ᠳᠡᠳ᠋ ᠡᠷᠬᠢᠯᠡᠭᠴᠢ᠄ ᠸᠠᠩ ᠭᠠᠩ
ᠨᠡᠶᠢᠲᠡᠯᠡᠭᠰᠡᠨ ᠴᠠᠭ᠄
2022/2/21
W020220113511317374838.jpg
      ᠲᠤᠰᠢᠶᠠᠯ᠄ ᠦᠦᠰᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠡᠳ᠋ ᠡᠷᠬᠢᠯᠡᠭᠴᠢ       ᠠᠵᠢᠯ ᠤᠨ ᠬᠤᠪᠢᠶᠠᠷᠢᠯᠠᠯ᠄ ᠡᠷᠬᠢᠯᠡᠭᠴᠢ ᠶᠢ ᠬᠠᠪᠰᠣᠷᠤᠨ ᠮᠠᠯᠵᠢᠬᠤ ᠲᠠᠷᠢᠶᠠᠯᠠᠬᠤ ᠣᠷᠣᠨ ᠪᠠ ᠣᠷᠴᠢᠨ ᠲᠣᠭᠤᠷᠢᠨ ᠤ ᠡᠬᠢ ᠪᠠᠶᠠᠯᠢᠭ ᠤᠨ ᠠᠵᠢᠯ ᠤᠨ ᠵᠥᠪᠯᠡᠯ ᠢ ᠬᠤᠪᠢᠶᠠᠷᠢᠯᠠᠨ ᠬᠠᠷᠢᠭᠤᠴᠠᠨ᠎ᠠ᠃ ᠰᠢᠷᠠᠤ᠋ᠰᠤᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠤᠯᠤᠰ ᠤᠨ ᠭᠠᠵᠠᠷ ᠰᠢᠷᠣᠢ᠂ ᠮᠠᠯ ᠲᠠᠷᠢᠶᠠᠯᠠᠩ᠂ ᠤᠢ ᠰᠢᠭᠤᠢ ᠶᠢᠨ ᠦᠢᠯᠡᠰ᠂ ᠣᠰᠣᠨ ᠠᠰᠢᠭᠯᠠᠯᠲᠠ᠂ ᠶᠠᠳᠠᠭᠤ ᠶᠢ ᠳᠡᠳᠬᠦᠬᠦ᠂ ᠠᠷᠠᠳ ᠤᠨ ᠶᠠᠪᠤᠳᠠᠯ᠂ ᠴᠠᠬᠢᠯᠭᠠᠨ ᠬᠦᠴᠦᠨ᠂ ᠴᠠᠭ ᠠᠭᠤᠷ ᠵᠡᠷᠭᠡ ᠠᠵᠢᠯ ᠢ ᠬᠠᠷᠢᠯᠴᠠᠨ᠎ᠠ᠃      ᠲᠣᠪᠴᠢ ᠨᠠᠮᠲᠠᠷ᠄       ᠸᠠᠩ ᠭᠠᠩ᠂ ᠡᠷᠡᠭᠲᠡᠢ᠂ ᠬᠢᠲᠠᠳ ᠦᠨᠳᠦᠰᠦᠲᠡᠨ᠂ 1968 ᠣᠨ ᠤ 7 ᠰᠠᠷ᠎ᠠ ᠳᠤ ᠲᠦᠷᠦᠪᠡ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1993 ᠣᠨ ᠤ 2 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1987 ᠣᠨ ᠤ 5 ᠰᠠᠷ᠎ᠠ ᠳᠤ ᠡᠬᠢᠯᠡᠨ ᠠᠵᠢᠯᠯᠠᠪᠠ᠃ ᠣᠲᠤ ᠦᠦᠰᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠬᠦᠨ᠂ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠤ᠂ ᠬᠤᠰᠢᠭᠤ ᠠᠵᠢᠯᠴᠢᠨ ᠤ ᠶᠡᠷᠦᠩᠭᠡᠢ ᠡᠪᠯᠡᠯ ᠤᠨ ᠲᠡᠷᠢᠬᠦᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠤᠢ᠃      1987.05 — 2002.06 ᠦᠦᠰᠢᠨ ᠬᠤᠰᠢᠭᠤᠨ ᠤ ᠠᠵᠢᠯᠲᠠᠨ ᠤ ᠶᠠᠪᠤᠳᠠᠯ ᠬᠥᠳᠡᠯᠮᠦᠷᠢ ᠶᠢᠨ ᠲᠣᠪᠴᠢᠶ᠎ᠠ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠶᠡᠭᠡ ᠠᠩᠭᠢ ᠶᠢᠨ ᠭᠡᠰᠢᠬᠦᠴᠢ᠂ ᠶᠡᠭᠡ ᠠᠩᠭᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠤ ᠪᠠᠶᠢᠪᠠ ︵ᠡᠨᠡ ᠬᠤᠭᠤᠴᠠᠭᠠᠨ ᠳᠤ᠄ 1989.9 — 1991.07 ᠥᠪᠥᠷ ᠮᠣᠩᠭᠤᠯ ᠤᠨ ᠺᠠᠳ᠋ᠷ ᠤᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠪᠠ᠂ 1994.8 ︱ 1996.12 ᠲᠥᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︶︔      2002.06 ︱ 2006.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠠᠵᠢᠯ ᠣᠯᠭᠤᠯᠲᠠ ᠶᠢᠨ ᠲᠣᠪᠴᠢᠶᠠᠨ ᠤ ᠳᠠᠷᠤᠭ᠎ᠠ ︵ᠳᠡᠳ᠋ ᠰᠠᠯᠠᠭᠠᠨ ᠳᠡᠰ︶ ᠶᠢᠨ ᠲᠤᠰᠢᠶᠠᠯ ᠢ ᠡᠬᠦᠷᠭᠡᠯᠡᠵᠤ ᠪᠠᠶᠢᠪᠠ︔       2006.12 ︱ 2009.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠠᠵᠢᠯ ᠣᠯᠭᠤᠯᠲᠠ ᠶᠢᠨ ᠲᠣᠪᠴᠢᠶᠠᠨ ᠤ ᠳᠠᠷᠤᠭ᠎ᠠ  ︵ᠵᠢᠩᠭᠢᠨᠢ ᠰᠠᠯᠠᠭᠠᠨ ᠳᠡᠰ︶ ᠶᠢᠨ ᠲᠤᠰᠢᠶᠠᠯ ᠢ ᠡᠬᠦᠷᠭᠡᠯᠡᠵᠤ ᠪᠠᠶᠢᠪᠠ︔        2009.04 ︱ 2011.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠠᠶᠢᠪᠠ︔       2011.01 ︱ 2012.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠬᠦᠷᠭᠡᠯᠡᠵᠤ ᠪᠠᠶᠢᠪᠠ︔       2012.12 ︱ 2017. 10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠰᠢᠷᠠᠤ᠋ᠰᠤᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠬᠦᠷᠭᠡᠯᠡᠵᠤ ᠪᠠᠶᠢᠪᠠ︔       2017.01 ︱2019.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠤ ᠰᠢᠷᠠᠤ᠋ᠰᠤᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠪᠰᠤᠷᠭᠠᠨ ᠡᠬᠦᠷᠭᠡᠯᠡᠪᠡ︔       2019.01 ︱2021.6 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠬᠦᠷᠭᠡᠯᠡᠵᠤ ᠪᠠᠶᠢᠪᠠ︔       2021.06 ︱2022.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠡᠳ᠋ ᠡᠷᠬᠢᠯᠡᠭᠴᠢ ᠶᠢᠨ ᠨᠡᠷ᠎ᠡ ᠳᠤᠷᠠᠳᠤᠭᠳᠠᠭᠰᠠᠨ  ᠵᠢᠱᠢᠭᠳᠡᠭᠴᠢ ᠶᠢᠨ ᠲᠤᠰᠢᠶᠠᠯ ᠢ ᠡᠭᠦᠷᠭᠡᠯᠡᠵᠤ᠂ 2021 ᠣᠨ ᠤ 10 ᠰᠠᠷ᠎ᠠ ᠳᠤ ᠦᠦᠰᠢᠨ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ ᠤᠨ ᠲᠡᠷᠢᠭᠦᠯᠡᠭᠴᠢ ᠶᠢᠨ ᠲᠤᠰᠢᠶᠠᠯ ᠢ ᠬᠠᠪᠰᠤᠷᠭᠠᠨ ᠡᠬᠦᠷᠭᠡᠯᠡᠵᠤ ᠪᠠᠶᠢᠪᠠ︔        2022.01—ᠤᠳᠤ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠤ᠂ ᠦᠦᠰᠢᠨ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ ᠤᠨ ᠲᠡᠷᠢᠭᠦᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠤ ᠪᠤᠢ᠃
ᠢᠷᠡᠯᠲᠡ᠄ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ