳᠣᠨ ᠠᠴᠠ ᠬᠤᠳᠠᠯᠳᠤᠨ ᠠᠪᠴᠤ ᠡᠭᠦᠷᠭᠡᠯᠡᠨ᠎ᠡ᠂ ᠪᠣᠳᠠᠲᠠᠢ ᠪᠠᠷ ᠭᠤᠷᠪᠠᠳᠠᠭᠢ | ᠡᠲᠡᠭᠡᠳ ᠤᠨ ᠬᠡᠮᠵᠢᠨ ᠵᠢᠷᠤᠬᠤ ᠺᠣᠮᠫᠠᠨᠢ ᠶᠢ ᠢᠯᠡ ᠪᠠᠷ ᠤᠷᠢᠨ ᠬᠡᠷᠡᠭᠯᠡᠬᠦ ᠪᠠᠷ ᠳᠠᠮᠵᠢᠭᠤᠯᠤᠨ ᠬᠡᠷᠡᠭᠵᠢᠭᠦᠯᠵᠦ | ᠨᠢᠭᠡᠳᠦᠯᠲᠡᠢ ᠵᠢᠷᠤᠭ ᠤᠨ ᠪᠠᠶᠢᠷᠢᠰᠢᠯ ᠤᠨ ᠰᠢᠰᠲ᠋ᠧᠮ ︵2000 ᠤᠯᠤᠰ ᠤᠨ ᠡᠬᠡ ᠭᠠᠵᠠᠷ ᠤᠨ ᠪᠠᠶᠢᠷᠢᠰᠢᠯ ᠤᠨ | ᠰᠢᠰᠲ᠋ᠧᠮ︶ ᠢ ᠬᠡᠷᠡᠭᠯᠡᠨ᠎ᠡ᠃ | ︵ᠭᠤᠷᠪᠠ︶ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ | ᠪᠠᠶᠢᠴᠠᠭᠠᠯᠲᠠ ᠶᠢᠨ ᠦᠷ᠎ᠡ ᠪᠦᠲᠦᠭᠡᠯ ᠤᠨ ︽ᠨᠢᠭᠡ ᠵᠢᠷᠤᠭ︾ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ | ᠲᠠᠪᠴᠠᠩ ᠢ ᠨᠢᠭᠡᠳᠦᠯᠲᠡᠢ ᠬᠡᠷᠡᠭᠯᠡᠨ ᠬᠢᠨᠠᠨ ᠬᠠᠷᠭᠤᠭᠤᠯᠵᠤ ᠵᠢᠷᠤᠭ ᠬᠦᠰᠦᠨᠦᠭᠲᠦ ᠺᠠᠷᠲ ᠳᠡᠪᠲᠡᠷ ᠢ ᠨᠢᠭᠡᠳᠦᠯᠲᠡᠢ | ᠪᠠᠶᠢᠯᠭᠠᠬᠤ᠂ ᠬᠥᠮᠥᠨ ᠭᠠᠵᠠᠷ ᠦᠨᠡᠮᠯᠡᠯ ᠢ ᠬᠠᠷᠢᠯᠴᠠᠨ ᠨᠡᠶᠢᠴᠡᠭᠦᠯᠬᠦ ᠶᠢ ᠪᠡᠶᠡᠯᠡᠭᠦᠯᠦᠨ᠎ᠡ᠃ | ︵ᠳᠥᠷᠪᠡ︶ ᠨᠤᠲᠤᠭ ᠪᠡᠯᠴᠢᠭᠡᠷ ᠢ ᠳᠠᠭᠠᠭᠠᠴᠢᠯᠠᠬᠤ᠂ ᠰᠢᠯᠵᠢᠭᠦᠯᠦᠨ ᠥᠭᠬᠦ ᠭᠡᠷ᠎ᠡ ᠶᠢᠨ ᠵᠠᠭᠪᠤᠷ ᠢ | ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠨᠢᠭᠡᠳᠦᠯᠲᠡᠢ ᠬᠠᠷᠢᠭᠤᠴᠠᠨ᠎ᠠ᠃ | ᠳᠥᠷᠪᠡ᠂ ᠵᠣᠬᠢᠴᠠᠭᠤᠯᠤᠨ ᠬᠠᠪᠰᠤᠷᠤᠯᠴᠠᠬᠤ ᠶᠢ ᠴᠢᠩᠭᠠᠳᠬᠠᠨ᠎ᠠ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠷᠢᠯᠴᠠᠵᠤ ᠵᠤᠬᠢᠴᠠᠭᠤᠯᠬᠤ ᠪᠠᠨ | ᠴᠢᠩᠭᠠᠳᠬᠠᠵᠤ᠂ ᠨᠢᠭᠲᠠ ᠬᠠᠮᠲᠤᠷᠠᠯᠴᠠᠨ ᠬᠠᠮᠵᠢᠯᠴᠠᠵᠤ ᠰᠢᠯᠵᠢᠯᠲᠡ ᠶᠢᠨ ᠬᠤᠭᠤᠴᠠᠭᠠᠨ ᠳᠠᠬᠢ ᠨᠤᠲᠤᠭ | ᠪᠡᠯᠴᠢᠭᠡᠷ ᠤᠨ ᠡᠷᠬᠡ ᠶᠢ ᠨᠤᠲᠠᠯᠠᠨ ᠲᠤᠭᠲᠠᠭᠠᠬᠤ ᠳᠠᠩᠰᠠᠯᠠᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠵᠦ ᠨᠤᠲᠤᠭ | ᠪᠡᠯᠴᠢᠭᠡᠷ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠲᠠᠰᠤᠷᠠᠯᠲᠠ ᠦᠭᠡᠢ ᠬᠢᠵᠦ᠂ | ᠠᠯᠬᠤᠮ ᠳᠠᠷᠠᠭ᠎ᠠ ᠶᠢ ᠡᠮᠬᠢ ᠵᠠᠮᠪᠠᠷᠠᠭ᠎ᠠ ᠲᠠᠢ ᠪᠠᠶᠢᠯᠭᠠᠨ ᠣᠯᠠᠨ ᠲᠦᠮᠡᠨ ᠤ ᠬᠡᠪ ᠤᠨ ᠪᠠᠶᠢᠳᠠᠯ ᠢᠶᠠᠷ ᠦᠨᠡᠮᠯᠡᠯ | ᠭᠤᠶᠤᠴᠢᠯᠠᠨ ᠭᠦᠢᠴᠡᠳᠬᠡᠬᠦ ᠶᠢ ᠨᠥᠯᠥᠭᠡᠯᠡᠬᠦ ᠦᠭᠡᠢ ᠪᠠᠶᠢᠬᠤ ᠶᠢ ᠪᠠᠲᠤᠯᠠᠵᠤ ᠮᠠᠨ ᠤ ᠬᠤᠰᠢᠭᠤᠨ ᠤ ᠨᠤᠲᠤᠭ | ᠪᠡᠯᠴᠢᠭᠡᠷ ᠤᠨ ᠡᠷᠬᠡ ᠶᠢ ᠨᠤᠲᠠᠯᠠᠨ ᠲᠤᠭᠲᠠᠭᠠᠵᠤ ᠥᠯᠥ ᠬᠥᠳᠡᠯᠬᠦ ᠬᠥᠷᠥᠩᠭᠡ ᠳᠤ ᠨᠢᠭᠡᠳᠦᠯᠲᠡᠢ ᠳᠠᠩᠰᠠᠯᠠᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | |