ᠪᠡᠯᠴᠢᠭᠡᠷᠯᠡᠭᠦᠯᠬᠦ ᠶᠢ ᠬᠤᠷᠢᠭᠯᠠᠵᠤ ᠰᠡᠯᠬᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠬᠤᠷᠢᠭᠯᠠᠬᠤ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2022/2/18
                              ᠦᠦᠰᠢᠨ ᠵᠠᠰᠠᠭ ᠳᠠᠷᠬᠠᠭᠠᠬᠤ〔2022〕19 ᠳ᠋ᠤᠭᠡᠷ ᠲᠣᠭᠠᠲᠤᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄       ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ ᠣᠶ ᠰᠢᠭᠤᠢ ᠨᠤᠲᠤᠭ ᠪᠡᠯᠴᠢᠭᠡᠷ ᠢ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠦᠯᠦᠭᠡ᠂ ︽ᠪᠡᠯᠴᠢᠭᠡᠷᠯᠡᠭᠦᠯᠬᠦ ᠶᠢ ᠬᠤᠷᠢᠭᠯᠠᠵᠤ ᠰᠡᠯᠬᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠬᠤᠷᠢᠭᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︽︿ᠦᠦᠰᠢᠨ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠵᠤ ᠰᠡᠯᠬᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠬᠢᠨᠠᠯᠲᠠ ᠬᠠᠮᠢᠶᠠᠷᠤᠯᠲᠠ ᠶᠢᠨ ᠠᠷᠭ᠎ᠠ ︵ᠵᠠᠰᠠᠪᠤᠷᠢ ᠣᠷᠣᠭᠤᠯᠤᠭᠰᠠᠨ︶﹀ ᠶᠢ ᠳᠠᠷᠤᠮᠠᠯᠯᠠᠨ ᠳᠠᠷᠬᠠᠭᠠᠬᠤ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠵᠠᠷᠯᠠᠶ᠎ᠠ᠄       ᠨᠢᠭᠡ᠂ ᠪᠡᠯᠴᠢᠭᠡᠷᠯᠡᠭᠦᠯᠬᠦ ᠶᠢ ᠬᠤᠷᠢᠭᠯᠠᠵᠤ ᠰᠡᠯᠬᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠤᠨ᠎ᠡ      ︵ᠨᠢᠭᠡ︶ ᠢᠮᠠᠭ᠎ᠠ ︵ᠰᠠᠭᠠᠯᠢ ᠶᠢᠨ ᠢᠮᠠᠭ᠎ᠠ ᠪᠠᠭᠲᠠᠨ᠎ᠠ︶ ᠶᠢ ᠪᠥᠬᠦ ᠵᠢᠯ ᠢᠶᠠᠷ ᠪᠡᠯᠴᠢᠭᠡᠷᠯᠡᠭᠦᠯᠬᠦ ᠶᠢ ᠬᠤᠷᠢᠭᠯᠠᠬᠤ᠂ ᠬᠡᠰᠡᠭ ᠮᠠᠯ ᠢ ᠴᠠᠭ ᠰᠣᠯᠪᠢᠴᠠᠭᠤᠯᠤᠨ ᠰᠡᠯᠬᠦᠨ ᠮᠠᠯᠵᠢᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠎ᠡ᠂ ᠲᠤᠬᠠᠶᠢᠯᠠᠪᠠᠯ ᠢᠮᠠᠭ᠎ᠠ ︵ᠰᠠᠭᠠᠯᠢ ᠶᠢᠨ ᠢᠮᠠᠭ᠎ᠠ ᠪᠠᠭᠲᠠᠨ᠎ᠠ︶ ᠶᠢ ᠪᠥᠬᠦ ᠵᠢᠯ ᠢᠶᠠᠷ ᠪᠡᠯᠴᠢᠭᠡᠷᠯᠡᠭᠦᠯᠬᠦ ᠶᠢ ᠬᠤᠷᠢᠭᠯᠠᠵᠤ ᠬᠠᠰᠢᠶᠠᠯᠠᠨ ᠲᠡᠵᠢᠭᠡᠨ᠎ᠡ︔ ᠣᠷᠳᠣᠰ ᠨᠠᠷᠢᠨ ᠨᠣᠣᠰᠣᠲᠤ ᠬᠤᠨᠢ ᠶᠢ ᠰᠡᠯᠬᠦᠨ ᠮᠠᠯᠵᠢᠬᠤ ᠬᠤᠭᠤᠴᠠᠭ᠎ᠠ ᠪᠤᠯ ᠵᠢᠯ ᠪᠦᠷᠢ ᠶᠢᠨ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ︔ ᠢᠮᠠᠭ᠎ᠠ ᠪᠠ ᠤᠷᠳᠤᠰ ᠨᠠᠷᠢᠨ ᠨᠤᠤᠰᠤᠲᠤ ᠬᠤᠨᠢ ᠠᠴᠠ ᠪᠤᠰᠤᠳ ᠮᠠᠯ ᠢ ᠰᠡᠯᠬᠦᠨ ᠮᠠᠯᠵᠢᠬᠤ ᠬᠤᠭᠤᠴᠠᠭ᠎ᠠ ᠪᠤᠯ ᠵᠢᠯ ᠪᠦᠷᠢ ᠶᠢᠨ 4 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ ᠪᠤᠯᠤᠨ᠎ᠠ᠃ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ᠂ ᠥᠷᠭᠡᠨ ᠣᠯᠠᠨ ᠮᠠᠯᠴᠢᠨ ᠲᠠᠷᠢᠶᠠᠴᠢᠨ ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠵᠦ ᠰᠡᠯᠬᠦᠨ ᠮᠠᠯᠵᠢᠬᠤ ᠬᠤᠭᠤᠴᠠᠭᠠᠨ ᠳᠠᠬᠢ ᠡᠪᠡᠰᠦ ᠪᠣᠷᠳᠤᠭ᠎ᠠ ᠶᠢ ᠲᠣᠬᠢᠷᠠᠭᠤᠯᠤᠨ ᠬᠤᠳᠠᠯᠳᠤᠨ ᠠᠪᠬᠤ᠂ ᠨᠥᠭᠡᠴᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠰᠡᠯᠬᠦᠨ ᠮᠠᠯᠵᠢᠬᠤ ᠬᠤᠭᠤᠴᠠᠭᠠᠨ ᠳᠤ ᠮᠠᠯ ᠰᠦᠷᠦᠭ ᠢᠶᠠᠨ ᠪᠦᠬᠦᠨ ᠢ ᠬᠠᠰᠢᠶᠠᠯᠠᠨ ᠲᠡᠵᠢᠭᠡᠵᠦ ᠰᠥᠨᠢ ᠪᠠᠷ ᠮᠠᠯᠵᠢᠬᠤ᠂ ᠬᠤᠯᠠᠭᠠᠶᠢᠯᠠᠨ ᠮᠠᠯᠵᠢᠬᠤ ᠦᠶᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃       ︵ᠬᠤᠶᠠᠷ︶ ᠪᠡᠯᠴᠢᠭᠡᠷᠯᠡᠭᠦᠯᠬᠦ ᠶᠢ ᠬᠤᠷᠢᠭᠯᠠᠵᠤ ᠰᠡᠯᠬᠦᠨ ᠮᠠᠯᠵᠢᠬᠤ ᠨᠤᠲᠤᠭ ᠪᠡᠯᠴᠢᠭᠡᠷ ᠲᠤ ᠪᠡᠯᠴᠢᠭᠡᠷᠯᠡᠭᠦᠯᠦᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠠᠢ  ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠰᠡᠯᠬᠦᠨ ᠮᠠᠯᠵᠢᠬᠤ ᠳᠦᠷᠢᠮ︾ ᠤᠨ ᠭᠤᠴᠢᠨ ᠲᠠᠪᠤᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ ᠬᠠᠷᠢᠶ᠎ᠠ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ ᠵᠠᠯᠠᠷᠠᠭᠤᠯᠵᠤ᠂ ᠬᠠᠤᠯᠢ ᠠᠴᠠ ᠵᠥᠷᠢᠴᠡᠨ ᠪᠡᠯᠴᠢᠭᠡᠷᠯᠡᠬᠦᠯᠦᠭᠰᠡᠨ ᠢ ᠬᠤᠨᠢ ᠨᠢᠭᠡᠪᠦᠷᠢ ᠶᠢ 120 ᠲᠥᠭᠦᠷᠢᠭ ᠢᠶᠠᠷ ᠲᠣᠷᠭᠠᠨ᠎ᠠ᠃ ᠰᠤᠶᠤᠭ᠎ᠠ ᠮᠣᠳᠣᠨ ᠤ ᠣᠶᠢᠲᠤ ᠭᠠᠵᠠᠷ ᠲᠤ ᠮᠡᠯ ᠬᠠᠷᠢᠭᠤᠯᠤᠭᠰᠠᠨ ᠠᠴᠠ ᠪᠣᠯᠵᠤ ᠤᠢ ᠮᠣᠳᠣ ᠶᠢ ᠡᠪᠳᠡᠵᠦ ᠰᠦᠢᠳᠬᠡᠭᠰᠡᠨ ᠪᠠᠶᠢᠪᠠᠯ ᠤᠢ ᠰᠢᠭᠤᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾ ᠶᠢᠨ ᠲᠡᠯᠡᠠ ᠳᠥᠷᠪᠡᠳᠦᠭᠡᠷ ᠵᠤᠷᠪᠤᠰ ᠤᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠬᠢᠷᠠᠭᠤᠯᠤᠭᠰᠠᠨ ᠮᠣᠳᠣᠨ ᠤ ᠲᠣᠭᠠᠨ ᠤ ᠬᠢᠨᠢ ᠨᠢᠭᠡ ᠲᠡᠬᠢᠠ ᠠᠴᠠ ᠳᠡᠭᠡᠭᠰᠢ ᠭᠤᠷᠪᠠᠨ ᠲᠡᠬᠢᠠ ᠠᠴᠠ ᠳᠣᠭᠤᠭᠰᠢ ᠲᠣᠭᠠᠨ ᠤ ᠰᠤᠶᠤᠭ᠎ᠠ ᠮᠣᠳᠣ ᠶᠢ ᠬᠤᠭᠤᠴᠠᠭᠠᠨ ᠤ ᠬᠢᠵᠠᠭᠠᠷ ᠶᠤᠰᠤᠭᠠᠷ ᠤᠤᠯ ᠭᠠᠵᠠᠷ ᠲᠤᠨᠢ ᠪᠤᠶᠤ ᠣᠨᠳᠣᠣ ᠭᠠᠵᠠᠷ ᠲᠤ ᠨᠥᠬᠦᠵᠦ ᠳᠠᠷᠢᠭᠤᠯᠤᠨ᠎ᠠ᠃      ︵ᠭᠤᠷᠪᠠ︶ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠶᠢ ᠬᠡᠷᠡᠭᠵᠢᠭᠦᠯᠦᠭᠰᠡᠨ ᠨᠤᠲᠤᠭ ᠪᠡᠯᠴᠢᠭᠡᠷ ᠳᠡᠭᠡᠷ᠎ᠡ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠰᠡᠯᠬᠦᠨ ᠮᠠᠯᠵᠢᠬᠤ ᠳᠦᠷᠢᠮ︾ ᠤᠨ ᠭᠤᠴᠢᠨ ᠲᠠᠪᠤᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ ᠬᠠᠷᠢᠶ᠎ᠠ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠲᠤᠭᠲᠠᠭᠰᠠᠨ ᠬᠤᠭᠤᠴᠠᠭᠠᠨ ᠳᠤ ᠵᠠᠯᠠᠷᠠᠭᠤᠯᠤᠭᠰᠠᠨ ᠦᠭᠡᠢ ᠪᠠᠶᠢᠪᠠᠯ᠂ ᠳᠠᠭᠠᠭᠠᠴᠠ ᠠᠴᠠ ᠬᠡᠲᠦᠷᠡᠭᠰᠡᠨ ᠬᠤᠨᠢ ᠨᠢᠭᠡᠪᠦᠷᠢ ᠶᠢ 100 ᠲᠥᠭᠦᠷᠢᠭ ᠢᠶᠠᠷ ᠲᠣᠷᠭᠠᠨ᠎ᠠ᠃      ︵ᠲᠦᠷᠪᠡ︶ ᠤᠯᠡᠠ ᠲᠦᠮᠡᠨ ᠢ ᠵᠣᠷᠢᠭᠤᠳᠠ ᠥᠳᠥᠭᠡᠵᠦ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠦᠴᠦᠷᠬᠡᠭᠯᠡᠯ᠂ ᠰᠦᠷᠳᠡᠭᠦᠯᠦᠯ ᠤᠨ ᠠᠷᠭ᠎ᠠ ᠪᠠᠷ ᠬᠠᠷᠰᠢᠯᠠᠭᠠᠳ  ᠶᠠᠯᠠᠲᠤ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠬᠤᠶᠠᠷ ᠵᠠᠭᠤ ᠲᠡᠯᠡᠠ ᠳᠣᠯᠣᠳᠤᠭᠠᠷ ᠵᠤᠷᠪᠤᠰ ᠤᠨ ᠲᠣᠭᠲᠠᠭᠠᠯ ᠶᠣᠰᠣᠭᠠᠷ ᠠᠯᠪᠠᠨ ᠠᠵᠢᠯ ᠢ ᠬᠠᠷᠰᠢᠯᠠᠭᠰᠠᠨ ᠶᠠᠯ᠎ᠠ᠂ ᠴᠠᠭᠳᠠᠭ᠎ᠠ ᠶᠢ ᠳᠠᠭᠠᠷᠢᠭᠰᠠᠨ ᠶᠠᠯ᠎ᠠ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ︵ᠲᠠᠪᠤ︶ ᠬᠠᠤᠯᠢ ᠶᠣᠰᠣᠭᠠᠷ ᠭᠠᠷᠭᠠᠭᠰᠠᠨ ᠰᠢᠳᠬᠡᠨ ᠲᠣᠷᠭᠠᠬᠤ ᠲᠣᠭᠲᠠᠭᠠᠯ ᠢ ᠲᠤᠬᠠᠢ ᠶᠢᠨ ᠬᠥᠮᠥᠨ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠤ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠦᠭᠡᠢ ᠪᠤᠶᠤ ᠵᠠᠷᠭᠤᠯᠳᠤᠬᠤ ᠦᠭᠡᠢ᠂ ᠪᠠᠰᠠ ᠬᠡᠷᠡᠭᠵᠢᠬᠦᠯᠬᠦ ᠦᠭᠡᠢ ᠪᠠᠶᠢᠪᠠᠯ ᠰᠢᠳᠬᠡᠨ ᠲᠣᠷᠭᠠᠬᠤ ᠪᠠᠶᠢᠭᠤᠯᠭ᠎ᠠ ᠠᠴᠠ ᠬᠤᠰᠢᠭᠤ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠯᠭ᠎ᠠ ᠪᠠᠷ ᠭᠦᠢᠴᠡᠳᠬᠡᠬᠦ ᠶᠢ ᠭᠤᠶᠤᠴᠢᠯᠠᠨ᠎ᠠ᠃ ᠡᠭᠦᠨ ᠤ ᠬᠠᠮᠲᠤ᠂ ᠬᠠᠤᠯᠢ ᠴᠠᠭᠠᠵᠠ ᠰᠠᠬᠢᠯᠭ᠎ᠠ ᠪᠠᠲᠤ ᠶᠢ ᠥᠯᠥ ᠬᠠᠶᠢᠬᠤᠷᠤᠭᠰᠠᠨ᠂ ᠣᠯᠠᠨᠲᠠ ᠬᠤᠷᠢᠭᠯᠠᠭᠰᠠᠨ ᠴᠤ ᠵᠣᠭᠰᠣᠬᠤ ᠦᠭᠡᠢ ᠬᠤᠯᠠᠭᠠᠶᠢᠯᠠᠨ ᠮᠠᠯᠵᠢᠭᠰᠠᠳ ᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠡᠳᠡᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠡᠰᠡᠭ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠬᠠᠰᠤᠨ ᠠᠪᠬᠤ ᠪᠤᠶᠤ ᠵᠣᠭᠰᠣᠭᠠᠨ᠎ᠠ᠃      ᠬᠤᠶᠠᠷ᠂ ᠬᠠᠤᠯᠢ ᠠᠴᠠ ᠵᠥᠷᠢᠴᠡᠨ ᠠᠲᠠᠷ ᠬᠠᠭᠠᠯᠪᠤᠷᠢᠯᠠᠬᠤ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ      ︵ᠨᠢᠭᠡ︶ ᠬᠠᠤᠯᠢ ᠪᠤᠰᠤ ᠪᠠᠷ ᠤᠶᠢᠲᠤ ᠭᠠᠵᠠᠷ ᠬᠠᠭᠠᠯᠪᠤᠷᠢᠯᠠᠬᠤ ᠳᠤ ᠡᠭᠦᠷᠭᠡᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾ ᠶᠢᠨ ᠳᠠᠯᠠᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠪᠡᠯ ᠄ ᠠᠲᠠᠷ ᠬᠠᠭᠠᠯᠪᠤᠷᠢᠯᠠᠬᠤ᠂ ᠴᠢᠯᠠᠭᠤ ᠮᠠᠯᠲᠠᠬᠤ᠂ ᠡᠯᠡᠰᠦ ᠮᠠᠯᠲᠠᠬᠤ᠂ ᠰᠢᠷᠣᠢ ᠮᠠᠯᠲᠠᠬᠤ ᠪᠤᠶᠤ ᠪᠤᠰᠤᠳ ᠠᠵᠢᠯᠯᠠᠭ᠎ᠠ ᠶᠢ ᠶᠠᠪᠤᠭᠳᠠᠭᠤᠯᠤᠭᠰᠠᠨ ᠠᠴᠠ ᠪᠣᠯᠵᠤ ᠤᠢ ᠮᠣᠳᠣ ᠶᠢ ᠡᠪᠳᠡᠵᠦ ᠰᠦᠢᠳᠬᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠬᠢᠷᠠᠭᠤᠯᠤᠭᠰᠠᠨ ᠮᠣᠳᠣᠨ ᠤ ᠲᠣᠭᠠᠨ ᠤ ᠬᠢᠨᠢ ᠨᠢᠭᠡ ᠲᠡᠬᠢᠠ ᠠᠴᠠ ᠳᠡᠭᠡᠭᠰᠢ ᠭᠤᠷᠪᠠᠨ ᠲᠡᠬᠢᠠ ᠠᠴᠠ ᠳᠣᠭᠤᠭᠰᠢ ᠲᠣᠭᠠᠨ ᠤ ᠮᠣᠳᠣ ᠶᠢ ᠲᠣᠭᠲᠠᠭᠰᠠᠨ ᠬᠤᠭᠤᠴᠠᠭᠠᠨ ᠳᠤ ᠤᠭ ᠭᠠᠵᠠᠷ ᠪᠤᠶᠤ ᠣᠨᠳᠣᠣ ᠭᠠᠵᠠᠷ ᠲᠤ ᠨᠥᠬᠦᠵᠦ ᠳᠠᠷᠢᠭᠤᠯᠵᠤ ᠡᠪᠳᠡᠵᠦ ᠰᠦᠢᠳᠬᠡᠭᠰᠡᠨ ᠤᠢ ᠮᠣᠳᠣᠨ ᠤ ᠦᠨ᠎ᠡ ᠦᠷᠲᠡᠭ ᠤᠨ ᠬᠢᠨᠢ ᠲᠠᠪᠤᠨ ᠲᠡᠬᠢᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠭᠡᠵᠦ ᠪᠣᠯᠣᠨ᠎ᠠ︔ ᠣᠶᠢᠲᠤ ᠭᠠᠵᠠᠷ ᠢ ᠡᠪᠳᠡᠵᠦ ᠰᠦᠢᠳᠬᠡᠭᠰᠡᠨ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ ᠬᠤᠭᠤᠴᠠᠭ᠎ᠠ ᠲᠣᠭᠲᠠᠭᠠᠨ ᠤᠷᠭᠤᠮᠠᠯ ᠤᠨ ᠬᠤᠴᠢᠯᠭ᠎ᠠ ᠪᠠ ᠤᠢ ᠰᠢᠭᠤᠢ ᠶᠢᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠯᠭᠡᠵᠦ ᠤᠷᠭᠤᠮᠠᠯ ᠤᠨ ᠬᠤᠴᠢᠯᠭ᠎ᠠ ᠪᠠ ᠤᠢ ᠰᠢᠭᠤᠢ ᠶᠢᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠬᠦ ᠳᠤ ᠬᠡᠷᠡᠭᠰᠡᠬᠦ ᠵᠠᠷᠤᠳᠠᠯ ᠤᠨ ᠭᠤᠷᠪᠠᠨ ᠲᠡᠬᠢᠠ ᠠᠴᠠ ᠳᠣᠭᠤᠭᠰᠢ ᠵᠣᠭᠤᠰ ᠢᠶᠠᠷ ᠲᠤᠷᠭᠠᠬᠤ ᠪᠠᠷ ᠰᠢᠳᠬᠡᠵᠦ ᠪᠤᠯᠤᠨ᠎ᠠ᠃ ᠡᠬᠦᠨ ᠳᠤ᠂ ᠬᠠᠮᠠᠭᠠᠯᠠᠯᠲᠠ ᠶᠢᠨ ᠣᠶᠢᠲᠤ ᠭᠠᠵᠠᠷ᠂ ᠣᠨᠴᠠ ᠬᠡᠷᠡᠭᠴᠡᠭᠡᠨ ᠤ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠠ ᠡᠪᠳᠡᠭᠰᠡᠨ ᠲᠤᠭ᠎ᠠ ᠬᠡᠮᠵᠢᠶ᠎ᠡ ᠨᠢ ᠲᠣᠰ ᠲᠣᠰ ᠪᠤᠶᠤ ᠨᠡᠶᠢᠯᠡᠭᠡᠳ ᠲᠠᠪᠤᠨ ᠮᠦ ᠠᠴᠠ ᠳᠡᠭᠡᠭᠰᠢ ᠪᠣᠯᠤᠭᠰᠠᠨ᠂ ᠪᠤᠰᠤᠳ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠠ ᠡᠪᠳᠡᠭᠰᠡᠨ ᠲᠤᠭ᠎ᠠ ᠬᠡᠮᠵᠢᠶ᠎ᠡ ᠨᠢ ᠠᠷᠪᠠᠨ ᠮᠦ ᠠᠴᠠ ᠳᠡᠭᠡᠭᠰᠢ ᠪᠣᠯᠤᠭᠰᠠᠨ ᠪᠠᠶᠢᠪᠠᠯ ︽ᠣᠶᠢᠲᠤ ᠭᠠᠵᠠᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠪᠣᠳᠠᠲᠠᠢ ᠬᠡᠷᠡᠭᠯᠡᠬᠦ ᠬᠠᠤᠯᠢ ᠴᠠᠭᠠᠵᠠ ᠶᠢᠨ ᠠᠰᠠᠭᠤᠳᠠᠯ ᠤᠳ ᠤᠨ ᠲᠤᠬᠠᠢ ᠠᠷᠠᠳ ᠤᠨ ᠬᠠᠮᠤᠭ ᠤᠨ ᠦᠨᠳᠦᠷ ᠵᠡᠷᠭᠡ ᠶᠢᠨ ᠰᠢᠭᠦᠬᠦ ᠬᠤᠷᠢᠶᠠᠨ ᠤ ᠲᠠᠶᠢᠯᠪᠤᠷᠢᠯᠠᠯᠲᠠ︾ ᠶᠢᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠵᠦ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ ᠲᠠᠪᠤᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠳᠭᠡᠵᠦ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠬᠦ ᠪᠤᠶᠤ ᠲᠠᠩ ᠢᠶᠠᠷ ᠰᠢᠳᠬᠡᠨ᠎ᠡ᠃      ︵ᠬᠤᠶᠠᠷ︶ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ ᠳᠤ ᠡᠭᠦᠷᠭᠡᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠡᠷᠡᠭᠯᠡᠬᠦ ᠬᠠᠤᠯᠢ ᠴᠠᠭᠠᠵᠠ ᠶᠢᠨ ᠠᠰᠠᠭᠤᠳᠠᠯ ᠤᠳ ᠤᠨ ᠲᠤᠬᠠᠢ ᠠᠷᠠᠳ ᠤᠨ ᠬᠠᠮᠤᠭ ᠤᠨ ᠦᠨᠳᠦᠷ ᠵᠡᠷᠭᠡ ᠶᠢᠨ ᠰᠢᠭᠦᠬᠦ ᠬᠤᠷᠢᠶᠠᠨ ᠤ ᠲᠠᠶᠢᠯᠪᠤᠷᠢᠯᠠᠯᠲᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠪᠠᠷᠢᠮᠵᠢᠶ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠄ ᠬᠠᠤᠯᠢ ᠪᠤᠰᠤ ᠪᠠᠷ ᠬᠤᠷᠢᠨ ᠮᠦ ᠠᠴᠠ ᠳᠡᠭᠡᠭᠰᠢ ᠨᠤᠲᠤᠭ ᠪᠡᠯᠴᠢᠭᠡᠷ ᠢ ᠬᠠᠭᠠᠯᠪᠤᠷᠢᠯᠠᠭᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ︔ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠪᠣᠯᠪᠠᠴᠤ ᠡᠷᠡᠭᠦᠦ ᠶᠢᠨ ᠭᠡᠷᠡᠭ ᠤᠨ ᠰᠢᠳᠬᠡᠯ ᠥᠭᠬᠦ ᠬᠡᠮᠵᠢᠶᠡᠨ ᠳᠤ ᠠᠷᠠᠢ ᠬᠦᠷᠦᠭᠰᠡᠠ ᠦᠬᠡᠢ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ ᠬᠤᠭᠤᠴᠠᠭ᠎ᠠ ᠲᠣᠭᠲᠠᠭᠠᠨ ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠨ ᠬᠠᠤᠯᠢ ᠪᠤᠰᠤ ᠡᠳ᠋ ᠪᠣᠳᠠᠰ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ  ᠶᠢᠨ ᠬᠠᠮᠲᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠵᠣᠭᠤᠰ ᠢᠶᠠᠷ ᠲᠤᠷᠭᠠᠬᠤ ᠪᠠᠷ ᠰᠢᠳᠬᠡᠨ᠎ᠡ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠬᠡᠢ ᠪᠣᠯ ᠲᠠᠪᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ᠃      ᠭᠤᠷᠪᠠ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ      ︵ᠨᠢᠭᠡ︶ ᠡᠳᠦᠷ ᠲᠤᠲᠤᠮ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤᠨ ᠤ ᠬᠢᠨ ᠦᠦᠰᠢᠨ ᠬᠤᠰᠢᠭᠤᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠳᠦᠷᠢᠮ ᠤᠨ ᠶᠤᠰᠤᠭᠠᠷ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠣᠶᠢᠲᠤ ᠭᠠᠵᠠᠷ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠣᠥᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ ᠰᠤᠮᠤ ᠪᠠᠯᠭᠠᠰᠤ᠂ ᠭᠠᠴᠠᠭ᠎ᠠ ᠲᠣᠰᠬᠤᠨ ᠬᠤᠶᠠᠷ ᠱᠠᠲᠤᠨ ᠤ ᠬᠠᠷᠢᠭᠤᠴᠠᠯᠭ᠎ᠠ ᠵᠢᠴᠢ ᠤᠳᠤᠷᠢᠳᠤᠯᠭ᠎ᠠ᠂ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠤᠨ ᠪᠡᠯᠴᠢᠭᠡᠷᠯᠡᠭᠦᠯᠬᠦ ᠶᠢ ᠬᠤᠷᠢᠭᠯᠠᠵᠦ ᠰᠡᠯᠬᠦᠨ ᠮᠠᠯᠵᠢᠬᠤ᠂ ᠬᠠᠭᠠᠯᠪᠤᠷᠢᠯᠠᠬᠤ ᠶᠢ ᠬᠤᠷᠢᠭᠯᠠᠬᠤ᠂ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠤᠬᠠᠭᠤᠯᠭ᠎ᠠ ᠬᠥᠮᠦᠵᠢᠯ ᠢ ᠦᠨᠡᠨᠬᠦ ᠴᠢᠩᠭᠠᠳᠬᠠᠵᠤ ᠬᠤᠯᠠᠭᠠᠶᠢᠯᠠᠨ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠪᠠ ᠨᠤᠲᠤᠭ ᠪᠡᠯᠴᠢᠭᠡᠷ ᠣᠶᠢᠲᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ ᠬᠤᠷᠢᠭᠯᠠᠬᠤ ᠪᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠬᠤᠶᠠᠷ︶ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠭᠠᠴᠠᠭ᠎ᠠ ᠲᠣᠰᠬᠤᠨ ᠨᠢ ᠰᠤᠮᠤ ᠪᠠᠯᠭᠠᠰᠤ ᠲᠠᠢ ᠢᠳᠡᠪᠬᠢᠲᠡᠢ ᠬᠠᠮᠵᠢᠯᠴᠠᠨ ᠪᠡᠯᠴᠢᠭᠡᠷᠯᠡᠭᠦᠯᠬᠦ ᠶᠢ ᠬᠤᠷᠢᠭᠯᠠᠵᠦ ᠰᠡᠯᠬᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠪᠠ ᠬᠠᠭᠠᠯᠪᠤᠷᠢᠯᠠᠬᠤ ᠶᠢ ᠬᠤᠷᠢᠭᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ ᠬᠠᠷᠢᠶ᠎ᠠ ᠣᠷᠣᠨ ᠤ ᠳᠣᠲᠣᠷᠠᠬᠢ ᠣᠶᠢᠲᠤ ᠭᠠᠵᠠᠷ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ᠂ ᠬᠤᠯᠠᠭᠠᠶᠢᠯᠠᠨ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠵᠡᠷᠭᠡ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠪᠡᠯ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠪᠠᠶᠢᠳᠠᠯ ᠢ ᠮᠡᠳᠡᠵᠦ ᠪᠠᠶᠢᠭᠠᠳ ᠮᠡᠳᠡᠭᠦᠯᠬᠦ ᠦᠭᠡᠢ᠂ ᠥᠮᠥᠭᠯᠡᠵᠦ ᠨᠢᠭᠤᠭᠰᠠᠨ ᠪᠠᠶᠢᠪᠠᠯ ᠬᠠᠷᠢᠭᠤᠴᠠᠯᠭ᠎ᠠ ᠪᠠᠨ ᠠᠯᠳᠠᠵᠦ ᠴᠠᠯᠠᠭᠠᠶᠢᠳᠠᠭᠰᠠᠨ ᠢᠶᠠᠷ ᠬᠠᠷᠢᠭᠤᠴᠠᠯᠭ᠎ᠠ ᠨᠡᠬᠡᠮᠵᠢᠯᠡᠨ᠎ᠡ᠃      ︵ᠭᠤᠷᠪᠠ︶ ᠲᠤᠰᠬᠠᠢ ᠲᠦᠷᠦᠯ ᠢᠶᠠᠷ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠦᠦᠰᠢᠨ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠥᠰᠥᠯ︾ ︽ᠦᠦᠰᠢᠨ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠥᠯ︾ ᠵᠡᠷᠭᠡ ᠰᠢᠷᠢᠰ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠬᠦᠯᠬᠦ ᠠᠵᠢᠯ ᠢ ᠦᠨᠡᠨᠬᠦ ᠰᠠᠶᠢᠲᠤᠷ ᠠᠳᠬᠤᠵᠦ ᠲᠤᠤᠷᠴᠢᠯᠠᠭᠰᠠᠨ ᠤᠷᠳᠤ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠮᠠᠯᠠᠯᠲᠠ ᠶᠢᠨ ᠪᠢᠴᠢᠭ ᠨᠢᠭᠡᠨᠲᠡ ᠲᠣᠭᠲᠠᠭᠰᠠᠨ ᠪᠣᠯ ᠡᠷᠬᠡᠪᠰᠢ ᠬᠤᠭᠤᠴᠠᠭ᠎ᠠ ᠶᠣᠰᠣᠭᠠᠷ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠪᠡᠶᠡᠯᠡᠭᠦᠯᠵᠦ ᠲᠠᠬᠢᠨ ᠬᠠᠭᠠᠯᠪᠤᠷᠢᠯᠠᠬᠤ ᠶᠢ ᠴᠢᠩᠭ᠎ᠠ ᠰᠡᠷᠭᠡᠶᠢᠯᠡᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠲᠡᠪᠴᠢᠬᠦ ᠥᠢᠯᠡ ᠠᠵᠢᠯᠯᠠᠭ᠎ᠠ ᠶᠢ ᠬᠠᠤᠯᠢ ᠬᠡᠷᠡᠭᠵᠢᠭᠦᠯᠬᠦ ᠪᠠᠶᠢᠭᠤᠯᠭ᠎ᠠ  ᠳᠤ ᠰᠢᠯᠵᠢᠭᠦᠯᠦᠨ ᠲᠤᠰᠢᠶᠠᠵᠤ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠭᠦᠯᠬᠦ ᠶᠢᠨ ᠬᠠᠮᠲᠤ ᠤᠷᠭᠤᠮᠠᠯ ᠤᠨ ᠬᠤᠴᠢᠯᠭ᠎ᠠ ᠶᠢ ᠠᠯᠪᠠᠳᠠᠯᠭ᠎ᠠ ᠪᠠᠷ ᠰᠡᠷᠭᠦᠭᠡᠯᠬᠡᠵᠦ ᠬᠡᠷᠡᠭᠰᠡᠬᠦ ᠵᠠᠷᠤᠳᠠᠯ ᠢ ᠨᠤᠲᠤᠭ ᠪᠡᠯᠴᠢᠭᠡᠷ ᠤᠶᠢᠲᠤ ᠭᠠᠵᠠᠷ ᠢ ᠬᠠᠭᠠᠯᠪᠤᠷᠢᠯᠠᠭᠰᠠᠨ ᠬᠠᠤᠯᠢ ᠠᠴᠠ ᠵᠥᠷᠢᠴᠡᠭᠰᠡᠨ ᠬᠥᠮᠥᠨ ᠠᠴᠠ ᠡᠭᠦᠷᠭᠡᠯᠡᠨ᠎ᠡ᠃      ︵ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0477 ︱ 7212233︶      ᠡᠭᠦᠨ ᠤ ᠲᠤᠯᠠ ᠣᠨᠴᠠᠭᠠᠶᠢᠯᠠᠨ ᠵᠠᠷᠯᠠᠪᠠ                                                                        ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                     2022 ᠣᠨ ᠤ 2 ᠰᠠᠷ᠎ᠠ ᠶᠢᠨ 11 ᠤ ᠡᠳᠤᠷ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ