ᠦᠦᠰᠢᠨ ᠵᠠᠰᠠᠭ ᠳᠠᠷᠬᠠᠭᠠᠬᠤ〔2022〕29 ᠳ᠋ᠤᠭᠡᠷ ᠲᠣᠭᠠᠲᠤ | | | ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ᠂ ᠡᠯ᠎ᠡ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ | ᠪᠠᠶᠢᠭᠤᠯᠭ᠎ᠠ ᠨᠢᠭᠡᠴᠢ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ 9 ᠳ᠋ᠤᠭᠡᠷ ᠤᠳᠠᠭ᠎ᠠ ᠶᠢᠨ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠭᠤᠯᠤᠭᠠᠳ᠂ ᠡᠳᠦᠭᠡ ︽ᠦᠦᠰᠢᠨ ᠬᠤᠰᠢᠭᠤᠨ ᠤ ᠰᠣᠶᠣᠯ ᠵᠢᠭᠤᠯᠴᠢᠯᠠᠯ ᠤᠨ | ᠠᠵᠤ ᠦᠢᠯᠡᠰ ᠢ ᠠᠭᠤᠰᠤᠯᠴᠠᠭᠤᠯᠤᠨ ᠬᠥᠭᠵᠢᠬᠦᠯᠬᠦ ᠶᠢ ᠲᠡᠳᠬᠦᠨ ᠳᠡᠮᠵᠢᠵᠦ ᠱᠠᠩᠨᠠᠨ ᠬᠦᠬᠢᠬᠦᠯᠬᠦ ᠠᠷᠭ᠎ᠠ ᠶᠢᠨ | ᠬᠡᠷᠡᠭᠵᠢᠭᠦᠯᠬᠦ ᠨᠠᠷᠢᠨ ᠳᠦᠷᠢᠮ︾ ᠢ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2022 ᠣᠨ ᠤ 8 ᠰᠠᠷ᠎ᠠ ᠶᠢᠨ 17 ᠤ ᠡᠳᠦᠷ | | | | | | ᠦᠦᠰᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ | ᠬᠥᠭᠵᠢᠬᠦᠯᠬᠦ ᠶᠢ ᠲᠡᠳᠬᠦᠨ ᠳᠡᠮᠵᠢᠵᠦ ᠱᠠᠩᠨᠠᠨ ᠬᠦᠬᠢᠬᠦᠯᠬᠦ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠦᠦᠰᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠨ᠎ᠡ | ᠲᠤᠯᠭᠠᠭᠤᠷᠢ ᠠᠵᠤ ᠦᠢᠯᠡᠰ ᠪᠣᠯᠭᠠᠨ ᠬᠦᠭᠵᠢᠬᠦᠯᠬᠦ ᠶᠢ ᠲᠦᠷᠭᠡᠳᠬᠡᠵᠤ᠂ ᠵᠢᠭᠤᠯᠴᠢᠯᠠᠭᠰᠠᠳ ᠤᠨ ᠠᠩᠬᠠᠷᠤᠯ ᠢ | ᠳᠠᠳᠠᠨ ᠬᠤᠰᠢᠭᠤᠨ ᠳᠤ ᠢᠷᠡᠭᠦᠯᠵᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠲᠦᠯᠦᠬᠡ᠂ ︽ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ | ᠬᠡᠷᠡᠭᠯᠡᠭᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ︵ᠣᠷᠳᠣᠰ ᠵᠠᠰᠠᠭ ᠲᠠᠷᠬᠠᠭᠠᠬᠤ ﹇ | 2021﹈ 52 ᠳ᠋ᠤᠭᠠᠷ ᠲᠣᠭᠠᠲᠤ︶᠂ ︽ᠣᠷᠳᠣᠰ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠨᠠᠷᠢᠯᠢᠭ ᠣᠨᠣᠴᠠᠲᠠᠢ ᠪᠠᠷ ᠰᠠᠶᠢᠲᠤᠷ ᠬᠢᠵᠦ ᠵᠢᠭᠤᠯᠴᠢᠯᠠᠯ ᠢ ᠰᠡᠷᠭᠦᠭᠡᠨ ᠬᠥᠭᠵᠢᠭᠦᠯᠬᠦ ᠶᠢ ᠲᠦᠷᠭᠡᠳᠬᠡᠬᠦ | ᠲᠤᠬᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ︵ᠣᠷᠳᠣᠰ ᠵᠠᠰᠠᠭ ᠲᠠᠷᠬᠠᠭᠠᠬᠤ ﹇2022﹈ 90 | ᠳ᠋ᠤᠭᠡᠷ ᠲᠣᠭᠠᠲᠤ︶᠂ ︽ᠦᠦᠰᠢᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠦᠦᠰᠢᠨ ᠨᠠᠮ ᠳᠠᠷᠬᠠᠭᠠᠬᠤ ﹇2022﹈ 4 ᠳ᠋ᠤᠭᠡᠷ ᠲᠣᠭᠠᠲᠤ︶ | ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ | ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠨᠠᠷᠢᠨ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠰᠣᠶᠣᠯ ᠵᠢᠭᠤᠯᠴᠢᠯᠠᠯ ᠢ ᠲᠡᠳᠬᠦᠨ ᠳᠡᠮᠵᠢᠵᠦ ᠱᠠᠩᠨᠠᠨ ᠬᠦᠬᠢᠬᠦᠯᠬᠦ ᠪᠡᠯᠡ | ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠰᠥᠪ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ | ᠬᠥᠭᠵᠢᠬᠦᠯᠦᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ︽ᠠᠷᠭ᠎ᠠ ᠵᠠᠮ ᠢ ᠰᠠᠮᠠᠭᠤᠷᠠᠭᠤᠯᠬᠤ ᠦᠭᠡᠢ᠂ ᠬᠡᠷᠡᠭᠴᠡᠭᠡ ᠶᠢ ᠬᠤᠪᠢᠷᠠᠭᠤᠯᠬᠤ ᠦᠭᠡᠢ᠂ | ᠰᠢᠰᠲ᠋ᠧᠮᠵᠢᠭᠦᠯᠦᠨ ᠬᠠᠮᠢᠶᠠᠷᠬᠤ︾ ᠪᠠ ︽ᠢᠯᠡ ᠲᠤᠲᠤ᠂ ᠲᠥᠪ ᠭᠤᠥᠯᠴᠢ᠂ ᠡᠷᠬᠡ ᠲᠡᠭᠰᠢ︾ ᠪᠠᠶᠢᠬᠤ ᠵᠠᠷᠴᠢᠮ ᠢ | ᠪᠠᠷᠢᠮᠲᠠᠯᠠᠨ ᠪᠡᠯᠡ ᠮᠥᠩᠭᠦ ᠶᠢ ᠬᠠᠤᠯᠢ ᠶᠣᠰᠣᠭᠠᠷ᠂ ᠵᠢᠷᠤᠮᠵᠢᠯ ᠲᠠᠢ᠂ ᠠᠮᠤᠷ ᠲᠦᠪᠰᠢᠨ ᠪᠠ ᠥᠨᠳᠥᠷ ᠦᠷ᠎ᠡ | ᠪᠦᠲᠦᠮᠵᠢᠲᠡᠶ ᠪᠠᠷ ᠬᠡᠷᠡᠭᠯᠡᠬᠦ ᠶᠢ ᠦᠨᠡᠨᠬᠦ ᠪᠠᠲᠤᠯᠠᠨ᠎ᠠ᠃ | ᠭᠤᠷᠪᠠᠳᠤᠭᠠᠷ ᠵᠦᠢᠯ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠪᠣᠯ ᠰᠣᠶᠣᠯ ᠵᠢᠭᠤᠯᠴᠢᠯᠠᠯ ᠢ ᠲᠡᠳᠬᠦᠨ | ᠳᠡᠮᠵᠢᠵᠤ ᠱᠠᠩᠨᠠᠨ ᠬᠦᠬᠢᠬᠦᠯᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠵᠤ᠂ ᠪᠡᠯᠡ | ᠮᠥᠩᠭᠦ ᠶᠢᠨ ᠲᠥᠰᠥᠪ ᠢ ᠬᠢᠨᠠᠨ ᠬᠠᠷᠭᠤᠭᠤᠯᠬᠤ᠂ ᠰᠠᠯᠭᠠᠨ ᠥᠭᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ | ᠬᠠᠷᠢᠭᠤᠴᠠᠨ᠎ᠠ︔ ᠬᠤᠰᠢᠭᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠪᠣᠯ ᠰᠣᠶᠣᠯ ᠵᠢᠭᠤᠯᠴᠢᠯᠠᠯ ᠢ ᠲᠡᠳᠬᠦᠨ | ᠱᠠᠩᠨᠠᠬᠤ ᠪᠡᠯᠡ ᠮᠥᠩᠭᠦ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠵᠤ᠂ ᠰᠣᠶᠣᠯ | ᠵᠢᠭᠤᠯᠴᠢᠯᠠᠯ ᠢ ᠲᠡᠳᠬᠦᠨ ᠳᠡᠮᠵᠢᠵᠤ ᠱᠠᠩᠨᠠᠨ ᠬᠦᠬᠢᠬᠦᠯᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠬᠢᠨᠠᠨ | ᠬᠠᠷᠭᠤᠭᠤᠯᠬᠤ᠂ ᠪᠡᠯᠡ ᠮᠥᠩᠭᠦ ᠶᠢ ᠬᠡᠷᠡᠭᠯᠡᠬᠦ ᠪᠠ ᠬᠤᠪᠢᠶᠠᠷᠢᠯᠠᠬᠤ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ | | ᠬᠤᠶᠠᠳᠤᠭᠠᠷ ᠪᠦᠯᠦᠭ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠦᠨ ᠪᠠᠶᠢᠭᠤᠯᠬᠤ ᠶᠢ ᠲᠡᠳᠬᠦᠨ | ᠳᠡᠮᠵᠢᠬᠦ ᠪᠠ ᠱᠠᠩᠨᠠᠨ ᠬᠦᠬᠢᠬᠦᠯᠬᠦ | ᠳᠥᠷᠪᠡᠳᠦᠭᠡᠷ ᠵᠦᠢᠯ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ᠃ ᠰᠢᠨ᠎ᠡ ᠪᠠᠷ ᠦᠨᠡᠯᠡᠭᠳᠡᠭᠰᠡᠨ | 5A ᠲᠠᠰ ᠤᠨ ᠦᠵᠡᠮᠵᠢ ᠶᠢᠨ ᠣᠷᠣᠨ ᠢ ᠨᠢᠬᠡ ᠯᠠ ᠤᠳᠠᠭ᠎ᠠ ᠳᠤ 300 ᠲᠦᠮᠡᠨ ᠲᠥᠭᠦᠷᠢᠭ ᠢᠶᠠᠷ ᠱᠠᠩᠨᠠᠨ᠎ᠠ︔ | ᠰᠢᠨ᠎ᠡ ᠪᠠᠷ ᠦᠨᠡᠯᠡᠭᠳᠡᠭᠰᠡᠨ 4A ᠲᠠᠰ ᠤᠨ ᠦᠵᠡᠮᠵᠢ ᠶᠢᠨ ᠣᠷᠣᠨ ᠢ ᠨᠢᠬᠡ ᠯᠠ ᠤᠳᠠᠭ᠎ᠠ ᠳᠤ 100 ᠲᠦᠮᠡᠨ | ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠦᠨᠡᠯᠡᠭᠳᠡᠭᠰᠡᠨ 3A ᠲᠠᠰ ᠤᠨ ᠦᠵᠡᠮᠵᠢ ᠶᠢᠨ ᠣᠷᠣᠨ ᠢ ᠨᠢᠬᠡ ᠯᠠ | ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ᠃ | ᠲᠠᠪᠤᠳᠤᠭᠠᠷ ᠵᠦᠢᠯ ᠣᠳᠣᠨ ᠲᠠᠰ ᠤᠨ ᠵᠤᠴᠢᠳ ᠤᠨ ᠪᠠᠭᠤᠳᠠᠯ ᠢ ᠡᠭᠦᠳᠦᠨ ᠪᠠᠶᠢᠭᠤᠯᠬᠤ᠃ ᠰᠢᠨ᠎ᠡ ᠪᠠᠷ | ᠦᠨᠡᠯᠡᠭᠳᠡᠭᠰᠡᠨ ᠲᠠᠪᠤᠨ ᠣᠳᠣᠨ ᠲᠠᠰ ᠤᠨ ᠵᠣᠴᠢᠳ ᠤᠨ ᠪᠠᠭᠤᠳᠠᠯ ᠢ ᠨᠢᠬᠡ ᠯᠠ ᠤᠳᠠᠭ᠎ᠠ ᠳᠤ 100 ᠲᠦᠮᠡᠨ | ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠦᠨᠡᠯᠡᠭᠳᠡᠭᠰᠡᠨ ᠳᠥᠷᠪᠡᠨ ᠣᠳᠣᠨ ᠲᠠᠰ ᠤᠨ ᠵᠣᠴᠢᠳ ᠤᠨ ᠪᠠᠭᠤᠳᠠᠯ ᠢ | ᠨᠢᠬᠡ ᠯᠠ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠦᠨᠡᠯᠡᠭᠳᠡᠭᠰᠡᠨ ᠭᠤᠷᠪᠠᠨ ᠣᠳᠣᠨ | ᠲᠠᠰ ᠤᠨ ᠵᠣᠴᠢᠳ ᠤᠨ ᠪᠠᠭᠤᠳᠠᠯ ᠢ ᠨᠢᠬᠡ ᠯᠠ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠨ᠎ᠠ︔ | ᠰᠢᠨ᠎ᠡ ᠪᠠᠷ ᠦᠨᠡᠯᠡᠭᠳᠡᠭᠰᠡᠨ ᠠᠯᠲᠠᠨ ᠨᠠᠪᠴᠢ᠂ ᠮᠦᠩᠭᠦᠨ ᠨᠠᠪᠴᠢ ᠲᠠᠰ ᠤᠨ ︽ᠪᠣᠬᠢᠷᠳᠤᠯ ᠦᠭᠡᠢ ᠵᠣᠴᠢᠳ ᠤᠨ | ᠪᠠᠭᠤᠳᠠᠯ︾ ᠢ ᠨᠢᠬᠡ ᠯᠠ ᠤᠳᠠᠭ᠎ᠠ ᠳᠤ ᠲᠣᠰ ᠲᠣᠰ 10 ᠲᠦᠮᠡᠨ ᠲᠥᠭᠦᠷᠢᠭ ᠪᠠ 5 ᠲᠦᠮᠡᠨ ᠲᠥᠭᠦᠷᠢᠭ ᠢᠶᠠᠷ | ᠱᠠᠩᠨᠠᠨ᠎ᠠ᠃ | ᠵᠢᠷᠭᠤᠳᠤᠭᠠᠷ ᠵᠦᠢᠯ ᠦᠦᠰᠢᠨ ᠬᠤᠰᠢᠭᠤᠨ ᠤ ᠬᠡᠪᠴᠢᠶᠡᠨ ᠳᠤ ᠳᠠᠩᠰᠠᠯᠠᠭᠤᠯᠤᠭᠰᠠᠨ ᠵᠢᠭᠤᠯᠴᠢᠯᠠᠯ ᠤᠨ | ᠦᠢᠯᠡᠴᠢᠯᠡᠭᠡᠨ ᠤ ᠭᠠᠵᠠᠷ᠃ ᠰᠢᠨ᠎ᠡ ᠪᠠᠷ ᠦᠨᠡᠯᠡᠭᠳᠡᠭᠰᠡᠨ 3A ᠲᠠᠰ ᠤᠨ ᠵᠢᠭᠤᠯᠴᠢᠯᠠᠯ ᠤᠨ ᠦᠢᠯᠡᠴᠢᠯᠡᠭᠡᠨ ᠤ | ᠭᠠᠵᠠᠷ ᠢ ᠨᠢᠬᠡ ᠯᠠ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠦᠨᠡᠯᠡᠭᠳᠡᠭᠰᠡᠨ 2A | ᠲᠠᠰ ᠤᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠢ ᠨᠢᠬᠡ ᠯᠠ ᠤᠳᠠᠭ᠎ᠠ ᠳᠤ 3 ᠲᠦᠮᠡᠨ ᠲᠥᠭᠦᠷᠢᠭ ᠢᠶᠠᠷ | ᠱᠠᠩᠨᠠᠨ᠎ᠠ︔ ᠰᠢᠨ᠎ᠡ ᠪᠠᠷ ᠦᠨᠡᠯᠡᠭᠳᠡᠭᠰᠡᠨ A ᠲᠠᠰ ᠤᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠢ ᠨᠢᠬᠡ ᠯᠠ | ᠤᠳᠠᠭ᠎ᠠ ᠳᠤ 1 ᠲᠦᠮᠡᠨ ᠲᠥᠭᠦᠷᠢᠭ ᠢᠶᠠᠷ ᠱᠠᠩᠨᠠᠨ᠎ᠠ᠃ | | ᠭᠤᠷᠪᠠᠳᠤᠭᠠᠷ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠲᠡᠳᠬᠦᠨ ᠳᠡᠮᠵᠢᠬᠦ ᠪᠠ ᠱᠠᠩᠨᠠᠨ ᠬᠦᠬᠢᠬᠦᠯᠬᠦ | ᠳᠣᠯᠣᠳᠤᠭᠠᠷ ᠵᠦᠢᠯ 1000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ | ᠪᠡᠶᠡᠯᠡᠭᠦᠯᠦᠭᠰᠡᠨ ᠮᠠᠨ ᠤ ᠬᠤᠰᠢᠭᠤᠨ ᠤ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠲᠠᠩ | ᠭᠠᠭᠴᠠ ᠲᠥᠷᠥᠯ ᠵᠦᠢᠯ ᠳᠤ 100 ᠲᠦᠮᠡᠨ ᠲᠥᠭᠦᠷᠢᠭ ᠠᠴᠠ ᠬᠡᠲᠦᠷᠡᠬᠦᠯᠬᠦ ᠦᠬᠡᠢ ᠨᠦᠬᠦᠪᠦᠷᠢ ᠤᠯᠭᠤᠨ᠎ᠠ︔ | 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠳᠤ 50 ᠲᠦᠮᠡᠨ ᠲᠥᠭᠦᠷᠢᠭ ᠠᠴᠠ ᠬᠡᠲᠦᠷᠡᠬᠦᠯᠬᠦ | ᠦᠬᠡᠢ ᠨᠦᠬᠦᠪᠦᠷᠢ ᠤᠯᠭᠤᠨ᠎ᠠ᠃ | ᠨᠠᠢᠮᠠᠳᠤᠭᠠᠷ ᠵᠦᠢᠯ A ᠲᠠᠰ ᠤᠨ ᠦᠵᠡᠮᠵᠢ ᠶᠢᠨ ᠣᠷᠣᠨ᠂ ᠣᠳᠣᠨ ᠲᠠᠰ ᠤᠨ ᠪᠠᠭᠤᠳᠠᠯ᠂ | ᠭᠤᠣᠯᠳᠠᠯᠭ᠎ᠠ ᠲᠠᠢ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ︵ᠭᠠᠴᠠᠭ᠎ᠠ︶᠂ | ᠥᠪᠡᠷᠲᠡᠭᠡᠨ ᠵᠠᠰᠠᠬᠤ ᠣᠷᠣᠨ ᠤ ᠣᠳᠣᠨ ᠲᠠᠰ ᠤᠨ ᠵᠤᠴᠢᠯᠠᠭ᠎ᠠ ᠶᠢᠨ ᠡᠷᠦᠬᠡ ᠬᠠᠷᠢᠶᠠᠲᠤ ᠣᠷᠣᠨ ᠤ ᠳᠣᠲᠣᠷᠠᠬᠢ | ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ᠂ ᠰᠠᠭᠤᠷᠢ ᠲᠦᠬᠦᠭᠡᠷᠦᠮᠵᠢ ᠶᠢ ᠥᠭᠡᠷᠡᠴᠢᠯᠡᠨ | ᠰᠠᠶᠢᠵᠢᠷᠠᠭᠤᠯᠵᠦ᠂ ᠬᠢᠨᠠᠨ ᠲᠣᠭᠲᠠᠭᠠᠬᠤ ᠪᠠᠷ ᠳᠡᠮᠵᠢᠨ ᠬᠢᠷᠢ ᠲᠡᠩᠴᠡᠭᠰᠡᠨ ᠤ ᠳᠠᠷᠠᠭ᠎ᠠ ᠪᠡᠯᠡ ᠣᠷᠣᠭᠤᠯᠤᠯᠲᠠ ᠶᠢᠨ | ᠲᠤᠭ᠎ᠠ ᠶᠢᠨ 20% ᠪᠠᠷ ᠨᠥᠬᠦᠪᠦᠷᠢ ᠣᠯᠭᠤᠵᠤ ᠲᠠᠩ ᠭᠠᠭᠴᠠ ᠲᠥᠷᠥᠯ ᠵᠦᠢᠯ ᠢ 50 ᠲᠦᠮᠡᠨ ᠲᠥᠭᠦᠷᠢᠭ ᠠᠴᠠ | ᠬᠡᠲᠦᠷᠡᠬᠦᠯᠬᠦ ᠦᠬᠡᠢ᠃ | | | | ᠳᠥᠷᠪᠡᠳᠦᠭᠡᠷ ᠪᠦᠯᠦᠭ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠪᠤᠢ ᠪᠤᠯᠭᠠᠬᠤ ᠶᠢ | ᠲᠡᠳᠬᠦᠨ ᠳᠡᠮᠵᠢᠬᠦ ᠪᠠ ᠱᠠᠩᠨᠠᠨ ᠬᠦᠬᠢᠬᠦᠯᠬᠦ | ᠶᠢᠰᠦᠳᠦᠭᠡᠷ ᠵᠦᠢᠯ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ | ᠵᠣᠷᠢᠭᠵᠢᠭᠤᠯᠤᠨ᠎ᠠ᠃ ᠵᠢᠭᠤᠯᠴᠢᠯᠠᠯ ᠤᠨ ︽ᠵᠢᠷᠭᠤᠭᠠᠨ ᠬᠦᠴᠦᠨ ᠵᠦᠢᠯ︾ ᠪᠠ ︽ᠵᠢᠭᠤᠯᠴᠢᠯᠠᠯ +︾ ᠰᠢᠨ᠎ᠡ | ᠡᠵᠡᠩᠨᠡᠯᠲᠡ ᠶᠢᠨ ᠬᠡᠯᠪᠡᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠡᠭᠡᠭᠡᠨ ᠬᠥᠭᠵᠢᠭᠦᠯᠬᠦ ᠶᠢ | ᠵᠣᠷᠢᠭᠵᠢᠭᠤᠯᠤᠨ ᠳᠡᠮᠵᠢᠨ᠎ᠡ᠃ ᠬᠤᠪᠢ ᠶᠢᠨ ᠮᠠᠰᠢᠨ ᠢᠶᠠᠨ ᠵᠢᠯᠤᠭᠤᠳᠴᠤ ᠬᠡᠭᠡᠷ᠎ᠡ ᠪᠠᠭᠤᠳᠠᠯᠯᠠᠬᠤ ᠭᠠᠵᠠᠷ᠂ | ᠮᠠᠶᠢᠬᠠᠨ ᠪᠠᠭᠤᠴᠠ᠂ ᠳᠣᠣᠷ᠎ᠠ ᠠᠭᠠᠷ ᠳᠠᠬᠢ ᠵᠢᠭᠤᠯᠴᠢᠯᠠᠯ᠂ ᠵᠢᠭᠤᠯᠴᠢᠯᠠᠨ ᠰᠠᠭᠤᠵᠤ ᠰᠡᠯᠡᠬᠦᠴᠡᠨ ᠠᠮᠠᠷᠠᠵᠤ ᠪᠡᠶ᠎ᠡ | ᠪᠠᠨ ᠰᠤᠪᠢᠯᠠᠬᠤ᠂ ᠡᠷᠡᠭᠦᠯ ᠮᠡᠨᠳᠦ ᠪᠡᠶ᠎ᠡ ᠰᠤᠪᠢᠯᠠᠯᠲᠠ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ | ᠬᠤᠪᠢᠰᠬᠠᠯ ᠤᠨ ᠵᠢᠭᠤᠯᠴᠢᠯᠠᠯ ᠵᠢᠴᠢ ᠪᠤᠰᠤᠳ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠵᠢᠭᠤᠯᠴᠢᠯᠠᠯ ᠤᠨ ᠲᠥᠷᠥᠯ | ᠵᠦᠢᠯ ᠳᠤ᠂ ᠲᠥᠷᠥᠯ ᠵᠦᠢᠯ ᠤᠨ ᠪᠡᠯᠡ ᠣᠷᠣᠭᠤᠯᠤᠯᠲᠠ᠂ ᠬᠡᠪᠴᠢᠶᠡᠵᠢᠯ᠂ ᠨᠥᠯᠥᠭᠡᠯᠡᠬᠦ ᠬᠦᠴᠦᠨ ᠵᠡᠷᠭᠡ ᠲᠠᠯ᠎ᠠ ᠪᠠᠷ | ᠬᠢᠨᠠᠨ ᠲᠤᠭᠲᠠᠭᠠᠵᠤ ᠬᠢᠷᠢ ᠲᠡᠩᠴᠡᠭᠰᠡᠨ ᠤ ᠳᠠᠷᠠᠭ᠎ᠠ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠶᠢᠨ | 20% ᠪᠠᠷ ᠨᠥᠬᠦᠪᠦᠷᠢ ᠣᠯᠭᠤᠵᠤ ᠲᠠᠩ ᠭᠠᠭᠴᠠ ᠲᠥᠷᠥᠯ ᠵᠦᠢᠯ ᠢ 50 ᠲᠦᠮᠡᠨ ᠲᠥᠭᠦᠷᠢᠭ ᠠᠴᠠ ᠬᠡᠲᠦᠷᠡᠭᠦᠯᠬᠦ | ᠦᠭᠡᠢ᠃ | ᠠᠷᠪᠠᠳᠤᠭᠠᠷ ᠵᠦᠢᠯ ᠰᠣᠶᠣᠯ ᠵᠢᠭᠤᠯᠴᠢᠯᠠᠯ ᠤᠨ ᠲᠠᠸᠠᠷ ᠤᠨ ᠰᠢᠨ᠎ᠡ ᠶᠢ ᠡᠭᠦᠳᠬᠦ ᠪᠠ ᠤᠬᠠᠭᠤᠯᠤᠨ | ᠳᠡᠯᠭᠡᠷᠡᠭᠦᠯᠬᠦ ᠶᠢ ᠵᠣᠷᠢᠭᠵᠢᠭᠤᠯᠤᠨ᠎ᠠ᠃ ᠦᠦᠰᠢᠨ ᠰᠣᠶᠣᠯ ᠤᠨ ᠦᠪᠡᠷᠮᠢᠴᠡ ᠣᠨᠴᠠᠯᠢᠭ ᠢ ᠢᠯᠡᠷᠡᠭᠦᠯᠬᠦ ᠪᠠᠷ ᠭᠤᠣᠯ | ᠴᠣᠭᠴᠠ ᠪᠣᠯᠭᠠᠨ ᠰᠣᠶᠣᠯ ᠤᠨ ᠪᠦᠲᠦᠭᠡᠯᠳᠡ ᠦᠢᠯᠡᠳᠬᠦᠨ ᠪᠠ ᠵᠢᠭᠤᠯᠴᠢᠯᠠᠯ ᠤᠨ ᠲᠠᠸᠠᠷ ᠢ ᠰᠤᠳᠤᠯᠤᠨ ᠨᠡᠭᠡᠭᠡᠭᠰᠡᠨ | ᠮᠥᠷᠲᠡᠭᠡᠨ ᠪᠥᠭᠡᠮ ᠢᠶᠠᠷ ᠦᠢᠯᠡᠳᠪᠦᠷᠢᠯᠡᠬᠦ ᠶᠢᠨ ᠬᠠᠮᠲᠤ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠤᠭᠰᠠᠨ ᠠᠵᠤ | ᠠᠬᠤᠶᠢᠯᠠᠯ ᠳᠤ ᠨᠢᠬᠡ ᠯᠠ ᠤᠳᠠᠭ᠎ᠠ ᠳᠡᠭᠡᠷ᠎ᠡ 10 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ᠰᠣᠶᠣᠯ | ᠵᠢᠭᠤᠯᠴᠢᠯᠠᠯ ᠤᠨ ᠲᠠᠸᠠᠷ ᠤᠨ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠳᠣᠲᠣᠭᠠᠳᠤ ᠶᠢᠨ ᠦᠵᠡᠰᠬᠦᠯᠡᠩ | ᠤᠷᠤᠯᠳᠤᠭᠠᠨ ᠳᠤ ᠣᠷᠤᠯᠴᠠᠬᠤ ᠶᠢ ᠵᠣᠷᠢᠭᠵᠢᠭᠤᠯᠵᠤ᠂ ᠠᠳᠠᠯᠢ ᠨᠢᠭᠡ ᠦᠢᠯᠡᠳᠬᠦᠨ ᠳᠤ ᠵᠦᠪᠬᠡᠨ ᠨᠢᠬᠡ ᠯᠠ | ᠤᠳᠠᠭ᠎ᠠ ᠱᠠᠩᠨᠠᠯ ᠬᠦᠷᠲᠡᠭᠡᠨ᠎ᠡ᠃ ᠲᠤᠬᠠᠢ ᠶᠢᠨ ᠵᠢᠯ ᠳᠤ ᠬᠤᠲᠠ ᠶᠢᠨ ᠲᠠᠰ ᠠᠴᠠ ᠳᠡᠭᠡᠭᠰᠢᠬᠢ ᠤᠷᠤᠯᠳᠤᠭᠠᠨ ᠤ | ᠱᠠᠩᠨᠠᠯ ᠢ ᠣᠯᠣᠭᠰᠠᠨ ᠪᠠᠶᠢᠪᠠᠯ 3 ︱ 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ ︵ᠳᠠᠭᠠᠯᠳᠤᠭᠤᠯᠤᠯ | ᠬᠦᠰᠦᠨᠦᠭᠲᠤ 1 ᠶᠢ ᠦᠵᠡᠭᠡᠷᠡᠢ︶᠃ | ᠠᠷᠪᠠᠨ ᠨᠢᠭᠡᠳᠦᠭᠡᠷ ᠵᠦᠢᠯ ᠰᠣᠶᠣᠯ ᠵᠢᠭᠤᠯᠴᠢᠯᠠᠯ ᠤᠨ ᠦᠪᠡᠷᠮᠢᠴᠡ ᠣᠨᠴᠠᠯᠢᠭᠲᠤ ᠬᠤᠳᠠᠯᠳᠤᠭᠠᠨ ᠤ | ᠵᠡᠭᠡᠯᠢ ᠲᠣᠭᠤᠷᠢᠭ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠣᠭᠤᠷᠢᠭ ᠪᠠᠶᠢᠭᠤᠯᠬᠤ | ᠶᠢ ᠵᠣᠷᠢᠭᠵᠢᠭᠤᠯᠵᠤ᠂ ᠡᠵᠡᠩᠨᠡᠯᠲᠡ ᠶᠢᠨ ᠪᠠᠶᠢᠳᠠᠯ ᠢ ᠦᠵᠡᠵᠦ ᠪᠠᠶᠢᠭᠠᠳ ᠶᠡᠷᠦᠩᠬᠡᠶᠢᠯᠡᠨ ᠬᠢᠨᠠᠨ ᠲᠣᠭᠲᠠᠭᠠᠬᠤ ᠪᠠᠷ | ᠳᠠᠮᠵᠢᠨ᠂ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠳᠤ 50 ᠲᠦᠮᠡᠨ ᠲᠥᠭᠦᠷᠢᠭ ᠠᠴᠠ ᠬᠡᠲᠦᠷᠡᠬᠦᠯᠬᠦ ᠦᠭᠡᠢ | ᠨᠦᠬᠦᠪᠦᠷᠢ ᠣᠯᠭᠤᠵᠤ᠂ ᠣᠨᠴᠠᠯᠢᠭᠲᠤ ᠵᠡᠭᠡᠯᠢ ᠲᠣᠭᠤᠷᠢᠭ ᠤᠨ ᠰᠣᠶᠣᠯ ᠵᠢᠭᠤᠯᠴᠢᠯᠠᠯ ᠤᠨ ᠢᠵᠢ ᠪᠦᠷᠢᠳᠦᠭᠦᠯᠬᠦ | ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠬᠦ ᠵᠢᠴᠢ ᠤᠷᠴᠢᠨ ᠠᠬᠤᠢ ᠶᠢ ᠪᠤᠢ ᠪᠣᠯᠭᠠᠬᠤ ᠳᠤ ᠬᠡᠷᠡᠭᠯᠡᠨ᠎ᠡ᠃ | ᠠᠷᠪᠠᠨ ᠬᠤᠶᠠᠳᠤᠭᠠᠷ ᠵᠦᠢᠯ ᠨᠡᠶᠢᠭᠡᠮ ᠤᠨ ᠬᠦᠴᠦᠨ ᠢ ᠵᠤᠷᠢᠭᠵᠢᠭᠤᠯᠵᠦ ᠮᠦᠽᠧᠢ ᠪᠠ ᠣᠨᠴᠠᠯᠢᠭᠲᠤ | ᠦᠵᠡᠰᠬᠦᠯᠡᠩ ᠤᠨ ᠣᠷᠳᠣᠨ ᠢ ᠰᠢᠨ᠎ᠡ ᠪᠠᠷ ᠪᠠᠶᠢᠭᠤᠯᠤᠨ᠎ᠠ᠃ ᠡᠷᠬᠡᠪᠰᠢ ᠠᠵᠢᠯ ᠲᠥᠷᠥᠯ ᠤᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠬᠦᠯᠤᠭ᠍ᠰᠡᠨ ᠪᠦᠬᠡᠳ ᠳᠠᠩᠰᠠᠯᠠᠭᠤᠯᠤᠭᠰᠠᠨ ᠲᠠᠯᠠᠪᠠᠶ ᠣᠷᠳᠣᠨ ᠪᠠᠶᠢᠵᠤ᠂ | ᠪᠦᠲᠦᠭᠡᠨ ᠪᠠᠶᠢᠭᠤᠯᠬᠤ ᠬᠡᠪᠴᠢᠶᠡᠵᠢᠯ ᠪᠠ ᠳᠡᠯᠭᠡᠨ ᠦᠵᠡᠭᠦᠯᠬᠦ ᠠᠭᠤᠯᠭ᠎ᠠ ᠶᠢ ᠦᠨᠳᠦᠰᠦᠯᠡᠨ᠂ ᠳᠡᠯᠭᠡᠨ ᠦᠵᠡᠭᠦᠯᠬᠦ | ᠪᠡᠯᠡ ᠣᠷᠣᠭᠤᠯᠤᠯᠲᠠ ᠶᠢᠨ ᠲᠤᠭ᠎ᠠ ᠶᠢᠨ 30% ᠪᠠᠷ ᠱᠠᠩᠨᠠᠵᠤ᠂ 30 ᠲᠦᠮᠡᠨ ᠲᠥᠭᠦᠷᠢᠭ ᠠᠴᠠ ᠬᠡᠲᠦᠷᠡᠭᠦᠯᠬᠦ | ᠦᠭᠡᠢ᠃ ᠤᠤᠯ ᠤᠨ ᠪᠠᠶᠢᠭᠰᠠᠨ ᠲᠠᠯᠠᠪᠠᠶ ᠣᠷᠳᠣᠨ ᠢ ᠥᠭᠡᠷᠡᠴᠢᠯᠡᠨ ᠰᠠᠶᠢᠵᠢᠷᠠᠭᠤᠯᠵᠤ ᠦᠢᠯᠡᠴᠢᠯᠡᠭᠡᠨ ᠤ | ᠴᠢᠳᠠᠮᠵᠢ ᠶᠢᠨ ᠲᠥᠷᠥᠯ ᠵᠦᠢᠯ ᠢ ᠨᠡᠮᠡᠭᠳᠡᠭᠦᠯᠦᠭᠰᠡᠨ ᠪᠠᠶᠢᠪᠠᠯ ᠪᠡᠯᠡ ᠣᠷᠣᠭᠤᠯᠤᠯᠲᠠ ᠶᠢᠨ ᠵᠣᠭᠤᠰ ᠤᠨ ᠲᠤᠭ᠎ᠠ ᠶᠢᠨ | 20% ᠪᠠᠷ ᠱᠠᠩᠨᠠᠵᠦ᠂ 20 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ᠠᠷᠪᠠᠨ ᠭᠤᠷᠪᠠᠳᠤᠭᠠᠷ ᠵᠦᠢᠯ ᠲᠤᠬᠠᠢ ᠶᠢᠨ ᠵᠢᠯ ᠳᠤ ᠬᠤᠰᠢᠭᠤᠨ ᠤ ᠲᠠᠰ᠂ ᠬᠤᠲᠠ ᠶᠢᠨ ᠲᠠᠰ᠂ | ᠥᠪᠡᠷᠲᠡᠭᠡᠨ ᠵᠠᠰᠠᠬᠤ ᠣᠷᠣᠨ ᠤ ᠲᠠᠰ᠂ ᠤᠯᠤᠰ ᠤᠨ ᠲᠠᠰ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ | ᠬᠥᠮᠦᠵᠢᠯ ᠤᠨ ᠰᠠᠭᠤᠷᠢᠨ ᠭᠠᠵᠠᠷ ᠢᠶᠠᠷ ᠰᠢᠨ᠎ᠡ ᠪᠠᠷ ᠦᠨᠡᠯᠡᠭᠳᠡᠭᠰᠡᠨ ᠪᠠᠶᠢᠪᠠᠯ᠂ ᠲᠣᠰ ᠲᠣᠰ 5 ᠲᠦᠮᠡᠨ ᠲᠥᠭᠦᠷᠢᠭ᠂ | 10 ᠲᠦᠮᠡᠨ ᠲᠥᠭᠦᠷᠢᠭ᠂ 20 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠠᠷᠪᠠᠨ ᠳᠥᠷᠪᠡᠳᠦᠭᠡᠷ ᠵᠦᠢᠯ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠪᠠᠶᠢᠭᠤᠯᠬᠤ ᠪᠠ | ᠲᠤᠭᠯᠠᠯᠲᠠ ᠶᠢᠨ ᠪᠦᠯᠬᠦᠮ ᠢ ᠬᠦᠮᠦᠵᠢᠬᠦᠯᠬᠦ ᠶᠢ ᠵᠤᠷᠢᠭᠵᠢᠭᠤᠯᠵᠤ᠂ ︽ᠬᠤᠶᠠᠷ ᠢ ᠡᠭᠦᠳᠦᠨ ᠪᠦᠲᠦᠭᠡᠬᠦ︾ ᠶᠢᠨ | ᠲᠣᠭᠤᠷᠢᠨ ᠳᠤ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠨᠠᠶᠢᠷᠠᠭᠤᠯᠤᠨ ᠵᠤᠬᠢᠶᠠᠵᠤ ᠡᠯ᠎ᠡ ᠲᠥᠷᠥᠯ ᠤᠨ ᠤᠷᠠᠨ | ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠢ ᠡᠷᠭᠢᠯᠡᠨ᠎ᠡ᠃ ᠤᠳᠬ᠎ᠠ ᠤᠷᠠᠯᠢᠭ ᠤᠨ ᠪᠦᠲᠦᠭᠡᠯ ᠢ ᠨᠠᠶᠢᠷᠠᠭᠤᠯᠤᠨ | ᠵᠤᠬᠢᠶᠠᠵᠤ᠂ ᠲᠠᠯᠠᠪᠠᠶ ᠳᠤ ᠰᠠᠭᠤᠵᠤ ᠲᠣᠭᠯᠠᠯᠲᠠ ᠭᠠᠷᠭᠠᠳᠠᠭ ᠤᠷᠠᠯᠢᠭ ᠤᠨ ᠪᠦᠯᠬᠦᠮ ᠢ ᠪᠠᠶᠢᠭᠤᠯᠬᠤ ᠪᠦᠷᠢ ᠳᠤ | ᠬᠡᠪᠴᠢᠶᠡᠵᠢᠯ ᠢ ᠨᠢ ᠦᠨᠳᠦᠰᠦᠯᠡᠨ 5 ︱ 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ ︵ᠳᠠᠭᠠᠯᠳᠤᠭᠤᠯᠤᠯ | ᠬᠦᠰᠦᠨᠦᠭᠲᠤ 1 ᠶᠢ ᠦᠵᠡᠭᠡᠷᠡᠢ︶︔ ᠣᠷᠣᠨ ᠪᠦᠰᠡ ᠶᠢᠨ ᠦᠪᠡᠷᠮᠢᠴᠡ ᠣᠨᠴᠠᠯᠢᠭᠲᠤ ᠰᠣᠶᠣᠯ ᠢ ᠲᠤᠰᠬᠠᠭᠰᠠᠨ᠂ | ᠣᠷᠣᠨ ᠨᠤᠲᠤᠭ ᠢᠶᠠᠨ ᠤᠬᠠᠭᠤᠯᠤᠭᠰᠠᠨ ᠳᠠᠭᠤᠯᠠᠯᠲᠤ ᠵᠦᠴᠦᠭᠡ ᠶᠢ ᠰᠢᠨ᠎ᠡ ᠪᠠᠷ ᠨᠠᠶᠢᠷᠠᠭᠤᠯᠤᠨ ᠵᠣᠬᠢᠶᠠᠬᠤ | ᠪᠦᠷᠢ ᠳᠤ᠂ ᠲᠣᠭᠯᠠᠯᠲᠠ ᠶᠢᠨ ᠬᠥᠮᠥᠨ ᠤ ᠲᠤᠭ᠎ᠠ᠂ ᠲᠣᠭᠯᠠᠯᠲᠠ ᠶᠢᠨ ᠲᠠᠯᠠᠪᠠᠶ ᠤᠳᠠᠭ᠎ᠠ ᠵᠢᠴᠢ ᠪᠡᠯᠡ | ᠣᠷᠣᠭᠤᠯᠤᠯᠲᠠ ᠶᠢᠨ ᠲᠤᠭ᠎ᠠ ᠵᠡᠷᠭᠡ ᠲᠠᠯ᠎ᠠ ᠪᠠᠷ ᠶᠡᠷᠦᠩᠬᠡᠶᠢᠯᠡᠨ ᠦᠨᠡᠯᠡᠨ ᠲᠣᠭᠲᠠᠭᠠᠵᠤ᠂ ᠤᠯᠭᠤᠬᠤ ᠱᠠᠩᠨᠠᠯ ᠤᠨ | ᠮᠦᠩᠭᠦ ᠶᠢ 5 ᠲᠦᠮᠡᠨ ᠲᠥᠭᠦᠷᠢᠭ ᠠᠴᠠ ᠬᠡᠲᠦᠷᠡᠬᠦᠯᠬᠦ ᠦᠭᠡᠢ᠃ ᠠᠷᠠᠳ ᠤᠨ ᠤᠳᠬ᠎ᠠ ᠤᠷᠠᠯᠢᠭ ᠤᠨ ᠪᠦᠯᠬᠦᠮ | ᠦᠵᠡᠮᠵᠢ ᠶᠢᠨ ᠣᠷᠣᠨ ᠳᠤ ᠬᠦᠷᠴᠤ 10 ᠤᠳᠠᠭ᠎ᠠ ᠠᠴᠠ ᠳᠡᠭᠡᠭᠰᠢ ︵10 ᠤᠳᠠᠭ᠎ᠠ ᠶᠢ ᠪᠠᠭᠲᠠᠭᠠᠨ᠎ᠠ︶ | ᠲᠣᠭᠯᠠᠯᠲᠠ ᠭᠠᠷᠭᠠᠪᠠᠯ 2 ᠲᠦᠮᠡᠨ ᠲᠥᠭᠦᠷᠢᠭ ᠢᠶᠠᠷ ᠱᠠᠩᠨᠠᠨ᠎ᠠ᠃ | ᠠᠷᠪᠠᠨ ᠲᠠᠪᠤᠳᠤᠭᠠᠷ ᠵᠦᠢᠯ ᠲᠤᠬᠠᠢ ᠶᠢᠨ ᠵᠢᠯ ᠳᠤ ᠰᠢᠨ᠎ᠡ ᠪᠠᠷ ᠪᠠᠶᠢᠭᠤᠯᠤᠭᠰᠠᠨ ᠪᠦᠭᠡᠳ ᠡᠵᠡᠩᠨᠡᠭᠰᠡᠨ | ᠵᠢᠭᠤᠯᠴᠢᠯᠠᠯ ᠤᠨ ᠲᠡᠭᠡᠭᠡᠪᠦᠷᠢ ᠶᠢᠨ ᠺᠣᠮᠫᠠᠨᠢ ᠶᠢ ᠨᠢᠬᠡ ᠯᠠ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ᠃ | | ᠠᠷᠪᠠᠨ ᠵᠢᠷᠭᠤᠳᠤᠭᠠᠷ ᠵᠦᠢᠯ ᠲᠤᠬᠠᠢ ᠶᠢᠨ ᠵᠢᠯ ᠳᠤ ᠡᠪᠦᠯ ᠤᠨ ᠤᠯᠠᠷᠢᠯ ᠤᠨ ᠵᠢᠭᠤᠯᠴᠢᠯᠠᠯ ᠤᠨ | ᠠᠵᠢᠯᠯᠠᠭ᠎ᠠ ᠡᠷᠭᠢᠯᠡᠭᠰᠡᠨ ᠵᠢᠭᠤᠯᠴᠢᠯᠠᠯ ᠤᠨ ᠠᠵᠤ ᠠᠬᠤᠶᠢᠯᠠᠯ ᠢ ᠬᠡᠪᠴᠢᠶᠡᠵᠢᠯ ᠤᠨ ᠶᠡᠭᠡ ᠪᠠᠭ᠎ᠠ ᠶᠢ ᠨᠢ ᠦᠵᠡᠵᠦ | ᠪᠠᠶᠢᠭᠠᠳ ᠨᠢᠬᠡ ᠯᠠ ᠤᠳᠠᠭ᠎ᠠ ᠳᠤ 5 ︱ 10 ᠲᠦᠮᠡᠨ ᠲᠥᠭᠦᠷᠢᠭ ᠢᠶᠠᠷ ᠱᠠᠩᠨᠠᠨ᠎ᠠ᠃ | | | | ᠲᠠᠪᠤᠳᠤᠭᠠᠷ ᠪᠦᠯᠦᠭ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠲᠡᠳᠬᠦᠨ ᠳᠡᠮᠵᠢᠬᠦ ᠪᠠ | ᠱᠠᠩᠨᠠᠨ ᠬᠦᠬᠢᠬᠦᠯᠬᠦ | ᠠᠷᠪᠠᠨ ᠳᠣᠯᠣᠳᠤᠭᠠᠷ ᠵᠦᠢᠯ ᠲᠤᠬᠠᠢ ᠶᠢᠨ ᠵᠢᠯ ᠳᠤ ᠬᠤᠲᠠ ᠶᠢᠨ ᠲᠠᠰ᠂ ᠥᠪᠡᠷᠲᠡᠭᠡᠨ ᠵᠠᠰᠠᠬᠤ ᠣᠷᠣᠨ ᠤ | ᠲᠠᠰ᠂ ᠤᠯᠤᠰ ᠤᠨ ᠲᠠᠰ ᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠬᠠᠮᠲᠤᠷᠠᠨ ᠦᠨᠡᠯᠡᠨ ᠲᠣᠭᠲᠠᠭᠠᠵᠦ ᠢᠷᠠᠭᠤ ᠠᠯᠳᠠᠷ ᠤᠨ ᠴᠣᠯᠠ ᠣᠯᠭᠤᠬᠰᠠᠨ ᠭᠤᠣᠯᠳᠠᠯᠭ᠎ᠠ ᠲᠠᠢ | ᠵᠢᠱᠢᠶᠡᠴᠢ ᠲᠣᠰᠬᠤᠨ ᠳᠤ ᠲᠣᠰ ᠲᠣᠰ 5 ᠲᠦᠮᠡᠨ ᠲᠥᠭᠦᠷᠢᠭ᠂ 10 ᠲᠦᠮᠡᠨ ᠲᠥᠭᠦᠷᠢᠭ᠂ 20 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ | ᠠᠷᠪᠠᠨ ᠨᠠᠢᠮᠠᠳᠤᠭᠠᠷ ᠵᠦᠢᠯ ᠲᠤᠬᠠᠢ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠨ | ᠲᠠᠰ ᠤᠨ ᠲᠠᠷᠢᠶᠠᠴᠢᠨ ︵ᠮᠠᠯᠴᠢᠨ︶ ᠠᠶᠢᠯ ᠤᠨ ᠵᠤᠴᠢᠯᠠᠭ᠎ᠠ ᠶᠢᠨ ᠭᠠᠵᠠᠷ ᠢᠶᠠᠷ ᠦᠨᠡᠯᠡᠨ ᠲᠣᠭᠲᠠᠭᠠᠭᠰᠠᠨ ᠪᠠᠶᠢᠪᠠᠯ | 6 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠳᠥᠷᠪᠡᠨ ᠣᠳᠣᠨ ᠲᠠᠰ ᠤᠨ ᠲᠠᠷᠢᠶᠠᠴᠢᠨ ︵ᠮᠠᠯᠴᠢᠨ︶ | ᠠᠶᠢᠯ ᠤᠨ ᠵᠤᠴᠢᠯᠠᠭ᠎ᠠ ᠶᠢᠨ ᠭᠠᠵᠠᠷ ᠢᠶᠠᠷ ᠦᠨᠡᠯᠡᠨ ᠲᠤᠬᠲᠠᠭᠠᠬᠰᠠᠨ ᠪᠠᠶᠢᠪᠠᠯ 4 ᠲᠦᠮᠡᠨ ᠲᠥᠭᠦᠷᠢᠭ ᠤᠨ ᠱᠠᠩᠨᠠᠯ | ᠣᠯᠭᠤᠨ᠎ᠠ᠃ | ᠠᠷᠪᠠ ᠶᠢᠰᠦᠳᠦᠭᠡᠷ ᠵᠦᠢᠯ ᠠᠷᠠᠳ ᠤᠨ ᠪᠠᠭᠤᠳᠠᠯ ᠢ ᠡᠭᠦᠳᠦᠨ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠬᠤ | ᠪᠤᠶᠤ ᠥᠭᠡᠷᠡᠴᠢᠯᠡᠨ ᠪᠠᠶᠢᠭᠤᠯᠬᠤ ᠶᠢᠨ ᠬᠠᠮᠲᠤ ᠤᠯᠤᠰ ᠤᠨ ᠲᠠᠰ ᠤᠨ ᠠᠷᠠᠳ ᠤᠨ ᠪᠠᠭᠤᠳᠠᠯ ᠢᠶᠠᠷ ᠦᠨᠡᠯᠡᠨ | ᠲᠤᠭᠲᠠᠭᠠᠭᠰᠠᠨ ᠪᠠᠶᠢᠪᠠᠯ ᠨᠢᠭᠡ ᠤᠳᠠᠭ᠎ᠠ ᠳᠤ 15 ᠲᠦᠮᠡᠨ ᠲᠥᠭᠦᠷᠢᠭ ᠢᠶᠠᠷ ᠱᠠᠩᠨᠠᠵᠤ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠠᠷᠠᠳ ᠤᠨ ᠪᠠᠭᠤᠳᠠᠯ ᠢᠶᠠᠷ ᠦᠨᠡᠯᠡᠨ ᠲᠤᠬᠲᠠᠭᠠᠬᠰᠠᠨ ᠪᠠᠶᠢᠪᠠᠯ ᠨᠢᠬᠡ ᠯᠠ ᠤᠳᠠᠭ᠎ᠠ ᠳᠤ 10 | ᠲᠦᠮᠡᠨ ᠲᠥᠭᠦᠷᠢᠭ ᠢᠶᠠᠷ ᠱᠠᠩᠨᠠᠵᠤ᠂ ᠬᠤᠲᠠ ᠶᠢᠨ ᠲᠠᠰ ᠤᠨ ᠠᠷᠠᠳ ᠤᠨ ᠪᠠᠭᠤᠳᠠᠯ ᠢᠶᠠᠷ ᠦᠨᠡᠯᠡᠨ ᠲᠤᠬᠲᠠᠭᠠᠭᠰᠠᠨ | ᠪᠠᠶᠢᠪᠠᠯ ᠨᠢᠭᠡ ᠯᠠ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃ | | | | ᠵᠢᠷᠭᠤᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠬᠥᠭᠵᠢᠯᠲᠡ ᠶᠢ ᠲᠡᠳᠬᠦᠨ | ᠳᠡᠮᠵᠢᠬᠦ ᠪᠠ ᠱᠠᠩᠨᠠᠨ ᠬᠥᠬᠢᠭᠦᠯᠬᠦ | ᠬᠤᠷᠢᠳᠤᠭᠠᠷ ᠵᠦᠢᠯ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠰᠤᠷᠤᠯᠴᠠᠬᠤ ᠭᠠᠵᠠᠷ | ᠪᠠᠶᠢᠭᠤᠯᠬᠤ ᠶᠢ ᠵᠣᠷᠢᠭᠵᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢᠨ ᠤᠯᠠᠮᠵᠢᠯᠠᠨ | ᠰᠤᠷᠤᠯᠴᠠᠬᠤ ᠭᠠᠵᠠᠷ ᠪᠠᠶᠢᠭᠤᠯᠬᠤ ᠶᠢ ᠲᠡᠳᠬᠦᠨ ᠳᠡᠮᠵᠢᠵᠦ ᠬᠢᠨᠠᠨ ᠲᠤᠬᠲᠠᠭᠠᠭᠠᠳ ᠬᠢᠷᠢ ᠲᠡᠩᠴᠡᠭᠰᠡᠨ ᠤ ᠬᠠᠮᠲᠤ | ᠨᠡᠶᠢᠲᠡᠯᠡᠭᠰᠡᠨ ᠤ ᠳᠠᠷᠠᠭ᠎ᠠ ᠨᠢᠭᠡ ᠯᠠ ᠤᠳᠠᠭ᠎ᠠ ᠳᠤ 3 ︱ 5 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ ︵ | ᠳᠠᠭᠠᠯᠳᠤᠭᠤᠯᠤᠯ ᠬᠦᠰᠦᠨᠦᠭᠲᠦ 2 ᠢ ᠦᠵᠡᠭᠡᠷᠡᠢ︶᠃ | ᠬᠤᠷᠢᠨ ᠨᠢᠭᠡᠳᠦᠭᠡᠷ ᠵᠦᠢᠯ ᠰᠣᠶᠣᠯ ᠤᠨ ᠵᠢᠱᠢᠶᠡᠴᠢ ᠡᠷᠦᠬᠡ ᠶᠢᠨ ᠪᠠᠷᠢᠮᠵᠢᠶ᠎ᠠ ᠶᠣᠰᠣᠭᠠᠷ ᠲᠣᠰ ᠭᠠᠵᠠᠷ | ᠣᠷᠣᠨ ᠤ ᠬᠤᠶᠠᠷ ᠪᠣᠯᠪᠠᠰᠤᠨ ᠤ ᠪᠠᠶᠢᠭᠤᠯᠤᠯᠲᠠ ᠶᠢᠨ ᠳᠤᠮᠳᠠ ᠵᠢᠱᠢᠶᠡᠴᠢ ᠳᠠᠭᠠᠭᠤᠯᠬᠤ ᠦᠢᠯᠡᠳᠦᠯ ᠢᠶᠠᠨ | ᠪᠠᠳᠠᠷᠠᠭᠤᠯᠤᠭᠰᠠᠨ ᠵᠢᠴᠢ ᠵᠣᠬᠢᠬᠤ ᠵᠣᠬᠢᠶᠠᠨ ᠪᠠᠶᠢᠭᠤᠯᠬᠤ ᠴᠢᠳᠠᠪᠤᠷᠢ ᠲᠠᠢ᠂ ᠡᠯ᠎ᠡ ᠲᠥᠷᠥᠯ ᠤᠨ ᠰᠣᠶᠣᠯ ᠤᠨ | ᠠᠵᠢᠯᠯᠠᠭ᠎ᠠ ᠶᠢ ᠥᠷᠨᠢᠭᠦᠯᠦᠭᠰᠡᠨ ᠮᠠᠯᠵᠢᠬᠤ ᠲᠠᠷᠢᠶᠠᠯᠠᠬᠤ ᠡᠷᠦᠬᠡ ᠶᠢ ᠬᠢᠨᠠᠨ ᠲᠤᠬᠲᠠᠭᠠᠭᠠᠳ ᠬᠢᠷᠢ ᠲᠡᠩᠴᠡᠭᠰᠡᠨ ᠤ | ᠬᠠᠮᠲᠤ ᠨᠡᠶᠢᠲᠡᠯᠡᠭᠰᠡᠨ ᠤ ᠳᠠᠷᠠᠭ᠎ᠠ ᠡᠷᠦᠬᠡ ᠪᠦᠷᠢ ᠳᠤ ᠨᠢᠭᠡ ᠯᠠ ᠤᠳᠠᠭ᠎ᠠ ᠶᠢᠨ ᠴᠢᠨᠠᠷᠲᠠᠢ ᠪᠠᠷ 2 ︱ 3 ᠲᠦᠮᠡᠨ | ᠲᠥᠭᠦᠷᠢᠭ ᠤᠨ ᠱᠠᠩᠨᠠᠯ ᠣᠯᠭᠤᠨ᠎ᠠ ︵ᠳᠠᠭᠠᠯᠳᠤᠭᠤᠯᠤᠯ ᠬᠦᠰᠦᠨᠦᠭᠲᠦ 2 ᠢ ᠦᠵᠡᠭᠡᠷᠡᠢ︶᠃ | ᠬᠤᠷᠢᠨ ᠬᠤᠶᠠᠳᠤᠭᠠᠷ ᠵᠦᠢᠯ ᠪᠣᠳᠠᠰ ᠤᠨ ᠪᠤᠰᠤ ᠰᠣᠶᠣᠯ ᠤᠨ ᠥᠪ ᠤᠨ ᠲᠣᠪᠣᠶᠢᠮ᠎ᠠ ᠬᠤᠪᠢ ᠨᠡᠮᠡᠷᠢ | ᠦᠵᠡᠭᠦᠯᠦᠭᠰᠡᠨ ᠬᠤᠪᠢ ᠬᠥᠮᠥᠨ ᠢ ᠬᠥᠬᠢᠭᠦᠯᠦᠨ ᠱᠠᠩᠨᠠᠨ᠎ᠠ᠃ ᠮᠠᠨ ᠤ ᠬᠤᠰᠢᠭᠤᠨ ᠤ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠬᠥᠭᠵᠢᠭᠦᠯᠬᠦ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ | ᠤᠯᠠᠮᠵᠢᠯᠠᠨ ᠵᠠᠯᠭᠠᠮᠵᠢᠯᠠᠭᠴᠢ ︵ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠳᠤ ᠬᠢᠵᠠᠭᠠᠷᠯᠠᠭᠳᠠᠬᠤ ᠦᠭᠡᠢ︶ | ᠨᠢ ᠵᠢᠯ ᠳᠤ ᠰᠤᠷᠭᠠᠭᠤᠯᠢ᠂ ᠭᠠᠴᠠᠭ᠎ᠠ ᠲᠣᠰᠬᠤᠨ᠂ ᠦᠵᠡᠮᠵᠢ ᠶᠢᠨ ᠣᠷᠣᠨ᠂ ᠨᠡᠶᠢᠭᠡᠮ ᠲᠣᠭᠤᠷᠢᠭ ᠲᠤ ᠣᠷᠤᠵᠦ | ᠪᠣᠯᠪᠠᠰᠤᠷᠠᠯ ᠬᠦᠷᠲᠡᠭᠡᠬᠦ ᠵᠢᠴᠢ ᠳᠡᠯᠭᠡᠨ ᠦᠵᠡᠭᠦᠯᠵᠦ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢ 6 ᠤᠳᠠᠭ᠎ᠠ ᠠᠴᠠ | ᠳᠡᠭᠡᠭᠰᠢ ᠥᠷᠨᠢᠭᠦᠯᠤᠭ᠍ᠰᠡᠨ ᠪᠠᠶᠢᠪᠠᠯ ᠬᠢᠨᠠᠨ ᠲᠤᠬᠲᠠᠭᠠᠭᠠᠳ ᠬᠢᠷᠢ ᠲᠡᠩᠴᠡᠭᠰᠡᠨ ᠪᠥᠭᠡᠳ ᠨᠡᠶᠢᠲᠡᠯᠡᠭᠰᠡᠨ ᠤ ᠳᠠᠷᠠᠭ᠎ᠠ | ᠨᠢᠭᠡ ᠯᠠ ᠤᠳᠠᠭ᠎ᠠ ᠳᠤ 1 ᠲᠦᠮᠡᠨ ᠲᠥᠭᠦᠷᠢᠭ ᠢᠶᠠᠷ ᠱᠠᠩᠨᠠᠨ᠎ᠠ᠃ | | | | ᠳᠣᠯᠣᠳᠤᠭᠠᠷ ᠪᠦᠯᠦᠭ ᠣᠶᠤᠨᠴᠢ ᠰᠣᠶᠣᠯ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢ ᠲᠡᠳᠬᠦᠨ | ᠳᠡᠮᠵᠢᠬᠦ ᠪᠠ ᠱᠠᠩᠨᠠᠨ ᠬᠥᠬᠢᠭᠦᠯᠬᠦ | ᠬᠤᠷᠢᠨ ᠭᠤᠷᠪᠠᠳᠤᠭᠠᠷ ᠵᠦᠢᠯ ᠵᠢᠭᠤᠯᠴᠢᠯᠠᠯ ᠤᠨ ᠦᠵᠡᠮᠵᠢ ᠶᠢᠨ ᠣᠷᠣᠨ᠂ ᠮᠦᠽᠧᠢ ᠪᠠ ᠬᠥᠳᠡᠭᠡ | ᠲᠣᠰᠬᠤᠨ ᠤ ᠵᠢᠭᠤᠯᠴᠢᠯᠠᠯ ᠤᠨ ᠵᠢᠱᠢᠶᠡᠴᠢ ᠲᠣᠰᠬᠤᠨ ︵ᠭᠠᠴᠠᠭ᠎ᠠ︶ ᠵᠡᠷᠭᠡ ᠳᠤ 5G ᠮᠡᠷᠭᠡᠵᠢᠯ᠂ AR/VR | ᠬᠡᠶᠢᠰᠪᠤᠷᠢ ᠠᠬᠤᠢ ᠶᠢᠨ ᠮᠡᠷᠭᠡᠵᠢᠯ ᠢ ᠣᠷᠣᠭᠤᠯᠤᠨ ᠠᠪᠴᠢᠷᠠᠵᠤ ᠣᠶᠤᠨᠴᠢ ᠵᠠᠮᠴᠢᠯᠠᠭᠤᠷ᠂ ᠣᠶᠤᠨᠴᠢ | ᠪᠤᠷᠤᠯᠠᠭᠤᠯᠤᠬᠴᠢ᠂ ᠡᠯᠧᠺᠲᠷᠣᠨ ᠲᠤᠭᠠᠴᠠᠭ᠎ᠠ ᠬᠢᠬᠦ ᠬᠠᠷᠢᠯᠴᠠᠨ ᠦᠢᠯᠡᠳᠦᠯᠴᠡᠬᠦ ᠨᠡᠶᠢᠭᠡᠮ ᠤᠨ ᠬᠠᠷᠢᠯᠴᠠᠭᠠᠨ ᠤ | ᠦᠢᠯᠡᠴᠢᠯᠡᠭᠡ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠣᠶᠤᠨᠴᠢ ᠪᠠᠷ ᠶᠡᠷᠦᠩᠬᠡᠶᠢᠯᠡᠨ ᠬᠠᠮᠢᠶᠠᠷᠤᠨ ᠡᠵᠡᠮᠳᠡᠬᠦ | ᠦᠢᠯᠡᠴᠢᠯᠡᠭᠡᠨ ᠤ ᠲᠠᠪᠴᠠᠩ ᠢ ᠨᠡᠭᠡᠭᠡᠨ ᠬᠥᠭᠵᠢᠭᠦᠯᠦᠭᠰᠡᠨ ᠠᠵᠤ ᠠᠬᠤᠶᠢᠯᠠᠯ ᠪᠦᠬᠦᠨ ᠳᠤ ᠪᠡᠯᠡ ᠣᠷᠣᠭᠤᠯᠤᠭᠰᠠᠨ | ᠲᠤᠭ᠎ᠠ ᠶᠢᠨ 30% ᠪᠠᠷ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠢ 10 ᠲᠦᠮᠡᠨ | ᠲᠥᠭᠦᠷᠢᠭ ᠠᠴᠠ ᠭᠡᠲᠤᠷᠡᠭᠦᠯᠬᠦ ᠦᠭᠡᠢ᠃ | | | | ᠨᠠᠢᠮᠠᠳᠤᠭᠠᠷ ᠪᠦᠯᠦᠭ ᠵᠣᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠨᠡᠭᠡᠭᠡᠬᠦ ᠶᠢ ᠲᠡᠳᠬᠦᠨ ᠳᠡᠮᠵᠢᠬᠦ ᠪᠠ | ᠱᠠᠩᠨᠠᠨ ᠬᠥᠬᠢᠭᠦᠯᠬᠦ | ᠬᠤᠷᠢᠨ ᠳᠥᠷᠪᠡᠳᠦᠭᠡᠷ ᠵᠦᠢᠯ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢ ᠵᠣᠷᠢᠭᠵᠢᠭᠤᠯᠤᠨ | ᠮᠠᠨ ᠤ ᠬᠤᠰᠢᠭᠤᠨ ᠳᠤ ᠡᠯ᠎ᠡ ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ᠂ ᠴᠤᠭᠯᠠᠭᠠᠨ ᠦᠵᠡᠰᠬᠦᠯᠡᠩ ᠢ | ᠡᠷᠭᠢᠯᠠᠭᠦ ᠪᠤᠶᠤ ᠣᠷᠣᠭᠤᠯᠵᠤ ᠠᠪᠴᠢᠷᠠᠪᠠᠯ ᠠᠵᠢᠯᠯᠠᠭ᠎ᠠ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 30% ᠪᠠᠷ | ᠨᠥᠬᠦᠪᠦᠷᠢ ᠣᠯᠭᠤᠵᠤ ᠠᠵᠢᠯᠯᠠᠭ᠎ᠠ ᠨᠢᠭᠡᠪᠦᠷᠢ ᠶᠢ ᠬᠠᠮᠤᠭ ᠥᠨᠳᠥᠷ ᠲᠡᠭᠡᠨ 5 ᠲᠦᠮᠡᠨ ᠲᠥᠭᠦᠷᠢᠭ ᠠᠴᠠ | ᠬᠡᠲᠦᠷᠡᠭᠦᠯᠬᠦ ᠦᠬᠡᠢ᠂ ᠨᠢᠭᠡᠴᠢ ᠨᠢᠭᠡᠪᠦᠷᠢ ᠶᠢ ᠵᠢᠯ ᠪᠦᠷᠢ 50 ᠲᠦᠮᠡᠨ ᠲᠥᠭᠦᠷᠢᠭ ᠠᠴᠠ ᠬᠡᠲᠦᠷᠡᠭᠦᠯᠬᠦ ᠦᠬᠡᠢ᠃ | ᠡᠷᠬᠢᠨ ᠲᠣᠭᠤᠷᠢᠨ ᠤ ᠮᠤᠵᠢ ᠬᠤᠲᠠ ᠳᠤ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠡᠵᠡᠩᠨᠡᠨ ᠪᠣᠷᠣᠯᠠᠭᠤᠯᠬᠤ | ᠲᠥᠪ ᠪᠠᠶᠢᠭᠤᠯᠵᠤ᠂ ᠲᠣᠰ ᠭᠠᠵᠠᠷ ᠣᠷᠣᠨ ᠤ ᠰᠣᠶᠣᠯ ᠵᠢᠭᠤᠯᠴᠢᠯᠠᠯ ᠢ ᠳᠡᠯᠭᠡᠷᠡᠭᠦᠯᠦᠨ ᠤᠬᠠᠭᠤᠯᠬᠤ ᠳᠤ ︽ | ᠵᠢᠭᠤᠯᠴᠢᠯᠠᠬᠰᠠᠳ ᠤᠨ ᠠᠩᠬᠠᠷᠤᠯ ᠢ ᠳᠠᠳᠠᠨ ᠬᠤᠰᠢᠭᠤᠨ ᠳᠤ ᠢᠷᠡᠭᠦᠯᠬᠦ︾ ᠦᠷ᠎ᠡ ᠪᠦᠲᠦᠮᠵᠢ ᠭᠠᠷᠭᠠᠪᠠᠯ ᠨᠢᠭᠡ ᠯᠠ | ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠨ᠎ᠠ᠃ | ᠬᠤᠷᠢᠨ ᠲᠠᠪᠤᠳᠤᠭᠠᠷ ᠵᠦᠢᠯ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠬᠤᠰᠢᠭᠤᠨ ᠤ ᠭᠠᠳᠠᠨᠠᠬᠢ | ᠵᠢᠭᠤᠯᠴᠢᠯᠠᠬᠰᠠᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠮᠠᠨ ᠤ ᠬᠤᠰᠢᠭᠤᠨ ᠳᠤ ᠵᠢᠭᠤᠯᠴᠢᠯᠠᠭᠤᠯᠬᠤ ᠶᠢ | ᠵᠣᠷᠢᠭᠵᠢᠭᠤᠯᠵᠤ ᠪᠥᠬᠦ ᠵᠢᠯ ᠳᠤ ᠬᠤᠨᠤᠬᠯᠠᠬᠰᠠᠨ ᠵᠢᠭᠤᠯᠴᠢᠯᠠᠬᠰᠠᠳ ᠢ ᠨᠡᠶᠢᠲᠡ 500 ᠬᠥᠮᠥᠨ ᠤᠳᠠᠭ᠎ᠠ ︵ | ᠪᠠᠭᠲᠠᠨ᠎ᠠ︶ ᠠᠴᠠ ᠳᠡᠭᠡᠭᠰᠢ ᠵᠣᠬᠢᠶᠠᠨ ᠪᠠᠶᠢᠭᠤᠯᠵᠦ ᠨᠠᠭᠠᠲᠤ ᠵᠠᠬ᠎ᠠ ᠳᠠᠭᠠᠨ ᠬᠤᠶᠠᠷ 4A ᠲᠠᠰ ᠠᠴᠠ ᠳᠡᠭᠡᠭᠰᠢᠬᠢ | ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠲᠣᠭᠤᠷᠢᠨ ᠵᠢᠭᠤᠯᠴᠢᠯᠠᠬᠰᠠᠨ ᠪᠥᠭᠡᠳ ᠬᠤᠰᠢᠭᠤᠨ ᠤ ᠳᠣᠲᠣᠷᠠᠬᠢ | ᠵᠢᠭᠤᠯᠴᠢᠯᠠᠯ ᠤᠨ ᠪᠠᠭᠤᠳᠠᠯ ᠳᠤ ᠪᠦᠬᠦᠯᠢ 1 ᠰᠥᠨᠢ ᠬᠤᠨᠣᠭᠰᠠᠨ ᠪᠠᠶᠢᠪᠠᠯ ᠵᠢᠭᠤᠯᠴᠢᠯᠠᠬᠰᠠᠳ ᠤᠨ ᠲᠤᠭ᠎ᠠ ᠪᠠᠷ | ᠮᠠᠨ ᠤ ᠬᠤᠲᠠ ᠳᠠᠬᠢ ᠰᠥᠨᠢ ᠪᠦᠷᠢ ᠶᠢ ᠬᠥᠮᠥᠨ ᠪᠤᠯᠭᠠᠨ 30 ᠲᠥᠭᠦᠷᠢᠭ ᠤᠨ ᠪᠠᠷᠢᠮᠵᠢᠶ᠎ᠠ ᠪᠠᠷ ᠱᠠᠩᠨᠠᠨ᠎ᠠ︔ | ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ︽ᠦᠦᠰᠢᠨ ᠬᠤᠰᠢᠭᠤᠨ ᠤ ᠬᠦᠮᠦᠨ | ᠥᠥᠰᠢᠨ ᠬᠤᠰᠢᠭᠤ ᠪᠠᠷ ᠵᠢᠭᠤᠯᠴᠢᠯᠠᠬᠤ︾ ᠶᠢ ᠵᠣᠬᠢᠶᠠᠨ ᠪᠠᠶᠢᠭᠤᠯᠤᠭᠰᠠᠨ ᠢ ᠬᠥᠮᠥᠨ ᠤᠳᠠᠭ᠎ᠠ ᠪᠠᠷ ᠱᠠᠩᠨᠠᠵᠤ᠂ | ᠨᠡᠶᠢᠲᠡ 2000 ᠬᠥᠮᠥᠨ ᠤᠳᠠᠭ᠎ᠠ ᠳᠤ ᠬᠦᠷᠦᠭᠰᠡᠨ ᠪᠠᠶᠢᠪᠠᠯ 1 ᠲᠦᠮᠡᠨ ᠲᠥᠭᠦᠷᠢᠭ ᠢᠶᠠᠷ ᠱᠠᠩᠨᠠᠵᠤ᠂ 3 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ᠃ | | | | ᠶᠢᠰᠦᠳᠦᠭᠡᠷ ᠪᠦᠯᠦᠭ ᠰᠣᠶᠣᠯ ᠵᠢᠭᠤᠯᠴᠢᠯᠠᠯ ᠤᠨ ᠤᠬᠠᠭᠤᠯᠭ᠎ᠠ ᠪᠣᠷᠤᠯᠠᠭᠤᠯᠭ᠎ᠠ ᠶᠢ ᠲᠡᠳᠬᠦᠨ ᠳᠡᠮᠵᠢᠬᠦ ᠪᠠ | ᠱᠠᠩᠨᠠᠨ ᠬᠥᠬᠢᠭᠦᠯᠬᠦ | ᠬᠤᠷᠢᠨ ᠵᠢᠷᠭᠤᠳᠤᠭᠠᠷ ᠵᠦᠢᠯ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ ᠰᠣᠶᠣᠯ ᠤᠨ ᠪᠦᠲᠦᠭᠡᠯᠳᠡ | ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠵᠣᠬᠢᠶᠠᠨ | ᠪᠠᠶᠢᠭᠤᠯᠵᠤ ᠡᠷᠬᠢᠯᠡᠭᠰᠡᠨ ᠡᠯ᠎ᠡ ᠲᠦᠷᠦᠯ ᠤᠨ ᠰᠣᠶᠣᠯ ᠪᠠ ᠵᠢᠭᠤᠯᠴᠢᠯᠠᠯ ᠤᠨ ᠳᠡᠯᠭᠡᠨ ᠦᠵᠡᠭᠦᠯᠬᠦ ᠠᠵᠢᠯᠯᠠᠭ᠎ᠠ ᠳᠤ | ᠢᠳᠡᠪᠬᠢᠲᠡᠢ ᠣᠷᠤᠯᠴᠠᠬᠤ ᠶᠢ ᠳᠡᠮᠵᠢᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠦᠪᠡᠷᠮᠢᠴᠡ | ᠤᠨᠴᠠᠯᠢᠭ ᠲᠠᠢ ᠨᠠᠷᠠᠲᠤ ᠲᠡᠮᠳᠡᠭ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠶᠢ | ᠳᠡᠮᠵᠢᠨ᠎ᠡ᠃ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠵᠢᠴᠢ ᠬᠤᠪᠢ ᠬᠥᠮᠥᠨ ᠤ ᠰᠢᠨ᠎ᠡ ᠵᠠᠭᠤᠴᠢᠯᠠᠭᠤᠷ ᠤᠨ | ᠮᠡᠷᠭᠡᠵᠢᠯ ᠢ ᠠᠰᠢᠭᠯᠠᠨ ᠪᠢᠴᠢᠯ ᠺᠢᠨᠣ᠋᠂ ᠣᠬᠤᠷ ᠸᠢᠳᠢᠤ᠋᠂ ᠠᠩᠬ᠎ᠠ ᠵᠤᠬᠢᠶᠠᠨ ᠪᠦᠲᠦᠭᠡᠭᠰᠡᠨ ᠤᠷᠠᠨ ᠵᠣᠬᠢᠶᠠᠯ᠂ ᠬᠡᠷᠡᠯ | ᠵᠢᠷᠤᠭ᠂ ᠳᠠᠭᠤᠤ ᠬᠥᠭᠵᠢᠮ ᠵᠡᠷᠭᠡ ᠪᠠᠷ ᠠᠴᠢᠶᠠᠯᠠᠪᠤᠷᠢ ᠪᠣᠯᠭᠠᠵᠤ ᠦᠦᠰᠢᠨ ᠬᠤᠰᠢᠭᠤᠨ ᠤ ᠰᠣᠶᠣᠯ ᠪᠠ | ᠵᠢᠭᠤᠯᠴᠢᠯᠠᠯ ᠢᠶᠠᠷ ᠰᠡᠳᠦᠪᠯᠡᠭᠰᠡᠨ ᠪᠤᠶᠤ ᠠᠷᠤ ᠦᠵᠡᠭᠳᠡᠯ ᠪᠣᠯᠭᠠᠭᠰᠠᠨ ᠪᠦᠲᠦᠭᠡᠯ ᠢ ᠵᠣᠬᠢᠶᠠᠨ ᠪᠦᠲᠦᠭᠡᠬᠦ ᠶᠢᠨ | ᠬᠠᠮᠲᠤ ᠥᠷᠭᠡᠨ ᠢᠶᠠᠷ ᠤᠯᠠᠮᠵᠢᠯᠠᠨ ᠳᠡᠯᠭᠡᠷᠡᠭᠦᠯᠬᠦ ᠶᠢ ᠵᠣᠷᠢᠭᠵᠢᠭᠤᠯᠵᠤ ᠤᠯᠠᠮᠵᠢᠯᠠᠨ ᠳᠠᠮᠵᠢᠭᠤᠯᠬᠤ ᠦᠢᠯᠡᠳᠦᠯ ᠪᠠ | ᠨᠥᠯᠥᠭᠡᠯᠡᠬᠦ ᠬᠦᠴᠦᠨ ᠢ ᠦᠨᠳᠦᠰᠦᠯᠡᠨ ᠪᠣᠳᠠᠲᠠᠢ ᠪᠡᠯᠡ ᠣᠷᠣᠭᠤᠯᠤᠯᠲᠠ ᠶᠢᠨ 30% ᠪᠠᠷ ᠪᠡᠯᠡ ᠮᠥᠩᠭᠦ ᠶᠢᠨ | ᠱᠠᠩᠨᠠᠯ ᠣᠯᠭᠤᠵᠤ ᠬᠠᠮᠤᠭ ᠤᠨ ᠥᠨᠳᠥᠷ ᠲᠡᠭᠡᠨ 5 ︱ 20 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ︵ | ᠳᠠᠭᠠᠯᠳᠤᠭᠤᠯᠤᠯ ᠬᠦᠰᠦᠨᠦᠭᠲᠦ 3 ᠶᠢ ᠦᠵᠡᠭᠡᠷᠡᠢ︶᠃ | | | | ᠠᠷᠪᠠᠳᠤᠭᠠᠷ ᠪᠦᠯᠦᠭ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠢ ᠲᠡᠳᠬᠦᠨ ᠳᠡᠮᠵᠢᠬᠦ ᠪᠠ ᠱᠠᠩᠨᠠᠨ | ᠬᠥᠬᠢᠭᠦᠯᠬᠦ | ᠬᠤᠷᠢᠨ ᠳᠣᠯᠣᠳᠤᠭᠠᠷ ᠵᠦᠢᠯ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠢ ᠵᠣᠷᠢᠭᠵᠢᠭᠤᠯᠤᠨ᠎ᠠ᠃ | ᠲᠤᠬᠠᠢ ᠶᠢᠨ ᠵᠢᠯ ᠳᠤ ᠰᠣᠶᠣᠯ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠳᠤᠮᠳᠠ ᠬᠤᠲᠠ ᠶᠢᠨ ᠲᠠᠰ ᠠᠴᠠ | ᠳᠡᠭᠡᠭᠰᠢᠬᠢ ᠢᠷᠠᠭᠤ ᠠᠯᠳᠠᠷ ᠭᠥᠷᠳᠡᠭᠰᠡᠨ ᠬᠤᠪᠢ ᠬᠥᠮᠥᠨ ᠳᠤ ᠲᠣᠰ ᠲᠣᠰ ᠬᠤᠲᠠ ᠶᠢᠨ ᠲᠠᠰ ᠤᠨ ᠱᠠᠩᠨᠠᠯ ᠳᠤ 2 | ᠲᠦᠮᠡᠨ ᠲᠥᠭᠦᠷᠢᠭ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠱᠠᠩᠨᠠᠯ ᠳᠤ 5 ᠲᠦᠮᠡᠨ ᠲᠥᠭᠦᠷᠢᠭ | ᠣᠯᠭᠤᠵᠤ᠂ ᠤᠯᠤᠰ ᠤᠨ ᠲᠠᠰ ᠤᠨ ᠱᠠᠩᠨᠠᠯ ᠳᠤ 10 ᠲᠦᠮᠡᠨ ᠲᠥᠭᠦᠷᠢᠭ ᠣᠯᠭᠤᠨ᠎ᠠ᠃ | ᠬᠤᠷᠢᠨ ᠨᠠᠢᠮᠠᠳᠤᠭᠠᠷ ᠵᠦᠢᠯ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠤ ᠮᠡᠷᠭᠡᠵᠢᠯ ᠴᠢᠳᠠᠪᠤᠷᠢ ᠪᠠᠨ | ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠮᠠᠨ ᠤ ᠬᠤᠰᠢᠭᠤᠨ ᠳᠤ ᠠᠵᠢᠯᠯᠠᠵᠤ ᠪᠠᠶᠢᠭ᠎ᠠ ︵ᠨᠢᠭᠡ ᠵᠢᠯ ᠠᠴᠠ ᠳᠡᠭᠡᠭᠰᠢ | ᠬᠥᠳᠡᠯᠮᠦᠷᠢ ᠶᠢᠨ ᠭᠡᠷ᠎ᠡ ᠲᠣᠭᠲᠠᠬᠰᠠᠨ ᠪᠠᠶᠢᠬᠤ︶ ᠮᠥᠷᠲᠡᠭᠡᠨ ᠲᠤᠬᠠᠢ ᠶᠢᠨ ᠵᠢᠯ ᠳᠤ ᠵᠢᠭᠤᠯᠴᠢᠯᠠᠯ ᠤᠨ | ᠬᠥᠲᠥᠴᠢ ᠶᠢᠨ ᠦᠨᠡᠮᠯᠡᠯ ᠣᠯᠣᠭᠰᠠᠨ ᠵᠢᠴᠢ ᠵᠢᠭᠤᠯᠴᠢᠯᠠᠯ ᠤᠨ ᠬᠥᠲᠥᠴᠢ ᠶᠢᠨ ᠲᠠᠰ ᠳᠡᠪᠰᠢᠭᠰᠡᠨ ᠬᠥᠮᠥᠰ ᠲᠤ ᠨᠢᠭᠡ | ᠯᠠ ᠤᠳᠠᠭ᠎ᠠ ᠳᠤ 1 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠲᠤᠬᠠᠢ ᠶᠢᠨ ᠵᠢᠯ ᠳᠤ ᠬᠤᠲᠠ᠂ ᠥᠪᠡᠷᠲᠡᠭᠡᠨ | ᠵᠠᠰᠠᠬᠤ ᠣᠷᠣᠨ᠂ ᠤᠯᠤᠰ ᠤᠨ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠮᠡᠷᠭᠡᠵᠢᠯ ᠴᠢᠳᠠᠪᠤᠷᠢ ᠶᠢᠨ | ᠤᠷᠤᠯᠳᠤᠭᠠᠨ ᠳᠤ ᠱᠠᠩᠨᠠᠯ ᠭᠥᠷᠳᠡᠭᠰᠡᠨ ᠬᠥᠮᠥᠰ ᠲᠤ ᠨᠢᠭᠡ ᠯᠠ ᠤᠳᠠᠭ᠎ᠠ ᠳᠤ 1 ᠲᠦᠮᠡᠨ ᠲᠥᠭᠦᠷᠢᠭ ᠤᠨ ᠱᠠᠩᠨᠠᠯ | ᠣᠯᠭᠤᠨ᠎ᠠ᠃ | | | | ᠠᠷᠪᠠᠨ ᠨᠢᠭᠡᠳᠦᠭᠡᠷ ᠪᠦᠯᠦᠭ ᠤᠳᠬ᠎ᠠ ᠤᠷᠠᠯᠢᠭ ᠤᠨ ᠪᠦᠲᠦᠭᠡᠯ ᠢ ᠲᠡᠳᠬᠦᠨ ᠳᠡᠮᠵᠢᠬᠦ ᠪᠠ ᠱᠠᠩᠨᠠᠨ | ᠬᠥᠬᠢᠭᠦᠯᠬᠦ | ᠬᠤᠷᠢ ᠶᠢᠰᠦᠳᠦᠭᠡᠷ ᠵᠦᠢᠯ ︽ᠦᠦᠰᠢᠨ ᠬᠤᠰᠢᠭᠤᠨ ᠤ ᠬᠤᠨ ᠭᠠᠯᠠᠭᠤ ᠤᠳᠬ᠎ᠠ ᠤᠷᠠᠯᠢᠭ ᠤᠨ | ᠲᠡᠳᠬᠦᠯᠲᠡ ᠶᠢᠨ ᠠᠷᠭ᠎ᠠ︾ ︵ᠦᠦᠰᠢᠨ ᠵᠠᠰᠠᠭ ᠠᠯᠪᠠᠨ ᠲᠠᠷᠬᠠᠭᠠᠬᠤ ﹇2022﹈ 44 ᠳ᠋ᠦ᠋ᠬᠡᠷ ᠲᠣᠭᠠᠲᠤ︶ ᠪᠠᠷ | ᠯᠠᠪᠯᠠᠯᠲᠠ ᠪᠣᠯᠭᠠᠵᠤ ᠨᠥᠬᠦᠪᠦᠷᠢ ᠥᠭᠴᠦ ᠱᠠᠩᠨᠠᠨ᠎ᠠ᠃ | ᠠᠷᠪᠠᠨ ᠬᠤᠶᠠᠳᠤᠭᠠᠷ ᠪᠦᠯᠦᠭ ᠳᠠᠭᠠᠯᠳᠤᠭᠤᠯᠤᠬᠰᠠᠨ ᠳᠦᠷᠢᠮ | ᠭᠤᠴᠢᠳᠤᠭᠠᠷ ᠵᠦᠢᠯ ᠬᠤᠰᠢᠭᠤ ᠡᠳ᠋ ᠤᠨ ᠵᠠᠰᠠᠭ ᠠᠴᠠ ᠵᠢᠯ ᠪᠦᠷᠢ ᠰᠣᠶᠣᠯ ᠵᠢᠭᠤᠯᠴᠢᠯᠠᠯ ᠤᠨ | ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ 1000 ᠲᠦᠮᠡᠨ ᠲᠥᠭᠦᠷᠢᠭ ᠲᠣᠬᠢᠷᠠᠭᠤᠯᠬᠤ ᠶᠢᠨ ᠬᠠᠮᠲᠤ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃ | ᠭᠤᠴᠢᠨ ᠨᠢᠭᠡᠳᠦᠭᠡᠷ ᠵᠦᠢᠯ ᠳᠡᠭᠡᠷᠡᠬᠢ ᠱᠠᠩᠨᠠᠨ ᠬᠥᠬᠢᠭᠦᠯᠬᠦ ︵ᠨᠦᠬᠦᠪᠦᠷᠢ ᠣᠯᠭᠤᠬᠤ︶ ᠳᠤ | ᠬᠤᠯᠪᠣᠭᠳᠠᠬᠤ ᠠᠷᠭ᠎ᠠ ᠬᠡᠮᠵᠢᠶ᠎ᠡ ᠳᠤ ᠭᠤᠶᠤᠴᠢᠯᠠᠨ ᠮᠡᠳᠡᠭᠦᠯᠬᠦ ᠳᠦᠷᠢᠮ ᠢ ᠬᠡᠷᠡᠭᠵᠢᠭᠦᠯᠵᠦ ᠬᠤᠰᠢᠭᠤ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠰᠣᠶᠣᠯ | ᠵᠢᠭᠤᠯᠴᠢᠯᠠᠯ ᠤᠨ ᠬᠥᠭᠵᠢᠯᠲᠡ ᠶᠢᠨ ᠪᠡᠯᠡ ᠮᠥᠩᠭᠦ ᠶᠢᠨ ᠲᠤᠰᠬᠠᠢ ᠬᠢᠨᠠᠨ ᠬᠠᠷᠭᠤᠭᠤᠯᠬᠤ ᠳᠤᠭᠤᠶᠢᠯᠠᠩ ᠢ | ᠪᠠᠶᠢᠭᠤᠯᠬᠤ ᠶᠢᠨ ᠬᠠᠮᠲᠤ ᠵᠠᠷᠯᠠᠨ ᠨᠡᠶᠢᠲᠡᠯᠡᠭᠰᠡᠨ ᠤ ᠳᠠᠷᠠᠭ᠎ᠠ ᠱᠠᠩᠨᠠᠯ ᠬᠦᠬᠢᠬᠦᠯᠦᠯ ᠢ ᠨᠢ ᠤᠯᠭᠤᠵᠦ᠂ ᠤᠯᠭᠤᠬᠤ | ᠪᠡᠯᠡ ᠮᠥᠩᠭᠦ ᠶᠢ ᠬᠤᠰᠢᠭᠤ ᠬᠢᠨᠠᠨ ᠪᠤᠳᠤᠬᠤ ᠲᠣᠪᠴᠢᠶ᠎ᠠ ᠠᠴᠠ ᠬᠢᠨᠠᠨ ᠪᠤᠳᠤᠵᠤ ᠬᠢᠨᠠᠯᠲᠠ ᠲᠠᠯᠪᠢᠨ᠎ᠠ᠃ | ᠭᠤᠴᠢᠨ ᠬᠤᠶᠠᠳᠤᠭᠠᠷ ᠵᠦᠢᠯ ᠠᠳᠠᠯᠢ ᠨᠢᠭᠡᠨ ᠠᠵᠤ ᠠᠬᠤᠶᠢᠯᠠᠯ ︵ᠪᠠᠶᠢᠭᠤᠯᠭ᠎ᠠ ᠨᠢᠭᠡᠴᠢ︶ ᠤᠨ ᠠᠳᠠᠯᠢ | ᠨᠢᠭᠡᠨ ᠲᠥᠷᠥᠯ ᠵᠦᠢᠯ ᠨᠢ ᠲᠤᠰ ᠠᠷᠭ᠎ᠠ ᠬᠡᠮᠵᠢᠶ᠎ᠡ ᠶᠢᠨ ᠤᠯᠠᠨ ᠵᠦᠢᠯ ᠤᠨ ᠱᠠᠩᠨᠠᠨ ᠬᠥᠬᠢᠭᠦᠯᠬᠦ ︵ᠨᠦᠬᠦᠪᠦᠷᠢ | ᠣᠯᠭᠤᠬᠤ︶ ᠨᠥᠬᠦᠴᠡᠯ ᠳᠤ ᠨᠡᠶᠢᠴᠡᠵᠦ ᠪᠠᠶᠢᠪᠠᠯ ᠲᠠᠪᠬᠤᠷ ᠱᠠᠩᠨᠠᠨ ᠭᠦᠬᠢᠬᠦᠯᠬᠦ ︵ᠨᠦᠬᠦᠪᠦᠷᠢ ᠣᠯᠭᠤᠬᠤ︶ ᠦᠭᠡᠢ | ᠂ ᠥᠨᠳᠥᠷ ᠱᠠᠩᠨᠠᠯ ᠢ ᠨᠢ ᠤᠯᠭᠤᠬᠤ ᠵᠠᠷᠴᠢᠮ ᠤᠨ ᠶᠣᠰᠣᠭᠠᠷ ᠣᠯᠭᠤᠵᠦ ᠪᠣᠯᠣᠨ᠎ᠠ᠃ ᠠᠳᠠᠯᠢ ᠨᠢᠭᠡᠨ ᠠᠵᠤ | ᠠᠬᠤᠶᠢᠯᠠᠯ ︵ᠪᠠᠶᠢᠭᠤᠯᠭ᠎ᠠ ᠨᠢᠭᠡᠴᠢ︶ ᠤᠨ ᠠᠳᠠᠯᠢ ᠨᠢᠭᠡᠨ ᠲᠥᠷᠥᠯ ᠵᠦᠢᠯ ᠳᠤ ᠥᠪᠡᠷᠲᠡᠭᠡᠨ ᠵᠠᠰᠠᠬᠤ ᠣᠷᠣᠨ᠂ | ᠬᠤᠲᠠ᠂ ᠬᠤᠰᠢᠭᠤ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠱᠠᠩᠨᠠᠯ᠂ ᠨᠥᠬᠦᠪᠦᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠲᠠᠪᠬᠤᠷ ᠬᠦᠷᠲᠡᠵᠦ ᠪᠣᠯᠬᠤ ᠦᠭᠡᠢ᠂ ᠥᠨᠳᠥᠷ ᠱᠠᠩᠨᠠᠯ ᠢ ᠨᠢ ᠤᠯᠭᠤᠬᠤ ᠵᠠᠷᠴᠢᠮ ᠢᠶᠠᠷ | ᠤᠯᠭᠤᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠨᠢ ᠪᠠᠶᠢᠴᠠᠭᠠᠨ ᠰᠢᠢᠳᠪᠦᠷᠢᠯᠡᠭᠳᠡᠭᠰᠡᠨ᠂ | ᠵᠢᠭᠤᠯᠴᠢᠯᠠᠯ ᠤᠨ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠢᠳᠡᠭᠡᠨ ᠤᠮᠳᠠᠭᠠᠨ ᠤ | ᠠᠮᠤᠷ ᠲᠦᠪᠰᠢᠨ ᠵᠡᠷᠭᠡ ᠬᠦᠨᠳᠦ ᠶᠡᠭᠡ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠭᠠᠷᠤᠭᠰᠠᠨ᠂ ᠬᠦᠨᠳᠦ | ᠶᠡᠭᠡ ᠵᠢᠭᠤᠯᠴᠢᠯᠠᠯ ᠤᠨ ᠵᠠᠭᠠᠯᠳᠤᠯᠭ᠎ᠠ ᠭᠠᠷᠭᠠᠭᠰᠠᠨ ᠠᠴᠠ ᠪᠣᠯᠵᠤ ᠨᠡᠯᠢᠶᠡᠳ ᠶᠡᠭᠡ ᠨᠠᠵᠠᠭᠠᠢ ᠨᠥᠯᠥᠭᠡ ᠭᠠᠷᠭᠠᠭᠰᠠᠨ᠂ | ᠲᠤᠭ᠎ᠠ ᠪᠠᠷᠢᠮᠲᠠ ᠶᠢ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠮᠡᠳᠡᠭᠦᠯᠦᠭᠰᠡᠨ ᠪᠠᠶᠢᠪᠠᠯ ᠴᠥᠮ ᠲᠣᠰ ᠠᠷᠭ᠎ᠠ | ᠬᠡᠮᠵᠢᠶ᠎ᠡ ᠶᠢ ᠬᠦᠷᠲᠡᠵᠦ ᠪᠣᠯᠬᠤ ᠦᠭᠡᠢ᠃ ᠨᠢᠭᠡ ᠤᠴᠢᠷ ᠶᠠᠪᠤᠳᠠᠯ ᠢ ᠨᠢᠭᠡ ᠵᠥᠪᠯᠡᠬᠦ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠬᠡᠷᠡᠭᠯᠡᠭᠰᠡᠨ ᠠᠵᠤ ᠠᠬᠤᠶᠢᠯᠠᠯ ᠤᠳ ᠲᠣᠰ ᠠᠷᠭ᠎ᠠ ᠬᠡᠮᠵᠢᠶ᠎ᠡ ᠶᠢ ᠳᠠᠭᠢᠵᠤ ᠭᠥᠷᠳᠡᠬᠦ ᠦᠭᠡᠢ᠃ | ᠭᠤᠴᠢᠨ ᠭᠤᠷᠪᠠᠳᠤᠭᠠᠷ ᠵᠦᠢᠯ ᠲᠣᠰ ᠠᠷᠭ᠎ᠠ ᠳᠤ ᠭᠤᠶᠤᠴᠢᠯᠠᠨ ᠮᠡᠳᠡᠭᠦᠯᠬᠦ ᠨᠠᠷᠢᠨ ᠳᠦᠷᠢᠮ ᠢ ᠢᠵᠢ | ᠪᠦᠷᠢᠳᠦᠭᠦᠯᠦᠨ ᠳᠠᠷᠤᠮᠠᠯᠯᠠᠨ ᠲᠠᠷᠬᠠᠭᠠᠨ᠎ᠠ᠂ ᠡᠭᠦᠨ ᠳᠤ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ᠂ ᠨᠥᠬᠦᠴᠡᠯ | ᠵᠢᠴᠢ ᠬᠡᠷᠡᠭᠰᠡᠬᠦ ᠮᠠᠲ᠋ᠧᠷᠢᠶᠠᠯ ᠵᠡᠷᠭᠡ ᠶᠢ ᠪᠠᠭᠲᠠᠭᠠᠨ᠎ᠠ᠃ | ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠲᠣᠰ ᠠᠷᠭ᠎ᠠ ᠶᠢ ᠦᠦᠰᠢᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠠᠷᠢᠭᠤᠴᠠᠨ | ᠲᠠᠶᠢᠯᠪᠤᠷᠢᠯᠠᠨ᠎ᠠ᠃ | | | | | | | | | | | | | | | | |