ᠳᠡᠳ᠋ ᠡᠷᠬᠢᠯᠡᠭᠴᠢ᠄ ᠾᠧ ᠤᠯᠠᠭᠠᠨ
ᠨᠡᠶᠢᠲᠡᠯᠡᠭᠰᠡᠨ ᠴᠠᠭ᠄
2022/2/21
W020220113513269762436.jpg
      ᠲᠤᠰᠢᠶᠠᠯ᠄ ᠦᠦᠰᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ        ᠠᠵᠢᠯ ᠤᠨ ᠬᠤᠪᠢᠶᠠᠷᠢᠯᠠᠯ᠄ ᠡᠷᠬᠢᠯᠡᠭᠴᠢ ᠶᠢ ᠬᠠᠪᠰᠤᠷᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠪᠠ ᠲᠤᠰᠬᠠᠢ ᠲᠤᠰᠢᠶᠠᠯᠲᠤ ᠭᠡᠰᠢᠭᠦᠳ ᠢ ᠬᠤᠪᠢᠶᠠᠷᠢᠯᠠᠨ ᠬᠠᠷᠢᠭᠤᠴᠠᠨ᠎ᠠ᠃ ᠳᠤᠭ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠦᠦᠰᠢᠨᠵᠤᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠵᠢᠯᠲᠠᠨ ᠤ ᠶᠠᠪᠤᠳᠠᠯ ᠬᠦᠳᠡᠯᠮᠦᠷᠢ ᠬᠦᠴᠦ᠂ ᠰᠤᠷᠭᠠᠨ ᠬᠥᠮᠦᠵᠢᠯ ᠂ ᠪᠡᠶ᠎ᠡ ᠲᠠᠮᠢᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠬᠥᠩᠭᠡᠵᠢᠯ᠂ ᠵᠠᠬ᠎ᠠ ᠳᠡᠯᠭᠡᠭᠦᠷ  ᠤᠨ ᠬᠢᠨᠠᠨ ᠬᠠᠮᠢᠶᠠᠷᠤᠯᠲᠠ᠂ ᠴᠢᠯᠠᠭᠤᠨ ᠲᠣᠰᠣ᠂ ᠲᠠᠮᠠᠬᠢ᠂ ᠳᠠᠪᠤᠰᠤᠨ ᠶᠠᠪᠤᠳᠠᠯ ᠵᠡᠷᠭᠡ ᠠᠵᠢᠯ ᠢ ᠬᠠᠷᠢᠯᠴᠠᠨ᠎ᠠ᠃       ᠲᠣᠪᠴᠢ ᠨᠠᠮᠲᠠᠷ᠄       ᠾᠧ ᠤᠯᠠᠭᠠᠨ᠂ ᠡᠮᠡᠭᠲᠡᠢ᠂ ᠮᠣᠩᠭᠤᠯ ᠦᠨᠳᠦᠰᠦᠲᠡᠨ᠂ 1974 ᠣᠨ ᠤ 5 ᠰᠠᠷ᠎ᠠ ᠳᠤ ᠲᠥᠷᠥᠪᠡ᠂ 1995 ᠣᠨ ᠤ 7 ᠰᠠᠷ᠎ᠠ ᠳᠤ ᠠᠵᠢᠯ ᠳᠤ ᠤᠷᠤᠪᠠ᠃ ᠡᠳᠦᠭᠡ ᠦᠦᠰᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠤᠢ︔       1993.09— 1995.07 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠺᠣᠮᠫᠢᠦ᠋ᠲ᠋ᠧᠷ ᠤᠨ ᠰᠠᠯᠪᠤᠷᠢ ᠶᠢᠨ ᠺᠣᠮᠫᠢᠦ᠋ᠲ᠋ᠧᠷ ᠤᠨ ᠬᠡᠷᠡᠭᠯᠡᠭᠡᠨ ᠤ ᠲᠤᠰᠬᠠᠢ ᠮᠡᠷᠭᠡᠵᠢᠯ ᠳᠤ ᠰᠤᠷᠤᠯᠴᠠᠪᠠ︔      1995.07 — 2002.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠬᠤᠵᠢᠷ ᠤᠨ ᠨᠠᠭᠤᠷ ᠤᠨ ᠲᠤᠷᠰᠢᠯᠲᠠ ᠶᠢᠨ ᠥᠷᠲᠡᠭᠡᠨ ᠳᠤ ᠠᠵᠢᠯᠯᠠᠪᠠ ︵ᠡᠨᠡ ᠬᠤᠭᠤᠴᠠᠭᠠᠨ ᠳᠤ᠄  2000.08 ︱2002.12 ᠲᠥᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︶︔      2002.09 — 2003.10 ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠬᠦᠯᠢᠶᠡᠵᠦ ᠪᠠᠶᠢᠪᠠ︔ 2003.10 — 2006.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠳᠤ ᠠᠵᠢᠯᠯᠠᠪᠠ︔       2006.12 —2012.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠶᠠᠪᠤᠳᠠᠯ ᠤᠨ ᠲᠥᠪ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠤ ᠪᠠᠶᠢᠪᠠ ︵ᠡᠨᠡ ᠬᠤᠭᠤᠴᠠᠭᠠᠨ ᠳᠤ᠄ 2008.08︱ 2011.01 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠠᠩᠭᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ ︶ ︔      2012.09 — 2015.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠣᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠬᠢᠨᠠᠯᠲᠠ ᠳᠠᠯᠪᠢᠬᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠤ ᠪᠠᠶᠢᠪᠠ︔       2015.08 — 2016.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠡᠷᠡᠭ ᠲᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠳᠠᠰᠤᠭ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠤ ᠪᠠᠶᠢᠪᠠ︔       2016.04 — 2017.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠤ ᠪᠠᠶᠢᠪᠠ︔       2017.10 — ᠡᠳᠦᠭᠡ ᠪᠤᠯᠲᠠᠯ᠎ᠠ ᠦᠦᠰᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠤᠢ ︵ᠡᠨᠡ ᠬᠤᠭᠤᠴᠠᠭᠠᠨ ᠳᠤ᠄ 2017.10 — 2019.01 ᠦᠦᠰᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠪᠠ︶᠃
ᠢᠷᠡᠯᠲᠡ᠄ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ