ᠳᠡᠳ᠋ ᠲᠡᠷᠢᠭᠦᠯᠡᠭᠴᠢ᠄ ᠭᠤᠤ ᠴᠢᠶᠠᠩ ᠶᠢᠩ
ᠨᠡᠶᠢᠲᠡᠯᠡᠭᠰᠡᠨ ᠴᠠᠭ᠄
2022/2/21
W020220113571479104849.jpg
      ᠲᠤᠰᠢᠶᠠᠯ᠄ ᠦᠦᠰᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠬᠦᠨ᠂ ᠳᠡᠳ᠋ ᠲᠡᠷᠢᠭᠦᠯᠡᠭᠴᠢ      ᠠᠵᠢᠯ ᠤᠨ ᠬᠤᠪᠢᠶᠠᠷᠢᠯᠠᠯ᠄ ᠲᠡᠷᠢᠭᠦᠯᠡᠭᠴᠢ ᠶᠢ ᠬᠠᠪᠰᠤᠷᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠪᠡᠶ᠎ᠡ ᠲᠠᠮᠢᠷ᠂ ᠨᠡᠶᠢᠭᠡᠮ ᠤᠨ ᠬᠠᠤᠯᠢ ᠳᠦᠷᠢᠮ ᠪᠠ ᠬᠥᠮᠥᠨ ᠠᠮᠠ ᠡᠬᠢ ᠪᠠᠶᠠᠯᠢᠭ ᠣᠷᠴᠢᠨ ᠲᠤᠭᠤᠷᠢᠨ ᠤ ᠲᠠᠯ᠎ᠠ ᠶᠢᠨ ᠠᠵᠢᠯ ᠢ ᠬᠠᠷᠢᠭᠤᠴᠠᠵᠤ᠂ ᠨᠡᠶᠢᠭᠡᠮ ᠤᠨ ᠠᠵᠢᠯ ᠦᠢᠯᠡᠰ ᠤᠨ ᠵᠦᠪᠯᠡᠯ ᠢ ᠬᠤᠪᠢᠶᠠᠷᠢᠯᠠᠨ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠠᠤᠯᠢ ᠴᠠᠭᠠᠵᠠ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠦᠵᠢᠯ ᠪᠡᠶ᠎ᠡ ᠲᠠᠮᠢᠷ᠂ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ ᠬᠠᠤᠯᠢ ᠬᠡᠷᠡᠭᠵᠢᠭᠦᠯᠦᠯᠲᠡ ᠵᠡᠷᠭᠡ ᠲᠠᠯ᠎ᠠ ᠶᠢᠨ ᠠᠵᠢᠯ ᠢ  ᠬᠠᠷᠢᠯᠴᠠᠨ᠎ᠠ᠃      ᠲᠣᠪᠴᠢ ᠨᠠᠮᠲᠠᠷ᠄ ᠭᠤᠤ ᠴᠢᠶᠠᠩ ᠶᠢᠩ᠂ ᠡᠮᠡᠭᠲᠡᠢ᠂ ᠬᠢᠲᠠᠳ ᠦᠨᠳᠦᠰᠦᠲᠡᠨ᠂ 1977 ᠣᠨ ᠤ 5 ᠰᠠᠷ᠎ᠠ ᠳᠤ ᠲᠦᠷᠦᠵᠠᠢ᠂ ᠦᠦᠰᠢᠨ ᠬᠤᠰᠢᠭᠤᠨ ᠤ ᠬᠥᠮᠥᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1996 ᠣᠨ ᠤ 9 ᠰᠠᠷ᠎ᠠ ᠳᠤ ᠠᠵᠢᠯ ᠳᠤ ᠣᠷᠣᠵᠤ᠂ 1999 ᠣᠨ ᠤ 6 ᠰᠠᠷ᠎ᠠ ᠳᠤ ᠨᠠᠮ ᠳᠤ ᠣᠷᠣᠵᠠᠢ᠃ ᠤᠳᠤ ᠦᠦᠰᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠬᠦᠨ᠂ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠤᠢ᠃      1999.09 ︱2000.05 ᠦᠦᠰᠢᠨ ᠬᠤᠰᠢᠭᠤᠨ ᠤ ᠤᠤᠯ ᠤᠨ ᠬᠤᠵᠢᠷᠲᠤ ᠰᠢᠶᠠᠩ ᠤᠨ ᠵᠠᠰᠠᠭ ᠤᠨ ᠣᠷᠳᠣᠨ ᠳᠤ ᠠᠵᠢᠯᠯᠠᠵᠦ ᠪᠠᠶᠢᠪᠠ︔      2000.05 —2003.03 ᠦᠦᠰᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠳᠤ ᠠᠵᠢᠯᠯᠠᠵᠦ ᠪᠠᠶᠢᠪᠠ︔      2003.03 ︱2005.06 ᠦᠦᠰᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔      2005.06 ︱ 2009.04 ᠦᠦᠰᠢᠨ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔      2009.04 ︱2015.12 ᠦᠦᠰᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠪᠠ︔      2015.12 ︱ 2016.04 ᠦᠦᠰᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠪᠠ︔      2016.04 ︱ 2021.07 ᠦᠦᠰᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔      2021.07 ︱ 2022.01 ᠦᠦᠰᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠬᠦᠨ ᠂ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔      2022.01 ︱ ᠤᠳᠤ ᠪᠣᠯᠲᠠᠯ᠎ᠠ ᠦᠦᠰᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠬᠦᠨ᠂ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠬᠦᠷᠭᠡᠯᠡᠵᠦ ᠪᠤᠢ᠃    
ᠢᠷᠡᠯᠲᠡ᠄ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ