ᠵᠠᠷᠢᠮ ᠬᠤᠰᠢᠭᠤ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ ᠶᠢᠨ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/11/7
                                                         ᠦᠦᠰᠢᠨ ᠵᠠᠰᠠᠭ ᠠᠯᠪᠠᠨ ᠳᠠᠷᠬᠠᠭᠠᠬᠤ〔2022〕63 ᠳ᠋ᠣᠭᠠᠷ ᠲᠤᠭᠠᠲᠤ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠠᠵᠢᠯᠲᠠᠨ ᠤ ᠶᠠᠪᠤᠳᠠᠯ ᠤᠨ ᠬᠤᠪᠢᠷᠠᠯᠲᠠ ᠠᠴᠠ ᠪᠣᠯᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠰᠤᠳᠤᠯᠬᠤ ᠪᠠᠷ ᠳᠠᠮᠵᠢᠭᠠᠳ᠂ ᠡᠳᠦᠭᠡ ᠬᠤᠰᠢᠭᠤ ᠠᠷᠠᠳ ᠤᠨ ᠵᠠᠰᠠᠭ ᠤᠨ ᠣᠷᠳᠣᠨ ᠤ ᠵᠠᠷᠢᠮ ᠬᠤᠰᠢᠭᠤ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ ᠶᠢ ᠳᠣᠣᠷᠠᠬᠢ ᠮᠡᠲᠦ ᠮᠡᠳᠡᠭᠳᠡᠶ᠎ᠡ᠃      ᠠᠯᠳᠠᠨᠴᠢᠯᠠᠭᠤ      ᠬᠤᠰᠢᠭᠤ ᠳᠡᠳ᠋ ᠳᠠᠷᠤᠭ᠎ᠠ      ᠤᠤᠯ ᠤᠨ ᠠᠵᠢᠯ ᠤᠨ ᠬᠤᠪᠢᠶᠠᠷᠢᠯᠠᠯ ᠤᠨ ᠰᠠᠭᠤᠷᠢᠨ ᠳᠡᠭᠡᠷ᠎ᠡ ᠦᠦᠰᠢᠨ ᠬᠤᠰᠢᠭᠤᠨ ᠤ ᠲᠠᠷᠢᠶᠠᠯᠠᠩ ᠵᠢᠭᠤᠯᠴᠢᠯᠠᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠰᠢᠨ᠎ᠡ ᠪᠠᠷ ᠨᠡᠮᠡᠵᠦ ᠬᠤᠪᠢᠶᠠᠷᠢᠯᠠᠨ ᠬᠠᠮᠢᠶᠠᠷᠤᠨ᠎ᠠ᠃      ᠮᠠ ᠯᠢ ᠵᠢᠶᠧ     ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ︵ᠲᠦᠷ ᠲᠤᠰᠢᠶᠠᠯ ᠡᠭᠦᠷᠭᠡᠯᠡᠬᠦ︶      ᠬᠤᠰᠢᠭᠤ ᠳᠠᠷᠤᠭ᠎ᠠ ᠶᠢ ᠬᠠᠪᠰᠤᠷᠤᠨ ᠰᠣᠶᠣᠯ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠶᠠᠷᠢᠯᠠᠨ ᠬᠠᠮᠢᠶᠠᠷᠬᠤ ᠨᠢ᠄ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠤᠯᠠᠭᠠᠨᠮᠥ᠋ᠴᠢᠷ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠣᠶᠣᠯ ᠵᠢᠭᠤᠯᠴᠢᠯᠠᠯ ᠤᠨ ᠠᠵᠢᠯ ᠦᠢᠯᠡᠰ ᠤᠨ ᠬᠥᠭᠵᠢᠬᠦᠯᠦᠯᠲᠡ ᠶᠢᠨ ᠲᠥᠪ︶᠂ ᠰᠢᠷᠬᠤᠰᠣᠨ ᠭᠤᠣᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠬᠥᠭᠵᠢᠭᠦᠯᠬᠦ ᠲᠥᠪ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠃      ᠬᠠᠷᠢᠯᠴᠠᠬᠤ ᠨᠢ᠄ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠷᠠᠳᠢᠣ᠋ ᠲᠧᠯᠸᠢᠰ ᠰᠦᠯᠵᠢᠶᠡᠨ ᠤ ᠺᠣᠮᠫᠠᠨᠢ᠂ ᠦᠦᠰᠢᠨ ᠬᠤᠰᠢᠭᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠳᠠᠮᠵᠢᠭᠤᠯᠬᠤ ᠰᠠᠴᠤᠷᠠᠭᠤᠯᠬᠤ ᠲᠥᠪ ᠤᠨ ᠦᠦᠰᠢᠨ ᠳᠠᠬᠢ 854 ᠰᠠᠴᠤᠷᠠᠭᠤᠯᠬᠤ ᠦᠷᠳᠡᠭᠡ ᠵᠡᠷᠭᠡ᠃      ᠡᠭᠦᠨ ᠤ ᠬᠠᠮᠲᠤ᠂ ᠬᠤᠰᠢᠭᠤ ᠳᠡᠳ᠋ ᠳᠠᠷᠤᠭ᠎ᠠ ᠠᠯᠲᠠᠨᠴᠢᠯᠠᠭᠤ ᠶᠢᠨ ᠠᠵᠢᠯ ᠢ ᠬᠠᠪᠰᠤᠷᠴᠤ᠂ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠵᠦ᠂ ᠥᠥᠰᠢᠨ ᠬᠤᠰᠢᠭᠤᠨ ᠤ ᠲᠠᠷᠢᠶᠠᠯᠠᠩ ᠵᠢᠭᠤᠯᠴᠢᠯᠠᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠰᠣᠶᠣᠯ ᠵᠢᠭᠤᠯᠴᠢᠯᠠᠯ ᠤᠨ ᠴᠠᠷᠠᠭᠠᠨ ᠤ ᠠᠵᠢᠯ ᠢ ᠬᠤᠪᠢᠶᠠᠷᠢᠯᠠᠨ ᠬᠠᠮᠢᠶᠠᠷᠤᠨ᠎ᠠ᠃ ᠬᠤᠰᠢᠭᠤ ᠳᠡᠳ᠋ ᠳᠠᠷᠤᠭ᠎ᠠ ᠺᠠᠩ ᠷᠦᠢ ᠶᠢᠨ ᠠᠵᠢᠯ ᠢ ᠬᠠᠪᠰᠤᠷᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ᠃                                        ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                             2022 ᠣᠨ ᠤ 6 ᠰᠠᠷ᠎ᠠ ᠶᠢᠨ 23 ᠤ ᠡᠳᠤᠷ   
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ