ᠳᠡᠳ᠋ ᠲᠡᠷᠢᠬᠦᠯᠡᠭᠴᠢ᠄ ᠰᠢᠶᠧ ᠰᠢᠶᠣᠣ ᠵᠢᠶᠦ᠋ᠨ
ᠨᠡᠶᠢᠲᠡᠯᠡᠭᠰᠡᠨ ᠴᠠᠭ᠄
2022/2/8
W020230321362150830330.jpg    
                        ᠲᠤᠰᠢᠶᠠᠯ᠄ ᠦᠦᠰᠢᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ      ᠠᠵᠢᠯ ᠤᠨ ᠬᠤᠪᠢᠶᠠᠷᠢᠯᠠᠯ᠄ ᠲᠡᠷᠢᠭᠦᠯᠡᠭᠴᠢ ᠶᠢ ᠬᠠᠪᠰᠤᠷᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠪᠡᠶ᠎ᠡ ᠲᠠᠮᠢᠷ᠂ ᠨᠡᠶᠢᠭᠡᠮ ᠤᠨ ᠬᠠᠤᠯᠢ ᠳᠦᠷᠢᠮ ᠪᠠ ᠬᠥᠮᠥᠨ ᠠᠮᠠ ᠡᠬᠢ ᠪᠠᠶᠠᠯᠢᠭ ᠣᠷᠴᠢᠨ ᠲᠤᠭᠤᠷᠢᠨ ᠤ ᠲᠠᠯ᠎ᠠ ᠶᠢᠨ ᠠᠵᠢᠯ ᠢ ᠬᠠᠷᠢᠭᠤᠴᠠᠵᠤ᠂ ᠬᠤᠪᠢᠶᠠᠷᠢᠯᠠᠨ ᠬᠠᠮᠢᠶᠠᠷᠴᠤ ᠪᠠᠶᠢᠭ᠎ᠠ ᠰᠢᠰᠲ᠋ᠧᠮ ᠤᠨ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠥᠪᠯᠡᠬᠦ ᠠᠷᠠᠳᠴᠢᠯᠠᠯ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ᠂ ᠡᠲᠡᠭᠡᠳ ᠤᠨ ᠢᠯᠭᠠᠯ ᠤᠨ ᠠᠵᠢᠯᠯᠠᠭ᠎ᠠ ᠵᠡᠷᠭᠡ ᠠᠵᠢᠯ ᠢ ᠡᠭᠦᠷᠭᠡᠯᠡᠵᠦ᠂ ᠨᠡᠶᠢᠭᠡᠮ ᠤᠨ ᠠᠵᠢᠯ ᠦᠢᠯᠡᠰ ᠤᠨ ᠺᠣᠮᠢᠰ ᠢ ᠬᠤᠪᠢᠶᠠᠷᠢᠯᠠᠨ ᠬᠠᠮᠢᠶᠠᠷᠤᠨ᠎ᠠ᠃ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠪᠡᠶ᠎ᠡ ᠲᠠᠮᠢᠷ ᠤᠨ ᠵᠥᠪᠯᠡᠯ᠂ ᠨᠡᠶᠢᠭᠡᠮ ᠤᠨ ᠬᠠᠤᠯᠢ ᠳᠦᠷᠢᠮ ᠪᠣᠯᠣᠨ ᠬᠥᠮᠥᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠲᠠᠢ ᠬᠠᠷᠢᠯᠴᠠᠨ᠎ᠠ᠃ ᠦᠦᠰᠢᠨᠵᠤᠤ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃      ᠬᠠᠷᠢᠯᠴᠠᠬᠤ ᠨᠢ᠄ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠦᠵᠢᠯ ᠪᠡᠶ᠎ᠡ ᠲᠠᠮᠢᠷ᠂ ᠣᠷᠴᠢᠨ ᠲᠣᠭᠤᠷᠢᠨ ᠤ ᠬᠠᠮᠠᠭᠠᠯᠠᠯᠲᠠ ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠵᠠᠮ ᠬᠠᠷᠢᠯᠴᠠᠭ᠎ᠠ᠂ ᠡᠮ ᠡᠮᠨᠡᠯᠭᠡ ᠶᠢᠨ ᠪᠠᠲᠤᠯᠠᠭ᠎ᠠ᠂ ᠴᠡᠷᠢᠭ ᠠᠴᠠ ᠬᠠᠯᠠᠭᠳᠠᠭᠰᠠᠳ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ ᠬᠠᠤᠯᠢ ᠬᠡᠷᠡᠭᠵᠢᠭᠦᠯᠦᠯᠲᠡ ᠵᠡᠷᠭᠡ ᠲᠠᠯ᠎ᠠ ᠶᠢᠨ ᠠᠵᠢᠯ᠃      ᠲᠣᠪᠴᠢ ᠨᠠᠮᠲᠠᠷ᠄ ᠰᠢᠶᠧ ᠰᠢᠶᠣᠣ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 12 ᠰᠠᠷ᠎ᠠ ᠳᠤ ᠲᠦᠷᠦᠵᠠᠢ᠂ ᠦᠦᠰᠢᠨ ᠬᠤᠰᠢᠭᠤᠨ ᠤ ᠬᠥᠮᠥᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1993 ᠣᠨ ᠤ 8 ᠰᠠᠷ᠎ᠠ ᠳᠤ ᠠᠵᠢᠯ ᠳᠤ ᠣᠷᠣᠵᠤ᠂ 1995 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠤᠳᠤ ᠦᠦᠰᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠲᠤᠰᠢᠶᠠᠯ ᠢ ᠡᠬᠦᠷᠭᠡᠯᠡᠵᠤ ᠪᠤᠢ᠃      1991. 09 ︱1993. 07 ᠥᠪᠥᠷ ᠮᠣᠩᠭᠤᠯ ᠤᠨ ᠪᠤᠭᠤᠲᠤ ᠶᠢᠨ ᠪᠠᠭᠰᠢ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠭᠠᠵᠠᠷ ᠵᠦᠢ ᠶᠢᠨ ᠰᠠᠯᠪᠤᠷᠢ ᠶᠢᠨ ᠭᠠᠵᠠᠷ ᠵᠦᠢ ᠶᠢᠨ ᠲᠤᠰᠬᠠᠢ ᠮᠡᠷᠭᠡᠵᠢᠯ ᠢ ᠰᠤᠷᠤᠯᠴᠠᠪᠠ︔      1993.07︱1993.08 ᠠᠵᠢᠯ ᠬᠦᠯᠢᠶᠡᠪᠡ︔      1993.08 ︱1997.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠳᠠᠪᠴᠠᠭ ᠪᠠᠯᠭᠠᠰᠤᠨ ᠤ ᠳᠤᠮᠳᠠᠳᠤ ᠰᠤᠷᠭᠠᠭᠤᠯᠢ ᠶᠢᠨ ᠪᠠᠭᠰᠢ᠂ ᠡᠪᠯᠡᠯ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠪᠡ︔      1997.11 ︱2002.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠡᠪᠯᠡᠯ ᠤᠨ ᠬᠤᠷᠢᠶᠠᠨ ᠤ ᠳᠡᠳ᠋ ᠱᠦᠵᠢ ᠳᠡᠳ᠋ ᠰᠠᠯᠠᠭᠠᠨ ᠳᠡᠰ ᠤᠨ ᠲᠤᠰᠢᠶᠠᠯ ᠢ ᠡᠭᠦᠷᠭᠡᠯᠡᠪᠡ ︵1998.08 ︱2002.12 ᠲᠥᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠳᠡᠭᠡᠳᠦ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠢ ᠰᠤᠷᠤᠯᠴᠠᠪᠠ︶︔      2002.06 ︱2005.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠪᠡ᠃      2005.02 ︱2005.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠤᠯᠠᠭᠠᠨᠲᠣᠯᠤᠭᠠᠢ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔      2005.10 ︱2006.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠪᠡ︔      2006.10 ︱ 2007.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠰᠢᠭᠤ ᠰᠢᠭᠤᠳ ᠬᠠᠷᠢᠶ᠎ᠠ ᠠᠯᠪᠠᠨ ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶᠠᠨ  ᠤ ᠱᠦᠵᠢ ᠶᠢᠨ ᠲᠤᠰᠢᠶᠠᠯ ᠢ ᠡᠭᠦᠷᠭᠡᠯᠡᠪᠡ︔      2007.08 ︱2009.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔      2009.04 ︱2015.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔      2015.04 ︱2019.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔      2019.01 ︱2019.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔      2019.06 ︱2021.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠢ ᠡᠭᠦᠷᠭᠡᠯᠡᠪᠡ︔      2021.04 ︱2022.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔      2022.12 ︱2023.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠢ ᠡᠭᠦᠷᠭᠡᠯᠡᠪᠡ︔      2022.01 ︱2023.02 ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠢ ᠡᠭᠦᠷᠭᠡᠯᠡᠪᠡ︔      2023.02︱ ᠣᠲᠣ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠢ ᠡᠭᠦᠷᠭᠡᠯᠡᠵᠤ ᠪᠤᠢ᠃   
ᠢᠷᠡᠯᠲᠡ᠄ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ