ᠳᠡᠳ᠋ ᠲᠡᠷᠢᠭᠦᠯᠡᠭᠴᠢ᠄ ᠣᠶᠤᠨᠪᠢᠯᠢᠭ᠌
ᠨᠡᠶᠢᠲᠡᠯᠡᠭᠰᠡᠨ ᠴᠠᠭ᠄
2022/2/21
W020220113574802614432.jpg
      ᠲᠤᠰᠢᠶᠠᠯ᠄ ᠦᠦᠰᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ      ᠠᠵᠢᠯ ᠤᠨ ᠬᠤᠪᠢᠶᠠᠷᠢᠯᠠᠯ᠄ ᠲᠡᠷᠢᠭᠦᠯᠡᠭᠴᠢ ᠶᠢ ᠬᠠᠪᠰᠤᠷᠤᠨ ᠰᠣᠶᠣᠯ ᠲᠡᠦᠬᠡ ᠪᠠ ᠰᠤᠷᠤᠯᠴᠠᠯᠭ᠎ᠠ᠂ ᠨᠢᠭᠡᠳᠦᠮᠡᠯ ᠹᠷᠣᠨᠲ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ ᠰᠣᠶᠣᠯ ᠲᠡᠦᠬᠡ ᠪᠠ ᠰᠤᠷᠤᠯᠴᠠᠯᠭ᠎ᠠ ᠶᠢᠨ ᠺᠣᠮᠢᠰ ᠢ ᠬᠤᠪᠢᠶᠠᠷᠢᠯᠠᠨ ᠬᠠᠷᠢᠭᠤᠴᠠᠨ᠎ᠠ᠃ ᠤᠬᠠᠭᠤᠯᠭ᠎ᠠ᠂ ᠨᠢᠭᠡᠳᠦᠮᠡᠯ ᠹᠷᠣᠨᠲ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠦᠨᠳᠦᠰᠦᠲᠡᠨ ᠤ ᠬᠡᠷᠡᠭ ᠶᠠᠪᠤᠳᠠᠯ᠂ ᠰᠣᠶᠣᠯ ᠪᠠ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠯᠴᠠᠨ᠎ᠠ᠃      ᠲᠣᠪᠴᠢ ᠨᠠᠮᠲᠠᠷ᠄ ᠡᠷᠡᠭᠲᠡᠢ᠂ ᠮᠣᠩᠭᠤᠯ ᠦᠨᠳᠦᠰᠦᠲᠡᠨ᠂ 1976 ᠣᠨ ᠤ 3 ᠰᠠᠷ᠎ᠠ ᠳᠤ ᠲᠦᠷᠦᠵᠠᠢ᠂ ᠦᠦᠰᠢᠨ ᠬᠤᠰᠢᠭᠤᠨ ᠤ ᠬᠥᠮᠥᠨ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ 1998 ᠣᠨ ᠤ 8 ᠰᠠᠷ᠎ᠠ ᠳᠤ ᠠᠵᠢᠯ ᠳᠤ ᠣᠷᠣᠵᠠᠢ᠃ ᠤᠳᠤ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠦᠰᠢᠨ ᠬᠤᠰᠢᠭᠤᠨ ᠤ ᠬᠤᠷᠢᠶᠠᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃      1995.09 —1998.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡ ᠪᠢᠴᠢᠭ ᠤᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠪᠠ︔      1998.07 —1998.08 ᠠᠵᠢᠯ ᠬᠦᠯᠢᠶᠡᠵᠦ ᠪᠠᠶᠢᠪᠠ︔       1998.08 —2002.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠤᠨ ᠨᠠᠷᠢᠨ ᠪᠢᠴᠢᠭᠡᠴᠢ᠂ ᠣᠷᠴᠢᠭᠤᠯᠤᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔      2002.09—2007.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ ︵ᠡᠨᠡ ᠬᠤᠭᠤᠴᠠᠭᠠᠨ ᠳᠤ᠄ 2005.01 — 2006.01 ᠪᠣᠯᠲᠠᠯ᠎ᠠ ᠤᠤᠯ ᠤᠨ ᠭᠠᠯᠠᠭᠤᠲᠤ ᠰᠤᠮᠤ ᠶᠢᠨ ᠳᠡᠳ᠋ ᠰᠤᠮᠤᠨ ᠳᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠵᠦ ᠪᠠᠶᠢᠪᠠ︶︔      2001.10 —2003.12 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠥᠪᠡᠷᠳᠡᠭᠡᠨ ᠰᠢᠯᠭᠠᠭᠤᠯᠬᠤ ᠵᠢᠩᠬᠢᠨᠢ ᠠᠩᠭᠢ ᠳᠤ ᠰᠤᠷᠤᠯᠴᠠᠵᠤ ᠪᠠᠶᠢᠪᠠ︔      2007.08 —2012.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ︔      2012.09—2017.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠨ ᠤ ᠲᠡᠷᠢᠭᠦᠯᠡᠭᠴᠢ ︵ᠵᠢᠩᠬᠢᠨᠢ ᠰᠠᠯᠠᠭᠠᠨ ᠳᠡᠰ︶ ᠶᠢᠨ ᠲᠤᠰᠢᠶᠠᠯ ᠢ ᠡᠭᠦᠷᠭᠡᠯᠡᠵᠦ ᠪᠠᠶᠢᠪᠠ︔       2017.10—2019.3 ᠦᠦᠰᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠬᠦ ᠶᠢᠨ ᠬᠠᠮᠲᠤ ᠦᠦᠰᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠨ ᠤ ᠲᠡᠷᠢᠭᠦᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ ᠪᠠᠶᠢᠪᠠ︔      2019.03—ᠡᠳᠦᠭᠡ ᠪᠤᠯᠲᠠᠯ᠎ᠠ ᠦᠦᠰᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠤᠢ︔
ᠢᠷᠡᠯᠲᠡ᠄ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ