ᠲᠦᠮᠡᠨ ᠲᠣᠨ ᠤ ᠲᠡᠭᠡᠭᠡᠪᠣᠷᠢ ᠶᠢᠨ ᠴᠤᠪᠤᠭ᠎ᠠ ᠨᠡᠭᠦᠷᠡᠰᠦᠨ ᠤ ᠬᠠᠩᠭᠠᠯᠭ᠎ᠠ ᠶᠢ ᠪᠦᠬᠦ ᠭᠦᠴᠣᠨ ᠢᠶᠠᠷ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2022/12/9
      ᠡᠪᠤᠯ ᠤᠨ ᠣᠯᠠᠷᠢᠯ ᠤᠨ ᠨᠠᠭᠦᠷᠠᠰᠤᠨ ᠤ ᠬᠠᠩᠭᠠᠯᠭ᠎ᠠ ᠶᠢᠨ ᠵᠠᠩᠭᠢᠯᠠᠭ᠎ᠠ ᠶᠢᠨ ᠮᠦᠴᠡ ᠳᠤ ᠮᠠᠨ ᠤ ᠬᠤᠰᠢᠭᠤ ᠨᠡᠭᠦᠷᠡᠰᠦᠨ ᠤ ᠭᠤᠣᠯ ᠭᠠᠷᠤᠯᠲᠠ ᠶᠢᠨ ᠣᠷᠣᠨ ᠪᠣᠯᠣᠭᠰᠠᠨ ᠤ ᠬᠤᠪᠢ ᠳᠤ ᠨᠡᠭᠦᠷᠡᠰᠦᠨ ᠤ ᠠᠵᠤ ᠠᠬᠤᠶᠢᠯᠠᠯ ᠤᠨ ᠤᠶᠤᠨᠴᠢᠯᠠᠬᠰᠠᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠢᠳᠡᠪᠬᠢᠲᠡᠶ ᠠᠬᠢᠭᠤᠯᠵᠤ ᠨᠡᠭᠦᠷᠡᠰᠦᠨ ᠤ ᠭᠠᠷᠤᠯᠲᠠ ᠶᠢ ᠨᠡᠮᠡᠭᠳᠡᠭᠦᠯᠦᠨ ᠬᠠᠩᠭᠠᠯᠭ᠎ᠠ ᠶᠢ ᠪᠠᠲᠤᠯᠠᠬᠤ ᠶᠢ ᠰᠠᠶᠢᠲᠤᠷ ᠬᠢᠬᠦ ᠶᠢᠨ ᠬᠠᠮᠲᠤ ᠲᠡᠮᠦᠷ ᠵᠠᠮ ᠵᠡᠷᠭᠡ ᠲᠡᠭᠡᠭᠡᠪᠦᠷᠢ ᠶᠢᠨ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ ᠪᠥᠬᠦ ᠬᠤᠰᠢᠭᠤᠨ ᠤ ᠡᠯ᠎ᠡ ᠲᠣᠮᠣ ᠨᠡᠭᠦᠷᠡᠰᠦᠨ ᠠᠭᠤᠷᠬᠠᠶ ᠠᠴᠠ ᠪᠥᠬᠦ ᠤᠯᠤᠰ ᠲᠤ ᠲᠡᠭᠡᠭᠡᠪᠤᠷᠢᠯᠠᠨ ᠭᠥᠷᠭᠡᠵᠤ ᠨᠡᠭᠦᠷᠡᠰᠦᠨ ᠤ ᠥᠨᠳᠥᠷ ᠪᠦᠲᠦᠮᠵᠢᠲᠡᠶ ᠬᠠᠩᠭᠠᠯᠭ᠎ᠠ ᠶᠢ ᠪᠠᠳᠤᠯᠠᠵᠤ ᠪᠠᠶᠢᠨ᠎ᠠ᠃      ᠳᠤᠮᠳᠠᠳᠤ ᠤᠯᠤᠰ ᠤᠨ ᠨᠡᠭᠦᠷᠡᠰᠦᠨ ᠤ ᠪᠦᠯᠦᠭᠯᠡᠯ ᠤᠨ ᠪᠠᠷᠠᠭᠤᠨ ᠬᠤᠶᠢᠲᠤ ᠶᠢᠨ ᠡᠨᠧᠷᠭᠢ ᠶᠢᠨ ᠮᠤᠳᠤᠠᠴᠠᠶᠢᠳᠠᠮ ᠨᠡᠭᠦᠷᠡᠰᠦᠨ ᠠᠭᠤᠷᠬᠠᠶ ᠶᠢᠨ ᠲᠡᠮᠦᠷ ᠵᠠᠮ ᠤᠨ ᠥᠷᠲᠡᠭᠡᠨ ᠳᠤ ᠲᠦᠮᠡᠨ ᠲᠣᠨ ᠤ ᠲᠡᠭᠡᠭᠡᠪᠣᠷᠢ ᠶᠢᠨ ᠴᠤᠪᠣᠭ᠎ᠠ ᠭᠠᠯᠲᠤ ᠲᠡᠷᠭᠡᠨ ᠳᠤ ᠨᠠᠭᠦᠷᠠᠰᠤ ᠰᠠᠪᠠᠯᠠᠵᠤ ᠪᠠᠶᠢᠯ᠎ᠠ᠃ 600 ᠭᠠᠷᠤᠢ ᠮᠧᠲᠷ ᠤᠨ ᠭᠠᠵᠠᠷ ᠲᠤᠤᠷᠠᠬᠢ ᠠᠭᠤᠷᠬᠠᠢ ᠠᠴᠠ ᠲᠡᠭᠡᠭᠡᠪᠣᠷᠢᠯᠡᠵᠥ ᠢᠷᠡᠭᠰᠡᠨ ᠨᠡᠭᠦᠷᠡᠰᠦ ᠶᠢ ᠤᠬᠢᠶᠠᠵᠤ ᠰᠢᠯᠢᠭᠰᠡᠨ ᠤ ᠳᠠᠷᠠᠭ᠎ᠠ ᠪᠢᠲᠡᠭᠦᠮᠵᠢᠯᠡᠭᠰᠡᠨ ᠨᠡᠭᠦᠷᠡᠰᠦ ᠳᠠᠮᠵᠢᠭᠤᠯᠬᠤ ᠬᠥᠭᠦᠷᠭᠡ ᠪᠠᠷ ᠰᠢᠭᠤᠳ ᠠᠳᠡ ᠬᠦᠷᠭᠡᠵᠦ ᠣᠶᠣᠨᠴᠢᠯᠠᠭᠰᠠᠨ ᠠᠷᠭ᠎ᠠ ᠪᠠᠷ ᠲᠡᠷᠭᠡᠨ ᠳᠤ ᠰᠠᠪᠠᠯᠠᠳᠠᠭ ᠪᠠᠶᠢᠨ᠎ᠠ᠃ ᠠᠦ᠋ᠲ᠋ᠣ᠋ ᠰᠠᠪᠠᠯᠠᠬᠤ ᠰᠢᠰᠲ᠋ᠧᠮ ᠨᠢ ᠲᠤᠭᠳᠠᠮᠠᠯ ᠭᠡᠮᠵᠢᠶ᠎ᠠ ᠲᠠᠢ ᠪᠠᠷ ᠰᠠᠪᠠᠯᠠᠵᠤ ᠲᠥᠭᠦᠷᠭᠡᠨ ᠸᠠᠭᠤᠨ ᠪᠦᠷᠢ ᠶᠢᠨ ᠨᠡᠭᠦᠷᠡᠰᠦ ᠰᠠᠪᠠᠯᠠᠬᠤ ᠴᠠᠭ ᠨᠢ 40 ᠰᠧᠺᠦ᠋ᠨ᠋ᠳ᠋ ᠤᠨ ᠳᠣᠲᠣᠷ᠎ᠠ ᠪᠠᠶᠢᠵᠤ᠂ ᠲᠦᠮᠡᠨ ᠲᠣᠨ ᠤ ᠴᠤᠪᠤᠭ᠎ᠠ ᠭᠠᠯᠳᠤ ᠲᠡᠷᠭᠡ ᠶᠢ ᠨᠢᠭᠡ ᠴᠠᠭ ᠰᠠᠪᠠᠯᠠᠪᠠᠯ ᠳᠦᠭᠦᠷᠭᠡᠴᠢᠳᠡᠭ ᠪᠠᠶᠢᠨ᠎ᠠ᠃ ᠣᠷᠳᠣᠰ ᠬᠤᠲᠠ ᠶᠢᠨ ᠢ ᠬᠤᠸᠠ ᠠᠭᠤᠷᠬᠠᠶ ᠶᠢᠨ ᠡᠬᠢ ᠪᠠᠶᠠᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠬᠡᠷᠡᠭ ᠮᠡᠳᠡᠭᠴᠢᠳ ᠤᠨ ᠳᠠᠷᠤᠭ᠎ᠠ ᠭᠤᠣ ᠹᠦ᠋ ᠴᠢᠤᠸᠠᠨ ᠭᠡᠯᠡᠭᠦ ᠳᠤ ᠪᠠᠨ᠄ ︽ᠡᠪᠦᠯ ᠤᠨ ᠤᠯᠠᠷᠢᠯ ᠤᠨ ᠵᠠᠩᠭᠢᠯᠠᠭ᠎ᠠ ᠶᠢᠨ ᠴᠠᠭ ᠮᠥᠴᠡ ᠶᠢᠨ ᠨᠠᠭᠦᠷᠠᠰᠤᠨ ᠤ ᠬᠠᠩᠭᠠᠯᠭ᠎ᠠ ᠶᠢ ᠪᠠᠲᠤᠯᠠᠬᠤ ᠶᠢᠨ ᠲᠦᠯᠣᠭᠡ ᠪᠢᠳᠠ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠲᠠᠢ ᠬᠠᠷᠢᠯᠴᠠᠨ ᠡᠳᠦᠷ ᠪᠦᠷᠢ ᠲᠦᠮᠡᠨ ᠲᠣᠨ ᠤ ᠬᠤᠶᠠᠷ ᠲᠡᠭᠡᠭᠡᠪᠣᠷᠢ ᠶᠢᠨ ᠴᠤᠪᠤᠭ᠎ᠠ ᠭᠠᠯᠲᠤ ᠲᠡᠷᠭᠡ ᠶᠢ ᠲᠤᠭᠢᠷᠠᠭᠤᠯᠵᠤ ᠡᠳᠦᠷ ᠪᠦᠷᠢ ᠪᠠᠷᠤᠭ 2 ᠲᠦᠮᠡᠨ ᠲᠣᠨ ᠠᠴᠠ ᠳᠡᠭᠡᠭᠰᠢ ᠨᠠᠭᠦᠷᠠᠰᠤ ᠲᠡᠭᠡᠭᠡᠪᠦᠷᠢᠯᠡᠵᠦ ᠤᠯᠤᠰ ᠤᠨ ᠨᠠᠭᠦᠷᠠᠰᠤᠨ ᠤ ᠬᠠᠩᠭᠠᠯᠭ᠎ᠠ ᠬᠡᠷᠡᠭᠴᠡᠭᠡ ᠶᠢ ᠪᠠᠳᠤᠯᠠᠵᠤ ᠪᠠᠶᠢᠨ᠎ᠠ︾ ᠭᠡᠪᠡ᠃      ᠮᠤᠳᠤᠠᠴᠠᠶᠢᠳᠠᠮ ᠨᠡᠭᠦᠷᠡᠰᠦᠨ ᠠᠭᠤᠷᠬᠠᠶ ᠶᠢᠨ ᠲᠡᠮᠦᠷ ᠵᠠᠮ ᠤᠨ ᠥᠷᠲᠡᠭᠡᠨ ᠤ ᠲᠦᠮᠡᠨ ᠲᠣᠨ ᠤ ᠨᠡᠭᠦᠷᠡᠰᠣ ᠲᠡᠭᠡᠭᠡᠪᠣᠷᠢᠯᠡᠭᠰᠡᠨ ᠭᠠᠯᠲᠤ ᠲᠠᠷᠭᠡᠨ ᠴᠤᠪᠣᠭ᠎ᠠ ᠨᠢ ᠭᠤᠣᠯᠳᠠᠭᠤ ᠾᠧᠪᠸᠢ ᠮᠤᠵᠢ ᠶᠢᠨ ᠲᠠᠩᠱᠠᠨ ᠬᠤᠲᠠ ᠶᠢᠨ ᠼᠤᠤ ᠹᠸᠢ ᠳ᠋ᠢᠶᠠᠨ ᠭᠠᠷᠠᠮ ᠢᠶᠠᠷ ᠳᠠᠮᠵᠢᠨ ᠤᠰᠤᠨ ᠵᠠᠮ ᠢᠶᠠᠷ ᠡᠮᠦᠨᠡᠲᠦ ᠣᠷᠣᠨ ᠤ ᠴᠠᠬᠢᠯᠭᠠᠨ ᠦᠢᠯᠡᠳᠪᠦᠷᠢ ᠳᠤ ᠭᠦᠷᠭᠡᠵᠥ᠂ ᠨᠡᠭᠦᠷᠡᠰᠣᠨ ᠠᠭᠤᠷᠬᠠᠢ ᠶᠢᠨ ᠠᠶᠣᠯᠭᠦᠢ ᠤᠶᠢᠯᠡᠳᠪᠣᠷᠢᠯᠡᠯ ᠢ ᠪᠠᠳᠣᠯᠠᠭᠰᠠᠨ ᠰᠠᠭᠤᠷᠢᠨ ᠳᠡᠭᠡᠷ᠎ᠡ ᠲᠡᠭᠡᠭᠡᠪᠦᠷᠢ ᠪᠣᠷᠣᠯᠠᠭᠤᠯᠭ᠎ᠠ ᠶᠢᠨ ᠠᠵᠢᠯ ᠢ ᠡᠮᠭᠢ ᠵᠢᠷᠤᠮ ᠲᠠᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ ᠢᠳᠡᠪᠬᠢᠲᠡᠶ ᠭᠥᠢᠴᠡᠳᠭᠡᠨ ᠴᠢᠨᠠᠷ ᠰᠠᠶᠢᠲᠠᠶ ᠬᠠᠩᠭᠠᠯᠭ᠎ᠠ ᠶᠢ ᠪᠠᠲᠤᠯᠠᠬᠤ ᠳᠤ ᠬᠤᠪᠢ ᠨᠡᠮᠡᠷᠢ ᠥᠵᠠᠭᠦᠯᠵᠤ ᠪᠠᠶᠢᠨ᠎ᠠ᠃      ᠣᠶᠢᠷ᠎ᠠ ᠶᠢᠨ ᠬᠤᠭᠤᠴᠠᠭᠠᠨ ᠳᠤ᠂ ᠥᠢᠯᠡᠳᠪᠤᠷᠢᠯᠠᠭᠦ ᠴᠢᠳᠠᠪᠤᠷᠢ ᠪᠠᠨ 400 ᠲᠦᠮᠡᠨ ᠲᠣᠨ ᠨᠡᠮᠡᠭᠳᠡᠭᠦᠯᠦᠭᠰᠡᠨ ᠪᠠᠶᠠᠡᠭᠤᠣᠯ ᠨᠡᠭᠦᠷᠡᠰᠦᠨ ᠠᠭᠤᠷᠬᠠᠶ ᠨᠢ ᠡᠳᠦᠷ ᠲᠤ 2 ᠲᠦᠮᠡ ᠭᠠᠷᠤᠶ ᠲᠣᠨ ᠨᠡᠭᠦᠷᠡᠰᠦ ᠥᠢᠯᠡᠳᠪᠤᠷᠢᠯᠠᠵᠤ ᠭᠠᠯᠲᠤ ᠲᠡᠷᠭᠡ ᠪᠣᠯᠣᠨ ᠮᠠᠰᠢᠨ ᠲᠡᠷᠭᠡᠨ ᠤ ᠲᠡᠭᠡᠭᠡᠪᠦᠷᠢ ᠪᠠᠷ ᠪᠥᠬᠦ ᠤᠯᠤᠰ ᠤᠨ ᠡᠯ᠎ᠡ ᠭᠠᠵᠠᠷ ᠤᠨ ᠨᠡᠭᠦᠷᠡᠰᠦᠨ ᠤ ᠬᠠᠩᠭᠠᠯᠭ᠎ᠠ ᠶᠢ ᠪᠠᠳᠤᠯᠠᠵᠤ ᠪᠠᠶᠢᠨ᠎ᠠ᠃      ᠣᠶᠢᠯᠠᠭᠠᠭᠰᠠᠨ ᠢᠶᠠᠷ᠂ ᠡᠪᠦᠯ ᠤᠨ ᠤᠯᠠᠷᠢᠯ ᠤᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ ᠮᠠᠨ ᠤ ᠬᠤᠰᠢᠭᠤ ᠠᠮᠤᠷ ᠲᠦᠪᠰᠢᠨ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠪᠠᠲᠤᠯᠠᠭᠰᠠᠨ ᠤᠷᠢᠲᠠᠯ ᠳᠣᠤᠷ᠎ᠠ ᠨᠡᠭᠦᠷᠡᠰᠦᠨ ᠤ ᠴᠢᠨᠠᠷ ᠰᠠᠶᠢᠲᠠᠶ ᠣᠶᠢᠯᠡᠳᠪᠣᠷᠢᠯᠡᠬᠦ ᠴᠢᠳᠠᠪᠤᠷᠢ ᠶᠢ ᠡᠮᠬᠢ ᠵᠢᠷᠤᠮ ᠲᠠᠢ ᠲᠡᠭᠡᠭᠰᠢᠯᠠᠭᠦᠯᠵᠤ ᠣᠳᠣᠬᠠᠨ ᠳᠤ᠂ ᠪᠦᠬᠦ ᠬᠤᠰᠢᠭᠤᠨ ᠳᠤ ᠬᠡᠪ ᠤᠨ ᠦᠢᠯᠡᠳᠪᠦᠷᠢᠯᠡᠯ ᠲᠠᠢ ᠨᠡᠭᠦᠷᠡᠰᠦᠨ ᠠᠭᠤᠷᠬᠠᠢ 6 ᠪᠠᠶᠢᠵᠤ 1~9 ᠰᠠᠷ᠎ᠠ ᠳᠤ 3317.95 ᠲᠦᠮᠡᠨ ᠲᠣᠨ ᠨᠡᠭᠦᠷᠡᠰᠦ ᠦᠢᠯᠡᠳᠪᠦᠷᠢᠯᠡᠵᠦ᠂ 2000 ᠲᠦᠮᠡᠨ ᠲᠣᠨ ᠠᠴᠠ ᠳᠡᠭᠡᠭᠰᠢ ᠭᠠᠳᠠᠭᠰᠢ ᠲᠡᠭᠡᠭᠡᠪᠦᠷᠢᠯᠡᠬᠦ ᠨᠠᠭᠦᠷᠠᠰᠤᠨ ᠤ ᠬᠠᠩᠭᠠᠯᠭ᠎ᠠ ᠶᠢ ᠪᠠᠳᠤᠯᠠᠵᠤ ᠪᠠᠶᠢᠨ᠎ᠠ᠃                                         ᠰᠤᠷᠪᠤᠯᠵᠢᠯᠠᠭᠴᠢ᠄ ᠤᠶᠤᠨᠴᠢᠮᠡᠭ  ᠨᠠᠷᠠᠰᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ