ᠤᠯᠠᠭᠠᠨᠳᠤᠯᠤᠭᠠᠢ ᠪᠠᠯᠭᠠᠰᠤ ᠠᠮᠢᠳᠠᠨ ᠤ ᠬᠢᠵᠢᠭ ᠢ ᠰᠡᠷᠭᠡᠶᠢᠯᠡᠭᠦ ᠠᠵᠢᠯ ᠢ ᠰᠡᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2022/12/13
      ᠤᠶᠢᠷ᠎ᠠ ᠶᠢᠨ ᠡᠳᠤᠷ᠂ ᠤᠯᠠᠭᠠᠨᠳᠤᠯᠤᠭᠠᠢ ᠪᠠᠯᠭᠠᠰᠤᠨ ᠤ ᠮᠠᠯ ᠤᠨ ᠬᠢᠵᠢᠭ ᠢ ᠰᠡᠷᠬᠡᠶᠢᠯᠡᠬᠦ ᠬᠢᠨᠠᠯᠳᠠ ᠲᠠᠯᠪᠢᠬᠤ ᠥᠷᠳᠡᠭᠡᠨ ᠤ ᠠᠵᠢᠯᠳᠠᠳ ᠡᠯ᠎ᠡ ᠭᠠᠴᠠᠭ᠎ᠠ ᠲᠤᠰᠬᠤᠨ ᠳᠤ ᠬᠦᠨᠵᠡᠭᠡᠶᠢᠷᠡᠨ ᠨᠠᠮᠤᠷ ᠤᠨ ᠣᠯᠠᠷᠢᠯ ᠤᠨ ᠠᠮᠢᠳᠠᠨ ᠤ ᠬᠢᠵᠢᠭ ᠢ ᠰᠡᠷᠭᠡᠶᠢᠯᠡᠭᠦ ᠰᠡᠷᠬᠡᠶᠢᠯᠡᠯᠭᠡ ᠶᠢᠨ ᠵᠡᠭᠦᠤ ᠲᠠᠷᠢᠵᠦ᠂ ᠮᠠᠯ ᠤᠨ ᠬᠢᠵᠢᠭ ᠤᠨ ᠰᠡᠷᠭᠡᠶᠢᠯᠡᠯᠳᠡ ᠶᠢᠨ ᠠᠵᠢᠯ ᠢ ᠰᠡᠶᠢᠳᠤᠷ ᠬᠢᠭᠰᠡᠨ ᠪᠠᠶᠢᠨ᠎ᠠ᠃      ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠮᠠᠯᠴᠢᠨ ᠠᠯᠳᠠᠨᠵᠢᠮᠢᠰ ᠤᠨ ᠬᠢᠨ ᠡᠨᠡ ᠣᠳᠠᠭ᠎ᠠ 100 ᠭᠠᠷᠤᠢ ᠬᠤᠨᠢ᠂ 30 ᠭᠠᠷᠤᠢ ᠥᠭᠡᠷ ᠳᠡᠭᠡᠨ ᠨᠠᠮᠤᠷ ᠤᠨ ᠣᠯᠠᠷᠢᠯ ᠤᠨ ᠱᠦᠯᠬᠦᠭᠡ ᠡᠪᠡᠳᠴᠢᠨ ᠤ ᠰᠡᠷᠭᠡᠶᠢᠯᠡᠯᠭᠡ ᠶᠢᠨ ᠵᠡᠬᠦᠦ ᠲᠠᠷᠢᠭᠤᠯᠵᠤ ᠮᠠᠯ ᠰᠦᠷᠤᠭ ᠤᠨ ᠢᠶᠠᠨ ᠡᠷᠡᠭᠦᠯ ᠦᠰᠣᠯᠳᠠ ᠶᠢ ᠪᠠᠳᠣᠯᠠᠨ ᠮᠠᠯ ᠠᠵᠤ ᠠᠬᠤᠢ ᠶᠢᠨ ᠠᠰᠢᠭ ᠣᠷᠣᠯᠭ᠎ᠠ ᠪᠠᠨ ᠨᠡᠮᠡᠭᠳᠡᠭᠦᠯᠬᠦ ᠳᠤ ᠰᠠᠭᠤᠷᠢ ᠳᠠᠯᠪᠢᠵᠠᠢ᠃ ᠠᠯᠳᠠᠨᠵᠢᠮᠢᠰ᠄ ︽ᠪᠢᠳᠠ ᠮᠠᠯ ᠬᠤᠢ ᠳᠠᠭᠠᠨ ᠡᠨᠡ ᠵᠢᠯ ᠤᠨ ᠨᠠᠮᠤᠷ ᠤᠨ ᠰᠡᠷᠬᠡᠶᠢᠯᠡᠯᠭᠡ ᠶᠢᠨ ᠵᠡᠭᠦᠦ ᠶᠢ ᠲᠠᠷᠢᠴᠢᠬᠠᠯ᠎ᠠ᠃ ᠰᠡᠷᠬᠡᠶᠢᠯᠡᠯᠭᠡ ᠬᠢᠭᠦ ᠴᠠᠭ ᠬᠦᠷᠪᠠᠯ ᠪᠢᠳᠠ ᠴᠠᠭ ᠲᠠᠷᠤᠢ ᠳᠤᠨᠢ ᠲᠠᠷᠢᠯᠭ᠎ᠠ ᠬᠢᠯᠭᠡᠴᠢᠬᠡᠨ᠎ᠡ᠃ ᠢᠡᠭᠬᠢᠴᠢᠬᠡᠪᠡᠯ ᠦᠭᠡᠷ ᠬᠤᠨᠢᠨ ᠤ ᠬᠢᠵᠢᠭ ᠡᠪᠡᠳᠴᠢᠨ ᠳᠤ ᠨᠡᠷᠪᠡᠭᠳᠡᠬᠦ ᠦᠭᠡᠢ ᠪᠠᠶᠢᠬᠤ ᠶᠢ ᠪᠠᠳᠤᠯᠠᠴᠢᠬᠠᠨ᠎ᠠ︾ ᠬᠡᠵᠥ ᠪᠠᠶᠠᠷᠳᠠᠶᠢᠬᠠᠨ ᠶᠠᠷᠢᠪᠠ᠃          ᠠᠮᠢᠳᠠᠨ ᠤ ᠡᠪᠡᠳᠴᠢᠨ ᠬᠢᠵᠢᠭ ᠢ ᠪᠦᠳᠤᠮᠵᠢᠳᠠᠢ ᠬᠤᠷᠢᠭᠯᠠᠵᠤ᠂ ᠮᠠᠯ ᠠᠵᠤ ᠠᠬᠤᠢ ᠶᠢ ᠡᠷᠡᠭᠦᠯ ᠢᠶᠠᠷ ᠬᠦᠭᠵᠢᠭᠦᠯᠭᠦ ᠶᠢᠨ ᠲᠦᠯᠥ᠋ᠭᠡ᠂ ᠤᠯᠠᠭᠠᠨᠳᠤᠯᠤᠭᠠᠢ ᠪᠠᠯᠭᠠᠰᠤ ᠡᠨ᠋ᠨ ᠬᠠᠪᠣᠷ ᠪᠠᠰᠠ ᠡᠯ᠎ᠡ ᠭᠠᠴᠠᠭ᠎ᠠ ᠲᠤᠰᠬᠤᠨ ᠳᠤ ᠬᠦᠷᠴᠦ ᠬᠠᠪᠤᠷ ᠤᠨ ᠤᠯᠠᠷᠢᠯ ᠤᠨ ᠠᠮᠢᠳᠠᠨ ᠤ ᠬᠢᠵᠢᠭ ᠢ ᠰᠡᠷᠭᠡᠶᠢᠯᠡᠬᠦ ᠲᠠᠷᠢᠯᠭ᠎ᠠ ᠬᠢᠵᠦ᠂ ᠦᠷᠭᠡᠨ ᠤᠯᠠᠨ ᠮᠠᠯᠴᠢᠨ ᠲᠦᠮᠡᠨ ᠤ ᠮᠠᠯ ᠠᠵᠤ ᠠᠬᠤᠢ ᠪᠠᠨ ᠬᠦᠭᠵᠢᠬᠦᠯᠣᠨ ᠠᠬᠢᠭᠤᠯᠬᠤ ᠳᠤ ᠪᠠᠳᠣᠯᠠᠭ᠎ᠠ ᠬᠠᠩᠭᠠᠭᠰᠠᠨ ᠪᠠᠶᠢᠨ᠎ᠠ᠃ ᠤᠯᠠᠭᠠᠨᠳᠤᠯᠤᠭᠠᠢ ᠪᠠᠯᠭᠠᠰᠤᠨ ᠤ ᠮᠠᠯ ᠤᠨ ᠬᠢᠵᠢᠭ ᠢ ᠰᠡᠷᠬᠡᠶᠢᠯᠡᠬᠦ ᠬᠢᠨᠠᠯᠳᠠ ᠲᠠᠯᠪᠢᠬᠤ ᠥᠷᠳᠡᠭᠡ ᠶᠢᠨ ᠠᠵᠢᠯᠳᠠᠨ ᠡᠷᠳᠡᠮᠳᠤ᠄ ︽ᠶᠠᠷᠤᠩᠭᠡᠢ ᠳᠤᠨᠢ ᠠᠪᠴᠤ ᠭᠡᠯᠡᠪᠡᠯ᠂ ᠮᠠᠨ ᠤ ᠪᠠᠯᠭᠠᠰᠤᠨ ᠳᠤ ᠬᠠᠯᠳᠠᠪᠤᠷᠢᠳᠤ ᠡᠪᠡᠳᠴᠢᠨ ᠬᠢᠵᠢᠭ ᠤᠨ ᠪᠠᠶᠢᠳᠠᠯ ᠶᠡᠭᠡ ᠢᠯᠡᠷᠡᠭᠰᠡᠨ ᠦᠭᠡᠢ᠂ ᠲᠡᠬᠡᠪᠡᠴᠧ ᠬᠢᠵᠢᠭ ᠢ ᠰᠡᠷᠭᠡᠶᠢᠯᠡᠬᠦ ᠠᠵᠢᠯ ᠪᠣᠯ ᠴᠢᠬᠤᠯᠠ ᠠᠵᠢᠯ ᠪᠤᠯᠬᠤ᠂ ᠡᠷᠭᠡᠪᠰᠢ ᠰᠠᠶᠢᠳᠤᠷ ᠬᠢᠬᠦ ᠴᠢᠬᠤᠯᠠ ᠲᠠᠢ᠃ ᠮᠠᠨ ᠤ ᠮᠠᠯᠴᠢᠳ ᠴᠤ ᠣᠳᠣ ᠡᠨᠡ ᠲᠠᠯ᠎ᠠ ᠶᠢᠨ ᠠᠵᠢᠯ ᠳᠤ ᠶᠡᠭᠡᠬᠡᠨ ᠬᠠᠮᠵᠢᠯᠴᠠᠵᠤ ᠪᠠᠶᠢᠨ᠎ᠠ︾ ᠬᠡᠯ᠎ᠠ᠃          ᠤᠶᠢᠯᠠᠭᠠᠭᠰᠠᠨ ᠢᠶᠠᠷ᠂ ᠤᠯᠠᠭᠠᠨᠳᠤᠯᠤᠭᠠᠢ ᠪᠠᠯᠭᠠᠰᠤ ᠵᠢᠯ ᠳᠤ 2 ᠤᠳᠠᠭᠠᠨ ᠤ ᠮᠠᠯ ᠤᠨ ᠬᠢᠵᠢᠭ ᠤᠨ ᠰᠡᠷᠭᠡᠶᠢᠯᠡᠯᠳᠡ ᠶᠢ ᠬᠢᠵᠦ ᠪᠠᠶᠢᠨ᠎ᠠ᠃ ᠬᠠᠪᠤᠷ ᠤᠨ ᠰᠡᠷᠭᠡᠶᠢᠯᠡᠯᠭᠡ ᠳᠤ ᠭᠤᠤᠯᠳᠠᠭᠤ ᠱᠦᠯᠭᠦᠭᠡ ᠡᠪᠡᠳᠴᠢᠨ᠂ ᠴᠡᠴᠡᠭ ᠡᠪᠡᠳᠴᠢᠨ ᠤ ᠲᠠᠷᠢᠯᠭ᠎ᠠ ᠶᠢ ᠬᠢᠳᠡᠭ᠃ ᠬᠠᠪᠤᠷ ᠤᠨ ᠰᠡᠷᠭᠡᠶᠢᠯᠡᠯᠭᠡ ᠶᠢᠨ ᠬᠤᠭᠤᠴᠠᠭᠠᠨ ᠳᠤ 21 ᠲᠦᠮᠠ ᠭᠠᠷᠤᠢ ᠮᠠᠯ ᠳᠤ ᠰᠡᠷᠭᠡᠶᠢᠯᠡᠯᠳᠡ ᠶᠢᠨ ᠵᠡᠭᠦᠤ ᠲᠠᠷᠢᠵᠥ᠂ ᠵᠡᠭᠦᠦ ᠲᠠᠷᠢᠭᠰᠠᠨ ᠨᠤᠷᠮ᠎ᠠ ᠨᠢ 100% ᠬᠦᠷᠦᠭᠰᠡᠨ ᠪᠠᠶᠢᠨ᠎ᠠ᠃ ᠨᠠᠮᠤᠷ ᠤᠨ ᠰᠡᠷᠬᠡᠶᠢᠯᠡᠯᠳᠡ ᠶᠢᠨ ᠬᠤᠭᠤᠴᠠᠭ᠎ᠠ ᠨᠢ 10 ᠰᠠᠷ᠎ᠠ ᠶᠢᠨ 10 ᠤ ᠡᠳᠦᠷ ᠠᠴᠠ ᠡᠬᠢᠯᠡᠵᠦ᠂ ᠨᠠᠶᠢᠳᠡ 28900 ᠭᠠᠷᠤᠢ ᠮᠠᠯ ᠳᠤ ᠰᠡᠷᠬᠡᠶᠢᠯᠡᠯᠭᠡ ᠶᠢᠨ ᠵᠡᠬᠦᠥ ᠲᠠᠷᠢᠭᠰᠠᠨ ᠪᠠᠶᠢᠨ᠎ᠠ᠃ 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ