ᠮᠠᠨ ᠤ ᠬᠤᠰᠢᠭᠤᠨ ᠤ 4000 ᠮᠥ ᠤᠰᠤᠨ ᠲᠤᠲᠤᠷᠭ᠎ᠠ ᠡᠯᠪᠡᠭ ᠬᠤᠷᠢᠶᠠᠯᠲᠠ ᠤᠯᠤᠯ᠎ᠠ
ᠨᠡᠶᠢᠲᠡᠯᠡᠭᠰᠡᠨ ᠴᠠᠭ᠄
2022/11/7
      ᠤᠶᠢᠷ᠎ᠠ ᠶᠢᠨ ᠡᠳᠤᠷ᠂ ᠰᠢᠷᠬᠤᠰᠤᠨ ᠪᠠᠯᠭᠠᠰᠤᠨ ᠤ ᠤᠰᠤᠨ ᠲᠤᠲᠤᠷᠭ᠎ᠠ ᠶᠢᠨ ᠰᠠᠭᠤᠷᠢᠨ ᠭᠠᠵᠠᠷ ᠤᠨ 4000 ᠮᠥ ᠤᠰᠤᠨ ᠲᠤᠲᠤᠷᠭ᠎ᠠ ᠶᠢᠨ ᠲᠠᠯᠠᠪᠠᠶ ᠳᠤ ᠬᠠᠳᠤᠵᠤ ᠬᠤᠷᠢᠶᠠᠬᠤ ᠮᠠᠰᠢᠨ ᠰᠥᠯᠵᠢᠯᠳᠤᠨ ᠤᠰᠤᠨ ᠲᠤᠳᠤᠷᠭ᠎ᠠ ᠬᠤᠷᠢᠶᠠᠵᠤ᠂ ᠣᠳᠣᠬᠠᠨ ᠳᠤ 4000 ᠮᠦ ᠶᠢᠨ ᠤᠰᠤᠨ ᠲᠤᠲᠤᠷᠭ᠎ᠠ ᠶᠢᠨ ᠬᠤᠷᠢᠶᠠᠯᠲᠠ ᠰᠢᠪᠲᠤᠷᠭᠠᠨ ᠳᠠᠭᠠᠨ ᠤᠷᠤᠯ᠎ᠠ ᠃      ᠰᠢᠷᠬᠤᠰᠤᠨ ᠭᠤᠤᠯ ᠤᠨ ᠰᠠᠪᠠ ᠭᠠᠵᠠᠷ ᠤᠨ ᠲᠠᠷᠢᠶᠠᠴᠢᠳ 30 ᠭᠠᠷᠤᠶ ᠵᠢᠯ ᠤᠨ ᠡᠮᠤᠨ᠎ᠠ ᠠᠴᠠ ᠡᠬᠢᠯᠡᠨ ᠤᠰᠤᠨ ᠲᠤᠲᠤᠷᠭ᠎ᠠ ᠳᠠᠷᠢᠵᠤ ᠪᠠᠶᠢᠭᠰᠠᠨ ᠴᠤ ᠡᠯ᠎ᠡ ᠵᠣᠶᠢᠯ ᠤᠨ ᠰᠢᠯᠳᠡᠭᠠᠨ ᠠᠴᠠ ᠪᠤᠯᠵᠥ ᠳᠠᠷᠢᠬᠤ ᠪᠠᠨ ᠵᠣᠭᠰᠣᠵᠤ 2012 ᠣᠨ ᠠᠴᠠ ᠡᠬᠢᠯᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠳᠡᠮᠵᠢᠯᠭᠡ ᠪᠠᠷ ᠰᠢᠷᠬᠤᠰᠤᠨ ᠪᠠᠯᠭᠠᠰᠤᠨ ᠤ ᠤᠳᠠ ᠶᠢᠨ ᠭᠤᠤᠯ ᠲᠣᠰᠬᠤᠨ ᠳᠤ ᠤᠰᠤᠨ ᠲᠤᠲᠤᠷᠭ᠎ᠠ ᠲᠠᠷᠢᠬᠤ ᠬᠤᠷᠰᠢᠶᠠᠵᠢᠯ ᠪᠠᠶᠢᠭᠤᠯᠵᠤ ᠲᠣᠰᠬᠤᠨ ᠤ ᠠᠳᠠᠷ ᠭᠠᠵᠠᠷ ᠢ ᠲᠡᠭᠰᠢᠯᠠᠨ ᠲᠠᠭᠠᠭᠠᠴᠢᠯᠠᠵᠤ ᠬᠥᠷᠥᠰᠥ ᠰᠢᠷᠣᠶ ᠶᠢ ᠰᠠᠶᠢᠵᠢᠷᠠᠭᠤᠯᠤᠨ ᠣᠷᠭᠠᠨᠢᠭ ᠤᠰᠤᠨ ᠲᠤᠲᠤᠷᠭ᠎ᠠ᠂ ᠭᠤᠸᠠ ᠵᠢᠮᠢᠰ ᠤᠨ ᠲᠠᠷᠢᠮᠠᠯ ᠢ ᠭᠥᠭᠵᠢᠭᠦᠯᠵᠠᠢ᠃ ᠰᠢᠷᠬᠤᠰᠤᠨ ᠪᠠᠯᠭᠠᠰᠤᠨ ᠤ ᠤᠳᠠ ᠶᠢᠨ ᠭᠤᠤᠯ ᠲᠣᠰᠬᠤᠨ ᠤ ᠠᠷᠠᠳ ᠬᠥ᠋ ᠵᠧᠩ ᠸᠧᠶ ᠭᠡᠯᠡᠭᠦ ᠳᠤ ᠪᠠᠨ᠄ ︽ᠪᠢᠳᠡ ᠭᠠᠵᠠᠷ ᠰᠢᠷᠣᠶ ᠪᠠᠨ ᠬᠤᠷᠰᠢᠶᠠᠵᠢᠯ ᠳᠤ ᠲᠠᠭᠠᠭᠠᠴᠢᠯᠠᠭᠤᠯᠬᠤ ᠶᠢᠨ ᠬᠠᠮᠲᠤ ᠬᠤᠷᠰᠢᠶᠠᠵᠢᠯ ᠳᠤ ᠭᠥᠴᠤᠨ ᠠᠵᠢᠯ ᠭᠢᠵᠤ᠂ ᠬᠤᠶᠠᠷ ᠬᠤᠪᠢ ᠣᠷᠣᠯᠭ᠎ᠠ ᠤᠯᠳᠠᠭ᠂ ᠬᠥᠮᠦᠨ ᠳᠤᠮᠳᠠᠴᠢ  ᠶᠢᠨ ᠣᠷᠣᠯᠭ᠎ᠠ ᠪᠠᠷᠤᠭ 3 ᠠᠴᠠ 4 ᠲᠦᠮᠡᠨ ᠲᠥᠭᠦᠷᠢᠭ ᠣᠷᠴᠢᠮ ᠬᠦᠷᠴᠤ ᠪᠠᠶᠢᠨ᠎ᠠ︾ ᠭᠡᠯ᠎ᠠ᠃      ᠰᠢᠷᠬᠤᠰᠤᠨ ᠪᠠᠯᠭᠠᠰᠤᠨ ᠤ ᠤᠰᠤᠨ ᠲᠤᠲᠤᠷᠭ᠎ᠠ ᠶᠢᠨ ᠰᠠᠭᠤᠷᠢᠨ ᠭᠠᠵᠠᠷ ᠨᠢ ᠬᠠᠲᠤᠨ ᠭᠤᠤᠯ ᠤᠨ ᠭᠤᠤᠯ ᠰᠠᠯᠪᠤᠷᠢ ᠤᠷᠤᠰᠬᠠᠯ ᠪᠤᠯᠬᠤ ᠰᠢᠷᠬᠤᠰᠤᠨ ᠭᠤᠤᠯ ᠤᠨ ᠬᠥᠪᠡᠭᠡᠨ ᠳᠤ ᠪᠠᠶᠢᠷᠢᠯᠠᠵᠤ ᠵᠢᠯ ᠤᠨ ᠨᠡᠷᠡᠨ ᠤ ᠲᠤᠰᠤᠯᠲᠠ ᠶᠢᠨ ᠬᠤᠭᠤᠴᠠᠭ᠎ᠠ ᠨᠢ 3000 ᠴᠠᠭ᠂ ᠬᠢᠷᠠᠭᠤ ᠥᠬᠡᠶ ᠬᠤᠭᠤᠴᠠᠭ᠎ᠠ ᠨᠢ 150 ᠡᠳᠦᠷ ᠣᠷᠴᠢᠮ ᠪᠠᠶᠢᠳᠠᠭ᠃ ᠬᠤᠷᠰᠢᠶᠠᠵᠢᠯ ᠨᠢ ᠤᠳᠤ ᠦᠶ᠎ᠡ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠶᠢᠯᠠᠭᠠᠭᠳᠠᠬᠤᠨ ᠶᠣᠰᠣᠭᠠᠷ ᠨᠡᠷᠡᠲᠤ ᠲᠡᠮᠲᠡᠭ  ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠴᠢᠬᠤᠯᠠᠴᠢᠯᠠᠵᠤ ᠲᠤᠲᠤᠷᠭ᠎ᠠ ᠶᠢᠨ ᠲᠠᠷᠢᠶᠠᠨ ᠳᠤ ᠨᠠᠢᠮᠠᠯᠵᠢ ᠲᠡᠵᠢᠭᠡᠨ ᠦᠷᠡᠵᠢᠭᠦᠯᠬᠦ ᠮᠡᠷᠭᠡᠵᠢᠯ ᠢ ᠣᠷᠣᠭᠤᠯᠤᠨ ᠠᠪᠴᠢᠷᠠᠵᠤ᠂ ᠵᠢᠭᠠᠰᠤ ᠲᠠᠵᠢᠭᠡᠵᠤ ᠲᠤᠲᠤᠷᠭ᠎ᠠ ᠲᠠᠷᠢᠬᠤ ᠶᠢ ᠬᠠᠮᠳᠤᠳᠬᠠᠨ ᠲᠤᠲᠤᠷᠭ᠎ᠠ ᠲᠠᠷᠢᠨ ᠨᠤᠭᠤᠰᠤ ᠲᠠᠵᠢᠭᠡᠭᠦ ᠶᠢ ᠤᠶᠠᠯᠳᠤᠭᠤᠯᠵᠤ ᠨᠢᠭᠡ ᠭᠠᠵᠠᠷ ᠢ ᠬᠤᠶᠠᠷ ᠵᠥᠢᠯ ᠢᠶᠠᠷ ᠠᠰᠢᠭᠯᠠᠬᠤ ᠶᠢ ᠪᠠᠶᠡᠯᠡᠭᠦᠯᠥᠭᠰᠠᠨ ᠤ ᠬᠠᠮᠳᠤ ᠤᠯᠠᠮᠵᠢᠯᠠᠯᠲᠤ ᠲᠠᠷᠢᠶᠠᠯᠠᠭ᠎ᠠ ᠶᠢᠨ ᠠᠷᠭ᠎ᠠ ᠪᠠᠷ ᠲᠠᠷᠢᠮᠠᠯ ᠳᠠᠷᠢᠵᠤ ᠲᠠᠷᠢᠶᠠᠨ ᠡᠮ ᠪᠠ ᠬᠢᠮᠢ ᠶᠢᠨ ᠪᠣᠷᠲᠣᠭᠤᠷ ᠭᠡᠷᠡᠭᠯᠠᠭᠦ ᠥᠬᠡᠶ ᠪᠠᠷ ᠪᠥᠬᠦ ᠬᠤᠰᠢᠭᠤᠨ ᠤ ᠠᠩᠬᠠᠳᠠᠭᠴᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ︽ᠪᠥᠬᠦ ᠶᠠᠪᠤᠴᠠ ᠶᠢ ᠮᠥᠷᠳᠡᠵᠦ ᠪᠤᠯᠬᠤ ᠰᠢᠰᠲ᠋ᠧᠮ︾ ᠢ ᠪᠠᠶᠢᠭᠤᠯᠵᠤ᠂ ᠤᠳᠠ ᠶᠢᠨ ᠭᠤᠤᠯ ᠤᠨ ᠲᠤᠲᠤᠷᠭ᠎ᠠ ᠨᠢ ᠵᠥᠩ ᠯᠢᠦᠢ ᠬᠤᠸᠠ ᠰᠢᠶᠠ ᠣᠷᠭᠠᠨᠢᠭ ᠢᠳᠡᠭᠡᠨ ᠤ ᠭᠡᠷᠡᠴᠢᠯᠡᠯ ᠤᠨ ᠲᠥᠪ ᠠᠴᠠ ᠣᠷᠭᠠᠨᠢᠭ ᠢᠳᠡᠭᠡᠨ ᠢᠶᠠᠷ ᠭᠡᠷᠡᠴᠢᠯᠡᠭᠳᠡᠭᠰᠠᠨ ᠪᠠᠶᠢᠨ᠎ᠠ᠃ ᠰᠢᠷᠬᠤᠰᠤᠨ ᠪᠠᠯᠭᠠᠰᠤᠨ ᠤ ᠤᠳᠠ ᠶᠢᠨ ᠭᠤᠤᠯ ᠤᠰᠤᠨ ᠲᠤᠲᠤᠷᠭ᠎ᠠ ᠶᠢᠨ ᠲᠤᠰᠬᠠᠶ ᠬᠤᠷᠰᠢᠶᠠᠵᠢᠯ ᠤᠨ ᠬᠠᠷᠢᠭᠤᠴᠠᠯᠭᠠᠲᠠᠨ ᠯᠢᠶᠠᠩ ᠰᠢᠶᠤᠤ ᠫᠢᠩ ᠭᠡᠯᠡᠭᠦ ᠳᠤ ᠪᠠᠨ᠄ ︽ᠪᠢᠳᠡ ᠣᠷᠭᠠᠨᠢᠭ ᠤᠰᠤᠨ ᠲᠤᠲᠤᠷᠭ᠎ᠠ ᠶᠢᠨ ᠲᠠᠷᠢᠶᠠᠨ ᠳᠤ ᠵᠢᠭᠠᠰᠤ᠂ ᠨᠠᠢᠮᠠᠯᠵᠢ᠂ ᠨᠤᠭᠤᠰᠤ ᠲᠡᠵᠢᠭᠡᠵᠦ᠂ ᠣᠷᠭᠠᠨᠢᠭ ᠢᠶᠠᠷ ᠤᠰᠤᠨ ᠲᠤᠲᠤᠷᠭ᠎ᠠ ᠲᠠᠷᠢᠬᠤ ᠪᠠᠷ ᠳᠠᠮᠵᠢᠨ ᠡᠨᠡ ᠬᠡᠳᠦᠨ ᠵᠢᠯ ᠳᠤ ᠮᠠᠨ ᠤ ᠺᠣᠮᠫᠠᠨᠢ ᠣᠷᠭᠠᠨᠢᠭ ᠲᠦᠷᠦᠯ ᠲᠡᠮᠳᠡᠭ ᠢ ᠡᠭᠦᠳᠴᠦ ᠣᠷᠭᠠᠨᠢᠭ ᠲᠤᠲᠤᠷᠭ᠎ᠠ ᠪᠠᠨ ᠵᠠᠬ᠎ᠠ ᠳᠡᠯᠭᠡᠭᠦᠷ ᠲᠤ 30 ᠲᠥᠭᠦᠷᠢᠭ ᠢᠶᠠᠷ ᠬᠤᠳᠠᠯᠳᠤᠵᠤ ᠪᠠᠶᠢᠨ᠎ᠠ︾ ᠭᠡᠯ᠎ᠠ᠃                                  ᠰᠤᠷᠪᠤᠯᠵᠢᠯᠠᠭᠴᠢ᠄ ᠤᠶᠤᠨᠴᠢᠮᠡᠭ   ᠨᠠᠷᠠᠰᠤ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ