ᠲᠡᠷᠢᠭᠦᠯᠡᠭᠴᠢ᠄ ᠬᠤᠤ ᠸᠧᠢ
ᠨᠡᠶᠢᠲᠡᠯᠡᠭᠰᠡᠨ ᠴᠠᠭ᠄
2022/2/21
W020180126555903640735.jpg
      ᠲᠤᠰᠢᠶᠠᠯ᠄ ᠦᠦᠰᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ      ᠠᠵᠢᠯ ᠤᠨ ᠬᠤᠪᠢᠶᠠᠷᠢᠯᠠᠯ᠄ ᠤᠯᠤᠰ ᠲᠦᠷᠦ ᠶᠢᠨ ᠵᠥᠪᠯᠡᠯᠭᠡᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃      ᠲᠣᠪᠴᠢ ᠨᠠᠮᠲᠠᠷ᠄ ᠬᠤᠤ ᠸᠧᠢ᠂ ᠡᠷᠡᠭᠲᠡᠢ᠂ ᠬᠢᠲᠠᠳ ᠦᠨᠳᠦᠰᠦᠲᠡᠨ᠂ 1969 ᠣᠨ ᠤ 2 ᠰᠠᠷ᠎ᠠ ᠳᠤ ᠲᠦᠷᠦᠵᠠᠢ᠂ ᠵᠡᠭᠦᠨᠭᠠᠷ ᠬᠤᠰᠢᠭᠤᠨ ᠤ ᠬᠥᠮᠥᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1989 ᠣᠨ ᠤ 9 ᠰᠠᠷ᠎ᠠ ᠳᠤ ᠠᠵᠢᠯ ᠳᠤ ᠣᠷᠣᠵᠤ᠂ 1990 ᠣᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠤᠳᠤ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠦᠰᠢᠨ ᠬᠤᠰᠢᠭᠤᠨ ᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠤᠢ᠃      1989.09 —1991.03 ᠦᠦᠰᠢᠨ ᠬᠤᠰᠢᠭᠤᠨ ᠤ ᠤᠤᠯ ᠤᠨ ᠤᠯᠠᠭᠠᠨᠰᠢᠪᠠᠷᠲᠠᠢ ᠰᠢᠶᠠᠩ ᠳᠤ ᠠᠵᠢᠯᠯᠠᠵᠤ ᠪᠠᠶᠢᠪᠠ︔      1991.03 —1999.01 ᠦᠦᠰᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠷᠢᠨ ᠪᠢᠴᠢᠭᠡᠴᠢ᠂ ᠶᠡᠷᠦᠩᠬᠡᠶᠢᠯᠡᠭᠰᠡᠨ ᠨᠠᠷᠢᠨ ᠪᠢᠴᠢᠭᠡᠴᠢ ᠶᠢᠨ ᠲᠤᠰᠢᠶᠠᠯ ᠢ ᠤᠷᠢᠳ ᠬᠤᠵᠢᠳ ᠡᠭᠦᠷᠭᠡᠯᠡᠵᠦ ᠪᠠᠶᠢᠪᠠ︔      1999.01 — 2005.10 ᠦᠦᠰᠢᠨ ᠬᠤᠰᠢᠭᠤᠨ ᠤ ᠤᠤᠯ ᠤᠨ ᠬᠤᠸᠠᠲᠤᠯᠤᠭᠠᠢ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ᠂ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠤᠷᠢᠳ ᠬᠤᠵᠢᠳ ᠡᠭᠦᠷᠭᠡᠯᠡᠵᠦ ᠪᠠᠶᠢᠪᠠ︔      2005.10 — 2010.12 ᠦᠦᠰᠢᠨ ᠬᠤᠰᠢᠭᠤᠨ ᠤ ᠰᠢᠷᠠᠤ᠋ᠰᠤᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠪᠠ ︵ᠡᠨᠡ ᠬᠤᠭᠤᠴᠠᠭᠠᠨ ᠳᠤ᠄ 2009.04 ᠦᠦᠰᠢᠨ ᠬᠤᠰᠢᠭᠤᠨ ᠤ ᠨᠠᠷᠢᠠᠭᠤᠤᠯ ᠬᠢᠮᠢ ᠶᠢᠨ ᠦᠢᠯᠡᠳᠪᠦᠷᠢ ᠶᠢᠨ ᠲᠥᠷᠥᠯ ᠵᠦᠢᠯ ᠤᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ᠂ ᠱᠦᠵᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ ᠪᠠᠶᠢᠪᠠ︶︔      2010.12 — 2011.05 ᠦᠦᠰᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠪᠠ︔       2011.05 — 2017.10 ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠪᠠ︔       2017.10 — ᠤᠳᠤ ᠪᠣᠯᠲᠠᠯ᠎ᠠ ᠦᠦᠰᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠤᠢ︔
ᠢᠷᠡᠯᠲᠡ᠄ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ