ᠪᠤᠶᠠᠨᠳᠠᠯᠠᠢ ᠲᠦᠯᠦᠭᠡᠯᠡᠭᠴᠢ᠄ ᠬᠦᠳᠡᠭᠡ ᠶᠢᠨ ᠮᠠᠯᠴᠢᠳ ᠤᠨ ᠴᠠᠬᠢᠯᠭᠠᠨ ᠬᠡᠷᠡᠭᠯᠡᠬᠦ ᠬᠦᠴᠢᠷ ᠠᠰᠠᠭᠤᠳᠠᠯ ᠢ ᠬᠦᠴᠦᠯᠡᠨ ᠰᠢᠢᠳᠪᠤᠷᠢᠯᠡᠬᠦ ᠴᠢᠬᠤᠯᠠᠳᠠᠢ
ᠨᠡᠶᠢᠲᠡᠯᠡᠭᠰᠡᠨ ᠴᠠᠭ᠄
2022/2/15
      ᠤᠯᠡᠨ ᠤ ᠠᠩᠬᠠᠷᠤᠯ ᠢ ᠲᠠᠳᠠᠬᠰᠡᠨ ᠬᠤᠳᠠ ᠶᠢᠨ ︽ᠬᠤᠶᠠᠷ ᠬᠤᠷᠠᠯ︾ ᠦᠪᠡᠳᠡᠭᠰᠢ ᠶᠡᠭᠡ ᠪᠠᠷ ᠶᠠᠪᠤᠬᠳᠠᠵᠤ᠂  ᠠᠷᠠᠳ ᠤᠨ ᠲᠦᠯᠦᠭᠡᠯᠡᠭᠴᠢᠳ᠂  ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠬᠤᠷᠠᠯ ᠲᠡᠭᠡᠷ᠎ᠡ ᠦᠪᠡᠷ ᠦᠪᠡᠷ ᠤᠨ ᠰᠠᠨᠠᠯ ᠵᠦᠪᠯᠡᠯᠭᠡ ᠰᠠᠨᠠᠯ ᠲᠤᠷᠠᠳᠤᠯᠭ᠎ᠠ ᠪᠠᠨ ᠢᠳᠡᠪᠬᠢᠳᠠᠢ ᠪᠠᠷ ᠲᠡᠪᠰᠢᠭᠦᠯᠦᠭᠰᠡᠨ ᠪᠠᠶᠢᠨ᠎ᠠ᠃  ᠲᠦᠯᠦᠭᠡᠯᠡᠭᠴᠢᠳ ᠪᠤᠯᠤᠨ ᠭᠡᠰᠢᠭᠦᠳ ᠮᠠᠨ ᠤ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ ᠬᠢᠭᠰᠡᠨ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾  ᠢ ᠰᠤᠨᠤᠰᠤᠭᠠᠳ ᠶᠠᠮᠠᠷ ᠰᠢᠤ ᠲᠦᠷᠦᠭᠳᠡᠯ ᠲᠠᠢ ᠪᠠᠶᠢᠬᠤ ᠪᠤᠢ ︖ ᠡᠨᠡ ᠵᠢᠯ ᠤᠨ  ︽ᠬᠤᠶᠠᠷ ᠬᠤᠷᠠᠯ︾  ᠳᠤ ᠶᠠᠮᠠᠷ ᠶᠠᠮᠠᠷ ᠰᠠᠨᠠᠯ ᠵᠦᠪᠯᠡᠯᠭᠡ ᠪᠠᠨ ᠲᠡᠪᠰᠢᠭᠦᠯᠦᠭᠰᠡᠨ ᠪᠤᠯ︖ ᠭᠡᠬᠦ ᠰᠡᠳᠤᠪ ᠤᠨ ᠲᠤᠭᠤᠷᠢᠨ ᠳᠤ ᠰᠤᠷᠪᠤᠯᠵᠢᠯᠠᠬᠴᠢ ᠠᠷᠠᠳ ᠤᠨ ᠲᠦᠯᠦᠭᠡᠯᠡᠭᠴᠢ ᠪᠤᠶᠠᠨᠳᠠᠯᠠᠢ ᠶᠢ ᠰᠤᠷᠪᠤᠯᠵᠢᠯᠠᠬᠰᠡᠨ ᠪᠢᠯᠨ᠃      ᠪᠤᠶᠠᠨᠳᠠᠯᠠᠢ ᠪᠤᠯ ᠦᠤᠰᠢᠨ ᠬᠤᠰᠢᠭᠤᠨ ᠤ ᠤᠯᠠᠭᠠᠨᠳᠤᠯᠤᠭᠠᠢ ᠪᠠᠯᠭᠠᠰᠤ ᠶᠢᠨ ᠪᠠᠶᠠᠠᠭᠤᠤᠯ ᠭᠠᠴᠠᠭᠠᠨ ᠤ ᠮᠠᠯᠴᠢᠨ ᠮᠦᠨ᠃  ᠲᠡᠷᠨ ᠡᠨᠡ ᠤᠳᠠᠭᠠᠨ ᠤ ︽ᠬᠤᠶᠠᠷ ᠬᠤᠷᠠᠯ︾ ᠳᠤ ᠬᠦᠳᠡᠭᠡ ᠶᠢᠨ ᠮᠠᠯᠴᠢᠳ ᠤᠨ ᠴᠠᠬᠢᠯᠭᠠᠨ ᠬᠡᠷᠡᠭᠯᠡᠬᠦ ᠲᠤᠮᠳᠡ ᠤᠷᠤᠰᠢᠵᠤ ᠪᠠᠶᠢᠭ᠎ᠠ ᠬᠦᠴᠢᠷ ᠠᠰᠠᠭᠤᠳᠠᠯ ᠵᠢᠴᠢ ᠲᠡᠭᠦᠨ ᠢ ᠭᠡᠷᠬᠢᠨ ᠰᠢᠢᠳᠪᠤᠷᠢᠯᠡᠬᠦ ᠲᠤᠬᠠᠢ ᠰᠠᠨᠠᠯ ᠵᠦᠪᠯᠡᠯᠭᠡ ᠲᠤᠷᠠᠳᠤᠬᠰᠡᠨ ᠪᠠᠶᠢᠨ᠎ᠠ᠃      ︽ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠰᠤᠨᠤᠰᠤᠭᠠᠳ ᠪᠢ ᠤᠯᠠᠮ ᠵᠤᠷᠢᠬᠵᠢᠯ᠎ᠡ᠃  ᠨᠢᠭᠡᠨ ᠮᠠᠯᠴᠢᠨ ᠲᠦᠯᠦᠭᠡᠯᠡᠭᠴᠢ ᠪᠤᠯᠤᠬᠰᠡᠨ ᠤ ᠬᠤᠪᠢ ᠳᠤ᠂  ᠬᠦᠳᠡᠭᠡ ᠶᠢᠨ ᠠᠵᠢᠯ ᠢᠶᠠᠨ ᠰᠠᠶᠢᠳᠤᠷ ᠬᠢᠬᠦ ᠪᠠᠷ ᠪᠠᠷᠠᠬᠤ ᠦᠭᠡᠢ ᠪᠠᠰᠨ ᠨᠡᠶᠢᠭᠡᠮ ᠤᠨ ᠬᠠᠷᠢᠭᠤᠴᠠᠯᠠᠭ᠎ᠠ ᠶᠢ ᠡᠭᠦᠷᠭᠡᠯᠡᠵᠤ᠂  ᠮᠠᠯᠴᠢᠨ ᠲᠦᠮᠡᠨ ᠪᠤᠯᠤᠨ ᠨᠠᠮ ᠵᠠᠰᠠᠭ ᠤᠨ ᠬᠤᠭᠤᠷᠤᠨᠳᠤᠬᠢ ᠬᠦᠬᠦᠷᠭᠡ ᠬᠤᠯᠪᠤᠭᠠᠰᠤ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂  ᠮᠠᠯᠴᠢᠳ ᠤᠨ ᠰᠡᠳᠬᠢᠯ ᠤᠨ ᠲᠠᠭᠤᠨ ᠢ ᠲᠠᠮᠵᠢᠭᠤᠯᠬᠤ ᠬᠡᠷᠡᠭᠳᠠᠢ ᠶᠤᠮ᠃  ᠪᠠᠶᠠᠠᠭᠤᠤᠯ ᠭᠠᠴᠠᠭ᠎ᠠ ᠨᠢ ᠤᠯᠠᠭᠠᠨᠳᠤᠯᠤᠭᠠᠢ ᠪᠠᠯᠭᠠᠰᠤ ᠶᠢᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠠᠴᠠ 9 ᠺᠢᠯᠦᠮᠧᠲᠷ ᠵᠠᠶᠢᠳᠠᠢ ᠭᠠᠵᠠᠷ ᠲᠤ ᠪᠠᠶᠢᠷᠢᠯᠠᠵᠤ ᠪᠠᠶᠢᠭ᠎ᠠ ᠮᠠᠯᠵᠢᠬᠤ ᠭᠠᠴᠠᠭ᠎ᠠ ᠶᠤᠮ᠃  ᠤᠷᠴᠢᠮ ᠤᠨ ᠵᠢᠯ ᠭᠠᠴᠠᠭᠠᠨ ᠠᠴᠠ ᠮᠠᠯᠴᠢᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠵᠤ᠂  ᠮᠠᠯᠴᠢᠨ ᠲᠦᠮᠡᠨ ᠤ ᠠᠮᠢᠳᠤᠷᠠᠯ ᠤᠨ ᠲᠦᠪᠰᠢᠨ ᠢ ᠲᠡᠭᠡᠭᠰᠢᠯᠡᠭᠦᠯᠬᠦ ᠶᠢ ᠴᠢᠬᠤᠯᠨ ᠠᠵᠢᠯ ᠪᠤᠯᠭᠠᠨ ᠠᠳᠬᠤᠵᠤ᠂  ᠮᠠᠯᠴᠢᠨ ᠡᠷᠤᠭᠡ ᠳᠤ ᠴᠠᠬᠢᠯᠭᠠᠨ ᠵᠤᠤᠬ᠎ᠠ ᠤᠬᠰᠠᠷᠠᠭᠤᠯᠤᠨ᠂  ᠮᠠᠯᠴᠢᠳ ᠤᠨ ᠨᠡᠭᠦᠷᠡᠰᠤ ᠲᠦᠯᠡᠵᠤ ᠡᠪᠤᠯ ᠤᠨ ᠬᠦᠢᠳᠡᠨ ᠢ ᠲᠤᠭᠤᠯᠵᠤ ᠪᠠᠶᠢᠬᠰᠡᠨ ᠲᠡᠤᠭᠡ ᠶᠢ ᠡᠴᠤᠰᠯᠡᠭᠦᠯᠵᠠᠢ᠂  ᠭᠡᠪᠡᠴᠤ ᠴᠠᠬᠢᠯᠭᠠᠨ ᠬᠦᠷᠦᠯᠴᠡᠬᠦ ᠦᠭᠡᠢ ᠠᠴᠠ ᠪᠤᠯᠤᠭᠠᠳ ᠵᠠᠷᠢᠮ ᠠᠶᠢᠯ ᠨᠢ ᠴᠠᠬᠢᠯᠭᠠᠨ ᠵᠤᠤᠬ᠎ᠠ ᠲᠠᠢ ᠪᠤᠯᠤᠬᠰᠡᠨ ᠪᠤᠯᠪᠠᠴᠤ ᠵᠠᠷᠤᠵᠤ ᠲᠠᠶᠢᠯᠬᠦ ᠦᠭᠡᠢ ᠪᠠᠶᠢᠳᠠᠯ ᠤᠷᠤᠰᠢᠵᠤ ᠪᠠᠶᠢᠨ᠎ᠠ᠃  ᠡᠭᠦᠨ ᠠᠴᠠ ᠦᠵᠡᠬᠦ ᠳᠤ ᠮᠠᠨ ᠤ ᠭᠠᠴᠠᠭᠠᠨ ᠤ ᠰᠠᠭᠤᠷᠢ ᠲᠦᠭᠦᠭᠡᠷᠤᠮᠵᠢ  ᠶᠢᠨ ᠪᠦᠳᠦᠭᠡᠨ ᠪᠠᠶᠢᠭᠤᠯᠤᠯᠳᠡ ᠮᠦᠨ ᠯᠨ ᠪᠠᠭᠤᠷᠠᠢ ᠪᠠᠶᠢᠨ᠎ᠠ᠃  ᠦᠷᠭᠦᠯᠵᠢᠯᠡᠨ ᠲᠠᠮᠵᠢᠬᠦ ᠴᠢᠬᠤᠯᠠᠳᠠᠢ ᠪᠠᠶᠢᠨ᠎ᠠ᠃  ᠡᠨᠡ ᠤᠳᠠᠭᠠᠨ ᠤ ᠬᠤᠷᠠᠯ ᠲᠡᠭᠡᠷ᠎ᠡ ᠪᠢ ᠮᠠᠨ ᠤ ᠭᠠᠴᠠᠭᠠᠨ ᠳᠤ ᠤᠷᠤᠰᠢᠵᠤ ᠪᠠᠶᠢᠭ᠎ᠠ ᠡᠳᠡᠭᠡᠷ ᠠᠰᠠᠭᠤᠳᠠᠯ ᠢ ᠲᠤᠰᠬᠠᠵᠤ᠂  ᠬᠠᠮᠢᠶ᠎ᠠ ᠪᠦᠭᠦᠢ ᠪᠠᠶᠢᠭᠤᠯᠭ᠎ᠠ ᠪᠤᠶᠤ ᠤᠳᠤᠷᠢᠳᠤᠯᠭ᠎ᠠ ᠨᠠᠷ ᠦᠨᠳᠤᠰᠤᠨ ᠱᠠᠳᠤᠨ ᠳᠤ ᠬᠦᠨᠵᠡᠭᠡᠶᠢᠷᠡᠨ ᠢᠯᠡᠭᠦᠭᠡᠨ ᠪᠠᠶᠢᠴᠠᠭᠠᠨ ᠰᠤᠳᠤᠯᠤᠯᠳᠡ ᠬᠢᠵᠤ᠂  ᠤᠯᠡᠨ ᠲᠦᠮᠡᠨ ᠤ ᠬᠦᠴᠢᠷᠳᠡᠯ ᠲᠤᠯᠭᠠᠮᠳᠠᠯ ᠢ ᠪᠦᠳᠦᠮᠵᠢᠳᠠᠢ ᠰᠢᠢᠳᠪᠤᠷᠢᠯᠡᠵᠤ᠂  ᠬᠠᠷᠠᠭᠠᠯᠵᠠᠬᠰᠡᠨ ᠠᠷᠭ᠎ᠠ ᠪᠤᠳᠤᠯᠭ᠎ᠠ ᠲᠤᠬᠳᠠᠭᠠᠵᠤ ᠰᠢᠢᠳᠪᠤᠷᠢᠯᠡᠵᠤ ᠦᠭᠬᠦ ᠶᠢ ᠬᠦᠰᠡᠵᠤ ᠰᠠᠨᠠᠯ ᠵᠦᠪᠯᠡᠯᠭᠡ ᠲᠤᠷᠠᠳᠴᠠᠢ︾ ᠭᠡᠵᠤ ᠪᠤᠶᠠᠨᠳᠠᠯᠠᠢ ᠶᠠᠷᠢᠪᠡ᠃                       ᠵᠣᠬᠢᠶᠠᠭᠴᠢ᠄ ᠤᠷᠬᠢᠯ  ᠪᠦᠳᠦᠭᠡᠯᠳᠤ  ᠮᠦᠡᠭᠭᠦᠨᠪᠦ᠋ᠷᠭᠦᠳ  ᠡᠰᠡᠨᠢᠭᠦᠨ      ︵2022 ᠤᠨ ᠤ ᠤᠷᠳᠤᠰ ᠬᠤᠳᠠ ᠶᠢᠨ ︽ ᠬᠤᠶᠠᠷ ᠬᠤᠷᠠᠯ︾ ᠳᠡᠭᠡᠷ᠎ᠡ︶  
ᠢᠷᠡᠯᠲᠡ᠄ ᠣᠷᠳᠣᠰ ᠮᠤᠩᠭᠤᠯ ᠰᠦᠯᠵᠢᠶ᠎ᠡ