ᠡᠷᠬᠢᠯᠡᠭᠴᠢ᠄ ᠪᠤᠶᠠᠨᠮᠠᠨᠳᠤᠬᠤ
ᠨᠡᠶᠢᠲᠡᠯᠡᠭᠰᠡᠨ ᠴᠠᠭ᠄
2022/2/21
W020220113511141111465.jpg
      ᠲᠤᠰᠢᠶᠠᠯ᠄ ᠦᠦᠰᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ       ᠠᠵᠢᠯ ᠤᠨ ᠬᠤᠪᠢᠶᠠᠷᠢᠯᠠᠯ᠄ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃       ᠲᠣᠪᠴᠢ ᠨᠠᠮᠲᠠᠷ᠄       ᠨᠢᠭᠡ᠄ ᠦᠨᠳᠦᠰᠦᠨ ᠪᠠᠶᠢᠳᠠᠯ       ᠪᠤᠶᠠᠨᠮᠠᠨᠳᠤᠬᠤ᠂ ᠡᠷᠡᠭᠲᠡᠢ᠂ ᠮᠣᠩᠭᠤᠯ ᠦᠨᠳᠦᠰᠦᠲᠡᠨ᠂ 1966 ᠣᠨ ᠤ 9 ᠰᠠᠷ᠎ᠠ ᠳᠤ ᠲᠥᠷᠥᠪᠠ᠂ ᠦᠦᠰᠢᠨ ᠬᠤᠰᠢᠭᠤᠨ ᠤ ᠬᠦᠮᠦᠨ᠂ ᠶᠡᠭᠡ ᠰᠤᠷᠭᠠᠭᠤᠯᠢ ᠶᠢᠨ ᠵᠢᠩᠭᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ 1988 ᠣᠨ ᠤ 7 ᠰᠠᠷ᠎ᠠ ᠳᠤ ᠡᠬᠢᠯᠡᠨ ᠠᠵᠢᠯᠯᠠᠵᠤ᠂ 1988 ᠣᠨ ᠤ 5 ᠰᠠᠷ᠎ᠠ ᠳᠤ ᠳᠣᠮᠳᠠᠳᠣ ᠤᠯᠤᠰ ᠤᠨ ᠡᠪ ᠬᠠᠮᠲᠤ ᠨᠠᠮ ᠳᠤ ᠣᠷᠣᠪᠠ᠃ ᠤᠳᠤ ᠦᠦᠰᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠤᠢ᠃       ᠬᠤᠶᠠᠷ᠄ ᠠᠵᠢᠯ ᠤᠨ ᠲᠣᠪᠴᠢ ᠨᠠᠮᠲᠠᠷ       1988.07 —1989.09  ᠵᠡᠭᠦᠨᠭᠠᠷ ᠬᠤᠰᠢᠭᠤᠨ ᠤ ᠦᠨᠳᠦᠰᠦᠲᠡᠨ ᠤ ᠪᠠᠭ᠎ᠠ ᠰᠤᠷᠭᠠᠭᠤᠯᠢ ᠳᠤ ᠪᠠᠭᠰᠢᠯᠠᠵᠤ᠂ ᠠᠩᠭᠢ ᠶᠢᠨ ᠡᠷᠬᠢᠯᠡᠭᠴᠢ ᠶᠢᠨ ᠠᠵᠢᠯ ᠢ ᠬᠠᠷᠢᠭᠤᠴᠠᠵᠤ ᠪᠠᠶᠢᠪᠠ︔       1989.09 —2002.07 ᠦᠦᠰᠢᠨ ᠬᠤᠰᠢᠭᠤᠨ ᠤ ᠤᠤᠯ ᠤᠨ ᠱᠠᠷᠯᠢᠭ ᠰᠤᠮᠤᠨ ᠳᠤ ᠠᠵᠢᠯᠯᠠᠵᠤ᠂ ᠤᠷᠢᠳ ᠬᠤᠵᠢᠳ ᠨᠠᠷᠢᠨ ᠪᠢᠴᠢᠭᠡᠴᠢ᠂ ᠲᠥᠯᠥᠪᠯᠡᠭᠡᠲᠦ ᠬᠥᠩᠭᠡᠵᠢᠯ ᠤᠨ ᠠᠵᠢᠯ ᠤᠨ ᠠᠯᠪᠠᠨ ᠭᠡᠷ ᠤᠨ ᠡᠷᠬᠢᠯᠡᠭᠴᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠶᠡᠷᠦᠩᠬᠡᠶᠢᠯᠡᠨ ᠵᠠᠰᠠᠬᠤ ᠠᠵᠢᠯ ᠤᠨ ᠱᠦᠵᠢ᠂ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔       2002.07 — 2006.10 ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠠᠵᠢᠯᠯᠠᠵᠤ᠂ ᠳᠡᠳ᠋ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂  ᠠᠯᠪᠠᠨ ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠤ ᠪᠠᠶᠢᠪᠠ︔       2006.10 — 2009.04 ᠰᠦᠯᠳᠡ ᠰᠤᠮᠤᠨ ᠳᠤ ᠠᠵᠢᠯᠯᠠᠵᠤ᠂ ᠤᠷᠢᠳ ᠬᠤᠵᠢᠳ ᠰᠤᠮᠤᠨ ᠳᠠᠷᠤᠭ᠎ᠠ᠂ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔       2009.04 — 2015.01 ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠲᠤ ᠠᠵᠢᠯᠯᠠᠵᠤ᠂ 2009 ᠣᠨ ᠤ 4 ᠰᠠᠷ᠎ᠠ ᠠᠴᠠ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ᠂ 11 ᠰᠠᠷ᠎ᠠ ᠠᠴᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔       2015.01 — 2016.04 ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔       2016.04 —2017.02 ᠦᠦᠰᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔       2017.02 —2017.10 ᠦᠦᠰᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔       2017.10 —2017.12 ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔      2017.12 —ᠣᠳᠣ ᠪᠤᠯᠳᠠᠯ᠎ᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠤᠢ᠃ 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ