ᠬᠥᠭᠵᠢᠯᠲᠡ ᠶᠢᠨ ︽ᠲᠦᠯᠤᠪᠯᠡᠬᠡᠳᠤ ᠪᠤᠷᠤ ᠵᠢᠷᠤᠭ︾ ᠠᠴᠠ ᠠᠮᠢᠳᠤᠷᠠᠯ ᠤᠨ ᠪᠤᠳᠠᠲᠤ ᠲᠥᠷᠰᠤᠯᠡᠯ
ᠨᠡᠶᠢᠲᠡᠯᠡᠭᠰᠡᠨ ᠴᠠᠭ᠄
2022/12/13
      ᠲᠦᠷᠦᠬᠦᠤ ᠪᠠᠷ ᠦᠦᠰᠢᠨᠵᠤᠤ ᠪᠠᠯᠭᠠᠰᠤᠨ ᠤ ᠪᠠᠭᠠᠨᠠᠭᠤᠷ ᠲᠣᠰᠬᠤᠨ ᠤ ᠡᠷᠳᠡᠨᠢ ᠰᠢᠰᠢ ᠶᠢᠨ ᠲᠠᠷᠢᠶᠠᠨ ᠤ ᠤᠨᠠᠯᠲᠠ ᠶᠢ ᠬᠡᠮᠵᠢᠨ ᠦᠵᠡᠭᠦᠯᠬᠦ ᠲᠤᠬᠠᠢ ᠶᠢᠨ ᠲᠠᠯᠠᠪᠠᠢ ᠳᠤ ᠬᠠᠳᠤᠵᠤ ᠬᠤᠷᠢᠶᠠᠬᠤ ᠮᠠᠰᠢᠨ ᠶᠠᠭᠠᠷᠠᠤ ᠠᠵᠢᠯᠯᠠᠵᠤ᠂ ᠰᠢᠵᠢᠷ ᠠᠯᠲᠠᠨ ᠡᠷᠳᠡᠨᠢ ᠰᠢᠰᠢ ᠶᠢᠨ ᠮᠥᠭᠦᠯᠢᠭ ᠨᠠᠷᠠᠨ ᠤ ᠭᠡᠷᠡᠯ ᠳᠤ ᠬᠢᠯᠳᠠᠭᠠᠨᠠᠨ᠂ ᠥᠵᠡᠮᠵᠢ ᠲᠡᠭᠦᠰ ᠪᠠᠶᠠᠨ ᠬᠤᠷᠢᠶᠠᠯᠲᠠ ᠶᠢᠨ ᠵᠢᠷᠤᠭᠯᠠᠯ ᠬᠥᠮᠤᠰ ᠤᠨ ᠬᠠᠷᠠᠭᠠᠨ᠎ᠠ ᠲᠡᠯᠭᠡᠭᠳᠡᠨ᠎ᠡ᠃ ᠤᠨᠠᠯᠲᠠ ᠶᠢ ᠬᠡᠮᠵᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠬᠡᠮᠵᠢᠯᠲᠡ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠭᠥᠨᠳᠤ ᠶᠢ ᠵᠢᠩᠯᠠᠭᠦ᠂ ᠲᠣᠭᠠᠴᠠᠨ ᠪᠤᠳᠤᠬᠤ᠂ ᠬᠢᠨᠠᠨ ᠬᠠᠷᠭᠤᠭᠤᠯᠬᠤ ᠪᠠᠷ ᠳᠠᠮᠵᠢᠨ ᠮᠤ᠋ ᠪᠥᠷᠢ ᠶᠢᠨ ᠤᠨᠠᠯᠳᠠ ᠨᠢ 2178 ᠵᠢᠩ ᠳᠤ ᠭᠥᠷᠥᠭᠰᠠᠨ ᠢ ᠪᠦᠷᠢᠳᠭᠡᠵᠦ ᠭᠠᠷᠭᠠᠭᠰᠠᠨ ᠪᠠᠶᠢᠨ᠎ᠠ᠃         ᠪᠠᠭᠠᠨᠠᠭᠤᠷ ᠲᠣᠰᠬᠤᠨ ᠤ ᠲᠠᠷᠢᠶᠠᠴᠢᠨ ᠸᠠᠩ ᠶᠦᠩ ᠴᠢᠨ ᠭᠡᠯᠡᠭᠦ ᠳᠡᠭᠡᠨ᠄ ︽ᠥᠩᠭᠡᠷᠡᠭᠰᠡᠨ ᠳᠤ ᠠᠶᠢᠯ ᠡᠷᠦᠬᠡ ᠨᠦᠭᠦᠳ ᠲᠠᠷᠢᠶᠠᠨ ᠭᠠᠵᠠᠷ ᠢᠶᠠᠨ ᠲᠠᠷᠠᠬᠠᠶ ᠪᠤᠲᠠᠷᠬᠠᠶ ᠡᠵᠡᠩᠨᠡᠵᠤ ᠪᠠᠶᠢᠬᠰᠠᠨ ᠪᠤᠯᠬᠤᠷ ᠲᠤᠮᠤ ᠬᠡᠯᠪᠡᠷᠢ ᠶᠢᠨ ᠮᠠᠰᠢᠨ ᠲᠤᠨᠤᠬᠯᠠᠯ ᠤᠷᠤᠵᠤ ᠳᠡᠶᠢᠯᠬᠦ ᠥᠬᠡᠶ᠂ ᠮᠥ ᠪᠦᠷᠢ ᠶᠢᠨ ᠤᠨᠠᠯᠲᠠ ᠬᠠᠮᠤᠭ ᠤᠨ ᠰᠠᠶᠢᠨ ᠦᠶ᠎ᠡ ᠳᠤ 1600 ᠵᠢᠩ ᠯᠠ ᠪᠠᠶᠢᠭᠰᠠᠨ᠂ ᠡᠨᠡ ᠵᠢᠯ ᠠᠴᠠ ᠬᠠᠮᠳᠣᠷᠠᠭᠤᠯᠣᠨ ᠨᠠᠶᠢᠯᠡᠭᠦᠯᠵᠥ ᠨᠠᠶᠢᠲᠠᠨ ᠬᠠᠮᠢᠶᠠᠷᠣᠭᠤᠯᠤᠭᠰᠠᠨ ᠠᠴᠠ ᠮᠥ ᠪᠦᠷᠢ ᠶᠢᠨ ᠤᠨᠠᠯᠲᠠ 578 ᠵᠢᠩ ᠨᠡᠮᠡᠭᠳᠡᠵᠦ᠂ 1.25 ᠲᠥᠭᠦᠷᠢᠭ ᠤᠨ ᠵᠠᠬ᠎ᠠ ᠳᠡᠯᠭᠡᠭᠦᠷ ᠤᠨ ᠦᠨ᠎ᠡ ᠪᠠᠷ ᠪᠤᠳᠤᠪᠠᠯ ᠮᠥ ᠪᠦᠷᠢ ᠶᠢᠨ ᠣᠷᠣᠯᠭ᠎ᠠ 722.5 ᠲᠥᠭᠦᠷᠢᠭ ᠨᠡᠮᠡᠭᠳᠡᠵᠠᠢ︾ ᠭᠡᠵᠤ ᠪᠠᠶᠢᠯ᠎ᠠ᠃         ᠣᠶᠢᠯᠠᠭᠠᠭᠰᠠᠨ ᠢᠶᠠᠷ᠂ ᠦᠦᠰᠢᠨᠵᠤᠤ ᠪᠠᠯᠭᠠᠰᠤᠨ ᠤ ᠪᠠᠭᠠᠨᠠᠭᠤᠷ ᠲᠣᠰᠬᠤᠨ 2021 ᠣᠨ ᠠᠴᠠ ᠡᠬᠢᠯᠡᠨ ᠲᠤᠰᠬᠤᠨ ᠤ ᠬᠠᠮᠲᠤ ᠶᠢᠨ ᠭᠠᠵᠠᠷ ᠰᠢᠷᠤᠢ ᠪᠤᠯᠤᠨ 18 ᠠᠶᠢᠯ ᠡᠷᠤᠬᠡ ᠶᠢᠨ 3060 ᠮᠥ ᠭᠠᠵᠠᠷ ᠰᠢᠷᠣᠶ ᠶᠢ ᠨᠡᠶᠢᠯᠡᠬᠦᠯᠤᠨ ᠡᠵᠡᠩᠨᠡᠬᠦ ᠪᠠᠷ ᠲᠤᠬᠳᠠᠵᠤ᠂ ᠨᠡᠶᠢᠬᠡᠮᠴᠢᠯᠡᠭᠰᠡᠨ ᠨᠠᠶᠢᠲᠡᠨ ᠬᠠᠮᠢᠶᠠᠷᠣᠭᠤᠯᠬᠤ ᠠᠷᠭ᠎ᠠ ᠶᠢ ᠬᠡᠷᠡᠭᠵᠢᠭᠦᠯᠤᠨ᠂ ᠭᠠᠵᠠᠷ ᠰᠢᠷᠣᠢ ᠶᠢ ᠰᠢᠨᠵᠢᠯᠡᠬᠦ ᠣᠬᠠᠭᠠᠨᠴᠢ ᠪᠠᠷ ᠬᠡᠪᠴᠢᠶᠡᠵᠢᠬᠦᠯᠤᠨ ᠲᠠᠷᠢᠭᠠᠳ᠂ ᠦᠷ᠎ᠡ ᠠᠰᠢᠭ ᠢᠶᠠᠨ ᠲᠡᠬᠡᠭᠰᠢᠯᠡᠬᠦᠯᠤᠭ᠍ᠰᠡᠨ ᠪᠠᠶᠢᠨ᠎ᠠ᠃ ᠡᠨ᠋ᠨ ᠵᠢᠯ ᠲᠤᠰ ᠲᠤᠰᠬᠤᠨ ᠦᠷᠭᠦᠯᠵᠢᠯᠡᠨ ᠲᠠᠭᠠᠭᠤᠯᠤᠭᠴᠢ ᠠᠵᠤ ᠠᠬᠤᠶᠢᠯᠠᠯ ᠪᠤᠯᠤᠨ ᠬᠤᠳᠠ ᠬᠤᠰᠢᠭᠤ ᠬᠤᠶᠠᠷ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠲᠠᠢ ᠬᠠᠮᠲᠤᠷᠠᠨ 1200 ᠮᠦ ᠭᠠᠵᠠᠷ ᠰᠢᠷᠣᠢ ᠶᠢ ᠥᠨᠳᠥᠷ ᠪᠠᠷᠢᠮᠵᠢᠶᠠᠳᠤ ᠲᠠᠷᠢᠶᠠᠨ ᠭᠠᠵᠠᠷ ᠪᠤᠯᠭᠠᠨ ᠪᠠᠶᠢᠭᠤᠯᠵᠤ᠂ ᠤᠰᠤᠯᠠᠯᠲᠠ ᠶᠢᠨ ᠮᠡᠷᠭᠡᠵᠢᠯ ᠢ ᠲᠡᠭᠡᠭᠰᠢᠯᠠᠭᠦᠯᠤᠨ᠂ ᠨᠢᠭᠲᠠ ᠲᠠᠷᠢᠬᠤ ᠬᠡᠯᠪᠡᠷᠢ ᠶᠢᠨ ᠰᠢᠨ᠎ᠡ ᠮᠡᠷᠭᠡᠵᠢᠯ ᠢ ᠠᠰᠢᠭᠯᠠᠵᠤ᠂ ᠡᠬᠢ ᠪᠠᠶᠠᠯᠢᠭ ᠢ ᠰᠢᠯᠢᠳᠡᠭᠵᠢᠬᠦᠯᠤᠨ ᠲᠤᠭᠢᠷᠠᠭᠤᠯᠵᠤ᠂ ᠥᠨᠳᠥᠷ ᠪᠦᠲᠦᠮᠵᠢᠲᠡᠶ ᠨᠡᠶᠢᠳᠭᠡᠬᠦ ᠶᠢ ᠪᠡᠶᠡᠯᠡᠭᠦᠯᠵᠥ᠂ ᠲᠠᠷᠢᠶᠠᠯᠠᠩ ᠤᠨ ᠥᠢᠯᠡᠳᠪᠤᠷᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠤᠷᠮ᠎ᠠ ᠶᠢ ᠲᠡᠬᠡᠭᠰᠢᠯᠡᠬᠦᠯᠤᠭ᠍ᠰᠡᠨ ᠪᠥᠭᠡᠳ ᠲᠠᠷᠢᠶᠠᠴᠢᠳ ᠤᠨ ᠲᠠᠷᠢᠶᠠᠯᠠᠬᠤ ᠮᠡᠷᠭᠡᠵᠢᠯ ᠢ ᠰᠤᠷᠬᠤ ᠳᠤ ᠬᠠᠪᠰᠤᠷᠤᠮᠵᠢ ᠪᠤᠯᠵᠤ ᠣᠷᠣᠯᠭ᠎ᠠ ᠶᠢ ᠨᠢ ᠨᠡᠮᠡᠭᠳᠡᠬᠦᠯᠤᠭ᠍ᠰᠡᠨ ᠪᠠᠶᠢᠨ᠎ᠠ᠃         ᠪᠠᠭᠠᠨᠠᠭᠤᠷ ᠲᠣᠰᠬᠤᠨ ︽ᠲᠣᠰᠬᠤᠨ ᠤ ᠨᠠᠮ ᠤᠨ ᠡᠭᠦᠷ + ᠲᠠᠷᠢᠶᠠᠯᠠᠩ ᠤᠨ ᠲᠣᠯᠣᠭᠠᠶᠢᠯᠠᠭᠴᠢ ᠠᠵᠤ ᠠᠬᠤᠶᠢᠯᠠᠯ + ᠬᠠᠩᠭᠠᠨ ᠪᠣᠷᠣᠯᠠᠭᠤᠯᠬᠤ ᠬᠤᠷᠰᠢᠶ᠎ᠠ + ᠲᠣᠰᠬᠤᠨ ᠤ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ︾ ᠤᠨ ᠵᠠᠭᠪᠤᠷ ᠢᠶᠠᠷ ᠲᠠᠷᠢᠶᠠᠨ ᠭᠠᠵᠠᠷ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠢ ᠭᠡᠷᠡᠭᠵᠢᠭᠦᠯᠤᠨ᠂ ᠲᠠᠷᠠᠬᠠᠢ ᠪᠤᠲᠠᠷᠬᠠᠢ ᠭᠠᠵᠠᠷ ᠰᠢᠷᠣᠢ ᠶᠢ ᠡᠷᠴᠢᠮᠵᠢᠬᠦᠯᠤᠨ ᠠᠰᠢᠭᠯᠠᠵᠤ᠂ ᠰᠢᠨᠵᠢᠯᠡᠬᠦ ᠤᠬᠠᠭᠠᠨᠴᠢ ᠪᠠᠷ ᠥᠨᠳᠥᠷ ᠤᠨᠠᠯᠳᠠᠳᠤ ᠡᠷᠳᠡᠨᠢ ᠰᠢᠰᠢ ᠲᠠᠷᠢᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠤᠨ᠂ ᠬᠥᠳᠡᠭᠡ ᠲᠣᠰᠬᠤᠨ ᠢ ᠬᠥᠭᠵᠢᠭᠦᠯᠬᠦ ᠲᠡᠷᠳᠡᠩ ᠵᠠᠮ ᠢᠶᠠᠷ ᠣᠷᠣᠭᠰᠢᠯᠠᠵᠠᠢ᠃         ︽ᠲᠤᠰᠬᠤᠨ ᠠᠴᠠ ᠭᠠᠵᠠᠷ ᠰᠢᠷᠤᠢ ᠶᠢ ᠨᠡᠶᠢᠯᠡᠬᠦᠯᠵᠤ ᠪᠢᠳᠠᠨ ᠳᠤ ᠨᠠᠶᠢᠳᠠᠨ ᠬᠠᠮᠢᠶᠠᠷᠤᠭᠤᠯᠵᠠᠢ᠃ ᠬᠡᠪᠴᠢᠶᠡᠵᠢᠯᠲᠡ ᠶᠢ ᠪᠠᠶᠠᠯᠠᠬᠦᠯᠤᠭ᠍ᠰᠡᠨ ᠤ ᠲᠠᠷᠠᠭ᠎ᠠ ᠪᠢᠳᠠ ᠨᠢᠭᠡᠳᠤᠯᠲᠡᠢ ᠭᠠᠵᠠᠷ ᠬᠠᠭᠠᠯᠪᠤᠷᠢᠯᠠᠵᠤ᠂ ᠨᠢᠭᠡᠲᠤᠯᠲᠠᠢ ᠲᠠᠷᠢᠵᠤ ᠠᠷᠠᠴᠢᠯᠠᠨ᠂ ᠨᠢᠭᠡᠳᠤᠯᠲᠠᠢ ᠬᠠᠲᠤᠵᠤ ᠬᠤᠷᠢᠶᠠᠭᠰᠠᠨ ᠢᠶᠠᠷ ᠬᠥᠴᠤ ᠬᠥᠳᠡᠯᠮᠤᠷᠢ ᠶᠢ ᠠᠷᠪᠢᠯᠠᠵᠤ᠂ ᠴᠠᠭ ᠬᠤᠭᠤᠴᠠᠭ᠎ᠠ ᠶᠢ ᠭᠠᠮᠨᠠᠨ᠂ ᠥᠪᠡᠷ ᠤᠨ ᠥᠷᠳᠡᠭ ᠢ ᠶᠡᠭᠡ ᠪᠠᠷ ᠪᠠᠭᠤᠷᠠᠭᠤᠯᠤᠭᠰᠠᠨ ᠪᠠᠶᠢᠨ᠎ᠠ᠃ ᠥᠨᠳᠤᠷ ᠪᠠᠷᠢᠮᠵᠢᠶ᠎ᠠ᠂ ᠨᠢᠭᠡᠲᠤᠯᠲᠠᠢ ᠬᠠᠮᠢᠶᠠᠷᠤᠯᠲᠠ ᠶᠢ ᠪᠦᠷᠢᠯᠳᠤᠬᠦᠯᠤᠭ᠍ᠰᠡᠨ ᠳᠤ ᠲᠠᠷᠢᠶᠠᠯᠠᠩ ᠤᠨ ᠭᠠᠷᠤᠯᠲᠠ ᠠᠶᠠᠨᠳᠠᠭᠠᠨ ᠨᠡᠮᠡᠭᠳᠡᠵᠤ᠂ ᠮᠤ᠋ ᠪᠥᠷᠢ ᠶᠢᠨ ᠤᠷᠤᠯᠭ᠎ᠠ 500 ᠲᠥᠭᠦᠷᠢᠭ ᠨᠡᠮᠡᠭᠳᠡᠭᠰᠡᠨ ᠪᠠᠶᠢᠨ᠎ᠠ᠃ ᠮᠠᠯᠴᠢᠨ ᠲᠠᠷᠢᠶᠠᠴᠢᠳ ᠤᠨ ᠤᠷᠤᠯᠭ᠎ᠠ ᠨᠡᠮᠡᠭᠳᠡᠭᠰᠡᠨ ᠢᠶᠠᠷ ᠪᠠᠷᠠᠬᠤ ᠦᠭᠡᠢ᠂ ᠲᠤᠰᠬᠤᠨ ᠤ ᠬᠠᠮᠲᠤ ᠶᠢᠨ ᠠᠵᠤ ᠠᠬᠤᠢ ᠤᠷᠤᠯᠭ᠎ᠠ ᠡᠭᠦᠳᠴᠤ᠂ ᠮᠠᠨ ᠤ ᠠᠵᠤ ᠠᠬᠤᠶᠢᠯᠠᠯ ᠴᠤ ᠠᠰᠢᠭ ᠬᠦᠷᠳᠡᠯ᠎ᠠ᠃ ᠨᠢᠭᠡ ᠭᠡᠰᠡᠭ ᠭᠠᠵᠠᠷ ᠠᠴᠠ ᠭᠤᠷᠪᠠᠨ ᠲᠠᠯ᠎ᠠ ᠶᠢᠨ ᠬᠢᠨ ᠠᠰᠢᠭ ᠬᠥᠷᠳᠡᠭᠰᠡᠨ ᠪᠠᠶᠢᠨ᠎ᠠ︾ ᠭᠡᠵᠤ ᠥᠪᠤᠷ ᠮᠤᠩᠭᠤᠯ ᠤᠨ ᠲᠢᠶᠠᠨ ᠵᠸᠤ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠶᠡᠷᠥᠩᠭᠡᠢ ᠲᠠᠭᠠᠭᠠᠮᠠᠯ ᠪᠦ ᠵᠶᠢ ᠫᠢᠡᠭ ᠪᠠᠶᠠᠷᠳᠡᠢ ᠶᠡᠷᠢᠵᠤ ᠪᠠᠶᠢᠯ᠎ᠠ᠃          ᠬᠥᠳᠡᠭᠡ ᠲᠤᠰᠬᠤᠨ ᠢ ᠬᠥᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠲᠤᠶᠠᠭᠠᠯᠠᠯ ᠲᠤᠤᠷ᠎ᠠ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠵᠠᠮ ᠮᠥᠷ ᠢ ᠥᠷᠭᠡᠳᠬᠡᠵᠤ᠂ ᠥᠨᠳᠤᠰᠤᠨ ᠱᠠᠳᠤᠨ ᠤ ᠬᠥᠮᠤᠰ ᠤᠨ ᠠᠮᠢᠳᠤᠷᠠᠯ ᠠᠬᠤᠢ ᠶᠢᠨ ᠴᠢᠨᠡᠷ ᠴᠢᠨᠰᠠᠭ᠎ᠠ ᠶᠢ ᠲᠡᠭᠡᠭᠰᠢᠯᠡᠭᠦᠯᠬᠦ ᠪᠠᠷ ᠥᠤᠰᠢᠨ ᠬᠤᠰᠢᠭᠤᠨ ᠤ ᠦᠦᠰᠢᠨᠵᠤᠤ ᠪᠠᠯᠭᠠᠰᠤᠨ ᠤ ᠪᠠᠭᠠᠨᠠᠭᠤᠷ ᠲᠣᠰᠬᠤᠨ ᠬᠥᠭᠵᠢᠯᠲᠡ ᠶᠢᠨ ︽ᠲᠦᠯᠤᠪᠯᠡᠬᠡᠳᠤ ᠪᠤᠷᠤ ᠵᠢᠷᠤᠭ︾ ᠢ ᠠᠮᠢᠳᠤᠷᠠᠯ ᠤᠨ ᠪᠤᠳᠠᠲᠤ ᠲᠥᠷᠰᠤᠯᠡᠯ ᠪᠤᠯᠭᠠᠵᠤ ᠬᠤᠪᠢᠷᠠᠭᠤᠯᠤᠭᠰᠠᠨ ᠪᠠᠶᠢᠨ᠎ᠠ᠃                   
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ