ᠡᠨᠡ ᠵᠢᠯ ᠠᠴᠠ ᠨᠠᠰᠢ᠂ ᠮᠠᠨ ᠤ ᠬᠤᠰᠢᠭᠤ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠬᠤᠲᠠ ᠪᠠᠯᠭᠠᠰᠤᠨ ᠤ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠭᠠᠯᠠᠭᠤᠳᠤ ᠪᠠᠯᠭᠠᠰᠤ᠂ ᠰᠦᠯᠳᠡ ᠰᠤᠮᠤ᠂ ᠲᠤᠭ ᠪᠠᠯᠭᠠᠰᠤᠨ ᠳᠤ ︽ᠴᠠᠬᠢᠯᠭᠠᠨ ᠳᠣᠯᠠᠭᠠᠯᠠᠭ᠎ᠠ ᠶᠢᠨ | ᠦᠭᠡᠷᠡᠴᠢᠯᠡᠯᠲᠡ︾ ᠶᠢᠨ ᠢᠨᠵᠧᠨᠧᠷᠢᠩ ᠢ ᠬᠡᠷᠡᠭᠵᠢᠭᠦᠯᠵᠦ 4800 ᠭᠠᠷᠤᠶ ᠮᠠᠯᠴᠢᠨ ᠲᠠᠷᠢᠶᠠᠴᠢᠨ ᠨᠡᠭᠦᠷᠡᠰᠣ ᠳᠦᠯᠡᠵᠥ ᠳᠣᠯᠠᠭᠠᠯᠠᠭ᠎ᠠ ᠬᠢᠵᠥ ᠪᠠᠶᠢᠭᠰᠠᠨ ᠴᠠᠭ | ᠦᠶ᠎ᠡ ᠠᠴᠠ ᠰᠠᠯᠣᠭᠰᠠᠨ ᠪᠠᠶᠢᠨ᠎ᠠ᠃ | | | | | | | ᠲᠤᠭ ᠪᠠᠯᠭᠠᠰᠤᠨ ᠤ ᠬᠤᠵᠢᠷᠳᠤ ᠲᠣᠰᠬᠤᠨ ᠳᠤ ᠠᠵᠢᠯᠴᠢᠳ ᠲᠣᠰᠬᠤᠨ ᠤ ᠠᠷᠠᠳ ᠪᠠᠶ ᠹᠦ᠋ ᠮᠢᠨ ᠤ ᠬᠡᠷ ᠲᠤ ᠠᠭᠠᠷ ᠤᠨ ᠡᠨᠧᠷᠭᠢ ᠶᠢᠨ ᠢᠯᠴᠢ ᠶᠢᠨ | ᠬᠥᠭᠡᠷᠭᠡ ᠶᠢᠨ ᠳᠤᠯᠠᠭᠠᠯᠠᠭ᠎ᠠ ᠶᠢᠨ ᠲᠥᠬᠦᠭᠡᠷᠦᠮᠵᠢ ᠶᠢ ᠤᠭᠰᠠᠷᠠᠨ ᠲᠤᠭᠢᠷᠠᠭᠤᠯᠬᠤ ᠶᠢᠨ ᠬᠠᠮᠳᠤ ᠲᠣᠨᠤᠭ ᠲᠥᠬᠦᠭᠡᠷᠦᠮᠵᠢ ᠶᠢᠨ ᠬᠡᠷᠡᠭᠯᠡᠬᠦ ᠠᠷᠭ᠎ᠠ ᠪᠠ | ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠬᠠᠩᠭᠠᠬᠤ ᠬᠠᠷᠢᠯᠴᠠᠬᠤ ᠠᠷᠭ᠎ᠠ ᠮᠠᠶ᠋ᠢᠭ ᠢ ᠨᠠᠷᠢᠨ ᠬᠢᠨᠠᠮᠠᠭᠠᠶ ᠲᠠᠨᠢᠯᠴᠠᠭᠤᠯᠵᠤ ᠲᠡᠭᠦᠨ ᠢ ᠬᠠᠪᠰᠤᠷᠤᠨ ᠲᠣᠨᠤᠭ | ᠲᠥᠬᠦᠭᠡᠷᠦᠮᠵᠢ ᠶᠢ ᠨᠢ ᠨᠡᠭᠡᠭᠡᠵᠦ ᠳᠤᠯᠠᠭᠠᠯᠠᠭ᠎ᠠ ᠶᠢ ᠨᠢ ᠡᠬᠢᠯᠡᠭᠦᠯᠵᠡᠶ᠃ | ᠪᠠᠶ ᠹᠦ᠋ ᠮᠢᠨ᠄ ︽ᠥᠩᠭᠡᠷᠡᠭᠰᠡᠨ ᠳᠤ ᠲᠣᠰᠬᠤᠨ ᠤ ᠠᠷᠠᠳ ᠲᠦᠯᠡᠭᠡ᠂ ᠨᠡᠭᠦᠷᠡᠰᠦ ᠪᠠᠷ ᠲᠤᠯᠠᠭᠠᠯᠠᠭ᠎ᠠ ᠭᠢᠵᠤ ᠡᠪᠦᠯ ᠪᠣᠯᠬᠤ ᠪᠦᠷᠢ ᠡᠭᠦᠳᠡ | ᠴᠣᠩᠬᠤ ᠪᠠᠨ ᠰᠠᠶᠢᠨ ᠬᠠᠭᠠᠳᠠᠭ ᠪᠤᠯᠬᠤᠷ ᠤᠲᠤᠭ᠎ᠠ ᠭᠠᠳᠠᠭᠰᠢᠯᠠᠭᠤᠯᠵᠤ ᠳᠡᠶᠢᠯᠬᠦ ᠥᠬᠡᠶ᠂ ᠬᠡᠷ ᠤᠨ ᠳᠤᠯᠠᠭᠠᠨ ᠤ ᠬᠡᠮᠵᠢᠶ᠎ᠡ ᠪᠠᠰᠠ ᠲᠣᠭᠲᠠᠪᠤᠷᠢ ᠥᠬᠡᠶ | ᠮᠥᠷᠲᠡᠭᠡᠨ ᠬᠡᠷ ᠳᠦᠭᠦᠷᠡᠩ ᠬᠤᠭ ᠲᠣᠭᠤᠰᠣ ᠲᠡᠭᠳᠡᠳᠡᠭ ᠪᠠᠶᠢᠪᠠ᠂ ᠣᠲᠣ ᠴᠠᠬᠢᠯᠭᠠᠨ ᠢᠶᠠᠷ ᠲᠤᠯᠠᠭᠠᠯᠠᠭ᠎ᠠ ᠭᠢᠭᠦ ᠪᠤᠯᠤᠭᠰᠠᠨ ᠲᠤᠯᠠ ᠲᠤᠩ ᠲᠥᠭᠦᠮ ᠪᠤᠯᠤᠯ᠎ᠠ︾ | ᠭᠡᠵᠤ ᠪᠠᠶᠠᠷᠳᠠᠶᠢᠬᠠᠨ ᠶᠠᠷᠢᠵᠦ ᠪᠠᠶᠢᠪᠠ᠃ | | | | | | | ᠨᠢᠳᠤᠨᠤᠨ ᠴᠠᠬᠢᠯᠭᠠᠨ ᠢᠶᠠᠷ ᠲᠤᠯᠠᠭᠠᠯᠠᠭ᠎ᠠ ᠭᠢᠵᠤ ᠪᠠᠶᠢᠭᠰᠠᠨ ᠲᠤᠭ ᠪᠠᠯᠭᠠᠰᠤᠨ ᠤ ᠬᠤᠸᠠᠳᠤᠯᠤᠭᠠᠢ ᠭᠠᠴᠠᠭᠠᠨ ᠤ ᠮᠠᠯᠴᠢᠨ ᠪᠠᠲᠤ ᠤᠢᠢᠷ᠎ᠠ ᠳᠤ ᠬᠥᠷᠰᠢ | ᠵᠡᠷᠭᠡᠯᠡᠳᠡᠭᠡ ᠶᠢᠨ ᠬᠢᠨ ᠳᠡᠭᠡᠨ ᠴᠠᠭᠢᠯᠭᠠᠨ ᠲᠤᠯᠠᠭᠠᠯᠠᠭ᠎ᠠ ᠶᠢᠨ ᠲᠤᠬᠠᠢ ᠲᠠᠨᠢᠯᠴᠠᠭᠤᠯᠭ᠎ᠠ ᠬᠢᠭᠰᠡᠭᠡᠷ ᠢᠷᠡᠵᠠᠢ᠃ ᠲᠡᠷᠡ ᠥᠩᠭᠡᠷᠡᠭᠰᠡᠨ ᠵᠢᠯ ᠳᠤ ᠪᠠᠷᠤᠭ ᠬᠤᠶᠠᠷ | ᠲᠦᠮᠡ ᠭᠠᠷᠤᠶ ᠲᠥᠭᠦᠷᠢᠭ ᠤᠨ ᠨᠠᠭᠦᠷᠠᠰᠤ ᠲᠥᠯᠡᠳᠡᠭ ᠪᠥᠭᠡᠳ ᠭᠡᠷ ᠲᠤ ᠭᠥᠮᠤᠨ ᠥᠭᠡᠢ ᠪᠤᠯ ᠲᠤᠯᠠᠭᠠᠯᠠᠭ᠎ᠠ ᠵᠤᠭᠰᠤᠴᠢᠬᠠᠳᠠᠭ᠂ ᠲᠤᠯᠠᠭᠠᠨ ᠤ ᠭᠡᠮᠵᠢᠶ᠎ᠠ | ᠪᠠᠰᠠ ᠲᠤᠭᠳᠠᠪᠤᠷᠢ ᠥᠭᠡᠢ᠂ ᠨᠢᠳᠤᠨᠤᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠭᠰᠠᠨ ᠤ ᠲᠠᠷᠠᠭ᠎ᠠ 3800 ᠭᠠᠷᠤᠶ ᠲᠥᠭᠦᠷᠢᠭ ᠤᠨ ᠴᠠᠬᠢᠯᠭᠠᠨ | ᠰᠦᠢᠳᠬᠡᠯ ᠲᠤᠰᠢᠶᠠᠴᠢᠬᠠᠪᠠᠯ ᠲᠤᠯᠠᠭᠠᠯᠠᠭ᠎ᠠ ᠬᠢᠴᠢᠬᠡᠨ᠎ᠡ᠂ ᠭᠢᠮᠳᠠ ᠮᠥᠷᠳᠡᠭᠡᠨ ᠴᠡᠪᠡᠷᠬᠡᠨ ᠠᠮᠠᠷᠬᠠᠨ ᠪᠤᠯᠤᠭᠰᠠᠨ ᠭᠡᠵᠤ ᠨᠠᠷᠢᠨ ᠰᠠᠶᠢᠬᠠᠨ ᠶᠠᠷᠢᠵᠤ ᠪᠠᠶᠢᠯ᠎ᠠ᠃ | ᠡᠨᠡ ᠵᠢᠯ᠂ ᠲᠤᠭ ᠪᠠᠯᠭᠠᠰᠤ ᠠᠭᠠᠷ ᠤᠨ ᠡᠨᠧᠷᠭᠢ ᠶᠢᠨ ᠴᠠᠬᠢᠯᠭᠠᠨ ᠳᠣᠯᠠᠭᠠᠯᠠᠭ᠎ᠠ ᠶᠢᠨ ᠦᠭᠡᠷᠡᠴᠢᠯᠡᠯᠲᠡ ᠶᠢᠨ ᠢᠨᠵᠧᠨᠧᠷᠢᠩ ᠢ ᠭᠡᠷᠡᠭᠵᠢᠭᠦᠯᠭᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠲᠥᠬᠦᠭᠡᠷᠦᠮᠵᠢ ᠤᠭᠰᠠᠷᠠᠬᠤ ᠠᠵᠢᠯ ᠤᠨ ᠠᠬᠢᠴᠠ ᠪᠠᠨ ᠲᠦᠷᠭᠡᠳᠬᠡᠵᠦ 1023 ᠮᠠᠯᠴᠢᠨ ᠲᠠᠷᠢᠶᠠᠴᠢᠨ | ᠡᠷᠦᠬᠡ ᠳᠤ ᠤᠭᠰᠠᠷᠠᠵᠤ ᠠᠰᠢᠭ ᠭᠦᠷᠲᠡᠭᠡᠬᠦ ᠪᠠᠷ ᠪᠠᠶᠢᠨ᠎ᠠ᠃ | | | | | | | ︽ᠴᠠᠬᠢᠯᠭᠠᠨ ᠳᠣᠯᠠᠭᠠᠯᠠᠭ᠎ᠠ ᠶᠢᠨ ᠦᠭᠡᠷᠡᠴᠢᠯᠡᠯᠲᠡ︾ ᠭᠡᠳᠡᠭ ᠪᠤᠯ ᠡᠩ ᠤᠨ ᠨᠡᠭᠦᠷᠡᠰᠦ ᠰᠢᠲᠠᠭᠠᠬᠤ ᠵᠤᠤᠬ᠎ᠠ ᠶᠢ ᠴᠠᠬᠢᠯᠭᠠᠨ ᠵᠤᠤᠬ᠎ᠠ ᠪᠠᠷ ᠰᠣᠯᠢᠵᠤ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠪᠠᠷ ᠳᠠᠮᠵᠢᠭᠤᠯᠤᠨ ᠨᠡᠭᠦᠷᠡᠰᠦ ᠬᠡᠷᠡᠭᠯᠡᠬᠦ ᠬᠡᠮᠵᠢᠶ᠎ᠡ ᠶᠢ ᠪᠠᠭᠠᠰᠬᠠᠵᠤ ᠠᠭᠠᠷ ᠮᠠᠨᠳᠠᠯ ᠤᠨ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢ ᠵᠣᠬᠢᠬᠤ ᠬᠡᠮᠵᠢᠶ᠎ᠡ ᠪᠠᠷ ᠨᠠᠮᠳᠠᠭᠤᠯᠵᠤ ᠣᠷᠣᠨ ᠪᠦᠰᠡ ᠶᠢᠨ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠳᠤ ᠢᠳᠡᠪᠬᠢᠲᠡᠶ ᠪᠥᠭᠡᠳ | ᠪᠦᠲᠦᠮᠵᠢᠲᠡᠶ ᠥᠢᠯᠡᠳᠤᠯ ᠦᠵᠡᠭᠦᠯᠵᠦ ᠬᠥᠬᠡ ᠣᠭᠲᠠᠷᠭᠤᠶ ᠶᠢ ᠬᠠᠮᠠᠭᠠᠯᠠᠬᠤ ᠢᠯᠠᠯᠲᠠ ᠶᠢ ᠤᠯᠬᠤ᠂ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ | ᠡᠨᠧᠷᠭᠢ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠬᠤ ᠶᠢ ᠵᠢᠭᠠᠵᠤ ᠪᠠᠶᠢᠨ᠎ᠠ᠃ ᠢᠨᠵᠧᠨᠧᠷᠢᠩ ᠤᠨ | ᠪᠦᠲᠦᠮᠵᠢᠲᠡᠶ ᠠᠵᠢᠯ ᠤᠨ ᠬᠤᠭᠤᠴᠠᠭ᠎ᠠ ᠣᠬᠤᠷ᠂ ᠠᠵᠢᠯ ᠤᠨ ᠴᠡᠭ ᠣᠯᠠᠨ᠂ ᠬᠡᠪᠴᠢᠶ᠎ᠡ ᠥᠷᠭᠡᠨ ᠵᠡᠷᠭᠡ ᠬᠦᠴᠢᠷᠳᠡᠯ ᠳᠤ ᠴᠢᠭᠯᠡᠭᠦᠯᠦᠨ ᠮᠠᠨ ᠤ ᠬᠤᠰᠢᠭᠤ | ᠲᠤᠰᠬᠠᠶᠢᠯᠠᠨ ︽ᠴᠠᠬᠢᠯᠭᠠᠨ ᠳᠣᠯᠠᠭᠠᠯᠠᠭ᠎ᠠ ᠶᠢᠨ ᠦᠭᠡᠷᠡᠴᠢᠯᠡᠯᠲᠡ︾ ᠶᠢᠨ ᠠᠵᠢᠯ ᠤᠨ ᠲᠤᠰᠬᠠᠶ ᠠᠩᠭᠢ ᠭᠠᠷᠭᠠᠵᠤ ᠬᠠᠮᠵᠢᠯᠴᠠᠨ ᠠᠵᠢᠯᠯᠠᠬᠤ ᠲᠤᠭᠳᠠᠯᠴᠠᠭ᠎ᠠ | ᠶᠢ ᠪᠦᠷᠢᠯᠳᠦᠭᠦᠯᠵᠦ ᠢᠨᠵᠧᠨᠧᠷᠢᠩ ᠢ ᠲᠦᠷᠭᠡᠨ ᠨᠠᠶᠢᠳᠠᠪᠤᠷᠢᠵᠢᠭᠤᠯᠬᠤ ᠶᠢ ᠪᠠᠳᠣᠯᠠᠭᠰᠠᠨ ᠪᠠᠶᠢᠨ᠎ᠠ᠃ | | | | | | | ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠰᠢᠭᠤ 1.5 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ ᠭᠠᠯᠠᠭᠤᠳᠤ᠂ ᠰᠦᠯᠳᠡ᠂ ᠳᠤᠭ ᠵᠡᠷᠭᠡ | ᠰᠣᠮᠣ ᠪᠠᠯᠭᠠᠰᠤᠨ ᠳᠤ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠳᠤᠯᠠᠭᠠᠯᠠᠭ᠎ᠠ ᠶᠢᠨ ᠢᠨᠵᠧᠨᠧᠷᠢᠩ ᠢ ᠳᠡᠯᠭᠡᠷᠡᠭᠦᠯᠦᠨ ᠭᠡᠷᠡᠭᠵᠢᠭᠦᠯᠭᠦ ᠪᠠᠷ | ᠲᠥᠯᠥᠪᠯᠡᠵᠤ 4800 ᠭᠠᠷᠤᠢ ᠮᠠᠯᠴᠢᠨ ᠲᠠᠷᠢᠶᠠᠴᠢᠨ ᠳᠤ ᠠᠭᠠᠷ ᠤᠨ ᠡᠨᠧᠷᠭᠢ ᠶᠢᠨ ᠢᠯᠴᠢ ᠶᠢᠨ ᠬᠥᠭᠡᠷᠭᠡ ᠶᠢᠨ ᠳᠤᠯᠠᠭᠠᠯᠠᠭ᠎ᠠ ᠶᠢᠨ ᠲᠥᠬᠦᠭᠡᠷᠦᠮᠵᠢ ᠶᠢ | ᠤᠭᠰᠠᠷᠠᠵᠤ ᠥᠭᠬᠦ ᠪᠠᠷ ᠪᠤᠢ᠃ ᠢᠨᠵᠧᠨᠧᠷᠢᠩ ᠢ ᠬᠡᠷᠡᠭᠵᠢᠭᠦᠯᠦᠭᠰᠡᠨ ᠤ ᠳᠠᠷᠠᠭ᠎ᠠ᠂ ᠲᠤᠬᠠᠢ ᠶᠢᠨ ᠭᠠᠵᠠᠷ ᠣᠷᠣᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ | ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ ᠪᠤᠶᠢᠳᠠ ᠪᠥᠭᠯᠡᠭᠦᠤ ᠮᠠᠯᠵᠢᠬᠤ ᠲᠠᠷᠢᠶᠠᠯᠠᠬᠤ ᠣᠷᠣᠨ ᠤ 6000 ᠡᠷᠦᠬᠡ ᠶᠢᠨ | ᠴᠠᠬᠢᠯᠭᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠪᠤᠯᠤᠨ᠎ᠠ᠃ | | | ᠰᠤᠷᠪᠤᠯᠵᠢᠯᠠᠭᠴᠢ᠄ ᠤᠶᠤᠨᠴᠢᠮᠡᠭ ᠨᠠᠷᠠᠰᠤ ᠸᠠᠩ ᠴᠢ ᠭᠦᠸᠧ ᠶᠦᠩ ᠬᠤᠶ | | |