【2022.1.8 】ᠦᠣᠰᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ ︵ᠨᠢᠭᠡ︶ | | | ᠵᠠᠰᠠᠭ ᠤᠨ ᠤᠷᠳᠤᠨ ᠤ ᠠᠵᠢᠯ ᠤᠨ ᠢᠯᠡᠳᠬᠡᠯ | | — 2022 ᠣᠨ ᠤ 1 ᠰᠠᠷ᠎ᠠ ᠶᠢᠨ 8 ᠤ ᠡᠳᠦᠷ ᠤᠨ ᠦᠣᠰᠢᠨ ᠬᠤᠰᠢᠭᠤᠨ ᠤ ᠠᠷᠪᠠᠨ | ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ | ᠠᠩᠬᠠᠳᠣᠭᠠᠷ ᠬᠤᠷᠠᠯᠳᠤᠭᠠᠨ ᠳᠡᠭᠡᠷ᠎ᠡ | | | ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠣᠷᠣᠯᠠᠭᠴᠢ ᠬᠤᠰᠢᠭᠤ ᠳᠠᠷᠤᠭ᠎ᠠ ᠰᠢᠨ᠎ᠠ | | | ᠲᠦᠯᠦᠭᠡᠯᠡᠭᠴᠢᠳ ᠡ᠄ | ᠬᠤᠰᠢᠭᠤ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠤᠳᠤ ᠪᠢ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠠ᠂ ᠳᠠᠨᠠᠷ ᠬᠢᠨᠠᠨ ᠵᠦᠪᠯᠡᠬᠦ | ᠪᠣᠯᠪᠠᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠤᠷᠤᠯᠴᠠᠭᠰᠡᠳ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠨᠠᠰᠢ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠪᠣᠯᠤᠨ ᠭᠡᠨᠡᠳᠲᠡ ᠡᠭᠦᠰᠦᠭᠰᠡᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠨᠥᠯᠥᠭᠡᠯᠡᠯ ᠤᠨ ᠡᠮᠤᠨ᠎ᠡ ᠪᠢᠳᠠ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ | ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠣᠨ ᠰᠣᠷᠣᠯᠴᠠᠵᠣ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠲᠠᠢ ᠨᠢᠭᠲᠠᠷᠠᠨ ᠪᠦᠯᠬᠦᠮᠳᠡᠨ ᠲᠦᠰᠢᠯᠴᠡᠵᠦ ᠡᠷᠡᠯᠬᠡᠭᠯᠡᠨ ᠲᠡᠮᠡᠴᠡᠵᠦ ᠰᠢᠷᠭᠠᠭᠤ ᠬᠠᠲᠠᠭᠤᠵᠢᠯᠲᠠᠶ ᠪᠠᠷ ᠠᠵᠢᠯᠯᠠᠨ ᠲᠣᠭᠲᠠᠭᠰᠠᠨ | ᠬᠤᠭᠤᠴᠠᠭᠠᠨ ᠳᠤ ᠪᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ | ᠠᠭᠤᠤ ᠶᠡᠭᠡ ᠲᠡᠤᠭᠡᠲᠤ ᠡᠭᠦᠷᠭᠡ ᠶᠢ ᠪᠡᠶᠡᠯᠡᠬᠦᠯᠵᠤ ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠥᠯᠥᠪᠵᠢᠭᠦᠯᠭᠡ ᠶᠢ ᠠᠮᠵᠢᠯᠳᠠᠳᠠᠢ ᠳᠡᠬᠦᠰᠬᠡᠭᠰᠡᠨ ᠪᠠ ︽ | ᠠᠷᠪᠠᠨ ᠲᠦᠷᠪᠡᠳᠣᠬᠡᠷ ᠳᠠᠪᠣᠨ ᠵᠢᠯ︾ ᠢ ᠰᠠᠶᠢᠨ ᠰᠠᠶᠢᠬᠠᠨ ᠡᠬᠢᠯᠡᠬᠦᠯᠵᠣ ᠨᠡᠶᠢᠭᠡᠮ ᠵᠢᠷᠣᠮᠳᠣ ᠣᠳᠣᠬᠢᠴᠢᠯᠠᠭᠰᠠᠨ ᠨᠣᠮᠢᠨ ᠳᠠᠩᠰᠤᠭ ᠦᠦᠰᠢᠨ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠤᠷᠤᠭᠰᠢᠲᠠᠶ ᠡᠬᠢᠯᠡᠭᠦᠯᠪᠠ᠃ | ᠪᠢᠳᠡ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠢᠮᠠᠭᠲᠠ ᠲᠥᠪᠯᠡᠷᠡᠭᠦᠯᠵᠦ᠂ ᠠᠵᠤ ᠠᠬᠤᠢ ᠶᠢᠨ ᠶᠡᠷᠦᠩᠬᠡᠶᠢᠯᠡᠭᠰᠡᠨ | ᠪᠣᠳᠠᠲᠤ ᠬᠦᠴᠦᠨ ᠢ ᠲᠣᠭᠲᠠᠭᠤᠨ ᠢᠶᠠᠷ ᠳᠡᠭᠡᠭᠰᠢᠯᠡᠬᠦᠯᠪᠠ᠃ ᠵᠢᠱᠢᠭᠰᠡᠨ ᠢᠶᠠᠷ ᠣᠷᠣᠨ ᠨᠣᠳᠤᠭ ᠤᠨ ᠣᠶᠢᠯᠡᠳᠪᠦᠷᠢᠯᠡᠯ ᠤᠨ ᠪᠥᠬᠦ ᠥᠷᠲᠡᠭ ᠢ 2017 ᠣᠨ | ᠳᠤ 256 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2021 ᠣᠨ ᠳᠤ 340 ᠳ᠋ᠦᠩᠰᠢᠭᠤᠷ ᠲᠥᠭᠦᠷᠢᠭ ᠬᠦᠷᠬᠡᠵᠣ᠂ ᠵᠢᠯ ᠪᠦᠷᠢ ᠳᠤᠮᠳᠠᠴᠢ ᠪᠠᠷ 5. | 9% ᠨᠡᠮᠡᠭᠳᠡᠬᠦᠯᠪᠠ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 16.3 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 34.4 | ᠳ᠋ᠦᠩᠰᠢᠭᠤᠷ ᠲᠥᠭᠦᠷᠢᠭ ᠲᠤ ᠬᠦᠷᠬᠡᠵᠣ ᠵᠢᠯ ᠪᠦᠷᠢ ᠳᠤᠮᠳᠠᠴᠢ ᠪᠠᠷ 20.5% ᠨᠡᠮᠡᠭᠳᠡᠬᠦᠯᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠣᠷᠣᠯᠠᠭᠤᠯᠣᠭᠰᠠᠨ ᠪᠦᠬᠦ ᠲᠤᠭ᠎ᠠ ᠶᠢ 33.8 ᠳ᠋ᠦᠩᠰᠢᠭᠤᠷ ᠲᠥᠭᠦᠷᠢᠭ ᠠᠴᠠ 35.8 ᠳ᠋ᠦᠩᠰᠢᠭᠤᠷ ᠲᠥᠭᠦᠷᠢᠭ ᠬᠦᠷᠬᠡᠵᠦ ᠵᠢᠯ ᠪᠦᠷᠢ ᠲᠤᠮᠳᠠᠴᠢ ᠪᠠᠷ 1. | 4% ᠨᠡᠮᠡᠭᠳᠡᠬᠦᠯᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ 720 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰᠪᠤᠷᠢ 51000 ᠲᠥᠭᠦᠷᠢᠭ ᠪᠠ 23000 | ᠲᠥᠭᠦᠷᠢᠭ ᠠᠴᠠ ᠳᠠᠪᠠᠭᠤᠯᠵᠦ᠂ ᠵᠢᠯ ᠪᠦᠷᠢ ᠳᠤᠮᠳᠠᠴᠢ ᠪᠠᠷ ᠳᠤᠰᠪᠣᠷᠢ 5.4% ᠪᠠ 9% ᠨᠡᠮᠡᠭᠳᠡᠬᠦᠯᠪᠠ᠃ ᠵᠠᠰᠠᠭ ᠤᠨ ᠣᠷᠳᠣᠨ ᠤ ᠨᠢᠭᠤᠭᠳᠠᠮᠠᠯ ᠥᠷᠢ | ᠰᠢᠷᠢ ᠶᠢ ᠨᠡᠶᠢᠲᠡ 73.8 ᠳ᠋ᠦᠩᠰᠢᠭᠤᠷ ᠲᠥᠭᠦᠷᠢᠭ ᠢᠯᠭᠠᠷᠠᠭᠤᠯᠵᠣ᠂ ᠡᠬᠦᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ | 16.1 ᠳ᠋ᠦᠩᠰᠢᠭᠤᠷ ᠲᠥᠭᠦᠷᠢᠭ ᠤᠨ ᠳᠠᠩᠰᠠ ᠶᠢ ᠢᠯᠭᠠᠷᠠᠭᠤᠯᠪᠠ᠃ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠴᠥᠮ | ᠢᠯᠡᠳᠲᠡ ᠳᠡᠭᠡᠭᠰᠢᠯᠡᠵᠣ ᠬᠤᠰᠢᠭᠤ ᠰᠢᠶᠠᠨ ᠤ ᠠᠵᠤ ᠠᠬᠤᠶ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠳᠡᠬᠡᠭᠰᠢᠯᠡᠬᠡᠳ ᠪᠥᠬᠦ ᠤᠯᠤᠰ ᠤᠨ ᠪᠠᠷᠠᠭᠤᠨ | ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ 18 ᠳ᠋ᠤᠭᠠᠷ ᠲᠤ ᠣᠷᠣᠪᠠ᠃ | ᠪᠢᠳᠡ ᠠᠮᠢ ᠠᠬᠤᠶ ᠶᠢ ᠤᠷᠢᠳᠠᠪᠡᠷ ᠪᠤᠳᠤᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢ ᠢᠮᠠᠭᠳᠠ ᠪᠠᠷᠢᠮᠳᠠᠯᠠᠵᠣ᠂ ᠠᠮᠢ ᠠᠬᠤᠶ ᠶᠢᠨ ᠣᠷᠴᠢᠨ | ᠨᠥᠬᠦᠴᠡᠯ ᠢ ᠢᠯᠡᠳᠲᠡ ᠰᠠᠶᠢᠵᠢᠷᠠᠭᠤᠯᠪᠡ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠦᠨ ᠬᠡᠬᠦ ᠣᠶᠢᠯᠡᠭᠠᠭᠳᠠᠬᠤᠨ | ᠢ ᠪᠠᠷᠢᠮᠲᠠᠯᠠᠵᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ | ᠨᠠᠶᠢᠳᠠᠪᠤᠷᠢᠵᠢᠭᠤᠯᠵᠤ ᠬᠦᠬᠡ ᠣᠭᠲᠠᠷᠭᠤᠢ᠂ ᠳᠣᠩᠭᠠᠯᠠᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠣᠭᠠᠨ ᠤ ᠢᠯᠡᠯᠳᠡ ᠶᠢ ᠡᠷᠡᠰ ᠳᠠᠮᠠᠴᠡᠨ | ᠣᠯᠪᠠ᠃ ᠲᠥᠪ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠳᠣᠭᠤᠷᠢᠨ ᠠᠮᠢ ᠠᠬᠤᠶ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠡᠶᠢᠲᠡ 51 ᠲᠥᠷᠥᠯ ᠪᠡᠶᠡᠯᠡᠭᠦᠯᠵᠦ᠂ ᠠᠭᠠᠷ ᠮᠠᠨᠳᠠᠯ ᠤᠨ ᠴᠡᠪᠡᠷᠴᠡ ᠶᠢᠨ ᠨᠤᠷᠮ᠎ᠠ ᠶᠢ | 89% ᠠᠴᠠ ᠳᠡᠭᠡᠭᠰᠢ ᠳᠤ ᠬᠦᠷᠬᠡᠪᠠ᠃ ᠤᠯᠤᠰ ᠪᠠ ᠤᠷᠤᠨ ᠤ ᠱᠠᠳᠣᠨ ᠤ ᠬᠢᠨᠠᠯᠳᠠ ᠦᠨᠡᠯᠡᠯᠳᠡ ᠳᠠᠬᠢ ᠤᠰᠤᠨ ᠤ ᠴᠢᠨᠠᠷ ᠢ ᠪᠦᠬᠦᠨ ᠢ ᠪᠠᠷᠢᠮᠵᠢᠶᠠᠨ ᠳᠤ | ᠭᠦᠷᠭᠡᠵᠦ᠂ ᠠᠭᠤᠷᠬᠠᠶ ᠶᠢᠨ ᠬᠤᠳᠳᠤᠭ ᠤᠨ ᠣᠰᠣ ᠶᠢ ᠰᠢᠢᠳᠪᠦᠷᠢᠯᠡᠬᠦ ᠴᠢᠳᠠᠪᠤᠷᠢ ᠶᠢ 24 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠬᠡᠨ ᠬᠢᠮᠢ ᠶᠢᠨ | ᠣᠶᠢᠯᠡᠳᠪᠦᠷᠢ ᠶᠢᠨ ᠠᠵᠤ ᠠᠬᠤᠶᠢᠯᠠᠯ ᠦᠨᠳᠣᠷ ᠳᠠᠪᠣᠰᠣᠳᠣ ᠤᠰᠤ ᠶᠢ ᠭᠠᠳᠠᠭᠰᠢᠯᠠᠭᠤᠯᠬᠤ ᠪᠠᠨ ᠵᠤᠭᠰᠤᠪᠠ᠃ ᠪᠠᠶᠠᠠᠭᠤᠣᠯ᠂ ᠬᠤᠯᠤᠰᠤ ᠵᠡᠷᠭᠡ 4 | ᠨᠡᠭᠦᠷᠡᠰᠦᠨ ᠠᠭᠤᠷᠬᠠᠢ ᠶᠢᠨ ᠨᠠᠬᠦᠷᠠᠰᠣᠨ ᠴᠢᠯᠠᠭᠤ ᠶᠢ ᠡᠭᠡᠭᠦᠯᠦᠨ ᠬᠢᠵᠣ ᠠᠭᠤᠷᠬᠠᠢ ᠶᠢᠨ ᠬᠤᠳᠳᠤᠭ ᠢ ᠪᠣᠯᠠᠬᠤ ᠵᠡᠷᠭᠡ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠵᠢᠱᠢᠶᠠᠴᠢ ᠲᠥᠷᠥᠯ ᠵᠣᠶᠢᠯ ᠢ ᠠᠰᠢᠭᠯᠠᠯᠲᠠ ᠳᠤ ᠣᠷᠣᠭᠤᠯᠪᠠ᠃ ᠮᠤᠤᠠᠣᠰᠣ ᠡᠯᠡᠰᠤᠨ ᠤ ᠠᠮᠢ ᠠᠬᠤᠢ ᠶᠢᠨ ᠵᠠᠰᠠᠯᠳᠠ ᠪᠠᠷ ᠭᠠᠷᠳᠠᠴᠠ | ᠪᠤᠯᠭᠠᠨ ᠭᠤᠷᠪᠠᠨ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠵᠤ᠂ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠢᠷᠡᠯᠳᠡ ᠶᠢ ᠵᠠᠰᠠᠬᠤ᠂ ᠪᠠᠶᠢᠭᠠᠯᠢ ᠶᠢᠨ ᠣᠶ ᠶᠢ ᠬᠠᠮᠠᠭᠠᠯᠠᠬᠤ᠂ ᠮᠠᠭᠤᠳᠠᠭᠰᠠᠨ ᠣᠶ ᠶᠢ ᠳᠠᠬᠢᠨ ᠣᠶᠢᠵᠢᠭᠤᠯᠬᠤ ᠵᠡᠷᠭᠡ ᠨᠢᠭᠡ ᠪᠦᠯᠦᠭ | ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠦᠨᠵᠡᠭᠡᠢ ᠬᠡᠷᠡᠭᠵᠢᠭᠦᠯᠦᠨ ᠠᠮᠢ ᠠᠬᠤᠶ ᠶᠢᠨ ᠬᠠᠮᠠᠭᠠᠯᠠᠯᠲᠠ ᠶᠢᠨ | ᠪᠥᠲᠥᠭᠡᠨ ᠪᠠᠶᠢᠭᠤᠯᠤᠯᠲᠠ ᠶᠢ ᠨᠡᠶᠢᠲᠡ 89 ᠲᠦᠮᠡᠨ ᠮᠥ ᠪᠡᠶᠡᠯᠡᠭᠦᠯᠵᠦ᠂ ᠪᠥᠬᠦ ᠤᠯᠤᠰ ᠤᠨ ᠡᠯᠡᠰᠣᠷᠬᠡᠭᠵᠢᠯ ᠢ ᠰᠠᠷᠬᠡᠶᠢᠯᠡᠨ ᠵᠠᠰᠠᠬᠤ ᠠᠵᠢᠯ ᠤᠨ | ᠶᠡᠷᠦᠩᠬᠡᠶᠢᠯᠡᠭᠰᠡᠨ ᠵᠢᠱᠢᠶᠠᠴᠢ ᠣᠷᠣᠨ ᠢᠶᠠᠷ ᠠᠮᠵᠢᠯᠳᠠᠳᠠᠢ ᠦᠨᠡᠯᠡᠭᠳᠡᠪᠡ᠃ ᠦᠶ᠎ᠡ ᠶᠢᠨ ᠦᠶ᠎ᠡ ᠶᠢᠨ ᠦᠦᠰᠢᠨᠴᠤᠳ ᠤᠨ ᠴᠤᠴᠠᠯᠳᠠ ᠦᠬᠡᠢ ᠴᠢᠷᠮᠠᠶᠢᠯᠭ᠎ᠠ | ᠲᠡᠮᠡᠴᠡᠯ ᠤᠨ ᠲᠤᠤᠷ᠎ᠠ ᠮᠤᠤᠠᠤᠰᠤ ᠡᠯᠡᠰᠤᠨ ᠤ ᠠᠮᠢ ᠠᠬᠤᠢ ᠳᠤ ᠠᠤᠭ᠎ᠠ ᠶᠡᠭᠡ ᠬᠤᠪᠢᠷᠠᠯᠳᠠ ᠭᠠᠷᠭᠠᠵᠦ᠂ ︽ᠨᠣᠮᠢᠨ ᠳᠠᠩᠰᠤᠭ ᠦᠦᠰᠢᠨ︾ ᠤ | ᠡᠯᠡᠰᠣᠷᠬᠡᠭᠵᠢᠯ ᠢ ᠵᠠᠰᠠᠭᠰᠠᠨ ᠬᠠᠮᠲᠤ ᠨᠡᠶᠢᠲᠡ ᠨᠢ ︽ᠤᠮᠠᠷᠠᠲᠤ ᠬᠢᠯᠢ ᠶᠢᠨ ᠵᠢᠱᠢᠶᠠᠴᠢ︾ ᠶᠢᠨ ᠢᠷᠠᠭᠤ ᠠᠯᠳᠠᠷ ᠢ ᠭᠥᠷᠳᠡᠪᠡ᠃ | ᠪᠢᠳᠡ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ ᠬᠦᠴᠦᠨ ᠢᠶᠠᠨ ᠢᠮᠠᠭᠲᠠ ᠲᠥᠪᠯᠡᠷᠡᠭᠦᠯᠵᠣ᠂ ᠬᠦᠭᠵᠢᠯᠳᠡ ᠶᠢᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠠᠵᠢᠯ ᠢ ᠢᠳᠡᠪᠬᠢᠳᠡᠢ ᠠᠬᠢᠭᠤᠯᠪᠠ᠃ ᠠᠵᠤ ᠦᠢᠯᠡᠳᠪᠦᠷᠢ ᠶᠢᠨ ᠬᠥᠭᠵᠢᠯᠲᠡ ᠶᠢᠨ ᠬᠡᠮᠵᠢᠶ᠎ᠡ ᠶᠢ ᠥᠷᠭᠡᠳᠬᠡᠨ ᠲᠡᠰ ᠢ | ᠳᠡᠪᠰᠢᠭᠦᠯᠪᠡ᠃ ᠠᠵᠤ ᠦᠢᠯᠡᠳᠪᠦᠷᠢ ᠶᠢᠨ 57 ᠴᠢᠬᠤᠯᠠ ᠶᠡᠭᠡ ᠲᠦᠷᠥᠯ ᠵᠣᠶᠢᠯ ᠢ ᠬᠡᠷᠡᠭᠵᠢᠭᠦᠯᠵᠦ᠂ ᠵᠦᠩ ᠲᠢᠶᠠᠨ ᠾᠧ ᠴᠤᠸᠠᠩ ᠺᠣᠮᠫᠠᠨᠢ ᠶᠢᠨ 137 | ᠲᠦᠮᠡᠨ ᠲᠣᠨ ᠠᠯᠺᠧᠨ ᠵᠡᠷᠭᠡ ᠲᠦᠷᠥᠯ ᠵᠣᠶᠢᠯ ᠢ ᠠᠰᠢᠭᠯᠠᠯᠲᠠ ᠳᠤ ᠣᠷᠣᠭᠤᠯᠵᠤ᠂ ᠬᠢᠮᠢ ᠶᠢᠨ ᠦᠢᠯᠡᠳᠪᠦᠷᠢ ᠶᠢᠨ ᠦᠢᠯᠡᠳᠪᠦᠷᠢᠯᠠᠯ ᠤᠨ ᠴᠢᠳᠠᠪᠤᠷᠢ ᠪᠦᠬᠦ | ᠬᠤᠳᠠ ᠶᠢᠨ ᠨᠢᠭᠡᠳᠦᠭᠡᠷ ᠲᠤ ᠣᠷᠣᠪᠠ᠃ ᠨᠠᠷᠢᠠᠭᠤᠣᠯ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢ ᠵᠦᠪᠰᠢᠶᠠᠷᠡᠬᠦᠯᠵᠣ ᠮᠦᠩᠬᠡᠴᠢᠨ᠂ | ᠮᠤᠳᠤᠨᠴᠠᠶᠢᠳᠠᠮ ᠵᠡᠷᠭᠡ 6 ᠨᠡᠭᠦᠷᠡᠰᠦᠨ ᠠᠭᠤᠷᠬᠠᠶ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠮᠠᠩᠬᠢᠰᠣᠨ ᠵᠠᠳᠠᠭᠠᠢ ᠨᠡᠭᠦᠷᠡᠰᠦᠨ | ᠠᠭᠤᠷᠬᠠᠶ ᠶᠢ ᠬᠢᠨᠠᠨ ᠵᠥᠪᠰᠢᠶᠡᠷᠡᠬᠦᠯᠵᠡᠢ᠃ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠭᠠᠯᠳᠠ ᠶᠢ 150 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠣᠷᠴᠢᠮ ᠲᠣᠭᠲᠠᠪᠤᠷᠢᠵᠢᠭᠤᠯᠪᠠ᠃ 25 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠲᠠᠢ ᠪᠣᠯᠵᠣ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠪᠣᠳᠠᠲᠤ ᠬᠦᠴᠦᠨ ᠢᠶᠠᠷ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠵᠠᠭᠤᠨ ᠬᠦᠴᠦᠷᠬᠡᠭ ᠬᠤᠰᠢᠭᠤ ᠰᠢᠶᠠᠨ ᠤ | 55 ᠳ᠋ᠤᠭᠠᠷ ᠲᠤ ᠵᠢᠭᠰᠠᠭᠠᠭᠳᠠᠪᠠ᠃ ᠮᠠᠯ ᠲᠠᠷᠢᠶᠠᠯᠠᠩ ᠠᠵᠤ ᠠᠬᠤᠶ ᠶᠢ ᠬᠥᠭᠵᠢᠭᠦᠯᠵᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠠ᠃ | 14 ᠲᠦᠮᠡᠨ ᠮᠣ᠋ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ ᠤᠳᠤ ᠦᠶ᠎ᠡ ᠶᠢᠨ ᠲᠠᠷᠢᠶᠠᠯᠠᠩ ᠤᠨ ᠰᠠᠭᠤᠷᠢᠨ ᠭᠠᠵᠠᠷ ᠢ ᠰᠢᠨ᠎ᠡ ᠪᠠᠷ | ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 5 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠪᠠ᠃ 2700 ᠡᠷᠦᠬᠡ | ᠳᠣᠬᠢᠷᠠᠮᠵᠢᠳᠠᠢ ᠬᠡᠪᠴᠢᠶᠠᠵᠢᠯ ᠡᠵᠡᠩᠨᠡᠯᠲᠡ ᠶᠢᠨ ᠭᠤᠤᠯ ᠴᠣᠭᠴᠠ ᠶᠢ ᠪᠣᠢ ᠪᠣᠯᠭᠠᠵᠣ ᠬᠤᠲᠠ ᠶᠢᠨ ᠱᠠᠲᠤᠨ ᠠᠴᠠ ᠳᠡᠭᠡᠭᠰᠢᠬᠢ 52 ᠬᠥᠲᠥᠴᠢ ᠠᠵᠤ | ᠠᠬᠤᠶᠢᠯᠠᠯ ᠢ ᠬᠥᠭᠵᠢᠭᠦᠯᠦᠨ᠂ 9 ᠠᠵᠤ ᠦᠶᠯᠡᠰᠵᠢᠭᠰᠡᠨ ᠬᠤᠯᠪᠣᠭᠠᠲᠤ ᠴᠣᠭᠴᠠ ᠶᠢ ᠪᠠᠶᠢᠭᠤᠯᠪᠠ᠃ ᠣᠷᠳᠣᠰ ᠨᠠᠷᠢᠨ ᠨᠤᠤᠰᠤᠳᠤ ᠬᠤᠨᠢ᠂ ᠠᠯᠠᠰᠢᠨ ᠦᠬᠡᠷ᠂ | ᠭᠠᠭ᠋ᠠᠶ ᠵᠡᠷᠭᠡ ᠠᠵᠤ ᠣᠶᠢᠯᠡᠰ ᠢ ᠲᠣᠭᠲᠠᠭᠤᠨ ᠢᠶᠠᠷ ᠬᠥᠭᠵᠢᠭᠦᠯᠵᠦ᠂ ᠤᠨᠴᠠᠯᠢᠬᠳᠤ ᠲᠡᠵᠢᠭᠡᠨ ᠮᠠᠯᠵᠢᠬᠤ ᠣᠶᠢᠯᠡᠰ ᠢ ᠲᠠᠰᠤᠷᠠᠯᠳᠠ ᠦᠬᠡᠢ ᠪᠤᠵᠠᠭᠠᠶᠢᠷᠠᠭᠤᠯᠵᠦ | ᠬᠤᠨᠢ ᠮᠠᠯ ᠵᠡᠷᠬᠡ ᠶᠢᠨ ᠳᠠᠵᠢᠬᠡᠪᠣᠷᠢ ᠶᠢᠨ ᠲᠤᠭ᠎ᠠ ᠶᠢ 210 ᠲᠦᠮᠡ ᠠᠴᠠ ᠳᠡᠭᠡᠭᠰᠢ ᠲᠣᠭᠲᠠᠪᠤᠷᠢᠵᠢᠭᠤᠯᠪᠠ᠃ 18 ᠲᠦᠷᠥᠯ ᠤᠨ ᠮᠠᠯ ᠤᠨ ᠠᠰᠢᠭ | ᠰᠢᠮ᠎ᠡ ᠶᠢᠨ ᠣᠶᠢᠯᠡᠳᠬᠦᠨ ᠲᠠᠷᠢᠶᠠᠯᠠᠩ ᠤᠨ ᠪᠦᠳᠦᠬᠡᠭᠳᠡᠬᠦᠨ ᠨᠢ ︽ᠪᠦᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ | ᠤ ᠭᠠᠷᠴᠠᠭ ᠲᠤ ᠰᠣᠩᠭᠤᠭᠳᠠᠨ ᠣᠷᠣᠵᠤ᠂ 12 ᠲᠦᠷᠥᠯ ᠤᠨ ᠮᠠᠯ ᠤᠨ ᠠᠰᠢᠭ ᠰᠢᠮ᠎ᠡ ᠶᠢᠨ ᠣᠶᠢᠯᠡᠳᠬᠦᠨ ᠲᠠᠷᠢᠶᠠᠯᠠᠩ ᠤᠨ ᠪᠦᠳᠦᠬᠡᠭᠳᠡᠬᠦᠨ ᠨᠢ ᠳᠤᠮᠳᠠᠳᠤ | ᠤᠯᠤᠰ ᠤᠨ ᠪᠣᠬᠢᠷᠲᠤᠯ ᠥᠬᠡᠶ ᠢᠳᠡᠭᠡᠨ ᠤ ᠦᠵᠡᠰᠬᠦᠯᠡᠩ ᠤᠨ ᠠᠯᠲᠠᠨ ᠮᠧᠳᠠᠯ ᠢ ᠭᠥᠷᠳᠡᠵᠦ᠂ ᠥᠪᠥᠷ ᠮᠣᠩᠭᠤᠯ ᠤᠨ ᠤᠨᠴᠠᠯᠢᠭᠳᠤ ᠮᠠᠯ ᠤᠨ ᠠᠰᠢᠭ | ᠰᠢᠮ᠎ᠡ ᠶᠢᠨ ᠣᠶᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢᠶᠠᠷ ᠦᠨᠡᠯᠡᠭᠳᠡᠵᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠤ ᠬᠤᠰᠢᠭᠤ ᠰᠢᠶᠠᠨ ᠢ ᠠᠮᠵᠢᠯᠳᠠᠳᠠᠢ ᠡᠭᠦᠳᠦᠨ ᠪᠠᠶᠢᠭᠤᠯᠪᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠬᠦᠭᠵᠢᠯᠳᠡ ᠶᠢ ᠴᠢᠩᠭᠠᠷᠠᠭᠤᠯᠪᠠ᠃ ᠨᠠᠷᠢᠠᠭᠤᠣᠯ ᠬᠤᠶᠠᠳᠤᠭᠠᠷ ᠨᠠᠬᠦᠷᠠᠰᠣᠨ ᠠᠭᠤᠷᠬᠠᠢ᠂ ᠱᠠᠩ ᠤᠨ ᠬᠤᠭᠤᠯᠠᠢ ᠨᠡᠬᠦᠷᠠᠰᠣᠨ ᠠᠭᠤᠷᠬᠠᠢ ᠵᠡᠷᠭᠡ ᠲᠡᠮᠦᠷ | ᠵᠠᠮ ᠤᠨ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠲᠥᠷᠥᠯ ᠵᠣᠶᠢᠯ ᠢ ᠪᠦᠳᠦᠬᠡᠨ ᠪᠠᠶᠢᠭᠤᠯᠣᠭᠠᠳ ᠠᠰᠢᠭᠯᠠᠯᠲᠠ ᠳᠤ ᠣᠷᠣᠭᠤᠯᠵᠤ ᠬᠦᠷᠢᠶᠡᠯᠡᠩ ᠲᠣᠭᠤᠷᠢᠭ᠂ | ᠠᠭᠤᠷᠬᠠᠶ ᠶᠢᠨ ᠣᠷᠣᠨ᠂ ᠠᠵᠤ ᠠᠬᠤᠶᠢᠯᠠᠯ ᠢ ᠬᠤᠯᠪᠣᠭᠰᠠᠨ ᠪᠠᠷᠠᠭᠠᠨ ᠬᠦᠢᠯᠬᠡᠬᠡᠨ ᠤ ᠲᠣᠤᠷ ᠢ ᠠᠯᠬᠤᠮ ᠠᠯᠬᠤᠮ ᠢᠶᠠᠷ ᠪᠦᠷᠢᠨᠰᠢᠬᠦᠯᠪᠠ᠃ ᠰᠣᠶᠣᠯ ᠤᠨ | ᠪᠦᠳᠦᠬᠡᠯᠳᠡ ᠠᠵᠤ ᠦᠢᠯᠡᠰ ᠤᠨ ᠬᠦᠷᠢᠶᠡᠯᠡᠩ᠂ ᠠᠮᠢ ᠠᠬᠤᠶ ᠶᠢᠨ ᠬᠥᠮᠦᠵᠢᠯ ᠤᠨ ᠰᠠᠭᠤᠷᠢᠨ ᠭᠠᠵᠠᠷ ᠵᠡᠷᠭᠡ ᠶᠢ ᠠᠰᠢᠭᠯᠠᠯᠲᠠ ᠳᠤ ᠣᠷᠣᠭᠤᠯᠪᠠ᠃ ᠪᠥᠬᠦ | ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢ 1᠂ ᠴᠥᠭᠡᠨ ᠲᠣᠭᠠᠲᠤ ᠦᠨᠳᠦᠰᠦᠲᠡᠨ ᠤ ᠤᠨᠴᠠᠯᠢᠭᠳᠤ ᠠᠶᠢᠯ | ᠲᠣᠰᠬᠤᠨ ᠢ 2 ᠰᠢᠨ᠎ᠡ ᠪᠠᠷ ᠪᠠᠶᠢᠭᠤᠯᠵᠣ᠂ 460 ᠭᠠᠷᠦᠢ ᠲᠦᠮᠡᠨ ᠬᠥᠮᠦᠨ ᠤᠳᠠᠭ᠎ᠠ ᠶᠢᠨ ᠵᠢᠭᠤᠯᠴᠢᠯᠠᠭᠰᠠᠳ ᠢ ᠬᠦᠯᠢᠶᠠᠨ ᠵᠣᠴᠢᠯᠡᠵᠣ᠂ ᠵᠢᠭᠤᠯᠴᠢᠯᠠᠯ ᠤᠨ | ᠣᠷᠣᠯᠭ᠎ᠠ ᠶᠢ 140 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠮᠥᠩᠭᠦᠨ ᠭᠦᠢᠯᠭᠡᠭᠡ ᠬᠤᠳᠠᠯᠳᠤᠭᠠᠨ ᠤ ᠶᠠᠪᠤᠳᠠᠯ᠂ ᠡᠯᠧᠺᠲᠷᠣᠨ ᠬᠤᠳᠠᠯᠳᠤᠭ᠎ᠠ ᠰᠢᠭᠤᠳ | ᠨᠡᠪᠲᠡᠷᠡᠭᠦᠯᠭᠡ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠣᠶᠢᠯᠡᠰ ᠦᠷᠨᠢᠨ ᠬᠥᠭᠵᠢᠪᠡ᠃ | ᠪᠢᠳᠠ ᠨᠢᠭᠡᠳᠦᠯᠲᠡᠢ ᠲᠥᠯᠥᠪᠵᠢᠭᠦᠯᠦᠨ ᠵᠣᠬᠢᠴᠠᠩᠭᠤᠢ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠬᠤᠳᠠ ᠬᠥᠳᠡᠭᠡ ᠶᠢᠨ ᠴᠢᠨᠠᠷ ᠴᠢᠨᠰᠠᠭ᠎ᠠ ᠶᠢ | ᠢᠯᠡᠳᠲᠡ ᠳᠡᠭᠡᠭᠰᠢᠯᠡᠭᠦᠯᠪᠡ᠃ ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠬᠦᠯᠪᠠ᠃ ᠤᠮᠪᠠᠯᠲᠠ ᠶᠢᠨ ᠣᠷᠳᠣᠨ᠂ ᠬᠦᠯ ᠪᠥᠮᠪᠦᠭᠡ ᠶᠢᠨ | ᠣᠷᠳᠣᠨ ᠵᠡᠷᠭᠡ ᠠᠷᠠᠳ ᠤᠨ ᠠᠮᠢᠳᠤᠷᠠᠯ ᠤᠨ ᠲᠠᠯᠠᠪᠤᠷ ᠣᠷᠳᠣᠨ ᠢ ᠵᠠᠯᠭᠠᠭ᠎ᠠ ᠪᠠᠷ ᠪᠦᠳᠦᠬᠡᠨ ᠪᠠᠶᠢᠭᠤᠯᠣᠭᠠᠳ ᠠᠰᠢᠭᠯᠠᠯᠳᠠ ᠳᠤ ᠣᠷᠣᠭᠤᠯᠵᠣ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠥᠪ᠂ ᠳᠣᠭᠤᠶᠢᠯᠠᠩ ᠠᠭᠤᠳᠠᠮ ᠲᠠᠯᠠᠪᠠᠢ ᠵᠡᠷᠭᠡ ᠶᠢ ᠲᠡᠰ ᠳᠡᠪᠰᠢᠭᠦᠯᠵᠦ ᠬᠤᠳᠠ ᠶᠢᠨ | ᠴᠡᠴᠡᠷᠯᠢᠭᠵᠢᠬᠦᠯᠦᠯᠲᠡ ᠶᠢᠨ ᠦᠵᠡᠮᠵᠢ ᠶᠢᠨ ᠭᠠᠵᠠᠷ ᠵᠢᠴᠢ ᠲᠤᠭᠤᠷᠢᠨ ᠰᠡᠯᠡᠬᠦᠴᠡᠬᠦ ᠬᠦᠷᠢᠶᠡᠯᠡᠩ ᠢ 55 ᠪᠠᠶᠢᠭᠤᠯᠵᠤ᠂ ᠰᠠᠯᠠᠬᠦᠴᠡᠨ ᠠᠯᠬᠤᠬᠤ ᠵᠠᠮ ᠢ 7 | ᠺᠢᠯᠣᠮᠧᠲᠷ ᠳᠠᠪᠢᠰᠪᠠ᠃ 10 ᠵᠤᠷᠪᠤᠰ ᠬᠤᠳᠠ ᠶᠢᠨ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠣ᠂ 43 ᠲᠦᠮᠡᠨ ᠲᠡᠭᠰᠢ ᠳᠥᠷᠪᠡᠯᠵᠢᠨ ᠮᠧᠲᠷ ᠤᠨ ᠵᠡᠭᠡᠯᠢ | ᠭᠤᠳᠤᠮᠵᠢ ᠶᠢ ᠬᠠᠲᠠᠭᠤᠷᠠᠭᠤᠯᠵᠤ᠂ ᠬᠤᠳᠠ ᠪᠠᠯᠭᠠᠰᠤᠨ ᠤ 40 ᠲᠦᠮᠡᠨ ᠲᠡᠭᠰᠢ ᠳᠥᠷᠪᠡᠯᠵᠢᠨ ᠮᠧᠲᠷ ᠤᠨ ᠭᠠᠵᠠᠷ ᠢ ᠨᠣᠭᠤᠭᠠᠷᠠᠭᠤᠯᠪᠠ᠃ ᠭᠠᠯᠠᠭᠤᠳᠣ ᠪᠣᠬᠢᠷ | ᠤᠰᠤ ᠰᠢᠢᠳᠪᠦᠷᠢᠯᠡᠬᠦ ᠣᠶᠢᠯᠡᠳᠪᠦᠷᠢ ᠶᠢ ᠭᠡᠷᠡᠭᠯᠡᠯᠲᠡ ᠳᠤ ᠣᠷᠣᠭᠤᠯᠵᠤ᠂ ᠪᠣᠷᠣᠭᠠᠨ ᠣᠰᠣ ᠪᠣᠯᠣᠨ ᠪᠣᠬᠢᠷ ᠣᠰᠣ᠂ ᠴᠡᠪᠡᠷᠰᠢᠬᠦᠯᠦᠭᠰᠡᠨ ᠪᠤᠬᠢᠷ ᠣᠰᠤᠨ ᠤ | ᠬᠤᠭᠤᠯᠠᠶ ᠲᠣᠤᠷ ᠢ 296 ᠺᠢᠯᠣᠮᠧᠲᠷ ᠥᠭᠡᠷᠡᠴᠢᠯᠡᠪᠠ᠃ ᠰᠠᠭᠤᠭᠠᠯᠢ ᠠᠷᠠᠳ ᠤᠨ 65 ᠬᠠᠭᠤᠴᠢᠨ ᠲᠣᠭᠤᠷᠢᠭ᠂ 16.6 ᠲᠦᠮᠡᠨ ᠲᠡᠭᠰᠢ ᠳᠥᠷᠪᠡᠯᠵᠢᠨ | ᠮᠧᠲᠷ ᠤᠨ ᠪᠣᠷᠣ ᠬᠡᠷᠳᠣ ᠲᠣᠭᠤᠷᠢᠭ ᠢ ᠥᠭᠡᠷᠡᠴᠢᠯᠡᠨ ᠪᠠᠶᠢᠭᠤᠯᠪᠠ᠃ ︽ᠤᠶᠤᠨᠲᠤ ᠬᠤᠲᠠ︾ ᠶᠢᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ | ᠠᠰᠢᠭᠯᠠᠯᠲᠠ ᠳᠤ ᠣᠷᠣᠭᠤᠯᠪᠠ᠃ ᠬᠥᠳᠡᠭᠡ ᠲᠣᠰᠬᠤᠨ ᠤ ᠲᠦᠷᠢ ᠲᠦᠷᠬᠦ ᠶᠢ ᠴᠤ᠋ ᠰᠢᠨ᠎ᠡ ᠪᠣᠯᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠪᠥᠬᠦ ᠤᠯᠤᠰ ᠤᠨ ︽ᠨᠢᠭᠡ ᠲᠣᠰᠬᠤᠨ ᠨᠢᠭᠡ ᠨᠠᠷᠠᠳᠣ ᠳᠡᠮᠳᠡᠭᠳᠣ ᠲᠠᠢ ᠪᠠᠶᠢᠬᠤ︾ ᠵᠢᠱᠢᠶᠠᠴᠢ | ᠲᠣᠰᠬᠤᠨ ᠪᠠᠯᠭᠠᠰᠤ ᠶᠢ 3᠂ ᠬᠤᠲᠠ ᠶᠢᠨ ᠳᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠠᠴᠢ ᠭᠠᠴᠠᠭ᠎ᠠ ᠲᠣᠰᠬᠤᠨ ᠢ 9 ᠡᠭᠦᠳᠦᠨ | ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠵᠦ᠂ | ᠬᠠᠮᠲᠤ ᠶᠢᠨ ᠠᠵᠤ ᠠᠬᠤᠶ ᠶᠢᠨ ᠣᠷᠣᠯᠭ᠎ᠠ ᠦᠬᠡᠢ ᠭᠠᠴᠠᠭ᠎ᠠ ᠳᠣᠰᠬᠤᠨ ᠪᠦᠬᠦᠨ ᠢ ᠣᠷᠣᠯᠭ᠎ᠠ ᠲᠠᠢ ᠪᠣᠯᠭᠠᠪᠠ᠃ 5600 ᠡᠷᠦᠬᠡ ᠶᠢᠨ ᠨᠤᠷᠠᠬᠤ ᠠᠶᠤᠯᠲᠠᠶ | ᠬᠠᠭᠤᠴᠢᠨ ᠬᠡᠷ ᠪᠠᠶᠢᠰᠢᠩ ᠢ ᠦᠭᠡᠷᠡᠴᠢᠯᠡᠨ ᠵᠠᠰᠠᠵᠦ᠂ ︽ᠡᠷᠤᠭᠡ ᠶᠢᠨ ᠵᠤᠷᠯᠤᠩ ᠤᠨ ᠦᠬᠡᠷᠡᠴᠢᠯᠡᠯᠲᠡ︾ ᠶᠢ 9755 ᠡᠷᠦᠬᠡ ᠪᠡᠶᠡᠯᠡᠬᠦᠯᠵᠦ᠂ ᠭᠠᠴᠠᠭ᠎ᠠ | ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠦᠨᠳᠦᠰᠦᠨ ᠳᠡᠭᠡᠨ ᠪᠦᠷᠢᠨ ᠲᠡᠭᠦᠯᠳᠡᠷ ᠪᠣᠯᠭᠠᠪᠠ | ᠃ ᠠᠶᠣᠯᠬᠦᠢ ᠣᠣᠭᠤᠬᠤ ᠣᠰᠣᠨ ᠤ ᠢᠨᠵᠧᠨᠧᠷᠢᠩ ᠨᠢ ᠪᠤᠢ ᠪᠦᠬᠦᠢ ᠲᠥᠪᠯᠡᠷᠡᠨ ᠰᠠᠭᠤᠷᠢᠰᠢᠭᠰᠠᠨ ᠰᠠᠭᠤᠭᠠᠯᠢ ᠠᠷᠠᠳ ᠤᠨ ᠴᠡᠭ ᠲᠤ ᠠᠰᠢᠭ ᠬᠦᠷᠲᠡᠭᠡᠪᠠ᠃ | ᠭᠠᠴᠠᠭ᠎ᠠ ᠲᠣᠰᠬᠤᠨ ᠳᠤ ᠭᠡᠷᠡᠯᠯᠢᠭ ᠥᠷᠭᠡᠨ ᠪᠦᠰᠡᠲᠦ ᠰᠦᠯᠵᠢᠶ᠎ᠡ ᠶᠢ ᠨᠡᠶᠢᠳᠡᠮᠵᠢᠬᠦᠯᠪᠠ᠃ ᠰᠠᠭᠤᠷᠢ ᠲᠦᠬᠦᠬᠡᠷᠣᠮᠵᠢ ᠶᠢ ᠦᠷᠬᠦᠯᠵᠢᠯᠡᠨ ᠳᠡᠬᠦᠯᠳᠡᠷᠵᠢᠬᠦᠯᠪᠠ᠃ | ᠬᠤᠯᠪᠣᠭᠠᠯᠵᠢ ᠠᠴᠠ ᠵᠢᠢ ᠠᠨ ᠬᠦᠷᠬᠦ ᠲᠡᠮᠦᠷ ᠵᠠᠮ ᠤᠨ ᠪᠦᠬᠦ ᠱᠤᠭᠤᠮ ᠢ ᠨᠡᠪᠳᠡᠷᠡᠬᠦᠯᠵᠣ ᠦᠦᠰᠢᠨ ᠬᠤᠰᠢᠭᠤ ᠠᠴᠠ ᠪᠤᠭᠤᠲᠤ ᠬᠦᠷᠬᠦ ᠠᠶᠠᠨᠴᠢᠳ ᠤᠨ | ᠭᠠᠯᠲᠤ ᠲᠡᠷᠭᠡ ᠶᠢ ᠨᠡᠪᠳᠡᠷᠡᠬᠦᠯᠣᠨ ᠠᠰᠢᠭᠯᠠᠯᠳᠠ ᠳᠤ ᠣᠷᠣᠭᠤᠯᠵᠣ᠂ ᠤᠯᠤᠰ ᠤᠨ ᠵᠠᠮ 338 ᠱᠤᠭᠤᠮ ᠤᠨ ᠭᠠᠯᠠᠭᠤᠳᠣ ᠠᠴᠠ ᠣᠯᠠᠭᠠᠠᠪᠠᠯᠭᠠᠰᠣ ᠬᠥᠷᠬᠦ | ᠵᠡᠷᠭᠡ 4 ᠵᠤᠷᠪᠤᠰ ᠭᠤᠤᠯ ᠱᠤᠭᠤᠮ ᠤᠨ ᠵᠠᠰᠠᠮᠠᠯ ᠵᠠᠮ ᠤᠨ ᠪᠠᠷᠢᠯᠭ᠎ᠠ ᠶᠢ ᠳᠠᠭᠤᠰᠬᠠᠭᠠᠳ ᠲᠡᠷᠭᠡ ᠨᠡᠪᠳᠡᠷᠡᠬᠦᠯᠵᠣ ᠬᠥᠳᠡᠭᠡ ᠲᠣᠰᠬᠤᠨ ᠤ ᠵᠠᠰᠠᠮᠠᠯ ᠵᠠᠮ ᠢ | 864 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠣ ᠲᠡᠮᠦᠷ ᠵᠠᠮ᠂ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠪᠥᠬᠦ ᠣᠷᠳᠣ ᠶᠢᠨ ᠬᠡᠮᠵᠢᠶ᠎ᠡ ᠶᠢ ᠳᠣᠰᠪᠣᠷᠢ | 488 ᠺᠢᠯᠣᠮᠧᠲᠷ᠂ 4265 ᠺᠢᠯᠣᠮᠧᠲᠷ ᠬᠦᠷᠭᠡᠵᠤ ᠪᠥᠬᠦ ᠤᠯᠤᠰ ᠤᠨ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶᠠᠴᠢ | ᠬᠤᠰᠢᠭᠤ ᠪᠠᠷ ᠦᠨᠡᠯᠡᠭᠳᠡᠵᠦ᠂ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠳᠣᠭᠳᠠᠯᠴᠠᠭ᠎ᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠢᠶᠠᠷ ᠰᠣᠩᠭᠤᠭᠳᠠᠪᠠ᠃ ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠪᠠᠷᠢᠯᠭ᠎ᠠ ᠡᠬᠢᠯᠡᠬᠦᠯᠣᠨ ᠪᠦᠳᠦᠬᠡᠨ | ᠪᠠᠶᠢᠭᠤᠯᠪᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠲᠠ ᠶᠢᠨ ᠶᠠᠪᠤᠳᠠᠯ ᠤᠨ ᠵᠠᠮ᠂ ᠪᠣᠬᠢᠷ ᠤᠰᠤ ᠶᠢ ᠰᠢᠢᠳᠪᠦᠷᠢᠯᠡᠬᠦ᠂ ᠬᠤᠭᠤᠯᠠᠶ | ᠲᠣᠤᠷ ᠢ ᠢᠵᠢ ᠪᠥᠷᠢᠳᠦᠭᠦᠯᠬᠦ ᠵᠡᠷᠭᠡ ᠰᠠᠭᠤᠷᠢ ᠲᠦᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠨᠠᠷᠢᠠᠭᠤᠤᠯ᠂ ᠲᠤᠭ᠂ ᠦᠦᠰᠢᠨᠵᠤᠤ ᠶᠢᠨ | ᠬᠤᠭᠤᠷᠣᠨᠳᠣᠬᠢ ᠤᠰᠤ ᠬᠦᠷᠭᠡᠬᠦ ᠬᠤᠭᠤᠯᠠᠶ ᠱᠤᠭᠤᠮ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠴᠠᠬᠢᠯᠭᠠᠨ ᠬᠦᠴᠦᠨ ᠤ ᠭᠤᠣᠯ | ᠲᠣᠣᠷ ᠤᠨ ᠢᠨᠵᠧᠨᠧᠷᠢᠩ ᠢ 9 ᠲᠦᠷᠥᠯ ᠬᠡᠷᠡᠭᠵᠢᠭᠦᠯᠤᠨ᠂ 3330 ᠺᠢᠯᠣᠮᠧᠲᠷ ᠤᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠪᠡ᠃ ᠴᠢᠮᠡᠭᠡ | ᠬᠤᠯᠪᠣᠭᠠᠨ ᠤ 279 ᠰᠠᠭᠤᠷᠢ ᠥᠷᠲᠡᠭᠡ ᠶᠢ ᠰᠢᠨ᠎ᠡ ᠪᠠᠷ ᠪᠦᠲᠦᠭᠡᠨ ᠪᠠᠶᠢᠭᠤᠯᠤᠭᠠᠳ᠂ 5G ᠶᠢᠨ 160 ᠰᠠᠭᠤᠷᠢ ᠥᠷᠲᠡᠭᠡ ᠶᠢ ᠨᠡᠪᠲᠡᠷᠡᠬᠦᠯᠵᠦ ᠬᠤᠲᠠ | ᠬᠥᠳᠡᠭᠡ ᠶᠢᠨ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ | ᠪᠢᠳᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠢᠮᠠᠭᠲᠠ ᠭᠦᠨᠵᠡᠭᠡᠶᠢᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ | ᠪᠠᠳᠠᠷᠠᠭᠤᠯᠪᠠ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠮᠵᠢᠯᠳᠠᠳᠠᠢ ᠪᠡᠶᠡᠯᠡᠭᠦᠯᠵᠦ ᠠᠵᠢᠯ ᠦᠢᠯᠡᠰ ᠤᠨ ᠪᠠᠶᠢᠭᠤᠯᠭ᠎ᠠ ᠶᠢ 25% ᠪᠠᠷ ᠰᠢᠯᠢᠳᠡᠭᠵᠢᠬᠦᠯᠥᠨ | ᠴᠣᠮᠬᠤᠳᠬᠠᠪᠠ᠃ ︽ᠲᠠᠯᠪᠢᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠣᠨ ᠬᠡᠷᠡᠭ ᠶᠠᠪᠣᠳᠠᠯ ᠢ ᠨᠢᠭᠡ | ᠴᠤᠭᠴᠠᠵᠢᠭᠤᠯᠤᠭᠰᠠᠨ ᠣᠶᠢᠯᠡᠴᠢᠯᠡᠬᠡᠨ ᠤ ᠲᠠᠪᠴᠠᠩ ᠢᠶᠠᠷ ᠬᠦᠢᠴᠡᠳᠬᠡᠬᠦ ᠲᠦᠪᠰᠢᠨ ᠢ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠵᠣ 1757 | ᠲᠦᠷᠥᠯ ᠤᠨ ᠵᠠᠰᠠᠭ ᠤᠨ ᠶᠠᠪᠤᠳᠠᠯ ᠤᠨ ᠣᠶᠢᠯᠡᠴᠢᠯᠡᠭᠡᠨ ᠤ ᠬᠡᠷᠡᠭ ᠶᠠᠪᠣᠳᠠᠯ ᠢ ᠲᠥᠪᠯᠡᠷᠡᠭᠦᠯᠦᠨ ᠬᠦᠢᠴᠡᠳᠬᠡᠵᠣ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠣᠶᠢᠯ ᠢ 60 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠦᠪᠰᠢᠶᠡᠷᠡᠬᠦᠯᠵᠣ ᠠᠵᠤ ᠠᠬᠤᠶᠢᠯᠠᠯ ᠢ ᠨᠡᠬᠡᠬᠡᠨ ᠡᠷᠬᠢᠯᠡᠬᠦ ᠴᠠᠭ ᠢ ᠪᠣᠭᠤᠨᠢᠰᠬᠠᠭᠠᠳ 1 | ᠡᠳᠦᠷ ᠪᠣᠯᠭᠠᠪᠠ᠃ ︽ᠮᠦᠩᠬᠡ ᠰᠤᠪᠠᠭ︾ APP ᠶᠢ ᠪᠥᠬᠦ ᠲᠠᠯ᠎ᠠ ᠪᠠᠷ ᠳᠡᠯᠭᠡᠷᠡᠭᠦᠯᠵᠦ᠂ 1057 ᠵᠦᠢᠯ ᠤᠨ ᠬᠡᠷᠡᠭᠯᠡᠭᠡᠨ ᠤ ᠦᠢᠯᠡᠴᠢᠯᠡᠭᠡ ᠶᠢ ᠠᠯᠠᠭᠠᠨ | ᠳᠡᠭᠡᠷ᠎ᠡ ᠬᠦᠢᠴᠡᠳᠬᠡᠬᠦ ᠶᠢ ᠪᠡᠶᠡᠯᠡᠭᠦᠯᠪᠡ᠃ ︽ᠬᠤᠷᠤᠭᠤᠨ ᠦᠵᠦᠭᠦᠷ ᠲᠠᠬᠢ ᠲᠣᠮᠢᠯᠠᠭᠰᠠᠨ ᠰᠠᠯᠪᠤᠷᠢ︾ ︽ᠨᠢᠭᠡ ᠦᠷᠳᠡᠬᠡᠳᠣ ᠮᠠᠶ᠋ᠢᠭ ᠢᠶᠠᠷ ᠬᠦᠢᠴᠡᠳᠭᠡᠭᠦ︾ | ᠵᠡᠷᠭᠡ ᠣᠶᠢᠯᠡᠴᠢᠯᠡᠭᠡᠨ ᠤ ᠵᠠᠭᠪᠤᠷ ᠨᠢ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠳᠤ ᠨᠠᠩ ᠲᠥᠬᠦᠮ ᠪᠣᠯᠪᠠ᠃ ᠮᠤᠵᠢ ᠠᠯᠤᠰᠯᠠᠨ ᠣᠨᠳᠣᠣ ᠭᠠᠵᠠᠷ ᠲᠤ | ᠡᠮᠨᠡᠭᠦᠯᠵᠦ ᠡᠮᠨᠡᠯᠭᠡ ᠳᠤ ᠰᠠᠭᠤᠭᠰᠠᠨ ᠵᠠᠷᠤᠳᠠᠯ ᠢ ᠲᠡᠷᠡ ᠳᠠᠷᠤᠶ ᠳᠤᠨᠢ ᠲᠠᠰᠤᠯᠤᠨ ᠪᠤᠳᠤᠵᠦ ᠠᠷᠠᠳ ᠤᠯᠠᠨ ᠤ ᠡᠪᠡᠳᠴᠢᠨ ᠦᠵᠡᠭᠦᠯᠬᠦ ᠳᠠᠷᠤᠭᠠᠰᠤ ᠶᠢ | ᠪᠦᠲᠦᠮᠵᠢᠲᠡᠶ ᠪᠠᠷ ᠬᠥᠩᠭᠡᠷᠡᠭᠦᠯᠪᠡ᠃ ᠲᠠᠪᠤᠨ ᠶᠡᠭᠡ ᠤᠯᠤᠰ ᠤᠨ ᠦᠮᠴᠢᠯᠡᠯᠳᠣ ᠠᠵᠤ ᠠᠬᠤᠶᠢᠯᠠᠯ ᠤᠨ ᠪᠦᠯᠦᠭᠯᠡᠯ ᠢ ᠵᠣᠬᠢᠶᠠᠨ ᠪᠠᠶᠢᠭᠤᠯᠵᠤ᠂ ᠤᠯᠤᠰ ᠤᠨ | ᠦᠮᠴᠢᠯᠡᠯᠳᠣ ᠠᠵᠤ ᠠᠬᠤᠶᠢᠯᠠᠯ ᠤᠨ ᠦᠬᠡᠷᠡᠴᠢᠯᠡᠯᠳᠡ ᠱᠠᠳᠣᠴᠢ ᠴᠢᠨᠡᠷᠳᠡᠢ ᠦᠷ᠎ᠡ ᠪᠦᠳᠣᠮᠵᠢ ᠣᠯᠪᠠ᠃ ᠰᠢᠨ᠎ᠡ ᠶᠢ ᠡᠭᠦᠳᠬᠦ ᠠᠳᠠᠯ ᠣᠶᠢᠯᠡᠰ ᠪᠣᠰᠬᠠᠬᠤ | ᠣᠶᠢᠯᠡᠴᠢᠯᠡᠬᠡᠨ ᠤ ᠲᠠᠪᠴᠠᠩ ᠢ ᠪᠠᠶᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ 19᠂ ᠤᠯᠤᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 3 ᠰᠢᠨ᠎ᠡ ᠪᠠᠷ ᠨᠡᠮᠡᠭᠳᠡᠭᠦᠯᠦᠨ ᠵᠦᠩ ᠮᠧᠢ ᠪᠦᠯᠦᠭᠯᠡᠯ ᠤᠨ ᠮᠧᠩ ᠳ᠋ᠠ ᠺᠣᠮᠫᠠᠨᠢ ᠨᠢ ᠤᠯᠤᠰ ᠤᠨ ᠣᠶᠣᠨᠴᠢ ᠪᠠᠷ | ᠦᠢᠯᠡᠳᠪᠦᠷᠢᠯᠡᠬᠦ ᠵᠢᠱᠢᠶᠠᠴᠢ ᠲᠤᠷᠰᠢᠯᠲᠠ ᠶᠢᠨ ᠴᠡᠭ ᠢᠶᠠᠷ ᠰᠣᠩᠭᠤᠭᠳᠠᠵᠤ᠂ ᠰᠢᠨ᠎ᠡ ᠶᠢ ᠡᠭᠦᠳᠬᠦ ᠬᠦᠳᠡᠯᠬᠡᠬᠦᠷ ᠬᠦᠴᠦᠨ ᠢ ᠪᠦᠬᠦ ᠳᠠᠯ᠎ᠠ ᠪᠠᠷ ᠳᠡᠬᠡᠭᠰᠢᠯᠡᠬᠦᠯᠪᠠ | ᠃ | ᠪᠢᠳᠡ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠨᠡᠮᠡᠭᠳᠡᠭᠦᠯᠬᠦ ᠶᠢ ᠢᠮᠠᠭᠲᠠ ᠴᠢᠬᠤᠯᠠᠴᠢᠯᠠᠵᠤ᠂ ᠠᠷᠠᠳ ᠤᠯᠠᠨ ᠤ ᠠᠰᠢᠭ ᠬᠦᠷᠲᠡᠭᠰᠡᠨ ᠲᠦᠷᠦᠭᠳᠡᠯ᠂ | ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠬᠦᠯᠪᠠ ᠃ ᠠᠷᠠᠳ ᠤᠨ ᠠᠮᠢᠳᠤᠷᠠᠯ ᠳᠤ ᠬᠡᠷᠡᠭᠯᠡᠭᠰᠡᠨ ᠡᠳ᠋ ᠤᠨ | ᠵᠠᠰᠠᠭ ᠤᠨ ᠵᠠᠷᠤᠯᠭ᠎ᠠ ᠶᠢ 178 ᠳ᠋ᠦᠩᠰᠢᠭᠤᠷ ᠲᠥᠭᠦᠷᠢᠭ ᠲᠤ ᠬᠦᠷᠬᠡᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 82% ᠢ | ᠡᠵᠡᠯᠡᠪᠡ᠃ ᠠᠵᠤ ᠣᠶᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠣᠶᠢᠯ ᠢ ᠨᠡᠶᠢᠲᠡ 164 ᠬᠡᠷᠡᠭᠵᠢᠭᠦᠯᠵᠦ᠂ ᠪᠥᠬᠦ ᠤᠯᠤᠰ ᠤᠨ ᠠᠷᠠᠳ ᠲᠦᠮᠡᠨ ᠲᠠᠢ | ᠬᠠᠮᠲᠤ ᠪᠠᠷ ᠪᠦᠬᠦ ᠬᠤᠰᠢᠭᠤᠨ ᠤ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ 348 ᠡᠷᠦᠬᠡ ᠶᠢᠨ 836 ᠬᠥᠮᠦᠨ ᠴᠢᠨᠡᠭᠡᠯᠢᠭ ᠨᠡᠶᠢᠭᠡᠮ ᠳᠤ ᠳᠠᠪᠰᠢᠨ | ᠣᠷᠣᠪᠠ᠃ ᠬᠤᠰᠢᠭᠤ᠂ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠦᠭᠴᠣ ᠲᠣᠭᠲᠠᠭᠠᠬᠤ | ᠲᠦᠷᠢᠮᠳᠣ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ 70 ᠲᠦᠷᠥᠯ ᠬᠡᠷᠡᠭᠵᠢᠭᠦᠯᠵᠦ᠂ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠨᠢᠭᠡ ᠪᠦᠯᠦᠭ | ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠰᠢᠢᠳᠪᠦᠷᠢᠯᠡᠪᠡ᠃ ᠬᠤᠲᠠ ᠪᠠᠯᠭᠠᠰᠤᠨ ᠤ 7260 ᠬᠥᠮᠦᠨ ᠳᠤ ᠰᠢᠨ᠎ᠡ ᠪᠠᠷ ᠠᠵᠢᠯ ᠣᠯᠭᠤᠵᠤ᠂ | 3735 ᠲᠦᠮᠡᠨ ᠲᠥᠭᠦᠷᠢᠭ ᠤᠨ ᠠᠳᠠᠯ ᠣᠶᠢᠯᠡᠰ ᠪᠣᠰᠬᠠᠬᠤ ᠪᠠᠳᠣᠯᠠᠪᠣᠷᠢ ᠶᠢᠨ ᠵᠢᠭᠡᠯᠡᠯᠭᠡ ᠲᠠᠯᠪᠢᠪᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠬᠦᠯᠤᠨ ᠬᠡᠷᠡᠭᠯᠡᠵᠦ ᠴᠢᠨᠠᠷ ᠰᠠᠶᠢᠲᠠᠶ ᠤᠯᠠᠨ ᠨᠡᠶᠢᠲᠡ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ | ᠨᠡᠮᠡᠭᠳᠡᠭᠦᠯᠵᠦ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 11 ᠰᠢᠨ᠎ᠡ ᠪᠠᠷ ᠥᠷᠭᠡᠳᠬᠡᠨ ᠪᠠᠶᠢᠭᠤᠯᠵᠤ᠂ 916 ᠨᠠᠷᠠᠰ ᠪᠠᠭᠰᠢ ᠶᠢ ᠣᠷᠢᠨ | ᠡᠯᠰᠠᠪᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ ᠠᠯᠢᠪᠠ ᠥᠪᠡᠷ ᠤᠨ ᠦᠷᠳᠡᠭ ᠪᠠ ᠦᠨ᠎ᠡ ᠦᠷᠳᠡᠭ ᠪᠦᠬᠦᠨ ᠢ | ᠬᠠᠶᠢᠬᠤᠷᠤᠯ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠥᠷᠭᠡᠨ ᠤᠯᠠᠨ ᠡᠮᠴᠢ | ᠰᠣᠪᠢᠯᠠᠭᠴᠢ᠂ ᠴᠠᠭᠳᠠᠭ᠎ᠠ᠂ ᠺᠠᠳ᠋ᠷ ᠤᠯᠠᠨ ᠲᠦᠮᠡᠨ᠂ ᠰᠠᠶᠢᠨ ᠳᠣᠷᠠᠴᠣᠳ ᠨᠢᠭᠡᠳᠦᠭᠡᠷ ᠹᠷᠣᠨᠲ ᠢ ᠡᠳᠦᠷᠵᠢᠨ ᠰᠥᠨᠢᠵᠢᠨ ᠪᠠᠲᠤ ᠰᠠᠬᠢᠵᠤ᠂ ᠬᠠᠷᠠᠮ ᠦᠬᠡᠢ | ᠵᠤᠷᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠦᠦᠰᠢᠨ ᠤ ᠠᠮᠤᠷ ᠲᠦᠪᠰᠢᠨ ᠢ ᠰᠠᠬᠢᠨ ᠬᠠᠮᠠᠭᠠᠯᠠᠵᠤ ᠪᠠᠶᠢᠨ᠎ᠠ᠃ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶ᠎ᠠ᠂ ᠬᠢᠵᠢᠭ ᠡᠪᠡᠳᠴᠢᠨ ᠢ ᠰᠡᠷᠬᠡᠶᠢᠯᠡᠨ ᠡᠵᠡᠮᠳᠡᠬᠦ ᠲᠥᠪ ᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠰᠢᠢᠳᠪᠣᠷᠢᠯᠡᠬᠦ | ᠲᠤᠷᠰᠢᠯᠲᠠ ᠶᠢᠨ ᠠᠰᠠᠷ ᠵᠡᠷᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠥᠬᠦ ᠤᠯᠤᠰ ᠤᠨ ᠲᠥᠯᠥᠪᠯᠡᠭᠡᠲᠦ ᠦᠷᠡᠵᠢᠯ ᠤᠨ ᠰᠢᠯᠢᠳᠡᠭ | ᠣᠶᠢᠯᠡᠴᠢᠯᠡᠭᠡᠨ ᠤ ᠲᠡᠷᠢᠭᠦᠨ ᠤ ᠪᠠᠶᠢᠭᠤᠯᠭ᠎ᠠ ᠨᠢᠬᠡᠴᠢ᠂ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ | ᠡᠵᠡᠮᠳᠡᠬᠦ ᠵᠢᠱᠢᠶᠡᠴᠢ ᠣᠷᠣᠨ ᠢᠶᠠᠷ ᠦᠨᠡᠯᠡᠭᠳᠡᠪᠡ᠃ ᠣᠨᠴᠠ ᠬᠦᠴᠢᠷᠳᠡᠯ ᠲᠠᠢ ᠣᠯᠠᠨ ᠲᠦᠮᠡᠨ ᠳᠤ ᠨᠥᠬᠦᠪᠥᠷᠢ ᠥᠭᠬᠦ ᠪᠠᠷᠢᠮᠵᠢᠶ᠎ᠠ ᠶᠢ ᠬᠥᠳᠡᠯᠦᠩᠭᠦᠶ ᠪᠠᠷ | ᠲᠣᠬᠢᠷᠠᠭᠤᠯᠵᠤ᠂ ᠨᠡᠶᠢᠭᠡᠮ ᠤᠨ ᠳᠠᠭᠠᠳᠬᠠᠯ ᠳᠤ ᠣᠷᠣᠯᠴᠠᠬᠤ ᠨᠤᠷᠮ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠪᠡ᠃ 11 ᠬᠠᠷᠢᠯᠴᠠᠨ ᠬᠠᠪᠰᠤᠷᠤᠯᠴᠠᠬᠤ | ᠨᠠᠰᠤᠲᠠᠨ ᠢ ᠠᠰᠠᠷᠠᠬᠤ ᠬᠦᠷᠢᠶᠡᠯᠡᠩ ᠢ ᠰᠢᠨ᠎ᠡ ᠪᠠᠷ ᠪᠠᠶᠢᠭᠤᠯᠵᠣ ᠰᠢᠨ ᠺᠠᠩ ᠡᠮᠴᠢᠯᠡᠭᠡ ᠰᠣᠪᠢᠯᠠᠯᠳᠠ ᠶᠢᠨ ᠬᠦᠷᠢᠶᠠᠯᠠᠩ ᠨᠢ ᠪᠥᠬᠦ ᠣᠷᠣᠨ ᠤ ᠡᠮᠴᠢᠯᠡᠭᠡ | ᠰᠣᠪᠢᠯᠠᠯᠳᠠ ᠶᠢ ᠤᠶᠠᠯᠳᠤᠭᠤᠯᠤᠭᠰᠠᠨ ᠵᠢᠱᠢᠶᠠᠴᠢ ᠪᠠᠶᠢᠭᠤᠯᠤᠮᠵᠢ ᠪᠠᠷ ᠳᠣᠭᠳᠠᠭᠠᠭᠳᠠᠪᠠ᠃ ᠰᠤᠶᠤᠯ ᠤᠨ ᠦᠢᠯᠡᠰ ᠤᠷᠳᠤ ᠬᠤᠭᠤᠴᠠᠭ᠎ᠠ ᠪᠠᠷ ᠬᠦᠭᠵᠢᠵᠦ ᠪᠦᠬᠦ | ᠤᠯᠤᠰ ᠤᠨ ᠰᠣᠶᠣᠯ ᠤᠨ ᠵᠠᠭᠤᠨ ᠬᠦᠴᠦᠷᠬᠡᠭ ᠬᠤᠰᠢᠭᠤ ᠰᠢᠶᠠᠨ᠂ ᠤᠯᠤᠰ ᠤᠨ ᠬᠤᠶᠠᠳᠤᠭᠠᠷ ᠪᠦᠯᠦᠭ ᠬᠤᠪᠢᠰᠬᠠᠯ ᠤᠨ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠨ ᠠᠰᠢᠭᠯᠠᠭᠰᠠᠨ ᠱᠠᠨᠰᠢ ᠭᠠᠨᠰᠦ ᠨᠢᠩᠰᠢᠶᠠ ᠣᠷᠣᠨ ᠤ ᠭᠡᠰᠡᠭ ᠤᠨ ᠬᠤᠰᠢᠭᠤ ᠰᠢᠶᠠᠨ ᠤ ᠨᠡᠷᠡᠰ ᠲᠤ ᠰᠣᠩᠭᠤᠭᠳᠠᠵᠤ᠂ ︽ᠳᠤᠮᠳᠠᠳᠤ | ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ︾ ᠤᠨ ᠢᠷᠠᠭᠤ ᠠᠯᠳᠠᠷ ᠢ ᠬᠦᠷᠳᠡᠨ ᠤᠯᠠᠭᠠᠨᠮᠥ᠋ᠴᠢᠷ᠂ ᠮᠤᠷᠢᠨ ᠬᠤᠭᠤᠷ ᠤᠨ ᠨᠠᠶᠢᠷᠠᠯ ᠬᠥᠭᠵᠢᠮ ᠤᠨ | ᠪᠦᠯᠬᠦᠮ ᠳᠡᠯᠡᠬᠡᠢ ᠶᠢᠨ ᠤᠯᠠᠨ ᠤᠯᠤᠰ ᠢᠶᠠᠷ ᠲᠤᠭᠤᠷᠢᠨ ᠲᠤᠭᠯᠠᠯᠲᠠ ᠭᠠᠷᠭᠠᠵᠦ ᠲᠠᠯ᠎ᠠ ᠨᠤᠲᠤᠭ ᠤᠨ ᠰᠤᠶᠤᠯ ᠢ ᠳᠡᠯᠡᠬᠡᠢ ᠳ᠋ᠠᠬᠢᠨ ᠳᠤ ᠠᠯᠳᠠᠷᠰᠢᠭᠤᠯᠪᠠ᠃ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢᠨ ᠬᠠᠮᠲᠤ ᠪᠢᠳᠡ ᠢᠮᠠᠭᠲᠠ ᠪᠣᠳᠠᠲᠠᠢ ᠶᠢ ᠡᠷᠬᠢᠮᠯᠡᠨ | ᠥᠨᠳᠥᠷ ᠪᠦᠲᠦᠮᠵᠢᠲᠡᠢ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠨ ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠣᠨ ᠳᠦᠷᠢᠮᠵᠢᠭᠦᠯᠬᠦ ᠶᠢ ᠦᠷᠭᠦᠯᠵᠢᠯᠡᠨ | ᠠᠬᠢᠭᠤᠯᠵᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠪᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ | ᠪᠠᠶᠢᠴᠠᠭᠠᠯᠲᠠ ᠴᠠᠭᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ ᠨᠡᠭᠦᠷᠡᠰᠦ᠂ | ᠣᠶ ᠰᠢᠭᠤᠶ ᠨᠣᠳᠤᠭ ᠪᠡᠯᠴᠢᠭᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠬᠦᠷᠢᠶᠡᠨ ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠶᠡᠬᠡᠪᠡᠷ | ᠠᠬᠢᠭᠤᠯᠵᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠡᠶᠢᠳᠡ 214 ᠬᠤᠪᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠣᠷᠠᠳᠣᠯᠭ᠎ᠠ ᠶᠢ 186 ᠬᠤᠪᠢ ᠬᠦᠢᠴᠡᠳᠬᠡᠵᠣ ᠬᠦᠢᠴᠡᠳᠬᠡᠭᠰᠡᠨ ᠨᠤᠷᠮ᠎ᠠ ᠶᠢ 100% ᠳᠤ ᠬᠦᠷᠬᠡᠪᠠ᠃ | ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠠ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢ ᠠᠮᠵᠢᠯᠳᠠᠳᠠᠢ ᠳᠡᠬᠦᠰᠬᠡᠪᠠ᠃ ᠡᠭᠦᠨ ᠠᠴᠠ ᠭᠠᠳᠠᠨ᠎ᠠ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠪᠠ︔ ᠭᠠᠵᠠᠷ ᠬᠥᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠵᠠᠬᠢᠳᠠᠯ | ᠰᠤᠷᠪᠤᠯᠵᠢᠯᠠᠯ ᠲᠣᠭᠲᠠᠭᠤᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠰᠢᠢᠳᠪᠣᠷᠢᠯᠡᠬᠦ ᠬᠠᠮᠢᠶᠠᠷᠤᠯᠲᠠ ᠵᠡᠷᠭᠡ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ︔ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠤᠭ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠦᠢᠯᠡᠰ ᠤᠷᠳᠤ | ᠬᠤᠭᠤᠴᠠᠭᠠᠨ ᠤ ᠲᠠᠪᠰᠢᠯᠳᠠ ᠲᠠᠢ ᠪᠣᠯᠪᠠ᠃ | ᠲᠥᠯᠥᠭᠡᠯᠡᠭᠴᠢᠳ ᠡ︕ ᠡᠲᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢᠨ ᠦᠷ᠎ᠡ ᠳ᠋ᠦᠩ ᠮᠦᠨ᠂ ᠬᠤᠲᠠ ᠶᠢᠨ ᠨᠠᠮ ᠤᠨ | ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠠ ᠬᠤᠰᠢᠭᠤ ᠨᠠᠮ ᠤᠨ ᠬᠤᠷᠢᠶ᠎ᠠ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠦᠨ᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠦᠲᠦᠮᠵᠢᠲᠡᠶ ᠬᠢᠨᠠᠯᠲᠠ ᠲᠠᠯᠪᠢᠵᠤ ᠬᠦᠴᠦᠲᠡᠶ ᠳᠡᠮᠵᠢᠭᠰᠡᠨ ᠤ ᠦᠷ᠎ᠡ | ᠳ᠋ᠦᠩ ᠮᠦᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠪᠣᠯᠤᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠡᠯ᠎ᠡ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠪᠥᠬᠦ ᠬᠤᠰᠢᠭᠤᠨ ᠤ ᠥᠷᠭᠡᠨ ᠣᠯᠠᠨ | ᠺᠠᠳ᠋ᠷ ᠣᠯᠠᠨ ᠲᠦᠮᠡᠨ᠂ ᠦᠤᠰᠢᠨ ᠤ ᠪᠥᠲᠥᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠪᠥᠲᠥᠭᠡᠨ ᠪᠠᠶᠢᠭᠤᠯᠤᠯᠲᠠ ᠬᠥᠭᠵᠢᠯᠲᠡ ᠳᠤ | ᠣᠷᠣᠯᠴᠠᠭᠰᠠᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | | ᠲᠥᠯᠥᠭᠡᠯᠡᠭᠴᠢᠳ ᠡ︕ ᠡᠳᠡᠭᠡᠷ ᠠᠮᠵᠢᠯᠲᠠ ᠪᠦᠲᠦᠮᠵᠢ ᠶᠢ ᠤᠯᠤᠭᠰᠠᠨ ᠨᠢ ᠬᠢᠯᠪᠡᠷ ᠪᠤᠰᠤ᠂ ᠲᠤᠷᠰᠢᠯᠭ᠎ᠠ ᠨᠢ ᠲᠦᠢᠯ ᠤᠨ ᠡᠷᠬᠢᠮ ᠨᠠᠨᠳᠢᠨ ᠪᠠᠶᠢᠵᠤ᠂ | ᠡᠭᠦᠨ ᠢ ᠪᠢᠳᠡ ᠨᠠᠷᠢᠨ ᠬᠢᠨᠠᠮᠠᠭᠠᠶ ᠪᠠᠷ ᠳ᠋ᠦᠩᠨᠡᠵᠦ ᠦᠷᠭᠦᠯᠵᠢᠯᠡᠨ ᠪᠠᠳᠠᠷᠠᠭᠤᠯᠤᠭᠤᠰᠢᠲᠠᠢ ᠶᠤᠮ᠃ ᠨᠢᠭᠡ ᠳᠤ ᠨᠠᠮ ᠤᠨ ᠤᠳᠤᠷᠢᠳᠤᠯᠭ᠎ᠠ ᠶᠢ ᠡᠷᠬᠡᠪᠰᠢ | ᠪᠠᠷᠢᠮᠲᠠᠯᠠᠨ᠎ᠠ᠃ ᠭᠠᠭᠴᠠ ᠬᠦ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠥᠬᠡᠶ ᠤᠷᠤᠭᠰᠢᠯᠠᠵᠤ ︽ᠬᠤᠶᠠᠷ ᠢ ᠬᠠᠮᠠᠭᠠᠯᠠᠬᠤ︾ | ᠶᠢ ᠡᠷᠡᠰ ᠪᠡᠶᠡᠯᠡᠭᠦᠯᠪᠡᠯ ᠰᠠᠶ᠋ᠢ ᠡᠯ᠎ᠡ ᠲᠠᠯ᠎ᠠ ᠶᠢᠨ ᠰᠢᠯᠭᠠᠯᠲᠠ ᠶᠢ ᠳᠠᠭᠠᠭᠠᠵᠤ ᠡᠯ᠎ᠡ ᠲᠦᠷᠦᠯ ᠤᠨ ᠠᠵᠢᠯ ᠦᠢᠯᠡᠰ ᠵᠥᠪ ᠴᠢᠭᠯᠡᠯ ᠢᠶᠠᠷ᠂ ᠯᠠᠪᠳᠠᠭᠤᠨ ᠢᠶᠠᠷ | ᠤᠷᠤᠭᠰᠢᠯᠠᠬᠤ ᠶᠢ ᠦᠨᠡᠨ ᠬᠦ ᠪᠠᠲᠤᠯᠠᠵᠤ ᠴᠢᠳᠠᠨ᠎ᠠ᠃ ᠬᠤᠶᠠᠷ ᠲᠤ ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠨ᠎ᠠ᠃ ᠭᠠᠭᠴᠠ ᠭᠦ ᠠᠷᠠᠳ | ᠤᠯᠠᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠪᠠᠯ ᠰᠠᠶ᠋ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ | ᠳᠤᠮᠳᠠ ᠠᠷᠠᠳ ᠤᠨ ᠤᠶᠤᠨ ᠤᠬᠠᠭᠠᠨ ᠢ ᠲᠥᠪᠯᠡᠷᠡᠭᠦᠯᠵᠦ ᠠᠷᠠᠳ ᠤᠨ ᠰᠡᠳᠬᠢᠯ ᠢ ᠣᠯᠵᠤ ᠠᠷᠠᠳ ᠤᠨ ᠬᠦᠴᠦᠨ ᠢ ᠨᠢᠭᠲᠠᠷᠠᠭᠤᠯᠵᠤ ᠴᠢᠳᠠᠨ᠎ᠠ᠃ | ᠭᠤᠷᠪᠠ ᠳᠤ ᠴᠢᠨᠠᠷ ᠰᠠᠶᠢᠲᠠᠢ ᠬᠥᠭᠵᠢᠯᠲᠡ ᠶᠢᠨ ᠤᠢᠢᠯᠠᠭᠠᠭᠳᠠᠬᠤᠨ ᠢ ᠡᠷᠬᠡᠪᠰᠢ ᠪᠠᠷᠢᠮᠳᠠᠯᠠᠨ᠎ᠠ᠃ ᠭᠠᠭᠴᠠ ᠭᠦ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠨᠠᠷᠢᠨ ᠬᠢᠨᠠᠮᠠᠭᠠᠢ ᠲᠤᠭᠤᠰᠢᠯᠠᠭᠤᠯᠵᠤ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠪᠡᠯ ᠰᠠᠶ᠋ᠢ | ᠬᠥᠭᠵᠢᠯᠲᠡ ᠶᠢ ᠲᠦᠷᠭᠡᠳᠬᠡᠬᠦ ᠳᠤᠮᠳᠠ ᠳᠠᠪᠠᠯᠲᠠ ᠰᠢᠪᠲᠤᠯᠤᠯᠲᠠ ᠲᠠᠢ ᠪᠤᠯᠵᠤ ᠰᠢᠭᠤᠷᠬᠠᠢ ᠤᠷᠤᠭᠰᠢᠯᠠᠵᠤ ᠴᠢᠳᠠᠨ᠎ᠠ᠃ ᠲᠦᠷᠪᠡ ᠳᠤ ᠪᠣᠳᠠᠲᠠᠶ ᠮᠦᠷᠲᠡᠭᠡᠨ | ᠰᠢᠷᠭᠠᠭᠤ ᠬᠠᠲᠠᠭᠤᠵᠢᠯᠲᠠᠶ ᠠᠵᠢᠯᠯᠠᠬᠤ ᠶᠢ ᠡᠷᠬᠡᠪᠰᠢ ᠪᠠᠷᠢᠮᠲᠠᠯᠠᠨ᠎ᠠ᠃ ᠭᠠᠭᠴᠠ ᠬᠦ ᠰᠢᠯᠢᠳᠡᠭ ᠰᠤᠷᠲᠠᠯ ᠢ ᠤᠯᠠᠮᠵᠢᠯᠠᠨ ᠵᠠᠯᠭᠠᠮᠵᠢᠯᠠᠵᠤ ᠨᠢᠭᠡ ᠵᠢᠷᠤᠭ | ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ ᠬᠤᠭᠤᠴᠠᠭ᠎ᠠ ᠳᠠᠷᠠᠭᠠᠯᠠᠨ ᠰᠢᠷᠭᠠᠭᠤ ᠠᠵᠢᠯᠯᠠᠪᠠᠯ ᠰᠠᠶ᠋ᠢ ᠡᠯ᠎ᠡ ᠬᠦᠨᠳᠦ ᠶᠡᠭᠡ ᠠᠶᠤᠯ ᠲᠦᠭᠰᠢᠭᠦᠷᠢ ᠶᠢᠨ | ᠲᠡᠮᠡᠴᠡᠯ ᠤᠨ ᠳᠤᠮᠳᠠ ᠬᠠᠷᠰᠢ ᠰᠠᠭᠠᠳ ᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠵᠤ ᠴᠢᠳᠠᠨ᠎ᠠ᠃ | ᠲᠥᠯᠥᠭᠡᠯᠡᠭᠴᠢᠳ ᠡ︕ ᠠᠮᠵᠢᠯᠲᠠ ᠪᠠ ᠲᠤᠷᠰᠢᠯᠭ᠎ᠠ ᠪᠠᠨ ᠳ᠋ᠦᠩᠨᠡᠬᠦ ᠶᠢᠨ ᠵᠡᠷᠭᠡᠪᠡᠷ ᠪᠢᠳᠡ ᠪᠠᠰᠠ ᠬᠥᠭᠵᠢᠯᠲᠡ ᠶᠢᠨ ᠳᠤᠮᠳᠠ ᠮᠠᠰᠢ ᠤᠯᠠᠨ | ᠲᠤᠳᠠᠭᠤᠳᠠᠯ ᠪᠠ ᠪᠠᠭᠤᠷᠠᠢ ᠲᠠᠯ᠎ᠠ ᠤᠷᠤᠰᠢᠵᠦ ᠪᠠᠶᠢᠬᠤ ᠶᠢ ᠰᠡᠷᠭᠡᠭ ᠢᠶᠠᠷ ᠲᠠᠨᠢᠵᠤ ᠤᠯᠤᠭᠰᠠᠨ ᠪᠠᠶᠢᠨ᠎ᠠ᠂ ᠡᠭᠦᠨ ᠳᠤ ᠭᠤᠣᠯᠳᠠᠭᠤ᠄ ᠠᠵᠤ ᠦᠢᠯᠡᠳᠪᠦᠷᠢ ᠶᠢᠨ | ᠠᠵᠤ ᠦᠢᠯᠡᠰ ᠤᠨ ᠬᠡᠯᠬᠢᠶᠡᠵᠢᠯ ᠣᠬᠤᠷ᠂ ᠰᠦᠷᠦᠭᠵᠢᠯ ᠤᠨ ᠬᠡᠮᠵᠢᠶ᠎ᠡ ᠳᠣᠣᠷ᠎ᠠ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠬᠤᠪᠢ ᠶᠢᠨ ᠵᠢᠩ ᠪᠠᠭ᠎ᠠ︔ ᠮᠠᠯ ᠲᠠᠷᠢᠶᠠᠯᠠᠩ ᠠᠵᠤ ᠠᠬᠤᠶ ᠶᠢᠨ ᠬᠡᠪᠴᠢᠶᠡᠵᠢᠭᠰᠡᠨ᠂ ᠲᠤᠰᠬᠠᠶᠢᠵᠢᠭᠰᠠᠨ᠂ ᠵᠣᠬᠢᠶᠠᠨ ᠪᠠᠶᠢᠭᠤᠯᠤᠯᠳᠠᠴᠢᠯᠠᠭᠰᠠᠨ | ᠬᠡᠮᠵᠢᠶ᠎ᠡ ᠥᠨᠳᠥᠷ ᠪᠢᠰᠢ᠂ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠴᠢᠳᠠᠪᠤᠷᠢ ᠪᠠ ᠨᠠᠷᠠᠲᠤ ᠲᠡᠮᠳᠡᠭ ᠢ ᠪᠤᠢ ᠪᠤᠯᠭᠠᠬᠤ ᠬᠦᠴᠦᠯᠡᠴᠡ ᠶᠡᠭᠡ ᠪᠢᠰᠢ︔ | ᠰᠢᠨ᠎ᠡ ᠶᠢ ᠡᠭᠦᠳᠬᠦ ᠪᠠ ᠴᠢᠳᠠᠪᠤᠷᠢᠲᠠᠨ ᠤ ᠲᠤᠯᠭᠠᠭᠤᠷᠢᠯᠠᠯ ᠬᠦᠷᠦᠯᠴᠡᠬᠦ ᠦᠭᠡᠢ ᠪᠠᠶᠢᠨ᠎ᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠠᠰᠠ | ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠨᠢ | ᠠᠷᠠᠳ ᠤᠯᠠᠨ ᠤ ᠬᠦᠰᠡᠯ ᠡᠷᠡᠮᠡᠯᠵᠡᠯ ᠲᠠᠢ ᠮᠥᠨ ᠯᠡ ᠵᠥᠷᠢᠶ᠎ᠡ ᠲᠠᠢ ᠪᠠᠶᠢᠨ᠎ᠠ︔ ᠵᠠᠷᠢᠮ ᠺᠠᠳ᠋ᠷ ᠤᠨ ᠦᠢᠯᠡᠴᠢᠯᠡᠬᠦ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ | ᠵᠣᠷᠢᠭ ᠰᠠᠨᠠᠭ᠎ᠠ᠂ ᠡᠴᠦᠰ ᠲᠤᠨᠢ ᠲᠤᠯᠲᠠᠯ᠎ᠠ ᠠᠳᠬᠤᠬᠤ ᠠᠵᠢᠯ ᠤᠨ ᠡᠷᠴᠢ ᠵᠣᠷᠢᠭ ᠢ ᠪᠠᠰᠠ ᠴᠢᠩᠭᠠᠳᠬᠠᠬᠤ ᠴᠢᠬᠤᠯᠠᠲᠠᠢ ᠪᠠᠶᠢᠬᠤ ᠵᠡᠷᠭᠡ ᠪᠣᠯᠤᠨ᠎ᠠ᠃ ᠪᠢᠳᠡ | ᠣᠷᠣᠰᠢᠵᠤ ᠪᠠᠶᠢᠭ᠎ᠠ ᠠᠰᠠᠭᠤᠳᠠᠯ ᠳᠤ ᠰᠢᠭᠤᠳ ᠬᠠᠨᠳᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠵᠤ ᠠᠷᠠᠳ ᠤᠯᠠᠨ ᠤ | ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠲᠡᠮᠡᠴᠡᠬᠦ ᠴᠢᠭᠯᠡᠯ | ᠬᠤᠶᠢᠰᠢᠳᠠ ᠶᠢᠨ ᠲᠠᠪᠤᠨ ᠵᠢᠯ ᠪᠣᠯ ᠥᠥᠰᠢᠨ ᠬᠤᠰᠢᠭᠤ ᠴᠢᠨᠠᠷ ᠰᠠᠶᠢᠲᠠᠢ ᠬᠦᠭᠵᠢᠯᠳᠡ ᠶᠢ ᠲᠦᠷᠭᠡᠳᠬᠡᠵᠦ ᠲᠡᠷᠢᠬᠦᠨ ᠳᠤ ᠤᠷᠤᠬᠤ ᠪᠠᠷ ᠴᠢᠷᠮᠠᠶᠢᠵᠦ | ᠰᠠᠶᠢᠨ ᠰᠠᠶᠢᠬᠠᠨ ᠢᠷᠡᠭᠡᠳᠤᠢ ᠶᠢ ᠪᠦᠲᠦᠬᠡᠨ ᠪᠠᠶᠢᠭᠤᠯᠬᠤ ᠵᠠᠩᠬᠢᠯᠠᠭ᠎ᠠ ᠶᠢᠨ ᠲᠠᠪᠤᠨ ᠵᠢᠯ ᠪᠤᠯᠤᠨ᠎ᠠ᠃ ᠬᠤᠰᠢᠭᠤᠨ ᠤ ᠠᠷᠪᠠᠨ ᠵᠢᠷᠭᠤᠳᠤᠭᠠᠷ ᠤᠳᠠᠭᠠᠨ ᠤ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠢᠳᠠᠨ ᠳᠤ ᠴᠢᠨᠠᠷ ᠰᠠᠶᠢᠳᠠᠢ ᠬᠦᠭᠵᠢᠯᠳᠡ ᠶᠢᠨ ᠠᠤᠭ᠎ᠠ ᠲᠦᠯᠦᠪᠯᠡᠭᠡ ᠶᠢ ᠵᠢᠷᠤᠭᠯᠠᠵᠤ ᠤᠷᠤᠭᠰᠢᠯᠠᠬᠤ | ᠴᠢᠭᠯᠡᠯ ᠢ ᠲᠣᠳᠣᠷᠬᠠᠶ ᠲᠣᠭᠲᠠᠭᠠᠪᠠ᠃ ᠪᠢᠳᠡ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠠᠷᠠᠳ ᠲᠦᠮᠡᠨ ᠢᠶᠠᠷ ᠭᠤᠤᠯ | ᠪᠤᠯᠭᠠᠬᠤ ᠶᠢ ᠪᠠᠷᠢᠮᠳᠠᠯᠠᠵᠦ᠂ ᠤᠭ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠯᠬᠢ ᠲᠠᠪᠠᠯᠭᠠᠨ ᠢ ᠵᠦᠰᠦᠨ | ᠲᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠬᠦᠯᠵᠦ ᠠᠤᠭ᠎ᠠ ᠲᠦᠯᠦᠪᠯᠡᠭᠡ ᠶᠢ ᠰᠠᠶᠢᠨ ᠰᠠᠶᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠬᠤ ᠶᠢ ᠪᠠᠷᠢᠮᠳᠠᠯᠠᠵᠦ | ᠴᠠᠭ ᠦᠶ᠎ᠡ ᠶᠢ ᠬᠥᠰᠡᠷᠳᠡᠭᠦᠯᠬᠦ ᠦᠬᠡᠢ᠂ ᠠᠷᠠᠳ ᠲᠦᠮᠡᠨ ᠢ ᠬᠥᠰᠡᠷᠳᠡᠭᠦᠯᠬᠦ ᠦᠬᠡᠢ ᠪᠠᠷ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠤᠨ᠎ᠡ᠃ | ᠵᠠᠰᠠᠭ ᠤᠨ ᠣᠷᠳᠣᠨ ᠤ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ ᠲᠣᠭᠲᠠᠭᠤᠨ ᠤ ᠳᠣᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ ᠰᠢᠨ᠎ᠡ ᠬᠦᠭᠵᠢᠯᠲᠡ ᠶᠢᠨ | ᠤᠶᠢᠯᠠᠭᠠᠭᠳᠠᠬᠤᠨ ᠢ ᠪᠦᠷᠢᠨ ᠤᠨᠤᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠦ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ | ᠪᠣᠯᠭᠠᠨ ᠬᠦᠭᠵᠢᠯᠳᠡ ᠪᠠ ᠠᠮᠤᠷ ᠲᠦᠪᠰᠢᠨ ᠢ ᠨᠢᠬᠡᠳᠦᠯᠳᠡᠢ ᠲᠤᠯᠤᠪᠵᠢᠭᠦᠯᠵᠦ ︽ᠭᠤᠷᠪᠠᠨ ᠣᠷᠣᠨ ᠬᠤᠶᠠᠷ ᠭᠠᠵᠠᠷ︾ ᠪᠣᠯᠤᠨ ︽ᠲᠠᠪᠤᠨ ᠦᠦᠰᠢᠨ︾ ᠢ | ᠲᠦᠷᠭᠡᠳᠭᠡᠨ ᠪᠦᠲᠦᠬᠡᠨ ᠪᠠᠶᠢᠭᠤᠯᠵᠦ ᠰᠢᠨ᠎ᠡ ᠠᠶᠠᠨ ᠵᠠᠮ ᠳᠤ ᠦᠦᠰᠢᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠬᠤᠶᠢᠰᠢᠳᠠ ᠶᠢᠨ ᠲᠠᠪᠤᠨ ᠵᠢᠯ ᠳᠤ᠂ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠪᠣᠯ᠄ ᠣᠷᠣᠨ ᠨᠤᠲᠤᠭ | ᠤᠨ ᠦᠢᠯᠡᠳᠪᠦᠷᠢᠯᠡᠯ ᠤᠨ ᠶᠡᠷᠦᠩᠬᠡᠶ ᠣᠢᠷᠳᠡᠭ ᠢ 500 ᠳ᠋ᠦᠩᠰᠢᠭᠤᠷ ᠲᠥᠭᠦᠷᠢᠭ ᠠᠴᠠ ᠳᠠᠪᠠᠭᠤᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 50 ᠳ᠋ᠦᠩᠰᠢᠭᠤᠷ ᠲᠥᠭᠦᠷᠢᠭ ᠠᠴᠠ ᠳᠠᠪᠠᠭᠤᠯᠵᠦ᠂ ᠲᠣᠭᠲᠠᠮᠠᠯ ᠬᠦᠷᠦᠩᠬᠡ ᠶᠢᠨ ᠪᠠᠯᠠ ᠣᠷᠣᠭᠤᠯᠤᠯᠲᠠ ᠶᠢ 1000 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠬᠦᠯᠵᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠪᠦᠭᠦ ᠬᠤᠲᠠ ᠶᠢᠨ ᠡᠮᠦᠨ᠎ᠡ ᠡᠩᠨᠡᠭᠡᠨ ᠳᠤ | ᠣᠷᠣᠭᠤᠯᠵᠦ ᠬᠤᠰᠢᠭᠤ ᠰᠢᠶᠠᠨ ᠤ ᠠᠵᠤ ᠠᠬᠤᠶ ᠶᠢᠨ ᠶᠡᠷᠦᠩᠬᠡᠶ ᠥᠷᠢᠰᠥᠯᠳᠦᠬᠦ ᠬᠦᠴᠦᠨ ᠤ ᠲᠡᠰ ᠳᠡᠪᠰᠢᠬᠦ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ ᠪᠢᠳᠡ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠬᠥᠭᠵᠢᠯᠲᠡ ᠶᠢ ᠤᠷᠢᠳᠠᠪᠡᠷ ᠪᠤᠳᠤᠯᠬᠢᠯᠠᠬᠤ ᠶᠢ ᠪᠠᠷᠢᠮᠲᠠᠯᠠᠵᠤ ᠨᠠᠩ ᠢᠯᠡᠭᠦᠤ ᠪᠣᠳᠠᠲᠤ ᠬᠦᠴᠦᠨ ᠲᠠᠢ᠂ ᠨᠠᠩ ᠥᠨᠳᠥᠷ ᠴᠢᠨᠠᠷ ᠳᠡᠰᠲᠤ | ᠨᠤᠮᠢᠨ ᠲᠠᠩᠰᠤᠭ ᠦᠦᠰᠢᠨ ᠢ ᠪᠥᠲᠥᠭᠡᠨ ᠪᠠᠶᠢᠭᠤᠯᠤᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠢᠮᠠᠭᠲᠠ ᠤᠳᠤᠷᠢᠳᠤᠮᠵᠢ ᠪᠣᠯᠭᠠᠵᠤ | ᠦᠨᠳᠦᠰᠦ ᠪᠠᠨ ᠪᠠᠲᠤᠳᠬᠠᠨ ᠰᠠᠭᠤᠷᠢ ᠪᠠᠨ ᠴᠢᠩᠭᠠᠳᠬᠠᠬᠤ᠂ ᠰᠢᠯᠢᠳᠡᠭ ᠢ ᠪᠤᠢ ᠪᠤᠯᠭᠠᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠨ ᠪᠣᠳᠠᠲᠤ | ᠴᠣᠭᠴᠠ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠢ ︽ᠮᠢᠩᠭᠠᠨ | ᠳ᠋ᠦᠩᠰᠢᠭᠤᠷ ᠲᠦᠬᠦᠷᠢᠭ ᠤᠨ ᠦᠢᠯᠡᠳᠬᠦᠨ ᠤ ᠥᠷᠲᠡᠭ ᠲᠠᠢ ᠬᠦᠷᠢᠶᠡᠯᠡᠩ ᠲᠣᠭᠤᠷᠢᠭ︾ ᠪᠣᠯᠭᠠᠨ ᠪᠥᠲᠥᠭᠡᠨ ᠪᠠᠶᠢᠭᠤᠯᠵᠤ ᠣᠷᠣᠨ ᠪᠦᠰᠡ ᠶᠢᠨ ᠠᠵᠤ | ᠠᠬᠤᠶ ᠶᠢᠨ ᠬᠥᠭᠵᠢᠯᠲᠡ ᠶᠢᠨ ᠬᠦᠴᠦᠷᠬᠡᠭ ᠶᠡᠭᠡ ᠨᠡᠮᠡᠭᠳᠡᠯ ᠤᠨ ᠲᠦᠢᠯ ᠢ ᠪᠣᠶ ᠪᠣᠯᠭᠠᠨ᠎ᠠ᠃ | ᠠᠵᠤ ᠦᠢᠯᠡᠳᠪᠦᠷᠢ ᠶᠢᠨ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠬᠦᠯᠬᠦ ᠶᠢ ᠲᠦᠯᠬᠢᠨ ᠠᠬᠢᠭᠤᠯᠤᠨ᠎ᠠ᠃ ︽ᠬᠤᠤᠰ | ᠨᠡᠭᠦᠷᠡᠰᠦᠲᠥ᠋ᠷᠥᠭᠴᠢ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠪᠣᠬᠢᠷᠲᠤᠯ ᠥᠬᠡᠶ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ ᠥᠪᠥᠷ ᠮᠣᠩᠭᠤᠯ ᠱᠠᠨᠰᠢ ᠨᠢᠩᠰᠢᠶᠠ ᠶᠢᠨ ︽ᠠᠯᠲᠠᠨ | ᠭᠤᠷᠪᠠᠯᠵᠢᠨ ᠤᠷᠤᠨ︾ ᠤ ᠶᠡᠷᠦᠩᠬᠡᠶᠢᠯᠡᠭᠰᠡᠨ ᠡᠨᠧᠷᠭᠢ ᠶᠢᠨ ᠠᠵᠤ ᠠᠬᠤᠶ ᠶᠢᠨ ᠰᠢᠨ᠎ᠡ ᠥᠨᠳᠦᠷᠯᠢᠭ ᠢ ᠪᠥᠲᠥᠭᠡᠨ ᠪᠠᠶᠢᠭᠤᠯᠤᠨ᠎ᠠ᠃ ᠨᠡᠭᠦᠷᠡᠰᠦ ᠬᠢᠮᠢ ᠶᠢᠨ | ᠦᠢᠯᠡᠳᠪᠦᠷᠢ ᠶᠢᠨ ᠰᠦᠷᠦᠭᠵᠢᠯ ᠤᠨ ᠬᠥᠭᠵᠢᠯᠲᠡ ᠶᠢ ᠠᠬᠢᠭᠤᠯᠵᠤ ᠪᠦᠦ ᠹᠧᠩ ᠪᠦᠯᠦᠭᠯᠡᠯ ᠤᠨ 400 ᠲᠦᠮᠡᠨ ᠲᠣᠨ ᠨᠡᠭᠦᠷᠡᠰᠦ ᠪᠠᠷ ᠠᠯᠺᠧᠨ ᠦᠢᠯᠡᠳᠬᠦ | ᠵᠡᠷᠭᠡ ᠵᠢᠱᠢᠶᠡᠴᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ ᠨᠡᠭᠦᠷᠡᠰᠦ ᠪᠠᠷ ᠠᠯᠺᠧᠨ ᠦᠢᠯᠡᠳᠬᠦ ᠠᠵᠤ ᠦᠢᠯᠡᠰ ᠤᠨ ᠬᠡᠪᠴᠢᠶᠡᠵᠢᠯ ᠢ | ᠦᠷᠭᠡᠳᠬᠡᠨ᠎ᠡ᠃ ᠬᠡᠯᠬᠢᠶᠡᠵᠢᠯ ᠢ ᠤᠷᠳᠤᠳᠬᠠᠬᠤ ᠨᠦᠬᠦᠪᠤᠷᠢᠯᠡᠬᠦ ᠴᠢᠩᠭᠠᠳᠬᠠᠬᠤ ᠠᠵᠢᠯᠯᠠᠭ᠎ᠠ ᠶᠢ ᠬᠡᠷᠡᠭᠵᠢᠭᠦᠯᠵᠦ ᠨᠡᠭᠦᠷᠡᠰᠦ ᠬᠢᠮᠢ ᠶᠢᠨ ᠦᠢᠯᠡᠳᠪᠤᠷᠢ ᠶᠢ | ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ᠂ ᠨᠠᠷᠢᠯᠢᠭ ᠬᠢᠮᠢ ᠶᠢᠨ ᠪᠣᠳᠠᠰ ᠪᠠ ᠰᠤᠳᠤᠨ ᠬᠡᠷᠡᠭᠯᠡᠭᠡᠨ ᠤ ᠪᠤᠳᠠᠰ ᠦᠢᠯᠡᠳᠪᠤᠷᠢᠯᠡᠬᠦ ᠳᠠᠰᠢ | ᠥᠷᠭᠡᠳᠬᠡᠬᠦ ᠶᠢ ᠠᠬᠢᠭᠤᠯᠵᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠦᠢᠯᠡᠳᠪᠤᠷᠢ ᠶᠢᠨ ᠵᠢᠱᠢᠶᠡᠴᠢ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠴᠡᠪᠡᠷ | ᠡᠨᠧᠷᠭᠢ ᠶᠢ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠵᠤ ᠮᠠᠩᠬᠢᠰᠦᠨ ᠵᠠᠳᠠᠭᠠᠢ᠂ ᠲᠤᠭᠤᠭᠠᠲᠤ ᠵᠡᠷᠭᠡ ᠠᠭᠤᠷᠬᠠᠶ ᠶᠢᠨ ᠬᠤᠳᠳᠤᠭ ᠢ ᠰᠢᠨᠵᠢᠯᠡᠬᠦ ᠤᠬᠠᠭᠠᠨᠴᠢ | ᠪᠠᠷ ᠨᠡᠭᠡᠭᠡᠨ ᠬᠥᠭᠵᠢᠭᠦᠯᠵᠦ ᠨᠡᠭᠦᠷᠡᠰᠦᠨ ᠤ ᠭᠠᠷᠭᠠᠯᠳᠠ ᠶᠢ 6200 ᠲᠦᠮᠡᠨ ᠲᠣᠨ ᠳᠤ ᠬᠦᠷᠭᠡᠵᠦ᠂ ᠪᠤᠢ ᠪᠦᠬᠦᠢ ᠨᠡᠭᠦᠷᠡᠰᠦᠨ ᠠᠭᠤᠷᠬᠠᠶ ᠶᠢ ᠤᠯᠤᠰ ᠤᠨ | ᠲᠠᠰ ᠤᠨ ᠪᠣᠬᠢᠷᠲᠤᠯ ᠥᠬᠡᠶ ᠠᠭᠤᠷᠬᠠᠶ ᠪᠣᠯᠭᠠᠨ ᠪᠥᠲᠥᠭᠡᠨ ᠪᠠᠶᠢᠭᠤᠯᠵᠤ ᠤᠶᠤᠨᠴᠢ ᠪᠠᠷ ᠨᠡᠭᠡᠭᠡᠨ ᠮᠠᠯᠳᠠᠬᠤ ᠶᠢ ᠪᠡᠶᠡᠯᠡᠭᠦᠯᠦᠨ᠎ᠡ᠃ ᠡᠩ ᠤᠨ ᠪᠠᠶᠢᠭᠠᠯᠢ ᠶᠢᠨ | ᠰᠢᠲᠠᠮᠠᠬᠠᠶ ᠬᠡᠶ ᠶᠢ ᠨᠡᠭᠡᠭᠡᠨ ᠬᠥᠭᠵᠢᠭᠦᠯᠬᠦ ᠬᠡᠪᠴᠢᠶᠡᠵᠢᠯ ᠢ ᠲᠣᠭᠲᠠᠪᠤᠷᠢᠵᠢᠭᠤᠯᠵᠤ ᠴᠠᠩ ᠴᠢᠩ ᠤᠨ ᠴᠡᠪᠡᠷᠰᠢᠬᠦᠯᠦᠨ ᠰᠢᠢᠳᠪᠤᠷᠢᠯᠡᠬᠦ ᠳᠣᠯᠣᠳᠤᠭᠠᠷ | ᠦᠢᠯᠡᠳᠪᠤᠷᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠪᠠᠶᠢᠭᠠᠯᠢ ᠶᠢᠨ ᠰᠢᠲᠠᠮᠠᠬᠠᠶ ᠬᠡᠶ ᠶᠢᠨ ᠳᠠᠭᠠᠯᠳᠠ ᠠᠵᠦ ᠦᠢᠯᠡᠰ ᠢ ᠬᠦᠭᠵᠢᠬᠦᠯᠵᠦ ᠴᠡᠪᠡᠷ | ᠡᠨᠧᠷᠭᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢ ᠬᠡᠪᠴᠢᠶᠡᠵᠢᠬᠦᠯᠤᠨ ᠬᠦᠭᠵᠢᠬᠦᠯᠬᠦ ᠶᠢ ᠲᠦᠯᠬᠢᠨ ᠠᠬᠢᠭᠤᠯᠵᠤ | ᠰᠠᠯᠬᠢᠨ ᠴᠠᠬᠢᠯᠭᠠᠨ ᠭᠡᠷᠡᠯ ᠴᠠᠬᠢᠯᠭᠠᠨ ᠤ ᠠᠵᠤ ᠦᠢᠯᠡᠰ ᠢ ᠲᠦᠷᠭᠡᠨ ᠬᠥᠭᠵᠢᠭᠦᠯᠵᠦ ᠰᠢᠨ᠎ᠡ ᠡᠨᠧᠷᠭᠢ ᠶᠢᠨ ᠪᠠᠭᠲᠠᠭᠠᠮᠵᠢ ᠶᠢ ᠮᠢᠩᠭᠠᠨ ᠲᠦᠮᠡᠨ ᠺᠢᠯᠣᠸᠠᠲ ᠠᠴᠠ | ᠳᠠᠪᠠᠭᠤᠯᠤᠨ᠎ᠠ᠃ ᠰᠢᠨ᠎ᠡ ᠡᠨᠧᠷᠭᠢ ᠬᠢᠭᠡᠳ ᠨᠡᠭᠦᠷᠡᠰᠦ ᠬᠢᠮᠢ ᠶᠢᠨ ᠦᠢᠯᠡᠳᠪᠤᠷᠢ ᠶᠢᠨ ᠭᠦᠨᠵᠡᠭᠡᠶ ᠠᠭᠤᠰᠤᠯᠴᠠᠯ ᠢ ᠶᠡᠬᠡᠪᠡᠷ ᠠᠬᠢᠭᠤᠯᠵᠤ ︽ᠨᠡᠭᠦᠷᠡᠰᠦ ᠬᠢᠮᠢ ᠶᠢᠨ | ᠦᠢᠯᠡᠳᠪᠤᠷᠢ + ᠤᠰᠤᠲᠥ᠋ᠷᠥᠭᠴᠢ ᠶᠢᠨ ᠬᠤᠷᠰᠢᠮᠠᠯ︾ ︽ᠨᠠᠷᠠᠨ ᠡᠨᠧᠷᠬᠢ ᠶᠢ ᠰᠢᠩᠬᠡᠨ ᠲᠦᠯᠦᠪᠲᠤ ᠪᠠᠷ ᠬᠠᠳᠠᠭᠠᠯᠠᠬᠤ︾ ᠵᠡᠷᠭᠡ ᠵᠢᠱᠢᠶᠡᠴᠢ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ ᠰᠢᠨ᠎ᠡ ᠡᠨᠧᠷᠭᠢ ᠬᠢᠭᠡᠳ ᠨᠡᠭᠦᠷᠡᠰᠦ ᠬᠢᠮᠢ ᠶᠢᠨ ᠦᠢᠯᠡᠳᠪᠤᠷᠢ ᠶᠢᠨ ᠠᠭᠤᠰᠤᠯᠴᠠᠨ | ᠬᠥᠭᠵᠢᠬᠦ ᠵᠢᠱᠢᠶᠡᠴᠢ ᠣᠷᠣᠨ ᠢ ᠪᠣᠶ ᠪᠣᠯᠭᠠᠨ᠎ᠠ᠃ ᠰᠢᠨ᠎ᠡ ᠮᠠᠲ᠋ᠧᠷᠢᠶᠠᠯ ᠤᠨ ᠳᠡᠭᠡᠳᠦ ᠲᠦᠪᠰᠢᠨᠴᠢᠯᠡᠭᠰᠡᠨ ᠬᠥᠭᠵᠢᠯᠲᠡ ᠶᠢ ᠠᠬᠢᠭᠤᠯᠵᠤ ᠦᠨᠳᠦᠷ | ᠪᠠᠷᠢᠮᠵᠢᠶ᠎ᠠ ᠪᠠᠷ ᠲᠤᠭ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠥᠲᠥᠭᠡᠨ | ᠪᠠᠶᠢᠭᠤᠯᠵᠤ ᠵᠦᠩ ᠮᠧᠢ ᠪᠦᠯᠦᠭᠯᠡᠯ ᠤᠨ ᠵᠠᠳᠠᠷᠠᠵᠤ ᠪᠣᠯᠬᠤ ᠰᠦᠯᠢᠶᠣᠣ᠂ ᠳᠤᠮᠳᠠᠳᠤ ᠤᠯᠤᠰ ᠤᠨ ᠴᠢᠯᠠᠭᠤᠨ ᠲᠣᠰᠤ ᠬᠢᠮᠢ ᠶᠢᠨ ᠦᠢᠯᠡᠳᠪᠤᠷᠢ ᠶᠢᠨ ᠪᠦᠯᠦᠭᠯᠡᠯ | ᠤᠨ ᠰᠢᠨ᠎ᠡ ᠬᠡᠯᠪᠡᠷᠢ ᠶᠢᠨ ᠨᠡᠶᠢᠯᠡᠮᠡᠯ ᠰᠢᠷᠬᠡᠭ ᠪᠠ ᠪᠥᠭᠡᠭᠡᠨᠡᠷᠡᠯ ᠡᠲ᠋ᠧᠨ ᠤ ᠰᠢᠷᠬᠡᠭ ᠵᠡᠷᠭᠡ ᠲᠥᠷᠥᠯ ᠵᠦᠢᠯ ᠢ ᠠᠬᠢᠭᠤᠯᠤᠨ ᠵᠠᠭᠤᠨ ᠳ᠋ᠦᠩᠰᠢᠭᠤᠷ ᠲᠠᠰ ᠤᠨ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠵᠢᠱᠢᠶᠡᠴᠢ ᠣᠷᠣᠨ ᠢ ᠪᠣᠶ ᠪᠣᠯᠭᠠᠨ᠎ᠠ᠃ ᠮᠠᠯ ᠲᠠᠷᠢᠶᠠᠯᠠᠩ ᠠᠵᠤ ᠠᠬᠤᠶ ᠶᠢᠨ ᠣᠳᠣᠬᠢᠴᠢᠯᠠᠯᠲᠠ ᠶᠢ ᠲᠦᠯᠬᠢᠨ | ᠠᠬᠢᠭᠤᠯᠤᠨ᠎ᠠ᠃ ᠠᠵᠤ ᠦᠢᠯᠡᠰ ᠢ ᠲᠡᠳᠬᠦᠬᠦ ᠪᠡᠯᠡ ᠮᠥᠩᠭᠦ ᠶᠢ 5 ᠳ᠋ᠦᠩᠰᠢᠭᠤᠷ ᠲᠥᠭᠦᠷᠢᠭ ᠠᠴᠠ ᠢᠯᠡᠬᠦᠦ ᠲᠣᠬᠢᠷᠠᠭᠤᠯᠵᠤ ᠲᠠᠷᠢᠮᠠᠯ ᠤᠨ ᠦᠢᠯᠡᠰ ᠢ | ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠵᠦ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ 8 ᠲᠦᠮᠡᠨ ᠮᠥ ᠨᠡᠮᠡᠭᠳᠡᠭᠦᠯᠦᠨ ᠲᠤᠨᠤᠭ | ᠲᠥᠬᠦᠭᠡᠷᠦᠮᠵᠢ ᠶᠢᠨ ᠳᠡᠮᠵᠢᠯᠭᠡ ᠪᠠ ᠳᠡᠯᠭᠡᠷᠡᠭᠦᠯᠤᠯᠲᠡ ᠶᠢᠨ ᠡᠷᠴᠢᠮ ᠢᠶᠠᠨ ᠴᠢᠩᠭᠠᠷᠠᠭᠤᠯᠵᠤ ᠬᠠᠮᠲᠤᠪᠠᠷ ᠡᠳ᠋ᠯᠡᠬᠦ ᠲᠠᠷᠢᠶᠠᠯᠠᠩ ᠤᠨ ᠮᠠᠰᠢᠨ ᠤ ᠵᠠᠭᠪᠤᠷ ᠢ ᠬᠠᠶᠢᠨ | ᠰᠦᠪᠡᠭᠴᠢᠯᠡᠵᠦ ᠮᠠᠯ ᠲᠠᠷᠢᠶᠠᠯᠠᠩ ᠠᠵᠤ ᠠᠬᠤᠶ ᠶᠢᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠬᠡᠵᠦ ᠠᠮᠤ | ᠪᠤᠳᠠᠭᠠᠨ ᠤ ᠲᠠᠷᠢᠮᠠᠯ ᠤᠨ ᠲᠠᠯᠠᠪᠠᠢ ᠪᠤᠯᠤᠨ ᠶᠡᠷᠤᠩᠬᠡᠢ ᠤᠨᠠᠯᠳᠠ ᠶᠢ ᠲᠤᠭᠲᠠᠪᠤᠷᠢᠵᠢᠭᠤᠯᠵᠦ ᠤᠯᠤᠰ ᠤᠨ ᠳᠡᠰ ᠤᠨ ᠮᠠᠯ ᠲᠠᠷᠢᠶᠠᠯᠠᠩ ᠠᠵᠤ ᠠᠬᠤᠶ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶᠡᠴᠢ ᠣᠷᠣᠨ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠣᠷᠳᠣᠰ ᠨᠠᠷᠢᠨ ᠨᠤᠤᠰᠤᠳᠤ ᠬᠤᠨᠢ ᠶᠢ | ᠬᠠᠮᠠᠭᠠᠯᠠᠬᠤ ᠪᠠ ᠬᠥᠭᠵᠢᠭᠦᠯᠬᠦ ᠡᠷᠴᠢᠮ ᠢ ᠴᠢᠩᠭᠠᠷᠠᠭᠤᠯᠵᠤ ᠣᠷᠳᠣᠰ ᠨᠠᠷᠢᠨ ᠨᠤᠤᠰᠤᠳᠤ ᠬᠤᠨᠢ ᠶᠢ ᠢᠭᠡᠷᠡᠯᠡᠬᠦᠯᠦᠨ ᠮᠠᠯᠵᠢᠬᠤ ᠮᠡᠷᠭᠡᠵᠢᠯ ᠢ ᠳᠡᠯᠬᠡᠷᠡᠭᠦᠯᠵᠦ | ᠴᠢᠨᠠᠷ ᠰᠠᠶᠢᠲᠠᠶ ᠳᠡᠭᠡᠳᠦ ᠲᠠᠰ ᠤᠨ ᠠᠯᠠᠰᠢᠨ ᠦᠬᠡᠷ ᠲᠡᠵᠢᠭᠡᠨ ᠮᠠᠯᠵᠢᠬᠤ ᠬᠡᠪᠴᠢᠶᠡᠵᠢᠯ ᠢ ᠥᠷᠭᠡᠳᠬᠡᠵᠦ ᠭᠠᠭ᠋ᠠᠶ ᠲᠡᠵᠢᠬᠡᠬᠦ ᠲᠤᠭ᠎ᠠ ᠲᠤᠯᠤᠭᠠᠢ ᠶᠢ | ᠲᠣᠭᠲᠠᠪᠤᠷᠢᠵᠢᠭᠤᠯᠵᠤ ᠰᠢᠷᠬᠤᠰᠤᠨ ᠭᠤᠤᠯ ᠤᠨ ᠰᠠᠪᠠ ᠭᠠᠵᠠᠷ ᠤᠨ ᠣᠲᠣ ᠦᠶ᠎ᠡ ᠶᠢᠨ ᠮᠠᠯ ᠲᠠᠷᠢᠶᠠᠯᠠᠩ ᠠᠵᠤ ᠠᠬᠤᠶ᠂ ᠣᠷᠳᠣᠰ ᠨᠠᠷᠢᠨ ᠨᠤᠤᠰᠤᠳᠤ ᠬᠤᠨᠢ᠂ | ᠠᠯᠠᠰᠢᠨ ᠦᠬᠡᠷ ᠵᠡᠷᠭᠡ 3 ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠵᠦ ᠰᠡᠯᠡᠭᠦᠴᠡᠯ ᠤᠨ ᠲᠠᠷᠢᠶᠠᠯᠠᠩ᠂ ᠵᠢᠭᠤᠯᠴᠢᠯᠠᠯ ᠤᠨ ᠲᠠᠷᠢᠶᠠᠯᠠᠩ᠂ | ᠤᠶᠤᠨᠲᠤ ᠲᠠᠷᠢᠶᠠᠯᠠᠩ ᠢ ᠶᠡᠬᠡᠪᠡᠷ ᠬᠥᠭᠵᠢᠭᠦᠯᠵᠦ ᠤᠯᠤᠰ ᠤᠨ ᠪᠠᠷᠠᠭᠤᠨ ᠣᠷᠣᠨ ᠤ ᠡᠯᠡᠰᠦᠷᠬᠡᠭ ᠭᠠᠵᠠᠷ ᠤᠨ ᠠᠮᠢ ᠠᠬᠤᠶ ᠶᠢᠨ ᠬᠡᠯᠪᠡᠷᠢ ᠶᠢᠨ ᠤᠳᠤ ᠦᠶ᠎ᠡ | ᠶᠢᠨ ᠮᠠᠯ ᠲᠠᠷᠢᠶᠠᠯᠠᠩ ᠠᠵᠤ ᠠᠬᠤᠶ ᠶᠢᠨ ᠵᠢᠱᠢᠶᠡᠴᠢ ᠣᠷᠣᠨ ᠢ ᠪᠥᠲᠥᠭᠡᠨ ᠪᠠᠶᠢᠭᠤᠯᠤᠨ᠎ᠠ᠃ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ | ᠪᠦᠲᠦᠭᠡᠭᠳᠡᠬᠦᠨ ᠦᠢᠯᠡᠳᠪᠤᠷᠢᠯᠡᠬᠦ ᠶᠢ ᠬᠦᠴᠦᠯᠡᠨ ᠪᠤᠵᠠᠭᠠᠶᠢᠷᠠᠭᠤᠯᠵᠤ᠂ ᠡᠳ᠋ᠰᠢᠭᠦᠯᠬᠦ ᠶᠢ ᠴᠢᠩᠭᠠᠳᠬᠠᠵᠦ᠂ ᠪᠣᠷᠣᠯᠠᠭᠤᠯᠬᠤ ᠶᠢ ᠰᠠᠶᠢᠲᠤᠷ ᠬᠢᠵᠦ | ᠶᠡᠷᠦᠩᠬᠡᠶᠢᠯᠡᠭᠰᠡᠨ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠰᠠᠭᠤᠷᠢᠨ ᠭᠠᠵᠠᠷ ᠢ ᠪᠥᠲᠥᠭᠡᠨ | ᠪᠠᠶᠢᠭᠤᠯᠵᠤ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠤᠨ ᠪᠤᠷᠤᠯᠠᠭᠤᠯᠬᠤ ᠶᠢ | ᠦᠷᠬᠦᠯᠵᠢᠯᠡᠨ ᠠᠬᠢᠭᠤᠯᠵᠤ ᠪᠦᠲᠦᠭᠡᠭᠳᠡᠬᠦᠨ ᠤ ᠥᠷᠲᠡᠭ ᠢ ᠨᠡᠮᠡᠭᠳᠡᠭᠦᠯᠬᠦ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠪᠥᠬᠦ | ᠤᠯᠤᠰ ᠤᠨ ᠪᠣᠬᠢᠷᠲᠤᠯ ᠥᠬᠡᠶ ᠢᠳᠡᠭᠡᠨ ᠤ ᠲᠦᠭᠦᠬᠡᠶ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠦᠢᠯᠡᠳᠪᠤᠷᠢᠯᠡᠯ ᠤᠨ ᠰᠠᠭᠤᠷᠢᠨ ᠭᠠᠵᠠᠷ ᠲᠤ ᠲᠦᠰᠢᠭᠯᠡᠨ ︽ | ᠨᠤᠮᠢᠨ ᠳᠠᠩᠰᠤᠭ ᠦᠦᠰᠢᠨ︾ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ ︽ | ᠬᠤᠶᠠᠷ ᠨᠡᠷᠡᠲᠤ ᠲᠡᠮᠳᠡᠭᠲᠤ ᠨᠢᠭᠡ ᠪᠡᠯᠬᠡ ᠲᠡᠮᠳᠡᠭᠲᠤ︾ ︽ᠨᠠᠷᠠᠲᠤ ᠤᠨᠴᠠᠯᠢᠭᠲᠤ ᠰᠢᠯᠢᠳᠡᠭ ᠰᠢᠨ᠎ᠡ︾ ᠦᠢᠯᠡᠳᠬᠦᠨ ᠤ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ | ᠪᠠ ᠠᠯᠳᠠᠷᠰᠢᠯ ᠢ ᠳᠡᠭᠡᠭᠰᠢᠯᠡᠭᠦᠯᠦᠨ᠎ᠡ᠃ ᠦᠢᠯᠡᠴᠢᠯᠡᠬᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠬᠦ ᠶᠢ ᠠᠬᠢᠭᠤᠯᠤᠨ᠎ᠠ᠃ | ᠪᠣᠳᠠᠲᠤ ᠪᠠᠶᠢᠳᠠᠯ ᠳᠤ ᠰᠠᠭᠤᠷᠢᠯᠠᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠰᠲ᠋ᠧᠮ ᠢ ᠲᠡᠭᠦᠯᠳᠡᠷᠵᠢᠬᠦᠯᠦᠨ᠎ᠡ᠃ ᠣᠯᠣᠰ ᠤᠨ ᠪᠥᠬᠦ ᠣᠷᠣᠨ | ᠪᠦᠰᠡ ᠶᠢᠨ ᠵᠢᠭᠤᠯᠴᠢᠯᠠᠯ ᠤᠨ ᠵᠢᠱᠢᠶᠡᠴᠢ ᠤᠷᠤᠨ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠬᠤᠪᠢᠰᠬᠠᠯ ᠤᠨ ᠰᠤᠶᠤᠯ ᠪᠠ ᠠᠮᠢ ᠠᠬᠤᠢ ᠶᠢ | ᠠᠭᠤᠰᠤᠯᠴᠠᠭᠤᠯᠤᠨ ᠬᠦᠭᠵᠢᠬᠦᠯᠵᠦ ᠰᠢᠷᠬᠤᠰᠤ᠂ ᠮᠠᠯᠵᠢᠬᠤ ᠳ᠋ᠠᠵᠠᠶ᠂ ᠬᠤᠪᠢᠰᠬᠠᠯ ᠤᠨ ᠭᠤᠯᠤᠮᠳᠠ ᠵᠡᠷᠭᠡ ᠭᠤᠷᠪᠠᠨ ᠲᠣᠮᠣ ᠰᠣᠶᠣᠯ ᠵᠢᠭᠤᠯᠴᠢᠯᠠᠯ ᠤᠨ ᠨᠠᠷᠠᠲᠤ | ᠲᠡᠮᠳᠡᠭ ᠢ ᠠᠯᠳᠠᠷᠰᠢᠭᠤᠯᠤᠨ᠎ᠠ᠃ ᠰᠢᠷᠬᠤᠰᠤ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠱᠠᠲᠤ ᠬᠤᠪᠢᠶᠠᠨ ᠪᠠᠶᠢᠭᠤᠯᠵᠦ ᠡᠷᠬᠢᠨ ᠲᠣᠭᠤᠷᠢᠨ ᠤ | ᠭᠠᠵᠠᠷ ᠣᠷᠣᠨ ᠯᠤᠭ᠎ᠠ ᠬᠤᠪᠢᠰᠬᠠᠯᠲᠤ ᠵᠢᠭᠤᠯᠴᠢᠯᠠᠯ ᠤᠨ ᠬᠤᠯᠪᠣᠭ᠎ᠠ ᠶᠢ ᠢᠳᠡᠪᠬᠢᠲᠡᠶ ᠪᠠᠶᠢᠭᠤᠯᠤᠨ ᠬᠤᠪᠢᠰᠬᠠᠯ ᠢ ᠰᠤᠳᠤᠯᠤᠨ ᠰᠤᠷᠤᠯᠴᠠᠬᠤ ᠵᠢᠭᠤᠯᠴᠢᠯᠠᠯ᠂ | ᠲᠡᠤᠬᠡ ᠰᠣᠶᠣᠯ ᠤᠨ ᠵᠢᠭᠤᠯᠴᠢᠯᠠᠯ᠂ ᠬᠥᠳᠡᠭᠡ ᠲᠣᠰᠬᠤᠨ ᠤ ᠠᠮᠠᠷᠠᠯᠲᠠ ᠶᠢᠨ ᠵᠢᠭᠤᠯᠴᠢᠯᠠᠯ᠂ ᠲᠠᠯ᠎ᠠ ᠨᠤᠲᠤᠭ ᠤᠨ ᠦᠵᠡᠮᠵᠢ ᠶᠢᠨ ᠵᠢᠭᠤᠯᠴᠢᠯᠠᠯ᠂ | ᠣᠨᠴᠠᠯᠢᠭᠲᠤ ᠠᠵᠦ ᠦᠢᠯᠡᠳᠪᠤᠷᠢ ᠶᠢᠨ ᠵᠢᠭᠤᠯᠴᠢᠯᠠᠯ ᠵᠡᠷᠭᠡ ᠨᠢᠭᠡ ᠪᠦᠯᠦᠭ ᠰᠣᠳᠣᠨ ᠰᠣᠶᠣᠯ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ 5A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ 1 ᠡᠭᠦᠳᠦᠨ ᠪᠠᠶᠢᠭᠤᠯᠤᠨ᠎ᠠ᠃ ᠭᠠᠯᠠᠭᠤᠲᠤ ᠵᠡᠷᠭᠡ ᠶᠡᠷᠦᠩᠬᠡᠶᠢᠯᠡᠭᠰᠡᠨ ᠪᠠᠷᠠᠭᠠᠨ ᠬᠦᠢᠯᠭᠡᠭᠡᠨ ᠤ ᠲᠤᠭᠤᠷᠢᠭ ᠪᠤᠯᠤᠨ | ᠲᠤᠯᠢ ᠶᠢᠨ ᠰᠦᠮ᠎ᠡ ᠶᠢᠨ ᠡᠮᠤᠨ᠎ᠡ ᠲᠦᠪᠯᠡᠷᠡᠭᠦᠯᠦᠨ ᠲᠡᠭᠡᠭᠡᠪᠤᠷᠢᠯᠡᠬᠦ ᠦᠷᠳᠡᠭᠡ ᠵᠡᠷᠭᠡ ᠪᠠᠷᠠᠭᠠᠨ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ ᠥᠪᠥᠷ ᠮᠣᠩᠭᠤᠯ ᠱᠠᠨᠰᠢ ᠨᠢᠩᠰᠢᠶᠠ ᠶᠢᠨ ᠣᠷᠣᠨ ᠪᠦᠰᠡ ᠶᠢᠨ ᠶᠡᠭᠡ ᠬᠡᠮᠵᠢᠶᠡᠨ ᠤ ᠲᠠᠸᠠᠷ ᠢ | ᠲᠥᠪᠯᠡᠷᠡᠭᠦᠯᠵᠦ ᠲᠠᠷᠬᠠᠭᠠᠬᠤ ᠵᠠᠩᠭᠢᠯᠠᠭ᠎ᠠ ᠶᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠠᠳᠠᠯ ᠦᠢᠯᠡᠰ ᠪᠤᠰᠬᠠᠬᠤ᠂ ᠮᠡᠳᠡᠭᠡ ᠵᠠᠩᠭᠢ ᠶᠢᠨ ᠮᠡᠷᠭᠡᠵᠢᠯ᠂ | ᠪᠠᠶᠢᠴᠠᠭᠠᠨ ᠰᠢᠯᠭᠠᠬᠤ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠬᠠᠮᠲᠤᠪᠠᠷ | ᠡᠳ᠋ᠯᠡᠬᠦ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ ᠦᠢᠯᠡᠰ ᠢ ᠢᠳᠡᠪᠬᠢᠲᠡᠶ ᠪᠠᠷ ᠬᠥᠭᠵᠢᠭᠦᠯᠦᠨ᠎ᠡ᠃ ᠪᠤᠬᠢᠷᠳᠤᠯ ᠦᠬᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠡᠷᠬᠢᠯᠳᠡᠳᠦ ᠬᠥᠭᠵᠢᠯᠲᠡ ᠶᠢ ᠠᠬᠢᠭᠤᠯᠤᠨ᠎ᠠ᠃ ︽ᠭᠤᠷᠪᠠᠨ ᠱᠤᠭᠤᠮ ᠨᠢᠭᠡ ᠳᠠᠩᠰᠠ︾ ᠶᠢᠨ ᠬᠠᠮᠢᠶᠠᠷᠤᠨ ᠡᠵᠡᠮᠳᠡᠬᠦ ᠪᠠ ᠡᠨᠧᠷᠭᠢ ᠶᠢᠨ | ᠬᠤᠷᠣᠭᠳᠠᠯ ᠤᠨ ︽ᠬᠤᠤᠰ ᠡᠵᠡᠮᠳᠡᠯ︾ ᠤᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ ᠡᠨᠧᠷᠭᠢ ᠶᠢᠨ ᠰᠤᠷᠪᠤᠯᠵᠢ᠂ ᠬᠢᠮᠢ ᠶᠢᠨ ᠦᠢᠯᠡᠳᠪᠦᠷᠢ᠂ | ᠲᠡᠭᠡᠭᠡᠪᠦᠷᠢ᠂ ᠪᠠᠷᠢᠯᠭ᠎ᠠ ᠵᠡᠷᠭᠡ ᠭᠤᠣᠯᠳᠠᠯᠭᠠᠲᠤ ᠬᠦᠷᠢᠶᠠᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ | ᠠᠵᠢᠯ ᠢ ᠴᠢᠩᠭᠠᠳᠬᠠᠨ᠎ᠠ᠃ ᠭᠤᠤᠯᠳᠠᠯᠭ᠎ᠠ ᠲᠠᠢ ᠠᠵᠢᠯ ᠲᠥᠷᠥᠯ ᠤᠨ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ ᠬᠤᠰᠢᠭᠤᠨ ᠳᠤ ᠪᠠᠶᠢᠭ᠎ᠠ | ᠠᠵᠤ ᠠᠬᠤᠶᠢᠯᠠᠯ ᠪᠣᠯᠤᠨ ᠪᠠᠶᠢᠭᠤᠯᠵᠤ ᠪᠠᠶᠢᠭ᠎ᠠ ᠠᠵᠤ ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠶᠢᠨ ᠬᠢᠷᠢ ᠬᠡᠮᠵᠢᠶ᠎ᠡ ᠶᠢ ᠠᠵᠢᠯ ᠲᠥᠷᠥᠯ ᠤᠨ ᠲᠡᠷᠢᠭᠦᠨ ᠤ | ᠬᠡᠮᠵᠢᠶᠠᠨ ᠳᠤ ᠬᠦᠷᠭᠡᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ ᠶᠢ ᠪᠥᠬᠦ ᠲᠠᠯ᠎ᠠ ᠪᠠᠷ ᠲᠥᠯᠬᠢᠨ | ᠠᠬᠢᠭᠤᠯᠵᠤ ᠠᠵᠤ ᠠᠬᠤᠶᠢᠯᠠᠯ ᠤᠨ ᠬᠤᠭᠤᠷᠣᠨᠳᠣᠬᠢ᠂ ᠠᠵᠤ ᠦᠢᠯᠡᠰ ᠤᠨ ᠬᠤᠭᠤᠷᠣᠨᠳᠣᠬᠢ ᠣᠷᠴᠢᠯ ᠬᠥᠭᠵᠢᠯᠲᠡ ᠶᠢ ᠲᠦᠷᠭᠡᠳᠬᠡᠨ ᠣᠷᠴᠢᠯ ᠠᠵᠤ ᠦᠢᠯᠡᠰ | ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ᠃ ᠲᠠᠷᠢᠶᠠᠯᠠᠩ ᠤᠨ ᠤᠰᠤ ᠠᠷᠪᠢᠯᠠᠬᠤ ᠣᠰᠣᠯᠠᠯᠲᠠ ᠶᠢᠨ ᠢᠨᠵᠧᠨᠧᠷᠢᠩ ᠪᠠ ᠲᠠᠬᠢᠨ ᠬᠡᠷᠡᠭᠯᠡᠵᠦ | ᠪᠤᠯᠬᠤ ᠤᠰᠤ᠂ ᠠᠭᠤᠷᠬᠠᠶ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠬᠡᠷᠡᠭᠵᠢᠭᠦᠯᠵᠦ ᠤᠰᠤ ᠠᠷᠪᠢᠯᠠᠬᠤ ᠬᠡᠯᠪᠡᠷᠢ ᠶᠢᠨ | ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ ᠨᠠᠩ ᠠᠮᠢᠵᠢᠷᠠᠯ ᠤᠨ ᠬᠦᠴᠦᠨ ᠲᠠᠢ᠂ ᠨᠠᠩ | ᠰᠢᠨ᠎ᠡ ᠶᠢ ᠡᠭᠦᠳᠤᠭ᠍ᠰᠡᠨ ᠨᠤᠮᠢᠨ ᠲᠠᠩᠰᠤᠭ ᠦᠦᠰᠢᠨ ᠢ ᠪᠥᠲᠥᠭᠡᠨ ᠪᠠᠶᠢᠭᠤᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ | ᠵᠣᠷᠢᠭᠲᠠᠢ ᠪᠠᠷ ᠰᠢᠪᠲᠤᠯᠤᠨ ᠰᠢᠨ᠎ᠡ ᠶᠢ ᠡᠭᠦᠳᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ | ᠬᠦᠷᠢᠶ᠎ᠡ ᠴᠠᠷᠠᠭ᠎ᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠵᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠠᠮᠢᠵᠢᠷᠠᠯ ᠤᠨ ᠬᠦᠴᠦᠨ᠂ | ᠬᠥᠳᠡᠯᠭᠡᠬᠦ ᠬᠦᠴᠦᠨ ᠨᠡᠮᠡᠷᠢᠯᠡᠨ᠎ᠡ᠃ | ᠠᠮᠢᠵᠢᠷᠠᠯ ᠤᠨ ᠬᠦᠴᠦᠨ ᠲᠠᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠢ ᠪᠤᠯᠭᠠᠨ ︽ᠬᠤᠶᠠᠷ ᠢ ᠨᠡᠮᠡᠭᠳᠡᠭᠦᠯᠬᠦ︾ ᠲᠥᠯᠥᠪᠯᠡᠭᠡ ᠶᠢ | ᠬᠡᠷᠡᠭᠵᠢᠭᠦᠯᠵᠦ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾ ᠢ ᠨᠠᠶᠢᠳᠠᠪᠤᠷᠢᠵᠢᠭᠤᠯᠤᠨ᠎ᠠ᠃ ᠵᠠᠰᠠᠭ | ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ ᠤᠯᠤᠰ ᠤᠨ ᠳᠣᠲᠣᠭᠠᠳᠤ ᠶᠢᠨ ᠨᠡᠷᠡᠳᠤ ᠶᠡᠭᠡ ᠰᠤᠷᠭᠠᠭᠤᠯᠢ ᠪᠠ | ᠰᠤᠳᠤᠯᠭᠠᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠰᠢᠨ᠎ᠡ ᠡᠨᠧᠷᠭᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠭᠤᠣᠯᠳᠠᠯᠭ᠎ᠠ ᠲᠠᠢ | ᠲᠤᠷᠰᠢᠯᠲᠠ ᠶᠢᠨ ᠲᠠᠰᠤᠭ ᠵᠡᠷᠭᠡ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ᠃ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠪᠡᠯᠡ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ ᠤᠷᠤᠨ ᠨᠤᠲᠤᠭ ᠲᠤ ᠰᠠᠭᠤᠷᠢᠰᠢᠭ᠎ᠠ ᠠᠵᠤ ᠠᠬᠤᠶᠢᠯᠠᠯ ᠬᠢᠭᠡᠳ | ᠣᠷᠳᠣᠰ ᠨᠡᠭᠦᠷᠡᠰᠦᠲᠥ᠋ᠷᠥᠭᠴᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ᠂ ᠨᠠᠨᠵᠢᠩ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠳ᠋ᠠᠯᠢᠶᠠᠨ ᠤ | ᠬᠢᠮᠢ ᠹᠢᠽᠢᠺ ᠤᠨ ᠰᠤᠳᠤᠯᠭᠠᠨ ᠤ ᠭᠠᠵᠠᠷ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠭᠠᠵᠠᠷ᠂ ᠶᠡᠭᠡ ᠳᠡᠭᠡᠳᠦ | ᠰᠤᠷᠭᠠᠭᠤᠯᠢ ᠲᠠᠢ ᠬᠠᠮᠲᠤᠷᠠᠨ ᠠᠵᠢᠯᠯᠠᠵᠤ ᠦᠢᠯᠡᠳᠪᠤᠷᠢᠯᠡᠬᠦ᠂ ᠰᠤᠷᠤᠯᠴᠠᠬᠤ᠂ ᠰᠤᠳᠤᠯᠬᠤ ᠶᠢ ᠭᠦᠨᠵᠡᠭᠡᠶ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠡ ᠶᠢ | ᠡᠭᠦᠳᠬᠦ ᠰᠢᠰᠲ᠋ᠧᠮᠵᠢ ᠶᠢ ᠪᠠᠶᠢᠭᠤᠯᠵᠦ᠂ ᠪᠦᠭᠦ ᠬᠤᠰᠢᠭᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 15 ᠳᠤ ᠬᠦᠷᠬᠡᠬᠦ ᠪᠠᠷ ᠴᠢᠷᠮᠠᠶᠢᠨ᠎ᠠ᠃ | ᠬᠥᠳᠡᠯᠭᠡᠬᠦ ᠬᠦᠴᠦᠨ ᠲᠠᠢ ᠪᠠᠷ ᠥᠭᠡᠷᠡᠴᠢᠯᠡᠯᠲᠡ ᠬᠢᠬᠦ ᠶᠢ ᠪᠠᠷᠢᠮᠲᠠᠯᠠᠨ᠎ᠠ᠃ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠵᠢᠯ ᠮᠡᠷᠭᠡᠵᠢᠯ ᠤᠨ ᠡᠵᠡᠩᠨᠡᠨ ᠬᠠᠮᠢᠶᠠᠷᠤᠭᠴᠢ ᠶᠢᠨ ᠲᠦᠷᠢᠮ ᠢ ᠬᠡᠷᠡᠭᠵᠢᠭᠦᠯᠤᠨ ᠤᠯᠤᠰ ᠤᠨ ᠥᠮᠴᠢᠯᠡᠯᠲᠤ | ᠬᠦᠷᠦᠩᠭᠡ ᠶᠢ ᠭᠤᠣᠯᠳᠠᠯᠭ᠎ᠠ ᠲᠠᠢ ᠠᠵᠤ ᠦᠢᠯᠡᠰ ᠲᠡᠰᠢ ᠲᠥᠪᠯᠡᠷᠡᠭᠦᠯᠬᠦ ᠶᠢ ᠲᠦᠯᠬᠢᠨ ᠠᠬᠢᠭᠤᠯᠵᠤ ᠬᠤᠳᠠᠯᠳᠤᠨ ᠠᠪᠬᠤ᠂ ᠬᠤᠪᠢ ᠣᠷᠣᠭᠤᠯᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠤᠰᠤ ᠬᠠᠩᠭᠠᠬᠤ ᠢᠯᠴᠢ ᠬᠠᠩᠭᠠᠬᠤ ᠬᠡᠢ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠵᠠᠰᠠᠭ ᠤᠨ | ᠣᠷᠳᠣᠨ ᠠᠴᠠ ᠴᠢᠩᠭ᠎ᠠ ᠠᠳᠬᠤᠵᠤ ᠪᠣᠳᠠᠲᠤ ᠴᠣᠭᠴᠠ ᠶᠢᠨ ᠠᠵᠤ ᠠᠬᠤᠶ ᠶᠢ ᠦᠨᠡᠨ ᠬᠦ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠮᠠᠯᠵᠢᠬᠤ | ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢᠨ ᠠᠷᠠᠯᠵᠢᠶᠠᠨ ᠤ | ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ ᠮᠠᠯᠴᠢᠨ ᠲᠠᠷᠢᠶᠠᠴᠢᠨ ᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠭᠰᠠᠨ | ᠠᠰᠢᠭ ᠲᠤᠰᠠ ᠶᠢᠨ ᠬᠤᠪᠢᠶᠠᠷᠢᠯᠠᠯᠲᠠ ᠳᠤ ᠤᠷᠤᠯᠴᠠᠭᠤᠯᠬᠤ ᠲᠣᠭᠲᠠᠴᠠ ᠶᠢ ᠰᠦᠪᠡᠭᠴᠢᠯᠡᠨ ᠳᠡᠯᠭᠡᠷᠡᠭᠦᠯᠵᠦ ᠡᠬᠢ ᠪᠠᠶᠠᠯᠢᠭ ᠢ ︽ᠰᠲ᠋ᠣᠺ ᠤᠨ ᠡᠷᠬᠡ︾ | ᠪᠣᠯᠭᠠᠨ ᠬᠤᠪᠢᠷᠠᠭᠤᠯᠬᠤ᠂ ᠪᠠᠯᠠ ᠮᠥᠩᠭᠦ ᠶᠢ ︽ᠬᠤᠪᠢ ᠣᠷᠣᠭᠤᠯᠤᠭᠰᠠᠨ ᠮᠥᠩᠭᠦ︾ ᠪᠣᠯᠭᠠᠨ ᠬᠤᠪᠢᠷᠠᠭᠤᠯᠬᠤ᠂ ᠲᠠᠷᠢᠶᠠᠴᠢᠨ ᠢ ︽ᠬᠤᠪᠢ ᠣᠷᠣᠭᠤᠯᠤᠭᠴᠢ︾ | ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠦᠢᠯᠡᠳᠪᠦᠷᠢᠯᠡᠯ ᠤᠨ ᠬᠦᠴᠦᠨ ᠲᠠᠢ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠬᠦᠯᠬᠦ ᠶᠢ ᠪᠠᠷᠢᠮᠲᠠᠯᠠᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ︽ᠨᠢᠭᠡ | ᠰᠦᠯᠵᠢᠶᠠᠨ ᠳᠡᠭᠡᠷ᠎ᠡ ᠬᠦᠢᠴᠡᠳᠬᠡᠬᠦ᠂ ᠠᠯᠠᠭᠠᠨ ᠳᠡᠭᠡᠷ᠎ᠡ ᠬᠦᠢᠴᠡᠳᠬᠡᠬᠦ᠂ ᠨᠢᠭᠡ ᠤᠳᠠᠭ᠎ᠠ ᠳᠤ ᠬᠦᠢᠴᠡᠳᠬᠡᠬᠦ᠂ ᠲᠠᠨ ᠢ ᠬᠠᠪᠰᠤᠷᠤᠨ ᠬᠦᠢᠴᠡᠳᠬᠡᠬᠦ︾ | ᠦᠢᠯᠡᠴᠢᠯᠡᠬᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ︾ ᠭᠦᠨᠵᠡᠭᠡᠶ ᠠᠭᠤᠰᠤᠯᠴᠠᠯ ᠢ ᠠᠬᠢᠭᠤᠯᠵᠤ ᠠᠵᠤ ᠠᠬᠤᠶᠢᠯᠠᠯ ᠪᠠ ᠣᠯᠠᠨ ᠲᠦᠮᠡᠨ ᠳᠤ ᠪᠥᠬᠦ ᠦᠶᠡᠯᠡᠯ ᠤᠨ ᠬᠤᠭᠤᠴᠠᠭᠠᠨ ᠤ᠂ ᠪᠥᠬᠦ ᠲᠠᠯ᠎ᠠ ᠶᠢᠨ | ᠲᠦᠷᠭᠡᠨ ᠪᠥᠭᠡᠳ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠪᠠᠷᠢᠮᠵᠢᠶᠠᠵᠢᠭᠤᠯᠤᠯᠲᠠ᠂ | ᠵᠢᠷᠤᠮᠵᠢᠭᠤᠯᠤᠯᠲᠠ᠂ ᠤᠶᠤᠨᠴᠢᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠦᠴᠢᠷᠳᠡᠯ ᠢ ᠰᠢᠢᠳᠪᠤᠷᠢᠯᠡᠵᠦ ᠠᠵᠤ ᠠᠬᠤᠶᠢᠯᠠᠯ ᠳᠤ | ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠡᠷᠡᠰ ᠪᠡᠶᠡᠯᠡᠭᠦᠯᠵᠦ ᠤᠰᠤ ᠴᠠᠬᠢᠯᠭᠠᠨ ᠬᠡᠢ ᠭᠠᠵᠠᠷ ᠵᠡᠷᠭᠡ ᠡᠯ᠎ᠡ ᠲᠥᠷᠥᠯ ᠤᠨ ᠬᠦᠴᠦᠨ | ᠵᠦᠢᠯ ᠤᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ | ᠳᠠᠩᠰᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ ᠠᠷᠠᠳ ᠠᠴᠠ ᠡᠵᠡᠩᠨᠡᠭᠰᠡᠨ ᠠᠵᠤ | ᠠᠬᠤᠶ ᠶᠢᠨ ᠡᠷᠡᠭᠦᠯ ᠢᠶᠠᠷ ᠬᠥᠭᠵᠢᠬᠦ ᠶᠢ ᠲᠡᠮᠵᠢᠵᠤ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠲᠤᠰᠬᠠᠭᠰᠠᠨ | ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ ᠵᠢᠷᠤᠮᠵᠢᠯ ᠲᠠᠢ ᠥᠨᠳᠥᠷ ᠪᠦᠲᠦᠮᠵᠢᠲᠡᠶ᠂ ᠠᠷᠠᠳ ᠲᠤ ᠲᠥᠬᠦᠮ ᠦᠵᠡᠭᠦᠯᠵᠦ | ᠪᠣᠳᠠᠲᠠᠶ ᠶᠢ ᠡᠷᠬᠢᠮᠯᠡᠬᠦ᠂ ᠰᠤᠷᠲᠠᠯ ᠴᠢᠬᠡᠴᠢ ᠣᠪᠣᠷ ᠲᠥᠪ ᠬᠥᠭᠵᠢᠯᠲᠡ ᠶᠢᠨ ᠣᠷᠴᠢᠨ ᠨᠦᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | ︵ᠭᠤᠷᠪᠠ︶ ᠠᠮᠢ ᠠᠬᠤᠶ ᠶᠢ ᠤᠷᠢᠳᠠᠪᠡᠷ ᠪᠤᠳᠤᠯᠬᠢᠯᠠᠭᠰᠠᠨ ᠨᠠᠩ ᠴᠢᠨᠠᠷ ᠳᠡᠰᠲᠤ᠂ ᠨᠠᠩ ᠦᠵᠡᠰᠬᠦᠯᠡᠩᠲᠦ ᠰᠠᠶᠢᠬᠠᠨ ᠨᠣᠮᠢᠨ ᠲᠠᠩᠰᠤᠭ ᠦᠦᠰᠢᠨ ᠢ | ᠪᠥᠲᠥᠭᠡᠨ ᠪᠠᠶᠢᠭᠤᠯᠤᠨ᠎ᠠ᠃ ᠨᠤᠮᠢᠨ ᠨᠤᠭᠤᠭᠠᠨ ᠠᠮᠢ ᠠᠬᠤᠶ ᠶᠢ ᠬᠠᠮᠤᠭ ᠠᠴᠠ ᠴᠢᠬᠤᠯᠠᠴᠢᠯᠠᠬᠤ ᠶᠢ ᠪᠠᠷᠢᠮᠲᠠᠯᠠᠵᠤ ᠬᠤᠲᠠ ᠪᠠ ᠬᠥᠳᠡᠭᠡ ᠲᠣᠰᠬᠤᠨ ᠤ | ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ ᠬᠤᠲᠠ ᠬᠦᠳᠡᠭᠡ ᠶᠢᠨ ᠤᠷᠴᠢᠨ ᠨᠦᠬᠦᠴᠡᠯ ᠢ ᠳᠠᠭᠠᠯᠠᠮᠵᠢᠳᠠᠢ ᠰᠠᠶᠢᠬᠠᠨ ᠪᠤᠯᠭᠠᠬᠤ ᠶᠢ | ᠪᠡᠶᠡᠯᠡᠭᠦᠯᠦᠨ᠎ᠡ᠃ | ᠦᠨᠳᠦᠷ ᠴᠢᠨᠠᠷ ᠳᠡᠰᠲᠤ ᠬᠤᠳᠠ ᠶᠢᠨ ᠲᠦᠷᠢ ᠲᠦᠷᠬᠦ ᠶᠢ ᠪᠤᠢ ᠪᠣᠯᠭᠠᠨ᠎ᠠ᠃ ᠭᠤᠤᠯ ᠪᠠᠯᠭᠠᠰᠤᠨ ᠲᠣᠭᠤᠷᠢᠭ ᠤᠨ ︽ᠭᠤᠷᠪᠠᠨ ᠱᠠᠲᠤ ᠭᠤᠷᠪᠠᠨ | ᠲᠥᠷᠥᠯ︾ ᠤᠨ ᠲᠥᠯᠥᠪᠵᠢᠭᠦᠯᠭᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠪᠥᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ ᠬᠤᠲᠠ ᠶᠢ ᠰᠢᠨᠡᠴᠢᠯᠡᠬᠦ ᠶᠢ ᠯᠠᠪᠳᠠᠭᠤᠨ ᠢᠶᠠᠷ ᠪᠡᠶᠡᠯᠡᠬᠦᠯᠵᠦ ᠳᠠᠪᠴᠠᠭ ᠵᠠᠮ ᠤᠨ | ᠡᠮᠦᠨ᠎ᠡ ᠲᠠᠯ᠎ᠠ ᠳᠠᠬᠢ ᠪᠤᠷᠤ ᠭᠡᠷᠲᠤ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠵᠤ ᠨᠡᠶᠢᠳᠡ ᠶᠢᠨ ᠲᠦᠷᠢᠶᠡᠰᠦᠲᠤ ᠣᠷᠣᠨ ᠰᠠᠭᠤᠴᠠ ᠶᠢ 500 ᠢᠵᠢ | ᠰᠢᠨ᠎ᠡ ᠪᠠᠷ ᠪᠠᠶᠢᠭᠤᠯᠵᠤ᠂ 53 ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠦᠨ ᠰᠢᠨ᠎ᠡ ᠵᠠᠮ ᠵᠡᠷᠭᠡ 6 ᠵᠤᠷᠪᠤᠰ | ᠬᠤᠲᠠ ᠶᠢᠨ ᠶᠠᠪᠤᠳᠠᠯ ᠤᠨ ᠵᠠᠮ ᠢ ᠨᠡᠪᠲᠡᠷᠡᠭᠦᠯᠵᠦ ᠵᠡᠭᠡᠯᠢ ᠳᠠᠭᠠᠤ ᠶᠢᠨ ᠬᠤᠲᠠ ᠶᠢᠨ ᠲᠦᠷᠢ ᠲᠦᠷᠬᠦ ᠶᠢ ᠦᠭᠡᠷᠡᠴᠢᠯᠡᠨ ᠵᠠᠰᠠᠵᠤ ᠭᠠᠵᠠᠷ ᠳᠣᠤᠷᠠᠬᠢ | ᠬᠤᠭᠤᠯᠠᠶ ᠲᠣᠤᠷ ᠢ ᠰᠢᠨᠡᠳᠬᠡᠨ ᠲᠡᠭᠦᠯᠳᠡᠷᠵᠢᠭᠦᠯᠦᠨ᠎ᠡ᠃ ᠲᠤᠮᠤ ᠳ᠋ᠠᠶᠢᠲ᠋ᠠ ᠶᠢᠨ ᠭᠡᠷᠡᠭᠯᠡᠯᠲᠡ ᠶᠢ ᠲᠦᠷᠭᠡᠳᠬᠡᠨ ᠤᠶᠤᠨᠲᠤ ᠴᠠᠬᠢᠯᠭᠠᠨ ᠴᠡᠨᠡᠭᠯᠡᠬᠦ ᠵᠡᠷᠭᠡ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠬᠦᠯᠵᠦ ᠬᠤᠳᠠ ᠶᠢ ᠨᠡᠩ ᠣᠶᠤᠨᠴᠢᠯᠠᠵᠤ ᠦᠢᠯᠡᠴᠢᠯᠡᠭᠡ ᠶᠢ ᠨᠡᠩ ᠳᠥᠭᠦᠮ ᠳᠥᠲᠡ ᠪᠣᠯᠭᠠᠨ᠎ᠠ | ᠃ ᠬᠤᠲᠠ ᠪᠠᠯᠭᠠᠰᠤᠨ ᠤ ᠠᠮᠢ ᠠᠬᠤᠶ ᠶᠢᠨ ᠤᠰᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠨᠢᠭᠡ ᠪᠦᠯᠦᠭ ᠬᠤᠲᠠ ᠶᠢᠨ ᠠᠮᠢ ᠠᠬᠤᠶ ᠶᠢᠨ | ᠴᠡᠴᠡᠷᠯᠢᠭᠵᠢᠬᠦᠯᠦᠯᠲᠡ ᠶᠢ ᠳᠡᠭᠡᠭᠰᠢᠯᠡᠭᠦᠯᠦᠨ ᠨᠢᠭᠡ ᠪᠦᠯᠦᠭ ᠣᠯᠠᠨ ᠲᠦᠮᠡᠨ ᠤ ᠳᠡᠷᠭᠡᠳᠡᠬᠢ ᠪᠠᠭ᠎ᠠ ᠬᠡᠯᠪᠡᠷᠢ ᠶᠢᠨ ᠴᠡᠴᠡᠷᠯᠢᠭ ᠪᠠ ᠪᠠᠭ᠎ᠠ ᠬᠡᠯᠪᠡᠷᠢ ᠶᠢᠨ | ᠨᠤᠭᠤᠭᠠᠷᠠᠭᠤᠯᠤᠭᠰᠠᠨ ᠭᠠᠵᠠᠷ ᠢ ᠪᠣᠶ ᠪᠣᠯᠭᠠᠵᠤ ᠮᠣᠷᠢᠨ ᠬᠤᠭᠤᠷ ᠤᠨ ᠰᠣᠶᠣᠯ ᠤᠨ ᠦᠵᠡᠰᠬᠦᠯᠡᠩ ᠤᠨ ᠬᠦᠷᠢᠶᠡᠯᠡᠩ ᠢᠶᠠᠷ ᠭᠤᠤᠯ ᠪᠣᠯᠭᠠᠭᠰᠠᠨ ᠬᠤᠲᠠ ᠶᠢᠨ | ᠰᠢᠨ᠎ᠡ ᠨᠣᠭᠤᠭᠠᠨ ᠭᠠᠵᠠᠷ ᠢ ᠪᠤᠢ ᠪᠤᠯᠭᠠᠵᠤ ᠬᠤᠲᠠ ᠶᠢᠨ ᠴᠡᠴᠡᠷᠯᠢᠭ ᠢ ᠨᠠᠩ ᠴᠢᠨᠠᠷ ᠳᠡᠰ ᠲᠠᠢ ᠪᠣᠯᠭᠠᠨ᠎ᠠ᠃ ᠵᠠᠮ ᠤᠨ ᠳᠠᠷᠤᠭ᠎ᠠ ᠶᠢᠨ ᠲᠦᠷᠢᠮ᠂ ᠵᠡᠭᠡᠯᠢ ᠶᠢᠨ | ᠳᠠᠷᠤᠭ᠎ᠠ ᠶᠢᠨ ᠲᠦᠷᠢᠮ ᠤᠨ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ ᠬᠤᠲᠠ ᠶᠢᠨ ᠬᠠᠮᠢᠶᠠᠷᠤᠯᠲᠠ ᠶᠢᠨ ︽ᠡᠷᠦᠶ ᠬᠤᠷᠤᠶ ᠥᠬᠡᠶ ᠭᠠᠵᠠᠷ | ︾ ᠪᠠ ᠠᠳᠠᠯ ᠠᠬᠤᠶ ᠶᠢᠨ ᠬᠠᠮᠢᠶᠠᠷᠤᠯᠲᠠ ᠶᠢᠨ ︽ᠬᠦᠴᠢᠷ ᠠᠰᠠᠭᠤᠳᠠᠯ︾ ᠢ ᠦᠷᠭᠦᠯᠵᠢᠯᠡᠨ ᠴᠡᠭᠴᠡᠯᠡᠨ ᠵᠠᠰᠠᠵᠤ ᠬᠤᠳᠠ ᠶᠢᠨ ︽ᠠᠭᠠᠯᠵᠢᠨ ᠲᠣᠤᠷ︾ ᠢ | ᠪᠥᠬᠦ ᠲᠠᠯ᠎ᠠ ᠪᠠᠷ ᠴᠡᠪᠡᠷᠯᠡᠨ ᠠᠷᠢᠯᠭᠠᠵᠤ ᠬᠦᠴᠦᠨ ᠢᠶᠠᠨ ᠲᠥᠪᠯᠡᠷᠡᠭᠦᠯᠦᠨ ᠪᠠᠷᠢᠯᠭ᠎ᠠ ᠵᠤᠭᠰᠤᠭᠰᠠᠨ ᠠᠰᠠᠷ ᠤᠨ ᠬᠤᠯᠪᠤᠭᠳᠠᠯ ᠪᠦᠬᠦᠢ ᠠᠰᠠᠭᠤᠳᠠᠯ ᠢ ᠴᠡᠭᠴᠡᠯᠡᠨ | ᠰᠢᠢᠳᠪᠦᠷᠢᠯᠡᠵᠤ ᠬᠤᠲᠠ ᠶᠢᠨ ᠬᠠᠮᠢᠶᠠᠷᠤᠯᠲᠠ ᠶᠢ ᠨᠠᠩ ᠡᠮᠬᠢ ᠵᠢᠷᠤᠮ ᠲᠠᠢ ᠪᠣᠯᠭᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠴᠢᠨᠠᠷ ᠰᠠᠶᠢᠲᠠᠢ ᠪᠡᠶᠡᠯᠡᠬᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠵᠦ ᠠᠷᠠᠳ ᠤᠯᠠᠨ ᠤ | ᠠᠰᠢᠭ ᠬᠦᠷᠳᠡᠭᠰᠡᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠤᠨ᠎ᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠶ ᠬᠢᠨᠠᠨ ᠬᠡᠮᠵᠢᠯᠲᠡ ᠶᠢ ᠴᠢᠩᠭᠠᠳᠬᠠᠵᠤ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ ᠶᠠᠳᠠᠭᠤ ᠶᠢ ᠲᠡᠳᠬᠦᠬᠦ ᠤᠨᠴᠠᠯᠢᠭᠳᠤ ᠠᠵᠤ | ᠦᠢᠯᠡᠰ ᠤᠨ ᠲᠡᠰ ᠳᠡᠪᠰᠢᠬᠦ ᠶᠢ ᠲᠦᠯᠬᠢᠨ ᠠᠬᠢᠭᠤᠯᠵᠤ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠤᠯᠬᠤ ᠶᠢ ᠠᠬᠢᠭᠤᠯᠵᠤ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠤᠨ ᠴᠢᠨᠠᠷ ᠴᠢᠨᠰᠠᠭ᠎ᠠ ᠶᠢ ᠨᠡᠩ ᠰᠠᠶᠢᠨ ᠪᠣᠯᠭᠠᠬᠤ ᠶᠢ ᠦᠨᠡᠨ ᠬᠦ | ᠪᠠᠲᠤᠯᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠵᠤ ᠬᠤᠰᠢᠭᠤ ᠰᠤᠮᠤ | ᠪᠠᠯᠭᠠᠰᠤ ᠭᠠᠴᠠᠭ᠎ᠠ ᠲᠣᠰᠬᠤᠨ ᠤ ᠴᠢᠳᠠᠮᠵᠢ ᠶᠢ ᠵᠣᠯᠭᠠᠭᠤᠯᠵᠤ ᠬᠠᠷᠢᠯᠴᠠᠨ ᠨᠥᠬᠦᠪᠥᠷᠢᠯᠡᠬᠦ ᠶᠢ ᠠᠬᠢᠭᠤᠯᠤᠨ᠎ᠠ᠃ ᠣᠷᠣᠰᠢᠨ ᠰᠠᠭᠤᠷᠢᠰᠢᠬᠤ ᠣᠷᠴᠢᠨ | ᠨᠦᠬᠦᠴᠡᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠥᠷᠨᠢᠭᠦᠯᠵᠦ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ᠂ ︽ᠵᠣᠷᠯᠣᠩ ᠤᠨ | ᠦᠭᠡᠷᠡᠴᠢᠯᠡᠯᠲᠡ︾᠂ ᠭᠠᠴᠠᠭ᠎ᠠ ᠲᠣᠰᠬᠤᠨ ᠤ ᠲᠦᠷᠢ ᠲᠦᠷᠬᠦ ᠶᠢ ᠴᠡᠭᠴᠡᠯᠡᠨ ᠵᠠᠰᠠᠬᠤ ᠶᠢ ᠭᠤᠤᠯᠳᠠᠯᠭ᠎ᠠ ᠲᠠᠢ ᠠᠬᠢᠭᠤᠯᠵᠤ ᠣᠷᠣᠰᠢᠨ ᠰᠠᠭᠤᠷᠢᠰᠢᠬᠤ ᠣᠷᠴᠢᠨ | ᠨᠦᠬᠦᠴᠡᠯ ᠢ ᠴᠡᠭᠴᠡᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠤ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠡ᠃ ᠮᠠᠯ | ᠲᠠᠷᠢᠶᠠᠯᠠᠩ ᠠᠵᠤ ᠠᠬᠤᠶ ᠶᠢᠨ ᠠᠵᠤ ᠦᠶᠯᠡᠰᠵᠢᠯᠲᠡ ᠶᠢᠨ ᠬᠤᠯᠪᠣᠭᠠᠲᠤ ᠴᠣᠭᠴᠠ ᠪᠠᠷ ᠭᠠᠷᠳᠠᠴᠠ ᠪᠣᠯᠭᠠᠵᠤ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠶ ᠶᠢ ᠶᠡᠬᠡᠪᠡᠷ ᠬᠥᠭᠵᠢᠭᠦᠯᠦᠨ ᠠᠵᠤ ᠦᠢᠯᠡᠰ ᠤᠨ ᠬᠦᠭᠵᠢᠯᠲᠡ ᠨᠢ ᠣᠶᠢᠷᠠᠯᠴᠠᠭ᠎ᠠ ᠪᠤᠯᠬᠤ ᠬᠥᠷᠰᠢ ᠵᠡᠷᠭᠡᠯᠡᠳᠡᠭᠡ ᠭᠠᠴᠠᠭ᠎ᠠ ᠲᠣᠰᠬᠤᠨ ᠤ ᠬᠤᠯᠪᠣᠭᠠᠯᠠᠨ | ᠬᠥᠭᠵᠢᠬᠦ ᠶᠢ ᠵᠣᠬᠢᠶᠠᠨ ᠪᠠᠶᠢᠭᠤᠯᠤᠨ ᠲᠤᠬᠢᠷᠠᠮᠵᠢᠲᠠᠢ ᠬᠡᠪᠴᠢᠶᠡᠵᠢᠬᠦᠯᠦᠨ ᠡᠵᠡᠩᠨᠡᠬᠦᠯᠵᠤ ᠭᠠᠴᠠᠭ᠎ᠠ ᠲᠣᠰᠬᠤᠨ ᠨᠢᠭᠡᠪᠦᠷᠢ ᠳᠤ ᠠᠳᠠᠭ ᠲᠠᠭᠠᠨ ᠨᠢᠭᠡ ᠵᠦᠢᠯ ᠤᠨ | ᠢᠯᠡ ᠲᠣᠳᠣ ᠣᠨᠴᠠᠯᠢᠭ ᠲᠠᠢ ᠭᠤᠤᠯᠯᠠᠬᠤ ᠠᠵᠤ ᠦᠢᠯᠡᠰ ᠲᠠᠢ ᠪᠤᠯᠭᠠᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ | ᠳᠤᠮᠳᠠᠴᠢ ᠪᠠᠷ 100 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠲᠤᠰᠬᠠᠶ ᠮᠡᠷᠭᠡᠵᠢᠯᠲᠡᠳ ᠤᠨ ᠦᠨᠳᠦᠰᠦᠨ ᠱᠠᠲᠤᠨ ᠳᠤ | ᠦᠢᠯᠡᠴᠢᠯᠡᠬᠦ ᠠᠵᠢᠯᠯᠠᠭ᠎ᠠ ᠶᠢᠨ ᠲᠣᠭᠲᠠᠴᠠ ᠶᠢ ᠪᠦᠷᠢᠨᠰᠢᠬᠦᠯᠵᠦ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤᠮᠳᠠᠬᠢ ᠲᠤᠰᠬᠠᠢ ᠮᠡᠷᠭᠡᠵᠢᠯᠳᠡᠨ ᠤ | ᠬᠦᠲᠦᠯᠦᠨ ᠳᠠᠭᠠᠭᠤᠯᠵᠦ ᠲᠤᠯᠭᠠᠭᠤᠷᠢᠯᠠᠬᠤ ᠦᠢᠯᠡᠳᠤᠯ ᠢ ᠪᠠᠳᠠᠷᠠᠭᠤᠯᠤᠨ᠎ᠠ᠃ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠦᠮᠦᠵᠢᠬᠦᠯᠵᠦ | ᠨᠤᠲᠤᠭ ᠲᠠᠭᠠᠨ ᠪᠤᠴᠠᠵᠤ ᠠᠳᠠᠯ ᠦᠢᠯᠡᠰ ᠪᠤᠰᠬᠠᠬᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ ᠮᠥᠩᠭᠦᠨ ᠬᠦᠢᠯᠭᠡᠭᠡᠨ ᠤ ᠳᠠᠮ ᠬᠦᠤ ᠶᠢᠨ ᠵᠢᠭᠡᠯᠡᠯᠭᠡ ᠶᠢᠨ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠥᠷᠭᠡᠳᠬᠡᠨ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠴᠢᠳᠠᠪᠤᠷᠢ ᠶᠢ ᠨᠢ ᠬᠦᠴᠦᠯᠡᠨ | ᠳᠡᠭᠡᠭᠰᠢᠯᠡᠬᠦᠯᠦᠨ᠎ᠡ᠃ ᠬᠥᠳᠡᠭᠡ ᠲᠣᠰᠬᠤᠨ ᠤ ᠪᠣᠯᠪᠠᠰᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠪᠤᠯᠬᠢ ᠵᠠᠩ | ᠳᠠᠳᠬᠠᠯ ᠢ ᠥᠭᠡᠷᠡᠴᠢᠯᠡᠬᠦ ᠶᠢ ᠠᠬᠢᠭᠤᠯᠤᠨ᠎ᠠ᠃ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢ ᠦᠨᠳᠦᠷ ᠬᠢᠷᠢ ᠲᠦᠪᠰᠢᠨ ᠢᠶᠠᠷ ᠠᠬᠢᠭᠤᠯᠤᠨ᠎ᠠ᠃ | ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠭᠰᠠᠨ ᠲᠤᠷᠰᠢᠯᠭ᠎ᠠ ᠶᠢ ᠳ᠋ᠦᠩᠨᠡᠨ ︽ᠮᠠᠯᠵᠢᠬᠤ | ᠳ᠋ᠠᠵᠠᠶ︾ ᠶᠢᠨ ᠵᠣᠷᠢᠭ ᠰᠠᠨᠠᠭ᠎ᠠ ᠶᠢ ᠰᠤᠷᠤᠯᠴᠠᠵᠦ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠦᠬᠦᠷᠦᠮ ᠡᠪᠡᠰᠦ ᠪᠡᠯᠴᠢᠭᠡᠷ ᠡᠯᠡᠰᠦ ᠮᠠᠩᠬ᠎ᠠ ᠶᠢᠨ | ᠰᠢᠰᠲ᠋ᠧᠮ ᠤᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠤᠨ ᠬᠠᠲᠤᠨ ᠭᠤᠤᠯ ᠤᠨ ᠰᠠᠪᠠ ᠭᠠᠵᠠᠷ ᠤᠨ ᠰᠢᠶᠠᠨ ᠤ ᠪᠦᠰᠡ ᠶᠢᠨ | ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠵᠢᠱᠢᠶᠡᠴᠢ ᠣᠷᠣᠨ ᠢ ᠪᠥᠲᠥᠭᠡᠨ ᠪᠠᠶᠢᠭᠤᠯᠤᠨ᠎ᠠ᠃ ᠣᠶ ᠰᠢᠭᠤᠶ ᠶᠢᠨ ᠳᠠᠷᠤᠭ᠎ᠠ ᠶᠢᠨ | ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠣᠶ ᠰᠢᠭᠤᠶ ᠨᠤᠲᠤᠭ ᠪᠡᠯᠴᠢᠭᠡᠷ ᠤᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠤᠶᠤᠨᠲᠤ ᠲᠠᠪᠴᠠᠩ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ 260 ᠲᠦᠮᠡᠨ ᠮᠥ ᠠᠴᠠ ᠳᠡᠭᠡᠭᠰᠢ ᠪᠡᠶᠡᠯᠡᠭᠦᠯᠦᠨ᠎ᠡ᠃ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠭᠯᠠᠵᠤ ᠰᠡᠯᠬᠦᠨ ᠮᠠᠯᠵᠢᠬᠤ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠠᠮᠢ | ᠠᠬᠤᠶ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠲᠡᠭᠦᠯᠳᠡᠷᠵᠢᠭᠦᠯᠦᠨ ᠭᠤᠣᠯ ᠮᠥᠷᠡᠨ | ᠨᠠᠭᠤᠷ ᠴᠥᠭᠦᠷᠥᠮ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠬᠤ ᠪᠠ | ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ︽ᠤᠰᠤ ᠶᠢ ᠦᠯᠡᠳᠡᠭᠡᠬᠦ︾ ᠶᠢ ᠪᠠᠷᠢᠮᠲᠠᠯᠠᠵᠤ ᠭᠠᠵᠠᠷ | ᠳᠡᠭᠡᠷᠡᠬᠢ ᠤᠰᠤ᠂ ᠭᠠᠵᠠᠷ ᠳᠣᠤᠷᠠᠬᠢ ᠤᠰᠤ᠂ ᠠᠭᠤᠷᠬᠠᠶ ᠶᠢᠨ ᠬᠤᠳᠳᠤᠭ ᠤᠨ ᠤᠰᠤ ᠵᠡᠷᠭᠡ ᠡᠯ᠎ᠡ ᠲᠥᠷᠥᠯ ᠤᠨ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠶᠢ ᠰᠢᠰᠲ᠋ᠧᠮ ᠲᠠᠢ ᠰᠠᠶᠢᠲᠤᠷ ᠬᠢᠵᠦ ᠤᠰᠤᠨ ᠤ ᠡᠬᠢ ᠪᠠᠶᠠᠯᠢᠭ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠣᠯᠠᠨ ᠡᠬᠢ ᠪᠠᠷ | ᠬᠠᠷᠢᠯᠴᠠᠨ ᠨᠥᠬᠦᠪᠥᠷᠢᠯᠡᠬᠦ᠂ ᠪᠤᠷᠤᠭᠠᠨ ᠭᠠᠩ ᠤᠨ ᠤᠰᠤ ᠶᠢ ᠲᠤᠬᠢᠷᠠᠭᠤᠯᠬᠤ ᠤᠰᠤ ᠬᠠᠩᠭᠠᠬᠤ ᠶᠢ ᠳᠣᠭᠢᠷᠠᠭᠤᠯᠬᠤ ᠪᠠᠶᠢᠷᠢᠰᠢᠯ ᠢ ᠪᠡᠶᠡᠯᠡᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ ᠬᠠᠮᠤᠭ ᠤᠨ ᠡᠷᠡᠰ ᠰᠢᠭᠤᠷᠬᠠᠢ ᠣᠪᠣᠷ ᠬᠠᠮᠤᠭ ᠤᠨ | ᠴᠢᠩᠭ᠎ᠠ ᠪᠠᠷᠢᠮᠵᠢᠶ᠎ᠠ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠨᠡᠭᠦᠷᠡᠰᠦ᠂ ᠴᠢᠯᠠᠭᠤᠨ ᠲᠤᠰᠤ ᠬᠡᠢ ᠶᠢᠨ ᠠᠢ ᠰᠠᠪᠠ᠂ ᠬᠢᠮᠢ ᠶᠢᠨ ᠦᠢᠯᠡᠳᠪᠦᠷᠢ ᠵᠡᠷᠭᠡ | ᠬᠦᠷᠢᠶᠡᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ ᠠᠭᠤᠷᠬᠠᠢ ᠶᠢᠨ ᠬᠤᠳᠳᠤᠭ ᠤᠨ ᠤᠰᠤ ᠶᠢ ᠪᠦᠬᠦᠨ ᠢ ᠭᠦᠨᠵᠡᠭᠡᠢ | ᠰᠢᠢᠳᠪᠦᠷᠢᠯᠡᠵᠦ᠂ ᠦᠨᠳᠦᠷ ᠳᠠᠪᠤᠰᠤᠲᠤ ᠤᠰᠤ ᠶᠢ ᠴᠦᠮ ᠳᠠᠪᠤᠰᠤ ᠦᠬᠡᠶᠢᠵᠢᠬᠦᠯᠦᠨ ᠲᠠᠯᠠᠰᠵᠢᠭᠤᠯᠬᠤ ᠶᠢ ᠪᠡᠶᠡᠯᠡᠭᠦᠯᠦᠨ᠎ᠡ᠃ ᠲᠠᠷᠢᠶᠠᠯᠠᠩ ᠤᠨ ᠤᠯᠠᠨ ᠡᠬᠢᠳᠤ | ᠪᠣᠬᠢᠷᠲᠤᠯ ᠢ ᠵᠠᠰᠠᠬᠤ ᠵᠢᠴᠢ ᠮᠠᠯ ᠵᠢᠭᠦᠷᠲᠡᠨ ᠤ ᠰᠢᠭᠡᠭ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ ᠬᠥᠷᠥᠰᠥ ᠰᠢᠷᠣᠶ ᠶᠢᠨ ᠣᠷᠴᠢᠨ | ᠠᠬᠤᠶ ᠶᠢᠨ ᠶᠠᠰᠤ ᠴᠢᠨᠠᠷ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠢ ᠴᠢᠩᠭᠠᠳᠬᠠᠵᠤ ᠠᠭᠠᠷ ᠮᠠᠨᠳᠠᠯ ᠤᠨ ᠴᠡᠪᠡᠷᠴᠡ ᠰᠢᠯᠢᠳᠡᠭ ᠰᠠᠶᠢᠨ ᠪᠠᠶᠢᠬᠤ ᠶᠢ ᠦᠷᠭᠦᠯᠵᠢᠯᠡᠨ ᠪᠠᠲᠤᠯᠠᠨ᠎ᠠ᠃ ᠰᠠᠭᠤᠷᠢ ᠲᠥᠬᠦᠭᠡᠷᠦᠮᠵᠢ ᠶᠢ ᠥᠨᠳᠥᠷ | ᠪᠠᠷᠢᠮᠵᠢᠶ᠎ᠠ ᠪᠠᠷ ᠪᠦᠳᠦᠭᠡᠨ ᠪᠠᠶᠢᠭᠤᠯᠤᠨ᠎ᠠ᠃ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ ᠮᠠᠯᠵᠢᠬᠤ ᠲᠠᠷᠢᠶᠠᠯᠠᠬᠤ ᠣᠷᠣᠨ ᠤ 840 ᠺᠢᠯᠣᠮᠧᠲᠷ ᠤᠨ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ ᠠᠮᠠᠨᠴᠢᠷᠠᠭ᠎ᠠ ᠠᠴᠠ ᠪᠠᠭ᠎ᠠ | ᠬᠤᠭᠤᠯᠠᠶᠢᠲᠤ ᠬᠦᠷᠬᠦ᠂ ᠦᠦᠰᠢᠨ ᠠᠴᠠ ᠾᠧᠩ ᠱᠠᠨ ᠬᠦᠷᠬᠦ ᠬᠤᠶᠠᠷ ᠮᠤᠵᠢ ᠶᠢᠨ ᠬᠤᠭᠤᠷᠣᠨᠳᠣᠬᠢ ︽ᠲᠠᠰᠤᠷᠬᠠᠶ ᠵᠠᠮ︾ ᠢ ᠪᠥᠬᠦ ᠬᠦᠴᠦᠨ ᠢᠶᠠᠷ ᠢᠶᠠᠨ | ᠨᠡᠪᠲᠡᠷᠡᠭᠦᠯᠵᠦ ᠲᠦᠩᠽᠢ ᠠᠴᠠ ᠬᠠᠶ ᠽᠧ ᠫᠠᠨ ᠬᠥᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ᠂ ᠲᠤᠯᠢ ᠠᠴᠠ ᠨᠠᠩᠰᠤ ᠬᠥᠷᠬᠦ ᠬᠡᠰᠡᠭ ᠤᠨ ᠨᠢᠭᠡᠳᠦᠭᠡᠷ | ᠳᠡᠰ ᠤᠨ ᠵᠠᠰᠠᠮᠠᠯ ᠵᠠᠮ ︵ᠬᠤᠶᠠᠳᠤᠭᠠᠷ ᠬᠤᠭᠤᠴᠠᠭ᠎ᠠ︶ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ ᠦᠨᠡᠨ ᠬᠦ ᠪᠠᠲᠤᠯᠠᠨ᠎ᠠ᠃ ᠳᠤᠮᠳᠠ ᠵᠢᠵᠢᠭ ᠭᠤᠤᠯ | ᠮᠥᠷᠡᠨ ᠢ ᠵᠠᠰᠠᠬᠤ᠂ ᠬᠥᠷᠥᠰᠥ ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ | ᠲᠦᠪᠰᠢᠨ ᠢ ᠳᠡᠭᠡᠭᠰᠢᠯᠡᠭᠦᠯᠬᠦ᠂ ᠠᠶᠤᠯᠲᠠᠶ ᠤᠰᠤᠨ ᠴᠥᠭᠦᠷᠥᠮ ᠢ ᠪᠠᠬᠢᠵᠢᠭᠦᠯᠬᠦ ᠵᠡᠷᠭᠡ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ | ᠭᠤᠣᠯᠯᠠᠭᠴᠢ ᠴᠠᠬᠢᠯᠭᠠᠨ ᠲᠣᠣᠷ ᠪᠣᠯᠤᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠲᠡᠰ ᠳᠡᠪᠰᠢᠬᠦ ᠶᠢ ᠲᠦᠷᠭᠡᠳᠬᠡᠨ 220 ᠺᠢᠯᠤᠸᠤᠯᠲ | ᠪᠣᠯᠤᠨ 110 ᠺᠢᠯᠤᠸᠤᠯᠲ ᠤᠨ ᠬᠦᠴᠦᠳᠡᠯ ᠦᠬᠡᠷᠡᠴᠢᠯᠡᠬᠦ ᠦᠷᠳᠡᠭᠡ ᠶᠢ 7 ᠰᠢᠨ᠎ᠡ ᠪᠠᠷ ᠪᠠᠶᠢᠭᠤᠯᠤᠨ᠎ᠠ᠃ ᠴᠢᠮᠡᠭᠡ ᠬᠤᠯᠪᠤᠭᠠᠨ ᠤ ᠰᠠᠭᠤᠷᠢ ᠲᠦᠬᠦᠭᠡᠷᠦᠮᠵᠢ | ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ ᠪᠠᠯᠭᠠᠰᠤᠨ ᠲᠣᠭᠤᠷᠢᠭ ᠪᠠ ᠬᠦᠷᠢᠶᠡᠯᠡᠩ ᠲᠣᠭᠤᠷᠢᠭ ᠵᠡᠷᠭᠡ | ᠭᠤᠤᠯᠳᠠᠯᠭ᠎ᠠ ᠲᠠᠢ ᠣᠷᠣᠨ ᠪᠦᠰᠡ ᠳᠤ 5G ᠶᠢ ᠨᠡᠶᠢᠳᠡᠮᠵᠢᠬᠦᠯᠵᠤ ᠮᠠᠯᠵᠢᠬᠤ ᠲᠠᠷᠢᠶᠠᠯᠠᠬᠤ ᠣᠷᠣᠨ ᠳᠤ ᠴᠢᠮᠡᠭᠡ ᠬᠤᠯᠪᠤᠭ᠎ᠠ ᠨᠡᠪᠲᠡᠷᠡᠬᠦ ᠦᠬᠡᠢ ᠪᠠᠶᠢᠭ᠎ᠠ | ᠤᠷᠤᠨ ᠢ ᠦᠬᠡᠶᠢᠰᠭᠡᠨ᠎ᠡ᠃ | ︵ᠳᠥᠷᠪᠡ︶ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ ᠨᠠᠩ ᠬᠠᠯᠠᠭᠤᠨ ᠳᠤᠯᠠᠭᠠᠨ᠂ ᠨᠠᠩ ᠵᠣᠯ ᠵᠢᠷᠭᠠᠯᠲᠤ ᠨᠤᠮᠢᠨ | ᠲᠠᠩᠰᠤᠭ ᠦᠦᠰᠢᠨ ᠢ ᠪᠥᠲᠥᠭᠡᠨ ᠪᠠᠶᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ | ᠪᠣᠯᠭᠠᠵᠤ ᠬᠠᠮᠳᠤᠪᠡᠷ ᠴᠢᠨᠡᠬᠡᠯᠢᠭᠵᠢᠬᠦ ᠶᠢ ᠠᠬᠢᠭᠤᠯᠬᠤ ᠶᠢ ᠠᠷᠠᠳ ᠲᠦᠮᠡᠨ ᠳᠤ ᠪᠤᠶᠠᠨ ᠦᠢᠯᠡᠳᠬᠦ ᠭᠠᠷᠳᠠᠴᠠ ᠪᠤᠯᠭᠠᠨ ᠠᠷᠠᠳ ᠲᠦᠮᠡᠨ ᠤ ᠡᠳᠤᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ | ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠤᠯᠬᠤ ᠪᠠ ᠠᠳᠠᠯ ᠦᠢᠯᠡᠰ ᠪᠤᠰᠬᠠᠬᠤ ᠠᠵᠢᠯ ᠢ ᠰᠠᠶᠢᠲᠤᠷ ᠠᠳᠬᠤᠵᠤ ᠠᠳᠠᠯ ᠦᠢᠯᠡᠰ ᠪᠤᠰᠬᠠᠬᠤ ᠪᠠᠲᠤᠯᠠᠪᠤᠷᠢ | ᠶᠢᠨ ᠵᠢᠭᠡᠯᠡᠯᠭᠡ ᠶᠢᠨ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠤᠨ ᠠᠵᠢᠯ ᠤᠯᠭᠤᠬᠤ ᠠᠳᠠᠯ ᠦᠢᠯᠡᠰ ᠪᠤᠰᠬᠠᠬᠤ ᠪᠣᠯᠪᠠᠰᠤᠷᠠᠯ ᠢ ᠴᠢᠩᠭᠠᠳᠬᠠᠵᠤ ᠠᠵᠢᠯ | ᠣᠯᠭᠤᠯᠲᠠ ᠶᠢᠨ ᠲᠤᠰᠠᠯᠠᠮᠵᠢ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠭᠦᠨᠵᠡᠭᠡᠶ ᠬᠡᠷᠡᠭᠵᠢᠭᠦᠯᠵᠦ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠣᠨᠴᠠ ᠬᠦᠴᠢᠷᠳᠡᠯᠲᠡᠶ ᠠᠪᠤᠷᠠᠨ ᠲᠤᠰᠠᠯᠠᠬᠤ | ᠡᠲᠡᠭᠡᠳ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠬᠦᠯᠦᠨ᠎ᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠲᠤᠰᠢᠶᠠᠨ ᠬᠠᠳᠠᠭᠠᠯᠠᠬᠤ ᠰᠠᠭᠤᠷᠢ ᠲᠤᠭ᠎ᠠ ᠶᠢ ᠲᠤᠬᠢᠷᠠᠮᠵᠢᠲᠠᠢ ᠳᠡᠭᠡᠭᠰᠢᠯᠡᠬᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠭᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ | ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠥᠷᠢ ᠪᠣᠯᠭᠠᠭᠰᠠᠨ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠤᠭᠰᠠᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠴᠡᠷᠢᠭ ᠠᠷᠠᠳ ᠢ ᠠᠭᠤᠰᠤᠯᠴᠠᠭᠤᠯᠬᠤ᠂ ᠡᠮᠡᠭᠲᠡᠶᠢᠴᠦᠳ ᠬᠡᠦᠬᠡᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ᠂ ᠨᠢᠭᠦᠯᠡᠰᠦᠩᠭᠦᠶ ᠶᠢᠨ ᠦᠢᠯᠡᠰ ᠵᠡᠷᠭᠡ ᠶᠢᠨ | ᠪᠦᠬᠦ ᠲᠠᠯ᠎ᠠ ᠪᠠᠷ ᠬᠥᠭᠵᠢᠬᠦ ᠶᠢ ᠲᠡᠮᠵᠢᠨ᠎ᠡ᠃ ᠲᠦᠪ ᠭᠤᠤᠯᠴᠢ ᠴᠢᠨᠠᠷ ᠰᠠᠶᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠭᠤᠯᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ 7 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ︽ᠰᠣᠷᠣᠭᠴᠢ ᠶᠢᠨ | ᠲᠤᠭ᠎ᠠ ᠬᠡᠲᠦᠷᠡᠭᠰᠡᠨ ᠠᠩᠭᠢ︾ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠨ 2025 ᠣᠨ ᠪᠣᠯᠬᠤ ᠳᠤ ᠪᠥᠬᠦ ᠬᠤᠰᠢᠭᠤᠨ ᠤ ᠲᠦᠭᠡᠮᠡᠯ ᠬᠠᠷᠠᠭᠠᠯᠵᠠᠯ ᠤᠨ | ᠴᠢᠨᠠᠷᠲᠠᠶ ᠬᠡᠤᠬᠡᠳ ᠤᠨ ᠴᠡᠴᠡᠷᠯᠢᠭ ᠤᠨ ᠨᠡᠶᠢᠲᠡᠮᠵᠢᠯᠲᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠭᠡᠵᠦ᠂ ᠪᠥᠬᠦ ᠤᠯᠤᠰ ᠤᠨ ᠬᠤᠰᠢᠭᠤ ᠰᠢᠶᠠᠨ ᠤ | ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠰᠡᠨ ᠬᠤᠰᠢᠭᠤ ᠶᠢ ᠡᠭᠦᠳᠦᠨ ᠪᠠᠶᠢᠭᠤᠯᠬᠤ ᠪᠠᠷ | ᠴᠢᠷᠮᠠᠶᠢᠨ᠎ᠠ᠃ ᠪᠠᠭᠰᠢ ᠶᠢ ︽ᠬᠤᠰᠢᠭᠤ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾᠂ ᠠᠵᠢᠯ ᠤᠨ ᠪᠠᠶᠢᠷᠢ ᠶᠢ ᠡᠭᠡᠯᠵᠢᠯᠡᠬᠦᠯᠦᠨ ᠰᠣᠯᠢᠬᠤ | ᠵᠡᠷᠭᠡ ᠥᠭᠡᠷᠡᠴᠢᠯᠡᠯᠲᠡ ᠶᠢ ᠠᠬᠢᠭᠤᠯᠵᠤ ᠨᠠᠷᠠᠲᠤ ᠵᠠᠬᠢᠷᠤᠯ᠂ ᠨᠠᠷᠠᠲᠤ ᠪᠠᠭᠰᠢ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠰᠤᠷᠭᠠᠨ ᠬᠥᠮᠦᠵᠢᠯ ᠤᠨ | ᠶᠠᠮᠤᠨ ᠤ ᠰᠢᠭᠤᠳ ᠬᠠᠷᠢᠶ᠎ᠠ ᠪᠠᠭᠰᠢ ᠶᠢᠨ ᠰᠤᠷᠭᠠᠭᠤᠯᠢ ᠪᠠ ︽ᠬᠤᠤᠰ ᠲᠡᠷᠢᠭᠦᠨ ᠲᠠᠰ︾ ᠤᠨ ᠶᠡᠭᠡ ᠳᠡᠭᠡᠳᠦ ᠰᠤᠷᠭᠠᠭᠤᠯᠢ ᠠᠴᠠ ᠨᠢᠭᠡ ᠪᠦᠯᠦᠭ ᠰᠢᠯᠢᠳᠡᠭ | ᠪᠠᠭᠰᠢ ᠶᠢ ᠤᠷᠢᠨ ᠬᠡᠷᠡᠭᠯᠡᠵᠦ ᠪᠥᠬᠦ ᠪᠠᠭᠰᠢ ᠶᠢ ᠪᠣᠯᠪᠠᠰᠤᠷᠠᠭᠤᠯᠬᠤ ᠲᠦᠷᠢᠮ ᠢ ᠨᠠᠶᠢᠳᠠᠪᠤᠷᠢᠵᠢᠭᠤᠯᠤᠨ ᠪᠠᠭᠰᠢ ᠶᠢᠨ ᠡᠩᠨᠡᠭᠡᠨ ᠤ ᠬᠡᠪ ᠴᠢᠨᠠᠷ ᠪᠠ ᠪᠢᠴᠢᠭ | ᠵᠢᠭᠠᠵᠤ ᠬᠥᠮᠦᠨ ᠢ ᠬᠥᠮᠦᠵᠢᠭᠦᠯᠬᠦ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠵᠦ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ | ᠳᠡᠯᠭᠡᠷᠡᠭᠦᠯᠦᠨ ᠬᠡᠷᠡᠭᠯᠡᠨ᠎ᠡ᠃ ︽ᠬᠤᠶᠠᠷ ᠢ ᠬᠦᠩᠭᠡᠷᠡᠭᠦᠯᠬᠦ︾ ᠲᠦᠷᠦ ᠶᠢᠨ ᠪᠤᠳᠤᠯᠭ᠎ᠠ ᠶᠢ ᠡᠷᠡᠰ ᠨᠠᠶᠢᠳᠠᠪᠤᠷᠢᠵᠢᠭᠤᠯᠵᠤ ᠰᠤᠷᠤᠭᠴᠢᠳ ᠤᠨ ᠶᠣᠰᠣ ᠮᠣᠷᠠᠯ | ᠤᠶᠤᠨ ᠤᠬᠠᠭᠠᠨ ᠪᠡᠶ᠎ᠡ ᠲᠠᠮᠢᠷ ᠭᠤᠸ᠎ᠠ ᠰᠠᠶᠢᠬᠠᠨ ᠬᠥᠳᠡᠯᠮᠦᠷᠢ ᠵᠡᠷᠭᠡ ᠶᠢᠨ ᠪᠦᠬᠦ ᠲᠠᠯ᠎ᠠ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠤᠯᠠᠨ ᠲᠦᠮᠡᠨ ᠤ | ᠠᠮᠢ ᠨᠠᠰᠤ ᠡᠷᠡᠭᠦᠯ ᠮᠡᠨᠳᠤ ᠶᠢ ᠰᠠᠬᠢᠨ ᠬᠠᠮᠠᠭᠠᠯᠠᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠰᠢᠢᠳᠪᠦᠷᠢᠯᠡᠬᠦ ᠰᠢᠰᠲ᠋ᠧᠮ ᠢ | ᠲᠡᠭᠦᠯᠳᠡᠷᠵᠢᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ | ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ ᠨᠢᠭᠡ ᠪᠦᠯᠦᠭ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ︵ᠲᠠᠰᠤᠭ︶ ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ ᠨᠢᠭᠡ ᠪᠦᠯᠦᠭ ᠨᠠᠷᠠᠲᠤ ᠡᠮᠴᠢ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠵᠤ ᠨᠢᠭᠡ | ᠪᠦᠯᠦᠭ ᠤᠨᠴᠠᠯᠢᠭᠳᠤ ᠲᠤᠰᠬᠠᠶ ᠰᠠᠯᠠᠭ᠎ᠠ ᠶᠢ ᠪᠣᠶ ᠪᠣᠯᠭᠠᠨ ᠨᠢᠭᠡ ᠪᠦᠯᠦᠭ ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠲᠠᠢ ᠭᠦᠨᠵᠡᠭᠡᠶ | ᠬᠠᠮᠲᠤᠷᠠᠯᠴᠠᠵᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠠᠯᠪᠠᠨ ᠠᠴᠠ ᠡᠷᠬᠢᠯᠡᠭᠰᠡᠨ | ᠡᠮᠨᠡᠯᠭᠡ ᠶᠢᠨ ᠬᠤᠷᠢᠶ᠎ᠠ ᠪᠠ ᠡᠮᠴᠢᠯᠡᠭᠡᠨ ᠤ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ︽ᠢᠨᠲ᠋ᠧᠷ ᠰᠦᠯᠵᠢᠶ᠎ᠡ +ᠡᠮ ᠡᠮᠨᠡᠯᠭᠡ | ᠡᠷᠡᠭᠦᠯ ᠮᠡᠨᠳᠤ︾ ᠶᠢᠨ ᠲᠤᠯᠭᠠᠭᠤᠷᠢᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ | ᠠᠵᠢᠯ ᠤᠨ ᠲᠡᠷᠢᠭᠦᠨ ᠤ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ ᠬᠢᠲᠠᠳ ᠡᠮ ᠡᠮᠨᠡᠯᠭᠡ ᠶᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠬᠦᠳᠦᠨ ᠬᠦᠭᠵᠢᠬᠦ ᠶᠢ ᠠᠬᠢᠭᠤᠯᠤᠨ᠎ᠠ᠃ ᠬᠡᠦᠬᠡᠳ ᠪᠠ ᠬᠤᠲᠠ ᠪᠠᠯᠭᠠᠰᠤᠨ ᠤ ᠪᠠᠲᠤᠯᠠᠭ᠎ᠠ ᠦᠭᠡᠢ ᠨᠠᠰᠤᠲᠠᠨ ᠢ ᠬᠠᠷᠠᠭᠠᠯᠵᠠᠬᠤ | ᠵᠢᠴᠢ ᠠᠰᠠᠷᠠᠨ ᠰᠤᠪᠢᠯᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠵᠦ ᠡᠷᠡᠭᠦᠯ ᠮᠡᠨᠳᠦ ᠶᠢᠨ ᠦᠢᠯᠡᠴᠢᠯᠡᠬᠡᠨ ᠤ ᠠᠵᠤ ᠦᠢᠯᠡᠰ ᠢ ᠲᠡᠭᠦᠯᠳᠡᠷᠵᠢᠭᠦᠯᠦᠨ᠎ᠡ | ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠨᠢᠭᠦᠯᠵᠦ᠂ ᠪᠣᠯᠪᠠᠰᠤᠨ ᠡᠷᠡᠭᠦᠯ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠵᠤ ᠠᠷᠠᠳ | ᠣᠯᠠᠨ ᠳᠤ ᠨᠠᠩ ᠰᠢᠯᠢᠳᠡᠭ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠴᠢᠩᠭᠠᠳᠬᠠᠨ᠎ᠠ᠃ | ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠭᠦᠨᠵᠡᠭᠡᠶ ᠦᠢᠯᠡᠳᠦᠯᠭᠡᠵᠢᠬᠦᠯᠵᠤ ᠬᠤᠪᠢᠰᠬᠠᠯ ᠤᠨ ᠰᠣᠶᠣᠯ ᠪᠠ | ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠤᠯᠠᠮᠵᠢᠯᠠᠨ ᠵᠠᠯᠭᠠᠮᠵᠢᠯᠠᠵᠤ ᠣᠯᠠᠨ ᠨᠡᠶᠢᠲᠡ ᠶᠢᠨ ᠰᠣᠶᠣᠯ ᠤᠨ ᠬᠠᠩᠭᠠᠯᠭ᠎ᠠ ᠶᠢ ᠲᠠᠰᠤᠷᠠᠯᠲᠠ | ᠥᠬᠡᠶ ᠰᠢᠯᠢᠳᠡᠭᠵᠢᠭᠦᠯᠦᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠤᠳᠬ᠎ᠠ ᠤᠷᠠᠯᠢᠭ ᠤᠨ | ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠪᠠ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠤᠨ ᠲᠠᠯ᠎ᠠ ᠨᠤᠲᠤᠭ ᠤᠨ | ᠰᠣᠶᠣᠯ ᠤᠨ ᠡᠷᠦᠬᠡ᠂ ᠰᠣᠶᠣᠯ ᠤᠨ ᠳᠤᠭᠤᠶᠢᠯᠠᠩ ᠢ ᠶᠡᠬᠡᠪᠡᠷ ᠪᠤᠢ ᠪᠤᠯᠭᠠᠨ᠎ᠠ᠃ ᠲᠡᠦᠬᠡ ᠶᠢᠨ ᠳᠤᠷᠠᠰᠬᠠᠯᠲᠤ ᠵᠣᠶᠢᠯᠡᠰ ᠢ ᠬᠠᠮᠠᠭᠠᠯᠠᠵᠤ ᠠᠰᠢᠭᠯᠠᠬᠤ ᠪᠠ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠳᠡᠯᠭᠡᠷᠡᠭᠦᠯᠵᠦ ᠨᠡᠶᠢᠭᠡᠮ | ᠲᠣᠭᠤᠷᠢᠭ ᠤᠨ ᠬᠠᠮᠲᠤ ᠪᠠᠷ ᠡᠳ᠋ᠯᠡᠬᠦ ᠳᠠᠪᠲᠠᠯᠭ᠎ᠠ ᠶᠢᠨ ᠲᠠᠰᠤᠭ ᠢ ᠪᠠᠶᠢᠭᠤᠯᠤᠨ ᠪᠦᠬᠦ ᠠᠷᠠᠳ ᠢᠶᠠᠷ ᠢᠶᠠᠨ ᠰᠤᠷᠤᠯᠴᠠᠬᠤ ᠨᠡᠶᠢᠭᠡᠮ ᠤᠨ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠨ᠎ᠠ᠃ | ︵ᠲᠠᠪᠤ︶ ᠵᠠᠰᠠᠯᠲᠠ ᠶᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠨᠠᠩ ᠡᠶ᠎ᠡ ᠵᠣᠬᠢᠴᠠᠯ ᠲᠠᠢ᠂ ᠨᠠᠩ ᠠᠮᠤᠷ ᠠᠮᠤᠭᠤᠯᠠᠩ ᠨᠤᠮᠢᠨ ᠲᠠᠩᠰᠤᠭ ᠦᠦᠰᠢᠨ ᠢ | ᠪᠠᠶᠢᠭᠤᠯᠤᠨ᠎ᠠ᠃ ᠣᠯᠣᠰ ᠤᠨ ᠠᠮᠤᠷ ᠲᠦᠪᠰᠢᠨ ᠤ ᠦᠵᠡᠯᠲᠡ ᠶᠢ ᠡᠷᠡᠰ ᠨᠠᠶᠢᠳᠠᠪᠤᠷᠢᠵᠢᠭᠤᠯᠵᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠯᠡᠨ ᠤᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ᠎ᠡ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠳᠤᠮᠳᠠᠬᠢ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠢᠳᠡᠪᠬᠢᠲᠡᠢ ᠰᠢᠢᠳᠪᠦᠷᠢᠯᠡᠨ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠨᠠᠭᠰᠢᠳᠠ ᠴᠢᠩᠭᠠᠳᠬᠠᠵᠤ ᠵᠠᠰᠠᠭ ᠤᠨ ᠣᠷᠳᠣᠨ ᠤ ᠨᠢᠭᠤᠭᠳᠠᠮᠠᠯ ᠥᠷᠢ ᠰᠢᠷᠢ ᠶᠢ ᠠᠷᠢᠯᠭᠠᠬᠤ ᠡᠷᠴᠢᠮ ᠢ | ᠴᠢᠩᠭᠠᠷᠠᠭᠤᠯᠵᠤ 2026 ᠣᠨ ᠪᠣᠯᠬᠤ ᠳᠤ ᠥᠷᠢ ᠰᠢᠷᠢ ᠶᠢᠨ ᠠᠶᠤᠯ ᠲᠦᠭᠰᠢᠭᠦᠷᠢ ᠶᠢᠨ ᠳᠡᠰ ᠢ ᠪᠠᠭᠤᠷᠠᠭᠤᠯᠤᠭᠠᠳ ᠠᠮᠤᠷ ᠲᠦᠪᠰᠢᠨ ᠬᠡᠮᠵᠢᠶ᠎ᠡ ᠳᠤ ᠬᠦᠷᠭᠡᠬᠦ | ᠪᠠᠷ ᠴᠢᠷᠮᠠᠶᠢᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ ᠠᠶᠤᠯᠭᠦᠶ ᠬᠥᠭᠵᠢᠯᠲᠡ ᠶᠢᠨ ᠣᠶᠢᠯᠠᠭᠠᠭᠳᠠᠬᠤᠨ ᠢ | ᠢᠮᠠᠭᠲᠠ ᠪᠠᠲᠤ ᠪᠠᠬᠢ ᠪᠤᠢ ᠪᠣᠯᠭᠠᠵᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠠᠵᠤ ᠠᠬᠤᠶᠢᠯᠠᠯ ᠤᠨ | ᠠᠶᠤᠯᠭᠦᠶ ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ | ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ ᠡᠯ᠎ᠡ ᠵᠦᠢᠯ ᠤᠨ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠰᠦᠯᠵᠢᠶᠡᠨ ᠤ ᠶᠠᠷᠢᠶ᠎ᠠ ᠬᠡᠯᠡᠯᠴᠡᠭᠡᠨ ᠤ | ᠪᠠᠶᠢᠳᠠᠯ ᠪᠠ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢ ᠪᠦᠷᠢᠨᠰᠢᠭᠦᠯᠵᠦ ᠪᠠᠴᠢᠮ ᠪᠠᠶᠢᠳᠠᠯ ᠢ | ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠡᠶᠢᠭᠡᠮ ᠤᠨ ᠲᠣᠭᠲᠠᠭᠤᠨ ᠪᠠᠶᠢᠳᠠᠯ ᠢ ᠪᠦᠲᠦᠮᠵᠢᠲᠡᠶ ᠪᠠᠷ ᠬᠠᠮᠠᠭᠠᠯᠠᠨ᠎ᠠ᠃ ᠰᠢᠨ᠎ᠡ | ᠪᠠᠶᠢᠳᠠᠯ ᠳᠣᠣᠷᠠᠬᠢ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠤᠯᠠᠨ ᠲᠦᠮᠡᠨᠴᠢ ᠴᠢᠨᠠᠷᠲᠠᠢ | ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠪᠠ | ᠰᠢᠳᠬᠡᠯ ᠦᠭᠬᠦᠨ᠎ᠠ᠃ ᠳᠠᠪᠬᠤᠷ ᠳᠣᠰᠬᠠᠭᠰᠠᠨ ᠵᠠᠬᠢᠳᠠᠯ ᠰᠤᠷᠪᠤᠯᠵᠢᠯᠠᠯ ᠢ ᠲᠥᠪᠯᠡᠷᠡᠭᠦᠯᠦᠨ ᠵᠠᠰᠠᠬᠤ ᠪᠠ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ | ᠲᠤᠰᠬᠠᠶ ᠲᠦᠷᠦᠯ ᠢᠶᠠᠷ ᠵᠠᠰᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ | ᠭᠦᠨᠵᠡᠭᠡᠶᠢᠷᠡᠭᠦᠯᠦᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠯᠠᠪᠳᠠᠭᠤᠨ ᠪᠠᠲᠤᠲᠠᠶ ᠪᠠᠷ ᠴᠤᠭᠴᠠᠯᠠᠨ᠎ᠠ᠃ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠥᠬᠦ ᠬᠦᠴᠦᠨ ᠢᠶᠠᠷ | ᠳᠡᠭᠡᠭᠰᠢᠯᠡᠬᠦᠯᠦᠨ᠎ᠡ᠃ ︽ᠲᠠᠪᠤ ᠶᠢ ᠵᠠᠰᠠᠬᠤ ᠶᠢ ᠠᠭᠤᠰᠤᠯᠴᠠᠭᠤᠯᠵᠦ ᠣᠯᠠᠨ ᠡᠰᠢᠵᠢᠭᠦᠯᠬᠦ ᠶᠢ ᠵᠡᠷᠭᠡᠪᠡᠷ ᠴᠢᠬᠤᠯᠠᠴᠢᠯᠠᠭᠰᠠᠨ ᠠᠮᠣᠭᠤᠯᠠᠩᠳᠣ ᠦᠦᠰᠢᠨ︾ ᠤ | ᠨᠠᠷᠠᠲᠤ ᠲᠡᠮᠲᠡᠭ ᠢ ᠡᠭᠦᠳᠬᠦ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ ᠵᠦᠷᠢᠴᠡᠯ ᠵᠢᠭᠤᠷᠠᠯᠳᠤᠭᠠᠨ ᠢ ᠮᠡᠳᠡᠭᠰᠡᠨ ᠲᠠᠷᠣᠢ ᠳᠤ ᠨᠢ ᠡᠶᠡᠳᠡᠬᠦᠯᠬᠦ᠂ ᠲᠦᠷᠦᠯ | ᠬᠤᠪᠢᠶᠠᠨ ᠡᠶᠡᠳᠡᠬᠦᠯᠬᠦ ᠪᠠ ᠬᠠᠮᠲᠤᠷᠠᠨ ᠬᠠᠮᠢᠶᠠᠷᠴᠤ ᠤᠯᠠᠨ ᠲᠦᠮᠡᠨ ᠳᠡᠭᠡᠭᠰᠢ ᠰᠤᠷᠪᠤᠯᠵᠢᠯᠠᠬᠤ ᠦᠬᠡᠢ᠂ ᠠᠰᠠᠭᠤᠳᠠᠯ ᠢ ᠬᠤᠰᠢᠭᠤᠨ ᠠᠴᠠ ᠭᠠᠷᠭᠠᠬᠤ ᠦᠬᠡᠢ᠂ | ᠵᠦᠷᠢᠴᠡᠯ ᠵᠢᠭᠤᠷᠠᠯᠳᠤᠭᠠᠨ ᠢ ᠳᠡᠭᠡᠭᠰᠢ ᠲᠤᠰᠢᠶᠠᠬᠤ ᠦᠬᠡᠢ᠂ ᠲᠤᠬᠠᠢ ᠶᠢᠨ ᠭᠠᠵᠠᠷ ᠲᠤ ᠨᠢ ᠡᠶᠡᠳᠡᠬᠦᠯᠦᠨ ᠰᠢᠢᠳᠪᠦᠷᠢᠯᠡᠬᠦ ᠨᠡᠶᠢᠳᠡᠯᠢᠭ ᠲᠤᠷᠰᠢᠯᠭ᠎ᠠ ᠶᠢ | ᠰᠢᠨ᠎ᠡ ᠶᠢ ᠡᠬᠦᠳᠦᠨ ᠬᠦᠭᠵᠢᠬᠦᠯᠵᠦ ᠵᠥᠷᠢᠴᠡᠯ ᠵᠢᠭᠤᠷᠠᠯᠳᠤᠭᠠᠨ ᠢ ᠬᠤᠯᠪᠣᠭᠠᠯᠠᠨ ᠬᠥᠳᠡᠯᠦᠯᠴᠡᠵᠦ ᠬᠤᠯᠪᠣᠭᠠᠯᠠᠨ ᠵᠠᠰᠠᠵᠤ ᠬᠤᠯᠪᠣᠭᠠᠯᠠᠨ ᠳᠣᠭᠢᠷᠠᠭᠤᠯᠬᠤ | ᠠᠵᠢᠯ ᠤᠨ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ ᠨᠡᠶᠢᠭᠡᠮ ᠤᠨ ᠵᠥᠷᠢᠴᠡᠯ ᠢ ᠨᠠᠩ ᠬᠦᠴᠦᠲᠡᠶ ᠰᠡᠷᠭᠡᠶᠢᠯᠡᠨ ᠰᠢᠢᠳᠪᠤᠷᠢᠯᠡᠨ᠎ᠡ᠃ ᠤᠯᠠᠨ | ᠲᠦᠮᠡᠨ ᠤ ᠵᠦᠢ ᠵᠣᠬᠢᠰᠲᠠᠶ ᠬᠦᠰᠡᠯ ᠱᠠᠭᠠᠷᠳᠠᠯᠭ᠎ᠠ᠂ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠥᠭᠴᠦ ᠭᠡᠷ ᠪᠠᠶᠢᠰᠢᠩ | ᠭᠠᠵᠠᠷ ᠰᠢᠷᠣᠶ ᠶᠢᠨ ᠬᠦᠷᠦᠩᠭᠡ ᠵᠡᠷᠭᠡ ᠬᠦᠷᠢᠶ᠎ᠡ ᠴᠠᠷᠠᠭᠠᠨ ᠳᠠᠬᠢ ᠲᠡᠦᠬᠡᠨ ᠦᠯᠡᠳᠡᠭᠳᠡᠯ ᠠᠰᠠᠭᠤᠳᠠᠯ ᠢ ᠪᠦᠬᠦ ᠬᠦᠴᠦᠨ ᠢᠶᠠᠷ ᠰᠢᠢᠳᠪᠦᠷᠢᠯᠡᠨ᠎ᠡ᠃ ᠬᠠᠤᠯᠢ | ᠴᠠᠭᠠᠵᠠ ᠶᠢᠨ ᠲᠤᠰᠠᠯᠠᠮᠵᠢ ᠦᠵᠡᠭᠦᠯᠬᠦ ᠠᠵᠢᠯ ᠢ ᠴᠢᠩᠭᠠᠳᠬᠠᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠲᠦᠭᠡᠮᠡᠯᠵᠢᠭᠦᠯᠤᠯᠲᠡ ᠶᠢ | ᠬᠢᠨᠠᠮᠠᠭᠠᠶ ᠥᠷᠨᠢᠭᠦᠯᠵᠦ ᠨᠡᠶᠢᠭᠡᠮ ᠳᠠᠶᠠᠭᠠᠷ ᠲᠤ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠭᠦᠨ | ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠭᠤᠷᠪᠠ᠂ 2022 ᠣᠨ ᠤ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ | ᠲᠥᠯᠥᠭᠡᠯᠡᠭᠴᠢᠳ ᠡ᠂ 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠪᠠᠶᠢᠵᠤ᠂ ᠮᠥᠨ ᠴᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠬᠤᠰᠢᠭᠤ ᠠᠷᠪᠠᠨ ᠵᠢᠷᠭᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠮᠥᠨ᠂ ᠪᠥᠬᠦ ᠵᠢᠯ ᠤᠨ ᠠᠵᠢᠯ ᠢᠶᠠᠨ ᠰᠠᠶᠢᠲᠤᠷ | ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ | ᠤᠷᠤᠭᠰᠢᠯᠠᠬᠤ︾ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ ᠪᠠ ᠪᠦᠬᠦ ᠶᠠᠪᠤᠴᠠ ᠳᠤ ᠲᠤᠭᠤᠰᠢᠯᠠᠭᠤᠯᠵᠤ ︽ᠲᠣᠭᠲᠠᠭᠤᠨ︾ | ᠢᠶᠠᠷ ︽ᠤᠷᠤᠭᠰᠢᠯᠠᠬᠤ︾ ᠶᠢ ᠠᠬᠢᠭᠤᠯᠵᠤ ︽ᠤᠷᠤᠭᠰᠢᠯᠠᠬᠤ︾ ᠪᠠᠷ ︽ᠲᠣᠭᠲᠠᠭᠤᠨ︾ ᠢ ᠪᠠᠲᠤᠳᠬᠠᠬᠤ ᠶᠢ ᠪᠠᠷᠢᠮᠲᠠᠯᠠᠨ ᠠᠵᠤ ᠠᠬᠤᠶ ᠨᠡᠶᠢᠭᠡᠮ ᠢ | ᠲᠣᠭᠲᠠᠭᠤᠨ ᠤ ᠳᠤᠮᠳᠠ ᠰᠠᠶᠢᠨ ᠲᠡᠰᠢ ᠤᠷᠤᠭᠯᠠᠨ ᠬᠦᠭᠵᠢᠬᠦ ᠶᠢ ᠲᠦᠯᠬᠢᠨ ᠠᠬᠢᠭᠤᠯᠤᠨ᠎ᠠ᠃ ᠭᠤᠤᠯ ᠬᠠᠷᠠᠯᠲᠠ ᠪᠣᠯ᠄ ᠤᠷᠤᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7% ᠣᠷᠴᠢᠮ ᠨᠡᠮᠡᠭᠳᠡᠬᠦᠯᠵᠣ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3.5% ᠣᠷᠴᠢᠮ | ᠨᠡᠮᠡᠭᠳᠡᠬᠦᠯᠵᠣ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 28% ᠣᠷᠴᠢᠮ ᠨᠡᠮᠡᠭᠳᠡᠬᠦᠯᠵᠣ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠤᠷᠤᠯᠠᠭᠤᠯᠬᠤ ᠶᠡᠷᠦᠩᠬᠡᠶ ᠬᠡᠮᠵᠢᠶ᠎ᠡ ᠶᠢ 7% ᠣᠷᠴᠢᠮ ᠨᠡᠮᠡᠭᠳᠡᠬᠦᠯᠵᠣ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6.5% ᠪᠠ 8% ᠣᠷᠴᠢᠮ ᠨᠡᠮᠡᠭᠳᠡᠭᠦᠯᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠣᠷᠮ᠎ᠠ ᠶᠢ 3.5% ᠳᠣᠲᠣᠷ᠎ᠠ ᠬᠢᠵᠠᠭᠠᠷᠯᠠᠨ᠎ᠠ᠃ | ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠶᠢᠨ ᠲᠤᠭᠤᠷᠢᠨ ᠳᠤ ᠪᠢᠳᠠ ᠳᠣᠣᠷᠠᠬᠢ ᠲᠠᠪᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠬᠢᠨ᠎ᠡ᠃ | ︵ᠨᠢᠭᠡ︶ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠬᠦᠴᠦᠯᠡᠨ ᠪᠠᠲᠤᠯᠠᠵᠤ ᠴᠢᠨᠠᠷ ᠰᠠᠶᠢᠲᠠᠢ ᠬᠥᠭᠵᠢᠯᠲᠡ ᠶᠢᠨ ᠪᠠᠲᠤ ᠪᠠᠬᠢ ᠰᠠᠭᠤᠷᠢ ᠶᠢ ᠲᠠᠯᠪᠢᠨ᠎ᠠ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠬᠦᠴᠦᠯᠡᠨ ᠲᠦᠷᠭᠡᠳᠬᠡᠨ᠎ᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ | ᠶᠡᠭᠡ ᠲᠥᠷᠥᠯ ᠵᠦᠢᠯ ᠢ 29 ᠬᠡᠷᠡᠭᠵᠢᠭᠦᠯᠵᠦ᠂ 4 ᠳ᠋ᠤᠭᠡᠷ ᠰᠠᠷ᠎ᠠ ᠶᠢᠨ ᠰᠡᠬᠦᠯᠴᠢ ᠠᠴᠠ ᠡᠮᠤᠨ᠎ᠡ ᠦᠷᠭᠦᠯᠵᠢᠯᠡᠨ ᠪᠦᠲᠦᠭᠡᠨ ᠪᠠᠶᠢᠭᠤᠯᠬᠤ ᠲᠥᠷᠥᠯ ᠵᠦᠢᠯ | ᠪᠦᠬᠦᠨ ᠢ ᠴᠢᠷᠮᠠᠶᠢᠨ ᠠᠵᠢᠯ ᠰᠡᠷᠭᠦᠭᠡᠵᠤ ᠰᠢᠨ᠎ᠡ ᠪᠠᠷ ᠪᠦᠲᠦᠭᠡᠨ ᠪᠠᠶᠢᠭᠤᠯᠬᠤ ᠲᠥᠷᠥᠯ ᠵᠦᠢᠯ ᠤᠨ ᠳᠡᠭᠡᠲᠤ ᠬᠠᠭᠠᠰ ᠵᠢᠯ ᠳᠤ ᠠᠵᠢᠯ ᠡᠬᠢᠯᠡᠭᠦᠯᠦᠭᠰᠡᠨ | ᠨᠣᠷᠮ᠎ᠠ ᠶᠢ 80% ᠠᠴᠠ ᠳᠡᠭᠡᠭᠰᠢ ᠳᠤ ᠬᠦᠷᠭᠡᠨ᠂ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠤᠨ᠎ᠡ ᠪᠦᠬᠦᠨ ᠢ ᠠᠵᠢᠯ ᠡᠬᠢᠯᠡᠭᠦᠯᠵᠦ ᠵᠢᠯ ᠤᠨ ᠳᠣᠲᠣᠷ᠎ᠠ | ᠪᠡᠯᠡ ᠤᠷᠤᠭᠤᠯᠤᠯᠲᠠ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ ᠱᠠᠩ ᠤᠨ ᠬᠤᠭᠤᠯᠠᠢ ᠨᠡᠭᠦᠷᠡᠰᠦᠨ ᠠᠭᠤᠷᠬᠠᠶ ᠶᠢᠨ | ᠲᠤᠭᠲᠠᠭᠠᠭᠰᠠᠨ ᠦᠢᠯᠡᠳᠪᠤᠷᠢᠯᠡᠯ ᠤᠨ ᠬᠡᠮᠵᠢᠶ᠎ᠡ ᠪᠠ ᠦᠷ᠎ᠡ ᠠᠰᠢᠭ ᠢ ᠪᠡᠶᠡᠯᠡᠬᠦᠯᠬᠦ ᠶᠢ ᠠᠬᠢᠭᠤᠯᠵᠤ᠂ ᠮᠠᠩᠭᠢᠰᠤᠨ ᠵᠠᠳᠠᠭᠠᠢ ᠨᠡᠭᠦᠷᠡᠰᠦᠨ ᠠᠭᠤᠷᠬᠠᠶ ᠶᠢᠨ | ᠪᠠᠷᠢᠯᠭ᠎ᠠ ᠶᠢ ᠡᠬᠢᠯᠡᠭᠦᠯᠦᠨ᠂ ᠳᠣᠭᠤᠭᠠᠳᠣ ᠨᠡᠭᠦᠷᠡᠰᠦᠨ ᠠᠭᠤᠷᠬᠠᠶ ᠶᠢᠨ ᠠᠭᠤᠷᠬᠠᠶ ᠮᠠᠯᠲᠠᠬᠤ ᠵᠥᠪᠰᠢᠶᠡᠷᠡᠯ ᠢ ᠣᠯᠵᠤ᠂ ᠪᠦᠬᠦ ᠵᠢᠯ ᠤᠨ ᠨᠡᠭᠦᠷᠡᠰᠦᠨ ᠤ | ᠭᠠᠷᠭᠠᠯᠳᠠ 4600 ᠲᠦᠮᠡᠨ ᠲᠣᠨ ᠢ ᠳᠠᠪᠠᠨ᠎ᠠ᠃ ᠵᠦᠩ ᠮᠸᠢ ᠪᠦᠯᠦᠭᠯᠡᠯ ᠤᠨ 6 ᠲᠦᠮᠡᠨ ᠲᠣᠨ ᠭᠤᠷᠪᠠᠨ ᠼᠢᠶᠠᠨᠲᠤ ᠠᠮᠢᠨ ᠤ ᠪᠥᠭᠡᠭᠡᠨᠡᠪᠦᠷᠢ᠂ ᠷᠦᠩ | ᠬᠤᠩ ᠱᠧᠩ ᠷᠦᠢ ᠡᠨᠧᠷᠬᠢ ᠶᠢᠨ ᠺᠤᠮᠫᠠᠨᠢ ᠶᠢᠨ 40 ᠲᠦᠮᠡᠨ ᠲᠣᠨ LNG᠂ ᠵᠦᠩ ᠮᠸᠢ ᠪᠦᠯᠦᠭᠯᠡᠯ ᠤᠨ ᠣᠷᠳᠣᠰ ᠡᠨᠧᠷᠭᠢ ᠬᠢᠮᠢ ᠶᠢᠨ ᠦᠢᠯᠡᠳᠪᠦᠷᠢ | ᠶᠢᠨ 10 ᠲᠦᠮᠡᠨ ᠲᠣᠨ ᠨᠡᠷᠡᠨ ᠤ ᠡᠨᠧᠷᠬᠢ ᠶᠢ ᠰᠢᠩᠭᠡᠨ ᠲᠦᠯᠦᠪᠲᠤ ᠪᠠᠷ ᠬᠠᠳᠠᠭᠠᠯᠠᠬᠤ ᠵᠡᠷᠭᠡ ᠲᠥᠷᠥᠯ ᠵᠦᠢᠯ ᠢ ᠡᠷᠲᠡᠬᠡᠨ ᠪᠠᠷᠢᠯᠭ᠎ᠠ ᠡᠬᠢᠯᠡᠭᠦᠯᠬᠦ ᠶᠢ | ᠠᠬᠢᠭᠤᠯᠵᠤ᠂ ᠵᠦᠩ ᠲᠢᠶᠠᠨ ᠾᠧ ᠴᠤᠸᠠᠩ ᠺᠤᠮᠫᠠᠨᠢ ᠶᠢᠨ ᠥᠨᠳᠥᠷ ᠳᠠᠪᠤᠰᠤᠲᠤ ᠤᠰᠤ ᠶᠢ ᠲᠠᠯᠠᠰᠵᠢᠭᠤᠯᠤᠨ ᠳᠠᠪᠤᠰᠤ ᠦᠢᠯᠡᠳᠬᠦ᠂ ᠪᠠᠶ ᠶᠦᠨ ᠺᠤᠮᠫᠠᠨᠢ | ᠶᠢᠨ ᠠᠶᠤᠯᠲᠠᠶ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠪᠠᠷᠢᠯᠭ᠎ᠠ ᠳᠠᠭᠤᠰᠬᠠᠨ᠎ᠠ᠃ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠬᠦᠴᠦᠯᠡᠴᠡ ᠪᠠᠨ ᠨᠡᠮᠡᠭᠳᠡᠬᠦᠯᠦᠨ᠎ᠡ᠃ ᠬᠤᠳᠠᠯᠳᠤᠭᠠᠴᠢᠨ ᠤᠷᠢᠬᠤ ᠠᠵᠢᠯ ᠤᠨ ᠲᠣᠭᠲᠠᠴᠠ ᠶᠢ ᠪᠠᠶᠢᠭᠤᠯᠵᠤ ᠠᠵᠤ ᠦᠢᠯᠡᠰ ᠤᠨ | ᠬᠡᠯᠬᠢᠶᠡᠵᠢᠯ ᠤᠨ ᠬᠤᠳᠠᠯᠳᠤᠭᠠᠴᠢᠨ ᠤᠷᠢᠬᠤ ︽ᠭᠤᠷᠪᠠᠨ ᠵᠢᠷᠤᠭ ᠬᠤᠶᠠᠷ ᠬᠥᠮᠥᠷᠭᠡ︾ ᠶᠢ ᠲᠣᠭᠲᠠᠭᠠᠵᠤ ᠠᠵᠤ ᠦᠢᠯᠡᠰ ᠤᠨ ᠬᠡᠯᠬᠢᠶᠡᠵᠢᠯ ᠤᠨ ᠬᠠᠮᠢᠶ᠎ᠠ | ᠪᠥᠬᠦᠶ ᠲᠥᠷᠥᠯ ᠵᠦᠢᠯ ᠢ ᠪᠤᠢ ᠪᠤᠯᠭᠠᠬᠤ ᠶᠢ ᠰᠠᠶᠢᠲᠤᠷ ᠠᠳᠬᠤᠨ᠎ᠠ᠃ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ᠂ ᠲᠤᠰᠬᠠᠶ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠤᠯᠯᠠᠬᠤ ᠣᠷᠣᠨ ᠪᠦᠰᠡ ᠳᠤ ᠴᠢᠭᠯᠡᠬᠦᠯᠥᠨ ᠨᠠᠷᠢᠯᠢᠭ ᠬᠢᠮᠢ ᠶᠢᠨ ᠦᠢᠯᠡᠳᠪᠦᠷᠢ | ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠲᠤᠭᠠᠴᠠᠯᠠᠭᠰᠠᠨ ᠠᠵᠤ ᠦᠢᠯᠡᠰ ᠵᠢᠴᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶ᠎ᠡ ᠴᠠᠷᠠᠭᠠᠨ ᠤ ᠬᠡᠯᠬᠢᠶᠡᠵᠢᠯ ᠢ ᠴᠢᠩᠭᠠᠳᠬᠠᠨ ᠬᠡᠯᠬᠢᠶᠡᠵᠢᠯ ᠢ ᠨᠥᠬᠦᠪᠥᠷᠢᠯᠡᠬᠦ᠂ ᠰᠦᠷᠤᠭ᠍ᠵᠢᠯ ᠤᠨ ᠢᠵᠢ | ᠪᠥᠷᠢᠳᠦᠭᠦᠯᠬᠦ ᠬᠡᠯᠪᠡᠷᠢ᠂ ᠬᠥᠲᠥᠴᠢ ᠰᠠᠭᠤᠷᠢᠨ ᠭᠠᠵᠠᠷ ᠤᠨ ᠬᠡᠯᠪᠡᠷᠢ ᠶᠢᠨ ᠲᠥᠷᠥᠯ ᠵᠦᠢᠯ ᠪᠠ ︽ᠲᠤᠰᠬᠠᠢ ᠨᠠᠷᠢᠯᠢᠭ ᠤᠨᠴᠠᠯᠢᠭᠲᠤ ᠰᠢᠨ᠎ᠡ︾ ᠠᠵᠦ | ᠠᠬᠤᠶᠢᠯᠠᠯ᠂ ︽ᠬᠦᠭᠵᠢᠯᠳᠡ ᠶᠢᠨ ᠳᠠᠯᠳᠠ ᠬᠦᠴᠦᠨ ᠤ ᠮᠠᠩᠯᠠᠢ︾ ᠠᠵᠦ ᠠᠬᠤᠶᠢᠯᠠᠯ ᠢ ᠪᠥᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠨ᠎ᠠ᠃ | ᠥᠪᠡᠷᠲᠡᠭᠡᠨ ᠵᠠᠰᠠᠬᠤ ᠣᠷᠣᠨ᠂ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠡᠶᠢᠲᠡᠯᠡᠭᠰᠡᠨ ᠤ ᠳᠠᠷᠠᠭ᠎ᠠ ᠠᠵᠤ | ᠦᠢᠯᠡᠰ ᠤᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ᠂ ᠮᠠᠯ ᠲᠠᠷᠢᠶᠠᠯᠠᠩ ᠠᠵᠤ ᠠᠬᠤᠶ᠂ ᠣᠶ ᠰᠢᠭᠤᠶ᠂ ᠤᠰᠤᠨ ᠠᠰᠢᠭᠯᠠᠯᠲᠠ᠂ ᠠᠮᠢ ᠠᠬᠤᠶ ᠶᠢᠨ | ᠬᠠᠮᠠᠭᠠᠯᠠᠯᠲᠠ᠂ ᠨᠡᠶᠢᠭᠡᠮ ᠤᠨ ᠠᠵᠢᠯ ᠦᠢᠯᠡᠰ ᠵᠡᠷᠭᠡ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠤᠷᠢᠳᠠᠪᠡᠷ ᠳᠡᠭᠡᠷ᠎ᠡ ᠱᠠᠲᠤᠨ ᠤ ᠲᠥᠷᠥᠯ ᠵᠦᠢᠯ ᠢ | ᠭᠤᠶᠤᠪᠴᠢᠯᠠᠵᠤ᠂ ᠪᠠᠯᠠ ᠮᠥᠩᠭᠦ ᠤᠯᠬᠤ ᠪᠠᠷ ᠴᠢᠷᠮᠠᠶᠢᠨ᠎ᠠ᠃ ᠬᠡᠮᠵᠢᠶᠡᠵᠢᠭᠦᠯᠦᠨ ᠰᠢᠯᠭᠠᠨ ᠬᠢᠨᠠᠬᠤ ᠲᠤᠭᠲᠠᠴᠠ ᠶᠢ ᠬᠡᠷᠡᠭᠵᠢᠭᠦᠯᠵᠦ ᠵᠢᠯ ᠤᠨ ᠳᠣᠲᠣᠷ᠎ᠠ ᠨᠢᠭᠡ | ᠪᠦᠯᠦᠭ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠪᠠᠷ ᠶᠡᠭᠡ᠂ ᠵᠠᠬ᠎ᠠ ᠳᠡᠯᠭᠡᠭᠦᠷ ᠤᠨ ᠢᠷᠡᠭᠡᠳᠦᠶ ᠪᠠᠷ ᠰᠠᠶᠢᠨ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ | ᠲᠣᠮᠣ ᠰᠠᠶᠢᠨ ᠲᠥᠷᠥᠯ ᠵᠦᠢᠯ ᠲᠠᠢ ᠵᠢᠯ ᠤᠨ ᠲᠤᠳᠤᠷ᠎ᠠ ᠭᠡᠷ᠎ᠡ ᠲᠣᠭᠲᠠᠬᠤ ᠪᠠᠷ ᠴᠢᠷᠮᠠᠶᠢᠨ᠎ᠠ᠃ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠬᠦ ᠶᠢ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠥᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠤᠨ᠎ᠠ᠃ | ᠰᠢᠷᠬᠤᠰᠤᠨ ᠭᠤᠤᠯ ᠤᠨ ᠰᠠᠪᠠ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠰᠢᠷᠬᠤᠰᠤ ᠬᠠᠭᠤᠴᠢ | ᠰᠤᠳᠤᠯᠤᠯ ᠤᠨ ᠪᠠᠭᠤᠷᠢ ᠶᠢᠨ ᠮᠦᠽᠧᠶ ᠶᠢ ᠪᠠᠶᠢᠭᠤᠯᠤᠨ ᠲᠠᠭᠤᠰᠬᠠᠵᠦ ᠬᠤᠪᠢᠰᠬᠠᠯ ᠤᠨ ᠪᠠᠭᠤᠷᠢ ᠶᠢ ᠬᠠᠮᠠᠭᠠᠯᠠᠨ ᠠᠰᠢᠭᠯᠠᠬᠤ ᠬᠦᠴᠦᠯᠡᠴᠡ ᠪᠠᠨ | ᠴᠢᠩᠭᠠᠳᠬᠠᠨ᠎ᠠ᠃ ᠬᠤᠪᠢᠰᠬᠠᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠠᠮ ᠱᠤᠭᠤᠮ ᠢ ᠨᠡᠶᠢᠲᠡᠯᠡᠬᠦ ᠬᠤᠷᠠᠯ ᠢ ᠡᠷᠭᠢᠯᠡᠬᠦ ᠪᠠᠷ ᠭᠤᠶᠤᠴᠢᠯᠠᠵᠤ᠂ | ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠭᠤᠶᠤᠴᠢᠯᠠᠨ ᠮᠡᠳᠡᠭᠦᠯᠵᠦ A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠵᠤ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠤᠯᠳᠠᠯᠭ᠎ᠠ ᠲᠠᠢ ᠭᠠᠴᠠᠭ᠎ᠠ ᠲᠤᠰᠬᠤᠨ ᠢ 2 ᠡᠭᠦᠳᠦᠨ ᠪᠠᠶᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠦᠯᠡᠳᠡᠭᠳᠡᠯ ᠢ ᠠᠭᠤᠳᠠᠯᠤᠨ | ᠡᠮᠬᠢᠯᠡᠬᠦ ᠶᠢ ᠴᠢᠩᠭᠠᠳᠬᠠᠵᠤ᠂ ᠪᠠᠶᠢᠭᠠᠯᠢ ᠶᠢᠨ ᠥᠪ᠂ ᠪᠣᠳᠠᠰ ᠤᠨ ᠪᠤᠰᠤ ᠰᠣᠶᠣᠯ ᠤᠨ ᠥᠪ᠂ ᠤᠨᠴᠠᠯᠢᠭᠳᠤ ᠠᠶᠢᠯ ᠲᠣᠰᠬᠤᠨ ᠤ ᠰᠢᠰᠲ᠋ᠧᠮᠲᠦ ᠴᠢᠨᠠᠷᠲᠠᠶ | ᠬᠠᠮᠠᠭᠠᠯᠠᠯᠲᠠ ᠶᠢ ᠴᠢᠩᠭᠠᠳᠬᠠᠨ᠎ᠠ᠃ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠭᠦᠢᠯᠭᠡᠭᠡ ᠶᠢ ᠬᠦᠭᠵᠢᠬᠦᠯᠦᠨ᠎ᠡ᠃ ᠬᠤᠯᠪᠤᠭᠠᠯᠵᠢ ᠶᠢᠨ | ᠬᠤᠶᠢᠨ᠎ᠠ ᠠᠭᠤᠷᠬᠠᠶ ᠶᠢᠨ ᠣᠷᠣᠨ ᠤ ᠲᠥᠪᠯᠡᠷᠡᠭᠦᠯᠦᠨ ᠲᠡᠭᠡᠭᠡᠪᠦᠷᠢᠯᠡᠬᠦ ᠱᠤᠭᠤᠮ᠂ ᠪᠥᠸᠧ ᠳ᠋ᠡ ᠱᠢ ᠳ᠋ᠢ ᠺᠤᠮᠫᠠᠨᠢ ᠶᠢᠨ ᠲᠡᠮᠦᠷ ᠵᠠᠮ ᠤᠨ ᠲᠤᠰᠬᠠᠶ ᠬᠡᠷᠡᠭᠯᠡᠬᠦ | ᠱᠤᠭᠤᠮ ᠵᠡᠷᠭᠡ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠡᠮᠦᠷ ᠵᠠᠮ ᠤᠨ | ᠲᠡᠭᠡᠭᠡᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ | ᠶᠡᠷᠦᠩᠬᠡᠶᠢᠯᠡᠭᠰᠡᠨ ᠵᠢᠱᠢᠶᠡᠴᠢ ᠬᠤᠰᠢᠭᠤ ᠰᠢᠶᠠᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠣᠯᠠᠨ ᠨᠡᠶᠢᠲᠡ ᠶᠢᠨ ᠬᠥᠮᠥᠷᠭᠡᠯᠡᠨ ᠬᠠᠳᠠᠭᠠᠯᠠᠬᠤ | ᠪᠠᠷᠠᠭᠠᠨ ᠬᠦᠢᠯᠭᠡᠭᠡᠨ ᠤ ᠬᠤᠪᠢᠶᠠᠷᠢᠯᠠᠨ ᠰᠠᠯᠭᠠᠬᠤ ᠲᠥᠪ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠢ | ᠡᠬᠢᠯᠡᠬᠦᠯᠦᠨ ᠠᠰᠢᠭᠯᠠᠯᠲᠠ ᠳᠤ ᠤᠷᠤᠭᠤᠯᠵᠤ ᠦᠨᠳᠦᠰᠦᠨ ᠱᠠᠲᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠴᠡᠭ ᠢ 40 ᠠᠴᠠ | ᠳᠡᠭᠡᠭᠰᠢ ᠳᠣᠭᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠳᠤ ᠲᠦᠷᠭᠡᠨ ᠬᠦᠷᠭᠡᠯᠲᠡ ᠪᠠᠷᠠᠭᠠᠨ ᠬᠦᠢᠯᠬᠡᠬᠡ ᠶᠢ 70% ᠠᠴᠠ ᠲᠡᠭᠡᠭᠰᠢ ᠨᠡᠶᠢᠳᠠᠮᠵᠢᠬᠦᠯᠥᠨᠠ᠃ | ᠪᠡᠭᠡᠵᠢᠩ ᠤᠨ ᠲᠠᠷᠢᠶᠠᠯᠠᠩ ᠤᠨ ᠪᠦᠲᠦᠭᠡᠭᠳᠡᠬᠦᠨ ᠤ ᠬᠦᠢᠯᠭᠡᠭᠡᠨ ᠤ ᠨᠡᠶᠢᠭᠡᠮᠯᠢᠭ᠂ ᠪᠡᠭᠡᠵᠢᠩ ᠤᠨ ᠰᠢᠨ ᠹᠠ ᠳ᠋ᠢ ᠵᠠᠬ᠎ᠠ ᠳᠡᠯᠭᠡᠭᠦᠷ ᠯᠦᠭᠡ ᠶᠢᠨ ᠨᠡᠪᠲᠡᠷᠡᠯᠴᠡᠭᠡ | ᠵᠣᠯᠭᠠᠯᠴᠠᠭ᠎ᠠ ᠶᠢ ᠴᠢᠩᠭᠠᠳᠬᠠᠨ᠂ ᠪᠡᠭᠡᠵᠢᠩ ᠤᠨ ︽ᠤᠷᠢᠳᠠᠴᠢ ᠬᠥᠮᠥᠷᠭᠡ︾ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ ᠦᠦᠰᠢᠨ ᠤ | ᠦᠪᠡᠷᠮᠢᠴᠡ ᠤᠨᠴᠠᠯᠢᠬᠳᠤ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠤᠯᠤᠰ ᠲᠤ ᠳᠡᠯᠭᠡᠷᠡᠭᠦᠯᠦᠨ᠎ᠡ᠃ ︽ᠢᠨᠲ᠋ᠧᠷ | ᠰᠦᠯᠵᠢᠶ᠎ᠡ +︾ ︽ᠰᠢᠭᠤᠳ ᠨᠡᠪᠲᠡᠷᠡᠬᠦᠯᠭᠡ ᠪᠠᠷ ᠪᠠᠷᠠᠭ᠎ᠠ ᠬᠤᠳᠠᠯᠳᠤᠬᠤ︾ ᠵᠡᠷᠭᠡ ᠠᠷᠭ᠎ᠠ ᠮᠠᠶ᠋ᠢᠭ ᠢ ᠬᠦᠢᠴᠡᠳ ᠠᠰᠢᠭᠯᠠᠨ ᠮᠠᠯ ᠤᠨ ᠠᠰᠢᠭ ᠰᠢᠮ᠎ᠡ ᠶᠢᠨ | ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠪᠣᠷᠣᠯᠠᠭᠤᠯᠬᠤ ᠳᠤ ᠬᠦᠴᠦᠨ ᠨᠡᠮᠡᠷᠢᠯᠡᠨ᠎ᠡ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠴᠢᠨᠠᠷ ᠰᠠᠶᠢᠲᠠᠢ ᠬᠥᠭᠵᠢᠯᠲᠡ ᠶᠢᠨ ᠪᠠᠲᠤ ᠪᠠᠬᠢ | ᠰᠠᠭᠤᠷᠢ ᠶᠢ ᠪᠠᠬᠢᠵᠢᠭᠦᠯᠦᠨ᠎ᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠤᠨ᠎ᠠ᠃ ︽ᠲᠦᠷᠪᠡ ᠶᠢ ᠲᠠᠶᠠᠭᠳᠠᠬᠤ ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢ ᠪᠦᠷᠢᠨᠰᠢᠬᠦᠯᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠭᠦᠨᠵᠡᠭᠡᠶᠢᠷᠡᠭᠦᠯᠵᠦ ᠠᠵᠤ ᠦᠢᠯᠡᠰ᠂ ᠠᠵᠢᠯ ᠣᠯᠭᠤᠯᠲᠠ ᠵᠡᠷᠭᠡ ᠬᠠᠪᠰᠤᠷᠤᠨ ᠲᠡᠳᠬᠦᠬᠦ ᠲᠦᠷᠦᠯ ᠵᠦᠢᠯ ᠢ 50 ᠲᠦᠷᠦᠯ ᠠᠴᠠ ᠳᠡᠭᠡᠭᠰᠢ ᠬᠡᠷᠡᠭᠵᠢᠭᠦᠯᠤᠨ᠎ᠡ᠃ | ᠣᠲᠣ ᠦᠶ᠎ᠡ ᠶᠢᠨ ᠮᠠᠯ ᠲᠠᠷᠢᠶᠠᠯᠠᠩ ᠠᠵᠤ ᠠᠬᠤᠶ ᠶᠢ ᠪᠥᠬᠦ ᠬᠦᠴᠦᠨ ᠢᠶᠠᠷ ᠰᠢᠯᠢᠳᠡᠭᠵᠢᠬᠦᠯᠦᠨ᠎ᠡ᠃ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠦ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ 2.6 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ | ᠪᠠ ᠣᠷᠣᠯᠠᠨ ᠬᠠᠭᠠᠯᠪᠦᠷᠢᠯᠠᠵᠤ ᠣᠷᠣᠯᠠᠨ ᠳᠠᠷᠢᠬᠤ ᠶᠢ 5 ᠲᠦᠮᠡᠨ ᠮᠥ᠂ ᠬᠦᠷᠦᠰᠦ ᠰᠢᠷᠣᠶ ᠶᠢᠨ ᠪᠠᠶᠢᠳᠠᠯ ᠢ ᠦᠨᠳᠦᠰᠦᠯᠡᠨ ᠪᠤᠷᠳᠤᠭᠤᠷ ᠤᠨ ᠨᠠᠶᠢᠷᠠᠯᠭ᠎ᠠ ᠶᠢ | ᠲᠤᠬᠢᠷᠠᠭᠤᠯᠬᠤ ᠶᠢ 40 ᠲᠦᠮᠡᠨ ᠮᠥ ᠬᠡᠷᠡᠭᠵᠢᠬᠦᠯᠵᠤ ᠭᠠᠯᠠᠭᠤᠲᠤ ᠪᠠᠯᠭᠠᠰᠤᠨ ᠤ ᠨᠤᠭᠤᠭ᠎ᠠ ᠵᠢᠮᠢᠰ ᠤᠨ ᠲᠠᠷᠢᠮᠠᠯ ᠤᠨ ᠰᠠᠭᠤᠷᠢᠨ ᠭᠠᠵᠠᠷ ᠢ ᠰᠠᠶᠢᠵᠢᠷᠠᠭᠤᠯᠤᠨ | ᠥᠭᠡᠷᠡᠴᠢᠯᠡᠵᠦ ᠭᠤᠸ᠎ᠠ ᠵᠢᠮᠢᠰ ᠢᠳᠡᠰᠢᠨ ᠨᠣᠭᠤᠭ᠎ᠠ᠂ ᠠᠮᠤ ᠪᠤᠳᠠᠭ᠎ᠠ ᠵᠡᠷᠭᠡ ᠤᠨᠴᠠᠯᠢᠭᠳᠤ ᠠᠵᠤ ᠦᠢᠯᠡᠰ ᠤᠨ ᠬᠡᠪᠴᠢᠶᠡᠵᠢᠯ ᠢ ᠲᠣᠭᠲᠠᠪᠤᠷᠢᠵᠢᠭᠤᠯᠤᠨ ᠠᠮᠤ | ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠣᠷᠳᠣᠰ ᠨᠠᠷᠢᠨ ᠨᠤᠤᠰᠤᠳᠤ ᠬᠤᠨᠢᠨ ᠤ ᠡᠭᠦᠯᠳᠡᠷ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ | ᠡᠬᠢᠯᠡᠨ ᠪᠠᠶᠢᠭᠤᠯᠵᠤ ᠰᠢᠯᠢᠳᠡᠭ ᠡᠭᠦᠯᠳᠡᠷ ᠤᠨ 1500 ᠬᠤᠨᠢ ᠶᠢ ᠪᠤᠶᠢᠵᠢᠭᠤᠯᠤᠨ ᠠᠯᠠᠰᠢᠨ ᠦᠬᠡᠷ ᠤᠨ ᠣᠲᠣ ᠦᠶ᠎ᠡ ᠶᠢᠨ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠵᠤ ᠰᠠᠶᠢᠨ ᠡᠭᠦᠯᠳᠡᠷ ᠤᠨ 2000 ᠦᠬᠡᠷ ᠢ ᠣᠷᠣᠭᠤᠯᠤᠨ ᠠᠪᠴᠢᠷᠠᠵᠤ᠂ ᠭᠠᠭ᠋ᠠᠶ ᠲᠡᠵᠢᠭᠡᠨ ᠲᠠᠷᠭᠤᠯᠠᠭᠤᠯᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠵᠢᠬᠡᠪᠤᠷᠢ ᠶᠢᠨ ᠡᠷᠦᠬᠡ ᠶᠢᠨ ᠣᠷᠣᠯᠭ᠎ᠠ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠮᠠᠯ ᠲᠠᠷᠢᠶᠠᠯᠠᠩ ᠠᠵᠤ | ᠠᠬᠤᠶ ᠶᠢᠨ ᠭᠦᠲᠦᠴᠢ ᠠᠵᠤ ᠠᠬᠤᠶᠢᠯᠠᠯ ᠢ 5᠂ ᠠᠵᠤ ᠦᠢᠯᠡᠰ ᠤᠨ ᠬᠤᠯᠪᠣᠭᠠᠲᠤ ᠴᠣᠭᠴᠠ ᠶᠢ 3᠂ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠵᠢᠱᠢᠶᠡᠴᠢ | ᠡᠷᠦᠬᠡ ᠶᠢ 20 ᠪᠤᠢ ᠪᠤᠯᠭᠠᠨ᠎ᠠ᠃ ᠬᠥᠳᠡᠭᠡ ᠲᠣᠰᠬᠤᠨ ᠤ ᠲᠦᠷᠢ ᠲᠦᠷᠭᠦ ᠶᠢ ᠬᠦᠴᠦᠯᠡᠨ ᠳᠡᠭᠡᠭᠰᠢᠯᠡᠭᠦᠯᠦᠨ᠎ᠡ᠃ ︽ᠣᠯᠠᠨ ᠲᠥᠯᠥᠪᠵᠢᠭᠦᠯᠭᠡ ᠶᠢ ᠨᠢᠭᠡᠳᠬᠡᠬᠦ | ︾ ᠬᠡᠷᠡᠭᠯᠡᠭᠡᠨ ᠤ ᠴᠢᠨᠠᠷᠲᠠᠶ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠨᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠷᠢᠰᠢᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ 600 ᠡᠷᠦᠬᠡ ᠶᠢᠨ ᠵᠣᠷᠯᠣᠩ ᠢ ᠥᠭᠡᠷᠡᠴᠢᠯᠡᠨ ᠭᠠᠯᠠᠭᠤᠲᠤ | ᠪᠠᠯᠭᠠᠰᠤᠨ ᠤ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠤᠨ ᠪᠥᠬᠦ ᠤᠷᠤᠨ ᠪᠦᠰᠡ ᠶᠢᠨ ᠵᠠᠰᠠᠯᠲᠠ ᠶᠢᠨ ᠵᠢᠱᠢᠶᠠᠴᠢ ᠲᠥᠷᠥᠯ ᠵᠦᠢᠯ ᠢ ᠡᠬᠢᠯᠡᠭᠦᠯᠵᠦ | ᠬᠤᠭ ᠨᠣᠪᠰᠢ ᠰᠢᠢᠳᠪᠦᠷᠢᠯᠡᠬᠦ ᠲᠦᠬᠦᠭᠡᠷᠦᠮᠵᠢ ᠶᠢ 1᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ 2 ᠰᠢᠨ᠎ᠡ ᠪᠠᠷ ᠪᠠᠶᠢᠭᠤᠯᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠵᠦ ᠭᠠᠯᠠᠭᠤᠲᠤ ᠪᠠᠯᠭᠠᠰᠤ᠂ ᠰᠦᠯᠳᠡ ᠰᠤᠮᠤ᠂ ᠲᠤᠭ ᠪᠠᠯᠭᠠᠰᠤᠨ ᠳᠤ | ᠲᠤᠤᠷ᠎ᠠ ᠲᠤᠯᠠᠭᠠᠨᠲᠤ ᠠᠭᠠᠷ ᠢᠶᠠᠷ ᠢᠯᠴᠢ ᠭᠠᠷᠭᠠᠬᠤ ᠲᠦᠬᠦᠭᠡᠷᠦᠮᠵᠢ ᠶᠢᠨ ᠳᠤᠯᠠᠭᠠᠯᠠᠭ᠎ᠠ ᠶᠢᠨ ᠲᠦᠷᠦᠯ ᠵᠦᠢᠯ ᠢ ᠤᠷᠤᠭᠰᠢᠲᠠᠶ ᠬᠡᠷᠡᠭᠵᠢᠭᠦᠯᠤᠨ᠎ᠡ᠃ | ᠪᠠᠶᠢᠭᠠᠯᠢ ᠶᠢᠨ ᠰᠢᠲᠠᠮᠠᠬᠠᠶ ᠬᠡᠶ ᠶᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠬᠤ ᠵᠢᠱᠢᠶᠡᠴᠢ ᠲᠥᠷᠥᠯ ᠵᠦᠢᠯ ᠢ 3 ᠪᠤᠢ ᠪᠤᠯᠭᠠᠨ᠎ᠠ᠃ ᠲᠠᠷᠢᠶᠠᠯᠠᠩ ᠤᠨ | ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ ᠣᠷᠭᠠᠨᠢᠭ ᠪᠤᠷᠳᠤᠭᠤᠷ ᠢᠶᠠᠷ ᠬᠢᠮᠢ ᠶᠢᠨ ᠪᠤᠷᠳᠤᠭᠤᠷ ᠢ ᠣᠷᠣᠯᠠᠭᠤᠯᠬᠤ᠂ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠲᠠᠷᠢᠶᠠᠨ ᠡᠮ ᠪᠤᠷᠳᠤᠭᠤᠷ ᠤᠨ ᠪᠤᠭᠤᠳᠠᠯ ᠤᠨ ᠬᠠᠶᠠᠭᠳᠠᠮᠠᠯ ᠪᠣᠳᠠᠰ᠂ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ ᠶᠢ ᠬᠤᠷᠢᠶᠠᠨ ᠠᠪᠬᠤ ᠵᠡᠷᠭᠡ ᠠᠵᠢᠯ ᠢ ᠰᠠᠶᠢᠲᠤᠷ ᠬᠢᠨ᠎ᠠ᠃ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ | ᠠᠬᠢᠭᠤᠯᠤᠨ᠎ᠠ᠃ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠪᠠᠷ ᠲᠠᠪᠴᠠᠩ ᠪᠣᠯᠭᠠᠵᠤ | ᠬᠤᠰᠢᠭᠤᠨ ᠳᠤ ᠰᠠᠭᠤᠷᠢᠰᠢᠭ᠎ᠠ ᠠᠵᠤ ᠠᠬᠤᠶᠢᠯᠠᠯ ᠢ ᠳᠠᠶᠢᠴᠢᠯᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ ᠠᠵᠢᠯ ᠣᠯᠭᠤᠵᠤ | ᠠᠳᠠᠯ ᠦᠢᠯᠡᠰ ᠪᠤᠰᠬᠠᠬᠤ ᠪᠠ ᠲᠣᠰ ᠭᠠᠵᠠᠷ ᠤᠷᠤᠨ ᠤ ᠤᠨᠴᠠᠯᠢᠭᠲᠤ ᠪᠦᠲᠦᠭᠡᠭᠳᠡᠬᠦᠨ ᠢ ᠤᠷᠢᠳᠠᠪᠠᠷ ᠬᠡᠷᠡᠭᠯᠡᠬᠦ ᠶᠢ ᠠᠬᠢᠭᠤᠯᠤᠨ᠎ᠠ᠃ ︽ᠨᠤᠮᠢᠨ ᠲᠠᠩᠰᠤᠭ | ᠦᠦᠰᠢᠨ︾ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠲᠡᠭ ᠢ ᠪᠡᠶᠡᠴᠢᠯᠡᠨ ᠣᠶᠢᠯᠠᠭᠠᠬᠤ ᠳᠡᠯᠭᠡᠭᠦᠷ ᠢ ᠪᠠᠶᠢᠭᠤᠯᠵᠤ ᠮᠠᠯ ᠤᠨ ᠠᠰᠢᠭ | ᠰᠢᠮ᠎ᠡ ᠶᠢᠨ ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠎ᠡ᠃ ᠭᠠᠴᠠᠭ᠎ᠠ ᠲᠣᠰᠬᠤᠨ ᠤ ᠭᠤᠤᠯᠯᠠᠬᠤ | ᠤᠨᠴᠠᠯᠢᠬᠳᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠢ ᠪᠠᠶᠢᠭᠤᠯᠬᠤ ᠶᠢ ᠳᠡᠮᠵᠢᠵᠦ ᠡᠵᠡᠩᠨᠡᠯᠲᠡ ᠶᠢᠨ ᠴᠢᠨᠠᠷᠲᠠᠶ ᠣᠷᠣᠯᠭ᠎ᠠ ᠨᠢ 50 ᠲᠦᠮᠡᠨ | ᠲᠥᠭᠦᠷᠢᠭ ᠠᠴᠠ ᠳᠡᠭᠡᠭᠰᠢᠬᠢ ᠭᠠᠴᠠᠭ᠎ᠠ ᠲᠣᠰᠬᠤᠨ ᠢ 25 ᠪᠤᠢ ᠪᠤᠯᠭᠠᠨ᠎ᠠ᠃ ᠮᠠᠯ ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠤᠨ ᠴᠢᠳᠠᠪᠤᠷᠢᠲᠠᠨ ᠪᠠ | ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ ᠴᠡᠷᠢᠭ ᠠᠴᠠ ᠬᠠᠯᠠᠭᠳᠠᠭᠰᠠᠳ ᠪᠠ ᠤᠶᠤᠲᠠᠳ ᠤᠨ ᠨᠤᠲᠤᠭ ᠲᠠᠭᠠᠨ ᠪᠤᠴᠠᠵᠤ | ᠠᠳᠠᠯ ᠦᠢᠯᠡᠰ ᠪᠤᠰᠬᠠᠬᠤ ᠶᠢ ᠵᠣᠷᠢᠭᠵᠢᠭᠤᠯᠤᠨ 200 ᠨᠡᠷ᠎ᠡ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠬᠦᠯᠵᠤ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | ︵ᠭᠤᠷᠪᠠ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠴᠢᠨᠠᠷ ᠰᠠᠶᠢᠲᠠᠢ ᠬᠥᠭᠵᠢᠯᠲᠡ ᠶᠢᠨ ᠨᠣᠭᠤᠭᠠᠨ | ᠬᠠᠯᠬᠠᠪᠴᠢ ᠶᠢ ᠪᠠᠬᠢᠵᠢᠭᠦᠯᠦᠨ᠎ᠡ | ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠤᠢ ᠶᠢ ᠨᠣᠭᠤᠭᠠᠷᠠᠭᠤᠯᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ 30 ᠲᠦᠮᠡᠨ ᠮᠥ᠂ ᠨᠤᠲᠤᠭ ᠪᠡᠯᠴᠢᠭᠡᠷ ᠤᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢ 20 ᠲᠦᠮᠡᠨ ᠮᠥ ᠪᠡᠶᠡᠯᠡᠭᠦᠯᠦᠨ᠎ᠡ᠃ ᠰᠢᠯᠢᠳᠡᠭ ᠰᠤᠶᠤᠭ᠎ᠠ ᠶᠢ ᠰᠤᠳᠤᠯᠤᠨ ᠪᠤᠶᠢᠵᠢᠭᠤᠯᠬᠤ ᠤᠷᠭᠤᠮᠠᠯ ᠤᠨ | ᠬᠦᠷᠢᠶᠡᠯᠡᠩ᠂ ᠮᠤᠤᠠᠤᠰᠤ ᠡᠯᠡᠰᠦᠷᠬᠡᠭ ᠭᠠᠵᠠᠷ ᠤᠨ ᠠᠮᠢ ᠠᠬᠤᠶ ᠶᠢᠨ ᠵᠠᠰᠠᠯᠲᠠ ᠶᠢᠨ ᠵᠢᠱᠢᠶᠡᠴᠢ ᠰᠠᠭᠤᠷᠢᠨ ᠭᠠᠵᠠᠷ ᠢ ᠪᠠᠶᠢᠭᠤᠯᠵᠤ ᠰᠢᠷᠬᠤᠰᠤᠨ ᠭᠤᠤᠯ ᠤᠨ | ᠰᠠᠪᠠ ᠭᠠᠵᠠᠷ ᠤᠨ ᠲᠤᠷᠤᠭ ᠮᠤᠲᠤ ᠪᠤᠲᠠ ᠤᠷᠭᠤᠮᠠᠯ ᠡᠪᠡᠰᠤᠲᠤ ᠭᠠᠵᠠᠷ ᠤᠨ ᠠᠮᠢ ᠠᠬᠤᠶ ᠶᠢᠨ ᠦᠵᠡᠮᠵᠢ ᠶᠢᠨ ᠪᠦᠰᠡ ᠶᠢᠨ ᠪᠥᠲᠥᠭᠡᠨ ᠪᠠᠶᠢᠭᠤᠯᠤᠯᠲᠠ ᠶᠢ | ᠡᠬᠢᠯᠡᠭᠦᠯᠦᠨ᠎ᠡ᠃ ᠬᠥᠷᠥᠰᠥ ᠰᠢᠷᠣᠶ ᠶᠢᠨ ᠤᠷᠤᠰᠬᠠᠭᠳᠠᠯ ᠢ ᠬᠠᠮᠠᠭᠠᠯᠠᠨ ᠶᠡᠷᠦᠩᠬᠡᠶᠢᠯᠡᠨ ᠵᠠᠰᠠᠬᠤ ᠶᠢ 15 ᠲᠦᠮᠡᠨ ᠮᠥ ᠪᠡᠶᠡᠯᠡᠭᠦᠯᠵᠦ ᠭᠤᠣᠯ ᠮᠥᠷᠡᠨ ᠨᠠᠭᠤᠷ | ᠴᠥᠭᠦᠷᠥᠮ ᠤᠨ ︽ᠲᠦᠷᠪᠡᠨ ᠡᠷᠦᠢ ᠬᠤᠷᠦᠢ ᠦᠬᠡᠢ ᠪᠠᠶᠢᠬᠤ ᠶᠢ ᠴᠡᠭᠴᠡᠯᠡᠬᠦ︾ ᠠᠵᠢᠯᠯᠠᠭ᠎ᠠ ᠶᠢ ᠦᠷᠭᠦᠯᠵᠢᠯᠡᠨ ᠳᠥᠯᠭᠢᠨ ᠠᠬᠢᠭᠤᠯᠤᠨ᠎ᠠ᠃ ᠣᠷᠣᠨ | ᠪᠦᠰᠡ ᠶᠢᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ ᠥᠷᠨᠢᠭᠦᠯᠵᠦ ︽ᠠᠭᠤᠷᠬᠠᠶ ᠶᠢᠨ ᠬᠤᠳᠳᠤᠭ ᠤᠨ ᠤᠰᠤᠨ ᠤ ᠭᠠᠳᠠᠭᠰᠢᠯᠠᠭᠤᠯᠤᠯᠲᠠ ᠶᠢ ᠡᠵᠡᠮᠳᠡᠬᠦ | ᠪᠠ ᠠᠮᠢ ᠠᠬᠤᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠲᠥᠰᠦᠯ︾ ᠢ ᠨᠠᠶᠢᠷᠠᠭᠤᠯᠤᠨ ᠲᠤᠭᠲᠠᠭᠠᠵᠤ ᠠᠭᠤᠷᠬᠠᠶ ᠶᠢᠨ ᠬᠤᠳᠳᠤᠭ ᠤᠨ ᠤᠰᠤ ᠶᠢ ᠠᠵᠦ | ᠦᠢᠯᠡᠳᠪᠤᠷᠢ ᠶᠢᠨ ᠦᠢᠯᠡᠳᠪᠤᠷᠢᠯᠡᠯ᠂ ᠴᠡᠴᠡᠷᠯᠢᠭᠵᠢᠬᠦᠯᠦᠯᠲᠡ ᠨᠣᠭᠤᠭᠠᠷᠠᠭᠤᠯᠤᠯᠲᠠ᠂ ᠠᠮᠢ ᠠᠬᠤᠢ ᠶᠢᠨ ᠤᠰᠤ ᠨᠦᠬᠦᠪᠦᠷᠢᠯᠡᠯᠲᠡ᠂ ᠬᠤᠳᠠ ᠶᠢᠨ ᠤᠰᠤᠨ | ᠰᠢᠰᠲ᠋ᠧᠮ᠂ ᠲᠠᠷᠢᠶᠠᠯᠠᠩ ᠤᠨ ᠤᠰᠤᠯᠠᠯᠲᠠ ᠵᠡᠷᠭᠡ ᠬᠦᠷᠢᠶ᠎ᠡ ᠴᠠᠷᠠᠭ᠎ᠠ ᠳᠤ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ ᠠᠭᠤᠷᠬᠠᠶ ᠶᠢᠨ ᠭᠠᠵᠠᠷ ᠤᠨ | ᠣᠷᠴᠢᠨ ᠲᠣᠭᠤᠷᠢᠨ ᠢ ᠰᠡᠷᠭᠦᠭᠡᠨ ᠵᠠᠰᠠᠬᠤ ᠰᠠᠭᠤᠷᠢ ᠮᠦᠩᠭᠦᠨ ᠤ ᠬᠠᠮᠢᠶᠠᠷᠤᠯᠲᠠ ᠬᠡᠷᠡᠭᠯᠡᠯᠲᠡ ᠶᠢ ᠴᠢᠩᠭᠠᠳᠬᠠᠵᠦ 5 ᠨᠡᠭᠦᠷᠡᠰᠦᠨ ᠠᠭᠤᠷᠬᠠᠶ᠂ 7 ᠲᠣᠰᠣ | ᠬᠡᠶ ᠶᠢᠨ ᠠᠢ ᠰᠠᠪᠠ ᠶᠢ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠪᠠᠷ ᠭᠤᠶᠤᠴᠢᠯᠠᠨ ᠮᠡᠳᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠬᠦᠴᠦᠯᠡᠨ ᠠᠬᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠥᠷᠥᠯ ᠤᠨ ᠠᠭᠠᠷ ᠮᠠᠨᠳᠠᠯ ᠤᠨ ᠪᠣᠬᠢᠷᠲᠤᠯ ᠢ ᠴᠡᠭᠴᠡᠯᠡᠨ ᠵᠠᠰᠠᠬᠤ ᠶᠢ ᠴᠢᠩᠭᠠᠳᠬᠠᠵᠤ ᠵᠥᠩ ᠲᠢᠶᠠᠨ | ᠾᠧ ᠴᠤᠸᠠᠩ ᠺᠤᠮᠫᠠᠨᠢ᠂ ᠶᠢᠨ ᠴᠧᠩ ᠲᠠᠢ ᠺᠤᠮᠫᠠᠨᠢ ᠵᠡᠷᠭᠡ ᠠᠵᠤ ᠠᠬᠤᠶᠢᠯᠠᠯ ᠤᠨ ᠳᠡᠭᠳᠡᠮᠡᠬᠡᠢ ᠣᠷᠭᠠᠨᠢᠭ ᠪᠣᠳᠠᠰ ᠤᠨ ᠵᠠᠰᠠᠯᠲᠠ ᠶᠢ ᠠᠬᠢᠭᠤᠯᠤᠨ ᠨᠡᠭᠦᠷᠡᠰᠦ | ᠤᠬᠢᠶᠠᠬᠤ ᠦᠢᠯᠡᠳᠪᠦᠷᠢ᠂ ᠪᠠᠷᠢᠯᠭ᠎ᠠ ᠶᠢᠨ ᠭᠠᠵᠠᠷ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠰᠣ ᠰᠢᠷᠣᠶ ᠶᠢᠨ ᠪᠤᠬᠢᠷᠳᠤᠯ ᠢ ᠵᠠᠰᠠᠬᠤ ᠶᠢ | ᠴᠢᠩᠭᠠᠳᠬᠠᠨ ᠮᠠᠰᠢᠨ ᠲᠡᠷᠭᠡᠨ ᠤ ᠬᠠᠶᠠᠭᠳᠠᠮᠠᠯ ᠬᠡᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠭᠠᠵᠠᠷ ᠳᠡᠭᠡᠷᠡᠬᠢ ᠤᠰᠤ᠂ | ᠭᠠᠵᠠᠷ ᠳᠣᠤᠷᠠᠬᠢ ᠤᠰᠤᠨ ᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠨᠠᠷᠢᠠᠭᠤᠤᠯ ᠬᠤᠶᠠᠳᠤᠭᠠᠷ ᠨᠡᠭᠦᠷᠡᠰᠦᠨ ᠠᠭᠤᠷᠬᠠᠶ ᠶᠢᠨ ᠬᠤᠳᠳᠤᠭ ᠤᠨ | ᠤᠰᠤ ᠶᠢ ᠬᠦᠨᠵᠡᠭᠡᠢ ᠰᠢᠢᠳᠪᠦᠷᠢᠯᠡᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ | ᠠᠮᠠᠰᠠᠷ ᠪᠠ ᠤᠤᠭᠤᠬᠤ ᠤᠰᠤᠨ ᠤ ᠡᠬᠢ ᠰᠤᠷᠪᠤᠯᠵᠢ ᠶᠢᠨ ᠤᠷᠤᠨ ᠢ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ︽ᠬᠠᠶᠠᠭᠳᠠᠮᠠᠯ ᠪᠤᠳᠠᠰ ᠢ ᠴᠡᠪᠡᠷᠯᠡᠬᠦ | ︾ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ ᠰᠢᠭᠠᠷᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠢ ᠪᠤᠳᠠᠳᠠᠢ ᠠᠬᠢᠭᠤᠯᠤᠨ ᠭᠤᠸᠠᠩ ᠬᠤᠢ | ᠺᠤᠮᠫᠠᠨᠢ ᠶᠢᠨ ᠲᠣᠰᠣ ᠪᠣᠬᠢᠷ ᠰᠢᠪᠠᠷ ᠢ ᠶᠡᠷᠦᠩᠬᠡᠶᠢᠯᠡᠨ ᠰᠢᠢᠳᠪᠦᠷᠢᠯᠡᠬᠦ᠂ ᠰᠢᠷᠬᠤᠰᠤᠨ ᠪᠠᠯᠭᠠᠰᠤᠨ ᠤ ᠬᠤᠤᠷ ᠦᠬᠡᠶᠢᠵᠢᠬᠦᠯᠦᠭᠰᠡᠨ ᠬᠤᠭ ᠨᠣᠪᠰᠢ ᠪᠤᠯᠠᠬᠤ | ᠲᠠᠯᠠᠪᠤᠷ ᠵᠡᠷᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠡᠨᠧᠷᠭᠢ ᠠᠷᠪᠢᠯᠠᠵᠤ ᠬᠤᠷᠣᠭᠳᠠᠯ ᠢ | ᠪᠠᠭᠠᠰᠬᠠᠬᠤ ᠠᠵᠢᠯ ᠢ ᠦᠨᠡᠨ ᠬᠦ ᠰᠠᠶᠢᠲᠤᠷ ᠬᠢᠨ᠎ᠠ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ | ᠴᠢᠩᠳᠠᠯᠠᠵᠤ ᠡᠨᠧᠷᠭᠢ ᠶᠢᠨ ᠬᠤᠷᠣᠭᠳᠠᠯ ᠤᠨ ᠲᠥᠰᠦᠪ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠰᠠᠷ᠎ᠠ ᠶᠢᠨ ᠡᠨᠧᠷᠭᠢ ᠶᠢᠨ ᠬᠤᠷᠣᠭᠳᠠᠯ ᠤᠨ ᠬᠡᠮᠵᠢᠶ᠎ᠡ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠴᠢᠩᠭᠠᠳᠬᠠᠵᠤ ᠡᠨᠧᠷᠭᠢ ᠶᠢᠨ | ᠬᠤᠷᠣᠭᠳᠠᠯ ᠢ ᠬᠢᠵᠠᠭᠠᠷᠯᠠᠬᠤ ᠬᠠᠷᠠᠯᠳᠠᠳᠤ ᠡᠬᠦᠷᠭᠡ ᠶᠢ ᠪᠡᠶᠡᠯᠡᠬᠦᠯᠦᠨ᠎ᠡ᠃ ᠨᠡᠭᠦᠷᠡᠰᠦ᠂ ᠬᠢᠮᠢ ᠶᠢᠨ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠢᠯ | ᠲᠦᠷᠦᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠰᠠᠶᠢᠲᠤᠷ ᠠᠳᠬᠤᠵᠤ ᠪᠥᠸᠧ ᠳ᠋ᠠ ᠱᠢ ᠳ᠋ᠢ ᠺᠤᠮᠫᠠᠨᠢ ᠶᠢᠨ ᠤᠰᠤ ᠶᠢ ᠡᠷᠬᠢᠯᠳᠦᠬᠦᠯᠦᠨ | ᠠᠰᠢᠭᠯᠠᠬᠤ ᠵᠡᠷᠭᠡ ᠮᠡᠷᠭᠡᠵᠢᠯ ᠤᠨ ᠥᠭᠡᠷᠡᠴᠢᠯᠡᠯᠲᠡ ᠶᠢᠨ 4 ᠲᠦᠷᠦᠯ ᠵᠦᠢᠯ ᠤᠨ ᠠᠵᠢᠯ ᠡᠬᠢᠯᠡᠬᠦ ᠶᠢ ᠦᠨᠡᠨ ᠬᠦ ᠪᠠᠲᠤᠯᠠᠨ᠎ᠠ᠃ ᠬᠤᠲᠠ ᠶᠢᠨ ᠶᠠᠪᠤᠳᠠᠯ ᠤᠨ | ᠨᠣᠭᠤᠭᠠᠷᠠᠭᠤᠯᠤᠯᠲᠠ ᠳᠤ ᠴᠦᠮ ᠪᠣᠷᠣᠭᠠᠨ ᠤ ᠤᠰᠤ᠂ ᠴᠡᠪᠡᠷᠰᠢᠬᠦᠯᠦᠭᠰᠡᠨ ᠪᠤᠬᠢᠷ ᠤᠰᠤ᠂ ᠠᠭᠤᠷᠬᠠᠶ ᠶᠢᠨ ᠬᠤᠳᠳᠤᠭ ᠤᠨ ᠤᠰᠤ ᠶᠢ ᠬᠡᠷᠡᠭᠯᠡᠬᠦ ᠶᠢ | ᠠᠬᠢᠭᠤᠯᠵᠤ ᠭᠠᠯᠠᠭᠤᠲᠤ ᠪᠠᠯᠭᠠᠰᠤᠨ ᠲᠣᠭᠤᠷᠢᠭ ᠤᠨ ᠡᠨᠧᠷᠭᠢ ᠶᠢᠨ ᠬᠤᠷᠣᠭᠳᠠᠯ ᠶᠡᠬᠡᠲᠡᠶ ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ | ᠪᠡᠶᠡᠯᠡᠭᠦᠯᠵᠦ ᠬᠤᠭ ᠨᠣᠪᠰᠢ ᠶᠢ ᠲᠦᠷᠦᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠪᠦᠬᠦ ᠲᠠᠯ᠎ᠠ ᠪᠠᠷ ᠳᠡᠯᠭᠡᠷᠡᠬᠦᠯᠵᠤ | ᠭᠠᠯᠠᠭᠤᠲᠤ ᠪᠠᠯᠭᠠᠰᠤᠨ ᠤ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ ᠰᠢᠨ᠎ᠡ | ᠡᠨᠧᠷᠭᠢ ᠶᠢᠨ ᠮᠠᠰᠢᠨ ᠲᠡᠷᠭᠡ ᠶᠢ ᠲᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠶᠡᠭᠡ ᠪᠠᠷ ᠰᠠᠨᠠᠭᠠᠴᠢᠯᠠᠨ᠎ᠠ᠃ | ︵ᠳᠥᠷᠪᠡ︶ ᠬᠥᠭᠵᠢᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠳᠣᠪᠤᠶᠢᠯᠭᠠᠵᠤ ᠴᠢᠨᠠᠷ ᠰᠠᠶᠢᠲᠠᠶ ᠬᠥᠭᠵᠢᠯᠲᠡ ᠶᠢᠨ ᠬᠦᠴᠦᠷᠬᠡᠭ ᠶᠡᠭᠡ | ᠬᠥᠳᠡᠯᠭᠡᠬᠦ ᠬᠦᠴᠦᠨ ᠢ ᠬᠥᠭᠵᠢᠭᠡᠨ᠎ᠡ | ᠣᠷᠣᠰᠢᠨ ᠰᠠᠭᠤᠷᠢᠰᠢᠬᠤ ᠳᠤ ᠳᠠᠭᠠᠯᠠᠮᠵᠢᠳᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠬᠤᠳᠠ ᠶᠢᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠃ ᠬᠤᠲᠠ ᠶᠢᠨ ᠴᠢᠳᠠᠪᠬᠢ ᠶᠢ ᠲᠡᠭᠦᠯᠳᠡᠷᠵᠢᠭᠦᠯᠵᠦ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ | ᠲᠥᠪ᠂ ᠨᠣᠮ ᠤᠨ ᠰᠠᠩ᠂ ᠳᠠᠩᠰᠠ ᠡᠪᠬᠡᠮᠡᠯ ᠤᠨ ᠣᠷᠳᠣᠨ᠂ ᠤᠯᠠᠭᠠᠨᠮᠥ᠋ᠴᠢᠷ ᠤᠨ ᠲᠤᠭᠯᠠᠯᠲᠠ ᠶᠢᠨ ᠲᠢᠩᠬᠢᠮ ᠪᠠ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠭᠠᠵᠠᠷ ᠳᠣᠣᠷᠠᠬᠢ ᠭᠡᠷ ᠢ ᠪᠠᠶᠢᠭᠤᠯᠵᠤ᠂ ᠪᠠᠶᠠᠨ ᠵᠠᠮ ᠤᠨ ᠤᠷᠳᠤᠳᠬᠠᠯ ᠬᠡᠰᠡᠭ ᠵᠡᠷᠭᠡ 3 ᠵᠤᠷᠪᠤᠰ ᠬᠤᠲᠠ ᠶᠢᠨ ᠶᠠᠪᠤᠳᠠᠯ ᠤᠨ ᠵᠠᠮ ᠢ | ᠨᠡᠪᠲᠡᠷᠡᠭᠦᠯᠤᠨ 7 ᠲᠦᠮᠡᠨ ᠲᠡᠭᠰᠢ ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠵᠤ ᠲᠦᠭᠡᠭᠡᠯ ᠤᠰᠤᠨ ᠤ ᠬᠤᠭᠤᠯᠠᠶ ᠲᠣᠤᠷ ᠤᠨ ᠶᠠᠰᠤ | ᠴᠢᠨᠠᠷ ᠢ ᠳᠡᠭᠡᠭᠰᠢᠯᠡᠭᠦᠯᠦᠨ ᠲᠠᠰ ᠳᠡᠪᠰᠢᠬᠦ ᠶᠢ ᠠᠬᠢᠭᠤᠯᠵᠤ 8.2 ᠺᠢᠯᠣᠮᠧᠲᠷ ᠰᠢᠲᠠᠮᠠᠬᠠᠶ ᠬᠡᠶ ᠶᠢᠨ ᠬᠤᠭᠤᠯᠠᠶ ᠲᠣᠤᠷ ᠢ ᠰᠢᠨᠡᠳᠭᠡᠨ ᠵᠠᠰᠠᠵᠤ ᠵᠡᠭᠡᠯᠢ | ᠭᠤᠳᠤᠮᠵᠢ ᠶᠢᠨ ᠵᠠᠮ ᠤᠨ ᠳ᠋ᠧᠩ ᠢ 280 ᠤᠭᠰᠠᠷᠠᠵᠤ᠂ ᠤᠰᠤ ᠪᠠᠷ ᠵᠠᠶᠢᠯᠠᠬᠤ ᠮᠠᠶ᠋ᠢᠭ ᠤᠨ ᠵᠣᠷᠯᠣᠩ ᠢ 6 ᠰᠢᠨ᠎ᠡ ᠪᠠᠷ ᠪᠠᠶᠢᠭᠤᠯᠤᠨ᠎ᠠ᠃ ᠬᠤᠳᠠ ᠶᠢᠨ | ᠰᠢᠨᠡᠴᠢᠯᠡᠯᠲᠡ ᠶᠢ ᠲᠦᠷᠭᠡᠳᠬᠡᠨ 200 ᠢᠵᠢ ᠪᠣᠷᠣ ᠬᠡᠷᠳᠣ ᠲᠣᠭᠤᠷᠢᠭ ᠤᠨ ᠣᠷᠣᠨ ᠰᠠᠭᠤᠴᠠ ᠶᠢᠨ ᠥᠭᠡᠷᠡᠴᠢᠯᠡᠯᠲᠡ᠂ 12 ᠲᠦᠮᠡᠨ ᠲᠡᠭᠰᠢ ᠳᠥᠷᠪᠡᠯᠵᠢᠨ | ᠮᠧᠲᠷ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠬᠦᠯᠵᠦ᠂ 348 ᠢᠵᠢ ᠨᠡᠶᠢᠳᠡ ᠶᠢᠨ ᠲᠦᠷᠢᠶᠡᠰᠦᠲᠤ ᠣᠷᠣᠨ | ᠰᠠᠭᠤᠴᠠ ᠶᠢᠨ ᠪᠠᠷᠢᠯᠭ᠎ᠠ ᠶᠢ ᠡᠬᠢᠯᠡᠬᠦᠯᠵᠦ ᠵᠡᠭᠦᠨ ᠭᠠᠷᠴᠠ᠂ ᠬᠤᠶᠢᠨ᠎ᠠ ᠲᠤᠭᠤᠷᠢᠭᠤᠯ ᠵᠠᠮ᠂ ᠪᠦᠷᠢᠲᠤ ᠵᠡᠭᠡᠯᠢ ᠵᠡᠷᠭᠡ ᠴᠢᠬᠤᠯᠠ ᠬᠡᠰᠡᠭ ᠪᠣᠯᠤᠨ ᠵᠠᠮ ᠤᠨ | ᠨᠤᠭᠤᠭᠠᠷᠠᠭᠤᠯᠤᠯᠲᠠ ᠭᠤᠶᠤᠵᠢᠭᠤᠯᠤᠯᠲᠠ ᠪᠠ ᠭᠡᠷᠡᠯᠳᠦᠬᠦᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠵᠦ ᠬᠤᠳᠠ ᠪᠠᠯᠭᠠᠰᠤᠨ ᠤ ᠤᠷᠤᠰᠢᠨ ᠰᠠᠭᠤᠷᠢᠰᠢᠬᠤ | ᠳᠤ ᠳᠠᠭᠠᠯᠠᠮᠵᠢᠳᠡᠢ ᠤᠷᠴᠢᠨ ᠲᠤᠭᠤᠷᠢᠨ ᠢ ᠤᠯᠠᠮ ᠨᠢᠬᠡ ᠠᠯᠬᠤᠮ ᠰᠠᠶᠢᠵᠢᠷᠠᠭᠤᠯᠤᠨ᠎ᠠ᠃ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠠᠷᠢᠮᠲᠠᠯᠠᠨ ᠤᠶᠤᠨᠲᠤ | ᠰᠠᠭᠤᠭᠠᠯᠢ ᠠᠷᠠᠳ ᠤᠨ ᠲᠣᠭᠤᠷᠢᠭ᠂ ᠤᠶᠤᠨᠲᠤ ᠨᠡᠶᠢᠭᠡᠮ ᠲᠣᠭᠤᠷᠢᠭ᠂ ᠤᠶᠤᠨᠲᠤ ᠵᠡᠭᠡᠯᠢ ᠭᠤᠳᠤᠮᠵᠢ ᠶᠢᠨ ᠪᠥᠲᠥᠭᠡᠨ ᠪᠠᠶᠢᠭᠤᠯᠤᠯᠲᠠ ᠶᠢ ᠲᠤᠷᠰᠢᠨ | ᠠᠬᠢᠭᠤᠯᠵᠤ ᠠᠳᠠᠯ ᠠᠬᠤᠶ ᠶᠢᠨ ᠬᠤᠯᠪᠣᠭ᠎ᠠ ᠶᠢ ᠪᠠᠶᠢᠭᠤᠯᠤᠨ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠭᠦᠯᠵᠦ | ᠰᠠᠭᠤᠭᠠᠯᠢ ᠠᠷᠠᠳ ᠤᠨ ᠲᠣᠭᠤᠷᠢᠭ ᠤᠨ ︽ᠭᠤᠷᠪᠠᠨ ᠥᠬᠡᠶ︾ ᠶᠢ ᠠᠯᠬᠤᠮ ᠠᠯᠬᠤᠮ ᠢᠶᠠᠷ ᠦᠭᠡᠶᠢᠰᠭᠡᠨ᠎ᠡ᠃ ᠬᠠᠶᠠᠭᠳᠠᠮᠠᠯ ᠡᠳ᠋ ᠢ ᠬᠤᠳᠠᠯᠳᠤᠨ ᠠᠪᠬᠤ᠂ | ᠱᠦᠢᠨᠢ ᠡᠵᠡᠩᠨᠡᠨ ᠪᠣᠷᠣᠯᠠᠭᠤᠯᠬᠤ ᠵᠡᠷᠭᠡ ᠡᠵᠡᠩᠨᠡᠯᠲᠡ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ ᠲᠡᠷᠭᠡ ᠮᠠᠰᠢᠨ ᠢ ᠳᠤᠷ᠎ᠠ ᠪᠠᠷ ᠢᠶᠠᠨ | ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠲᠣᠭᠲᠠᠭᠠᠯ ᠠᠴᠠ ᠵᠥᠷᠢᠴᠡᠨ ᠵᠠᠮ ᠡᠵᠡᠯᠡᠨ ᠡᠵᠡᠩᠨᠡᠬᠦ ᠪᠠ ᠬᠤᠳᠠᠯᠳᠤᠭᠠᠴᠢᠨ ᠡᠷᠦᠬᠡ ᠳᠤᠷ᠎ᠠ ᠪᠠᠷ ᠢᠶᠠᠨ ᠳᠡᠯᠭᠡᠭᠡ | ᠮᠠᠶᠢᠮᠠᠶ ᠬᠢᠬᠦ ᠴᠡᠭ ᠭᠠᠷᠭᠠᠬᠤ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠣ ᠴᠡᠪᠡᠷ ᠲᠡᠭᠰᠢ ᠡᠮᠬᠢ ᠳᠢᠭᠯᠢᠮ ᠲᠠᠢ ᠠᠮᠢᠳᠤᠷᠠᠯ ᠤᠨ ᠣᠷᠴᠢᠨ | ᠲᠣᠭᠤᠷᠢᠨ ᠢ ᠪᠦᠷᠢᠯᠳᠦᠬᠦᠯᠦᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠪᠠᠶᠠᠯᠢᠭᠵᠢᠭᠤᠯᠵᠤ ᠥᠷᠭᠡᠨ ᠤᠯᠠᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠤᠰᠤ ᠶᠢ ᠠᠷᠪᠢᠯᠠᠵᠤ ᠬᠡᠷᠡᠭᠯᠡᠬᠦ᠂ ᠪᠣᠯᠪᠠᠰᠤᠨ ᠢᠶᠠᠷ | ᠬᠤᠭᠤᠯᠠᠯᠠᠬᠤ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠵᠤ ᠡᠶ᠎ᠡ ᠵᠣᠬᠢᠴᠠᠯ ᠲᠠᠢ ᠪᠥᠭᠡᠳ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ | ᠠᠷᠠᠳ ᠲᠦᠮᠡᠨ ᠳᠤ ᠲᠠᠭᠠᠰᠢᠶᠠᠭᠳᠠᠭᠰᠠᠨ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠲᠦᠯᠬᠢᠨ | ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠮᠤᠵᠢ ᠶᠢᠨ ᠵᠠᠮ 215 ᠱᠤᠭᠤᠮ᠂ 317 ᠱᠤᠭᠤᠮ ᠤᠨ | ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 114 ᠺᠢᠯᠣᠮᠧᠲᠷ ᠰᠢᠨ᠎ᠡ ᠪᠠᠷ ᠥᠭᠡᠷᠡᠴᠢᠯᠡᠨ | ᠵᠠᠰᠠᠵᠤ 118 ᠺᠢᠯᠣᠮᠧᠲᠷ ᠠᠮᠤᠷ ᠲᠦᠪᠰᠢᠨ ᠠᠮᠢ ᠨᠠᠰᠤᠨ ᠤ ᠰᠡᠷᠭᠡᠶᠢᠯᠡᠯᠲᠡ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ︔ ᠨᠡᠶᠢᠳᠡᠮ ᠭᠡᠷᠡᠭᠯᠡᠭᠡᠨ | ᠤ ᠨᠢᠰᠬᠡᠯ ᠤᠨ ᠪᠠᠭᠤᠳᠠᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ | ᠤᠤᠭᠤᠬᠤ ᠤᠰᠤᠨ ᠤ ᠠᠮᠤᠷ ᠲᠦᠪᠰᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ ᠪᠠᠲᠤ ᠶᠢᠨ ᠲᠤᠬᠤᠢ ᠤᠰᠤᠨ ᠴᠥᠭᠦᠷᠥᠮ᠂ ᠨᠠᠷᠢᠨ ᠭᠤᠤᠯ ᠤᠨ | ᠦᠶᠡᠷ ᠢ ᠰᠡᠷᠭᠡᠶᠢᠯᠡᠨ ᠠᠶᠤᠯ ᠢ ᠠᠷᠢᠯᠭᠠᠨ ᠪᠠᠬᠢᠵᠢᠬᠦᠯᠬᠦ ᠢᠨᠵᠧᠨᠧᠷᠢᠩ ᠢ ᠪᠡᠶᠡᠯᠡᠭᠦᠯᠦᠨ᠎ᠡ᠃ ᠭᠤᠣᠯᠯᠠᠭᠴᠢ ᠴᠠᠬᠢᠯᠭᠠᠨ ᠲᠣᠣᠷ ᠪᠣᠯᠤᠨ ᠬᠥᠳᠡᠭᠡ ᠲᠣᠰᠬᠤᠨ ᠤ | ᠴᠠᠬᠢᠯᠭᠠᠨ ᠲᠣᠣᠷ ᠢ ᠲᠡᠰ ᠳᠡᠪᠰᠢᠭᠦᠯᠦᠨ ᠥᠭᠡᠷᠡᠴᠢᠯᠡᠬᠦ ᠶᠢ ᠴᠢᠨᠠᠭᠰᠢᠳᠠ ᠠᠬᠢᠭᠤᠯᠵᠤ 493 ᠺᠢᠯᠣᠮᠧᠲᠷ ᠥᠨᠳᠥᠷ ᠬᠦᠴᠦᠳᠡᠯᠲᠦ ᠳᠣᠣᠷ᠎ᠠ ᠬᠦᠴᠦᠳᠡᠯᠲᠦ | ᠴᠠᠬᠢᠯᠭᠠᠨ ᠱᠤᠭᠤᠮ ᠢ ᠲᠠᠲᠠᠵᠤ ᠵᠢᠶᠠᠰᠠ ᠪᠤᠰᠬᠠᠨ 500 ᠺᠢᠯᠤᠸᠤᠯᠲ ᠤᠨ ᠬᠦᠴᠦᠳᠡᠯ ᠥᠭᠡᠷᠡᠴᠢᠯᠡᠬᠦ ᠦᠷᠳᠡᠭᠡ ᠶᠢ ᠠᠰᠢᠭᠯᠠᠯᠲᠠ ᠳᠤ ᠣᠷᠣᠭᠤᠯᠬᠤ ᠶᠢ | ᠪᠠᠲᠤᠯᠠᠨ᠎ᠠ᠃ ᠴᠢᠮᠡᠭᠡ ᠬᠤᠯᠪᠤᠭᠠᠨ ᠤ ᠰᠠᠭᠤᠷᠢ ᠥᠷᠲᠡᠭᠡ ᠶᠢ 50 ᠰᠢᠨ᠎ᠡ ᠪᠠᠷ ᠪᠠᠶᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠳᠣᠬᠢᠶ᠎ᠠ ᠪᠠᠭᠤᠷᠠᠶ | ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠨᠢᠭᠡ | ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠭᠦᠨᠵᠡᠭᠡᠶ ᠲᠦᠯᠬᠢᠨ ᠠᠬᠢᠭᠤᠯᠵᠤ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠲᠤᠬᠠᠶᠢᠯᠠᠭᠰᠠᠨ ᠠᠵᠢᠯ ᠢ ᠬᠠᠮᠵᠢᠯᠴᠠᠨ ᠭᠦᠢᠴᠡᠳᠬᠡᠬᠦ ᠶᠢ ᠴᠢᠩᠭᠠᠳᠬᠠᠨ | ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭᠲᠠᠶ ᠪᠥᠭᠡᠳ ᠠᠷᠠᠳ ᠲᠤ ᠳᠦᠭᠦᠮ ᠦᠵᠡᠭᠦᠯᠦᠨ᠎ᠡ᠃ ︽ᠰᠢᠨ᠎ᠡ ᠰᠣᠷᠣᠭᠴᠢ ᠰᠤᠷᠭᠠᠭᠤᠯᠢ ᠳᠤ | ᠣᠷᠣᠬᠤ︾ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠡᠩᠰᠡᠯᠡᠯᠲᠡ︾ ᠵᠡᠷᠭᠡ 8 ᠵᠦᠢᠯ ᠤᠨ ᠭᠤᠤᠯᠳᠠᠯᠭ᠎ᠠ ᠲᠠᠢ ᠵᠦᠢᠯᠡᠰ ᠲᠤ ︽ᠨᠢᠭᠡ ᠶᠠᠪᠤᠳᠠᠯ ᠢ | ᠨᠢᠭᠡᠯᠡ ᠤᠳᠠᠭ᠎ᠠ ᠳᠤ ᠬᠦᠢᠴᠡᠳᠭᠡᠬᠦ︾ ᠶᠢ ᠪᠡᠶᠡᠯᠡᠭᠦᠯᠤᠨ᠎ᠡ᠃ ᠵᠥᠪᠳᠡᠯᠴᠡᠨ ᠬᠠᠮᠲᠤᠷᠠᠨ ᠬᠢᠨᠠᠬᠤ ᠲᠣᠭᠲᠠᠴᠠ ᠶᠢ ᠬᠡᠷᠡᠭᠵᠢᠭᠦᠯᠵᠦ ᠠᠵᠤ ᠦᠢᠯᠡᠳᠪᠦᠷᠢ ᠶᠢᠨ | ᠭᠠᠵᠠᠷ ᠰᠢᠷᠣᠶ ᠶᠢᠨ ᠦᠨ᠎ᠡ ᠶᠢ ᠵᠦᠢ ᠵᠣᠬᠢᠰᠲᠠᠶ ᠪᠠᠷ ᠪᠠᠭᠤᠷᠠᠭᠤᠯᠤᠨ ᠠᠵᠤ ᠠᠬᠤᠶᠢᠯᠠᠯ ᠡᠷᠬᠢᠯᠡᠬᠦ ᠥᠪᠡᠷ ᠤᠨ ᠦᠷᠳᠡᠭ ᠢ ᠠᠷᠪᠢᠯᠠᠨ᠎ᠠ᠃ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠮᠥᠩᠭᠦᠨ ᠭᠦᠢᠯᠭᠡᠭᠡ ᠪᠠᠷ ᠲᠡᠳᠬᠦᠨ ᠳᠡᠮᠵᠢᠬᠦ ᠵᠡᠷᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ | ᠨᠠᠶᠢᠳᠠᠪᠤᠷᠢᠵᠢᠭᠤᠯᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠲᠡᠮᠵᠢᠨ᠎ᠡ᠃ | ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠢ ᠴᠤᠮᠬᠤᠳᠬᠠᠨ | ᠨᠡᠶᠢᠯᠡᠭᠦᠯᠬᠦ ᠶᠢ ᠴᠢᠨᠠᠷ ᠰᠠᠶᠢᠲᠠᠶ ᠪᠡᠶᠡᠯᠡᠭᠦᠯᠵᠦ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠦ ᠠᠮᠢ ᠠᠬᠤᠢ ᠶᠢᠨ | ᠬᠡᠯᠪᠡᠷᠢ᠂ ᠰᠢᠨ᠎ᠡ ᠶᠢ ᠡᠬᠦᠳᠬᠦ ᠬᠡᠯᠪᠡᠷᠢ᠂ ᠣᠶᠣᠨᠲᠤ ᠬᠡᠯᠪᠡᠷᠢ ᠶᠢᠨ ᠬᠦᠷᠢᠶᠡᠯᠡᠩ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠷᠣᠨ | ᠪᠦᠰᠡ ᠶᠢᠨ ᠦᠨᠡᠯᠡᠨ ᠵᠢᠱᠢᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ ︽ᠪᠠᠷᠢᠮᠵᠢᠶᠠᠲᠤ ᠭᠠᠵᠠᠷ︾ ᠤᠨ ᠰᠢᠯᠵᠢᠭᠦᠯᠦᠨ ᠬᠤᠳᠠᠯᠳᠤᠬᠤ ᠵᠠᠭᠪᠤᠷ ᠢ ᠬᠡᠷᠡᠭᠵᠢᠭᠦᠯᠦᠨ | ᠲᠤᠭ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ ᠲᠥᠷᠥᠯ ᠵᠦᠢᠯ ᠢ ᠲᠦᠷᠭᠡᠳᠬᠡᠨ ᠤᠷᠤᠨᠵᠢᠭᠤᠯᠬᠤ ᠳᠤ ᠬᠦᠴᠦ ᠨᠡᠮᠡᠷᠢᠯᠡᠨ᠎ᠡ᠃ ᠲᠤᠭ ᠠᠵᠤ ᠦᠢᠯᠡᠳᠪᠦᠷᠢ ᠶᠢᠨ ᠲᠥᠷᠥᠯ ᠵᠦᠢᠯ ᠤᠨ | ᠲᠣᠭᠤᠷᠢᠭ ᠤᠨ ᠭᠤᠯᠲᠤ ᠨᠠᠢᠮᠠᠳᠤᠭᠠᠷ ᠵᠠᠮ᠂ ᠴᠡᠪᠡᠷᠰᠢᠬᠦᠯᠦᠭᠰᠡᠨ ᠪᠤᠬᠢᠷ ᠤᠰᠤᠨ ᠬᠤᠭᠤᠯᠠᠶ ᠶᠢᠨ ᠱᠤᠭᠤᠮ ᠵᠡᠷᠭᠡ ᠰᠠᠭᠤᠷᠢ ᠲᠦᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠵᠦ ᠨᠡᠶᠢᠭᠡᠮ ᠤᠨ ᠬᠥᠷᠥᠩᠭᠡ ᠶᠢ ᠪᠠᠷᠢᠮᠵᠢᠶᠠᠲᠤ ᠦᠢᠯᠡᠳᠪᠦᠷᠢ ᠶᠢᠨ ᠬᠡᠷ ᠪᠠᠶᠢᠰᠢᠩ᠂ ᠬᠡᠶᠢᠵᠢᠭᠦᠯᠬᠦ ᠲᠦᠪ ᠵᠡᠷᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠳᠤ ᠣᠷᠣᠯᠴᠠᠬᠤ ᠶᠢ ᠳᠡᠮᠵᠢᠨ᠎ᠡ᠃ ᠬᠦᠷᠢᠶᠡᠯᠡᠩ ᠲᠣᠭᠤᠷᠢᠭ ᠤᠨ ᠰᠤᠷᠭᠠᠨ ᠬᠥᠮᠦᠵᠢᠯ᠂ ᠡᠮ ᠡᠮᠨᠡᠯᠭᠡ᠂ | ᠰᠣᠶᠣᠯ ᠪᠡᠶ᠎ᠡ ᠲᠠᠮᠢᠷ ᠵᠡᠷᠭᠡ ᠢᠵᠢ ᠪᠥᠷᠢᠳᠦᠭᠦᠯᠬᠦ ᠲᠦᠬᠦᠭᠡᠷᠦᠮᠵᠢ ᠶᠢ ᠲᠡᠭᠦᠯᠳᠡᠷᠵᠢᠭᠦᠯᠵᠦ ᠣᠯᠠᠨ ᠨᠡᠶᠢᠲᠡ ᠶᠢᠨ ᠦᠢᠯᠡᠴᠢᠯᠡᠬᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠪᠠᠶᠠᠯᠢᠭ ᠦᠷ᠎ᠡ | ᠪᠦᠲᠦᠭᠡᠯ ᠢ ᠬᠠᠮᠲᠤᠪᠠᠷ ᠡᠳ᠋ᠯᠡᠨ᠎ᠡ | ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ ᠠᠵᠤ ᠠᠬᠤᠶᠢᠯᠠᠯ ᠢ ᠳᠡᠮᠵᠢᠵᠦ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠠᠵᠢᠯᠯᠠᠭ᠎ᠠ ᠶᠢ ᠥᠷᠨᠢᠭᠦᠯᠵᠦ ᠠᠵᠢᠯ ᠣᠯᠭᠤᠬᠤ ᠪᠠ ᠠᠳᠠᠯ ᠦᠢᠯᠡᠰ ᠪᠤᠰᠬᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ ᠬᠤᠲᠠ | ᠪᠠᠯᠭᠠᠰᠤᠨ ᠤ ᠠᠵᠢᠯ ᠤᠯᠤᠭᠰᠠᠨ ᠬᠦᠮᠦᠨ ᠢ ᠰᠢᠨ᠎ᠡ ᠪᠠᠷ 1200 ᠨᠡᠮᠡᠭᠳᠡᠬᠦᠯᠦᠨ᠎ᠡ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ 20 ᠣᠷᠣᠭᠤᠯᠤᠨ | ᠠᠪᠴᠢᠷᠠᠨ᠎ᠠ᠃ ᠬᠦᠯᠦᠰᠦᠨ ᠠᠵᠢᠯᠴᠢᠨ ᠳᠤ ᠦᠷᠢᠳᠦᠭᠰᠡᠨ ᠴᠠᠯᠢᠩ ᠢ ᠲᠤᠭᠠᠴᠠᠨ ᠢᠯᠭᠠᠷᠠᠭᠤᠯᠬᠤ ᠠᠵᠢᠯ ᠢ ᠦᠨᠡᠨ ᠬᠦ ᠰᠠᠶᠢᠲᠤᠷ ᠬᠢᠵᠦ᠂ ᠬᠦᠳᠡᠯᠮᠦᠷᠢᠴᠢᠳ | ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠶᠢᠨ ︽ᠭᠤᠷᠪᠠᠨ ᠴᠢᠬᠤᠯᠠ︾ ᠪᠠᠲᠤᠯᠠᠭ᠎ᠠ ᠶᠢ ᠲᠡᠭᠦᠯᠳᠡᠷᠵᠢᠭᠦᠯᠵᠦ ᠪᠦᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠨᠤᠷᠮ᠎ᠠ ᠶᠢ 95% ᠠᠴᠠ ᠳᠡᠭᠡᠭᠰᠢ ᠳᠤ ᠬᠦᠷᠭᠡᠨ᠎ᠡ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠨᠡᠶᠢᠭᠡᠮ ᠤᠨ ᠠᠪᠤᠷᠠᠨ ᠲᠤᠰᠠᠯᠠᠬᠤ᠂ ᠬᠠᠷᠠᠭᠠᠯᠵᠠᠨ ᠲᠥᠪᠬᠢᠨᠡᠭᠦᠯᠬᠦ ᠪᠠ ᠵᠡᠮᠳᠡᠭᠴᠦᠳ ᠤᠨ ᠠᠰᠠᠷᠠᠮᠵᠢ ᠶᠢᠨ ᠪᠠᠲᠤᠯᠠᠭ᠎ᠠ | ᠵᠡᠷᠭᠡ ᠲᠥᠷᠢᠮ ᠢ ᠲᠡᠭᠦᠯᠳᠡᠷᠵᠢᠭᠦᠯᠵᠦ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠤᠯᠠᠮ ᠨᠢᠭᠡ ᠠᠯᠬᠤᠮ ᠪᠠᠲᠤᠳᠬᠠᠨ᠎ᠠ᠃ ᠨᠠᠰᠤᠵᠢᠯ ᠤᠨ | ᠠᠰᠠᠷᠠᠮᠵᠢ ᠶᠢᠨ ᠰᠠᠭᠤᠷᠢ ᠲᠥᠬᠦᠭᠡᠷᠦᠮᠵᠢ ᠶᠢᠨ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ | ᠦᠢᠯᠡᠴᠢᠯᠡᠬᠡᠨ ᠤ ᠲᠥᠪ ᠢ ᠰᠢᠨ᠎ᠡ ᠪᠠᠷ 4 ᠦᠭᠡᠷᠡᠴᠢᠯᠡᠨ ᠪᠠᠶᠢᠭᠤᠯᠵᠤ᠂ ᠦᠦᠰᠢᠨᠵᠤᠤ ᠠᠰᠠᠷᠠᠨ ᠬᠠᠷᠠᠭᠠᠯᠵᠠᠬᠤ ᠬᠦᠷᠢᠶᠡᠯᠡᠩ ᠤᠨ ᠪᠠᠷᠢᠯᠭ᠎ᠠ ᠶᠢ ᠳᠠᠭᠤᠰᠬᠠᠨ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ | ᠃ ᠭᠠᠯᠠᠭᠤᠲᠤ ᠰᠤᠷᠭᠠᠭᠤᠯᠢ ︵ᠬᠤᠶᠠᠳᠤᠭᠠᠷ ᠬᠤᠭᠤᠴᠠᠭ᠎ᠠ︶᠂ ᠳᠥᠷᠪᠡᠳᠦᠭᠡᠷ ᠬᠡᠤᠬᠡᠳ ᠤᠨ ᠴᠡᠴᠡᠷᠯᠢᠭ ᠵᠡᠷᠭᠡ 5 ᠲᠥᠷᠥᠯ ᠵᠦᠢᠯ ᠢ ᠪᠠᠶᠢᠭᠤᠯᠵᠦ | ᠳᠠᠭᠤᠰᠬᠠᠭᠠᠳ ᠠᠰᠢᠭᠯᠠᠯᠲᠠ ᠳᠤ ᠤᠷᠤᠬᠤ ᠶᠢ ᠦᠨᠡᠨ ᠬᠦ ᠪᠠᠲᠤᠯᠠᠵᠤ ᠬᠤᠵᠢᠷᠲᠤ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠵᠢᠴᠢ ᠪᠠᠭᠰᠢ ᠶᠢᠨ ᠪᠠᠶᠢᠷᠢ᠂ | ᠱᠠᠷᠯᠢᠭ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠪᠠᠶᠢᠷᠢ ᠬᠤᠭᠤᠯᠠᠨ ᠬᠡᠷ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠯᠠᠨ | ᠨᠡᠶᠢᠲᠡ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ ᠲᠠᠪᠤᠳᠤᠭᠠᠷ ᠬᠡᠦᠬᠡᠳ ᠤᠨ ᠴᠡᠴᠡᠷᠯᠢᠭ ᠢ ᠡᠬᠢᠯᠡᠨ ᠪᠠᠶᠢᠭᠤᠯᠵᠤ ᠠᠷᠠᠳ ᠠᠴᠠ ᠡᠷᠬᠢᠯᠡᠭᠰᠡᠨ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠢᠷᠤᠮᠵᠢᠭᠰᠠᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠠᠬᠢᠭᠤᠯᠵᠦ ᠤᠯᠤᠰ ᠤᠨ ᠰᠢᠶᠠᠨ ᠤ | ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠤᠨ ᠠᠰᠢᠭ ᠬᠦᠷᠳᠡᠭᠡᠭᠦ ᠠᠵᠢᠯ ᠤᠨ ᠵᠢᠱᠢᠶᠡᠴᠢ ᠬᠤᠰᠢᠭᠤ ᠰᠢᠶᠠᠨ ᠢ | ᠡᠭᠦᠳᠦᠨ ᠪᠠᠶᠢᠭᠤᠯᠤᠨ᠎ᠠ᠃ ᠨᠢᠭᠡ ᠪᠦᠯᠦᠭ ᠰᠢᠯᠢᠳᠡᠭ ᠪᠠᠭᠰᠢ ᠶᠢ ᠢᠯᠡ ᠪᠠᠷ ᠤᠷᠢᠨ ᠡᠯᠰᠡᠵᠦ ᠪᠠᠭᠰᠢ ᠳᠤᠲᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠤᠷᠢᠯᠡᠨ᠎ᠡ᠃ ᠲᠡᠷᠢᠭᠦᠨ ᠤ ᠬᠥᠭᠵᠢᠭᠰᠡᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ ᠰᠢᠯᠢᠳᠡᠭ ᠪᠠᠭᠰᠢ ᠠᠵᠢᠯᠳᠠᠨ ᠢ | ᠰᠣᠩᠭᠤᠨ ᠲᠣᠮᠢᠯᠠᠵᠤ ᠲᠤᠰᠢᠶᠠᠯ ᠡᠭᠦᠷᠭᠡᠯᠡᠭᠦᠯᠦᠨ ᠳᠠᠪᠲᠠᠨ ᠪᠣᠯᠪᠠᠰᠤᠷᠠᠭᠤᠯᠵᠤ ᠰᠤᠷᠤᠯᠴᠠᠭᠤᠯᠤᠨ ᠰᠤᠷᠭᠠᠨ ᠬᠥᠮᠦᠵᠢᠯ ᠪᠠ ᠵᠢᠭᠠᠨ ᠰᠤᠷᠭᠠᠯᠲᠠ ᠶᠢᠨ ᠬᠢᠷᠢ | ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ | ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ | ᠲᠤᠭ ᠪᠠ ᠰᠢᠷᠬᠤᠰᠤᠨ ᠪᠠᠯᠭᠠᠰᠤᠨ ᠤ 2 ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ ᠤᠷᠤᠭᠤᠯᠬᠤ ᠶᠢ ᠪᠠᠲᠤᠯᠠᠨ᠎ᠠ᠃ ᠡᠮᠴᠢᠯᠡᠭᠡᠨ ᠤ ᠬᠦᠷᠢᠶ᠎ᠡ ᠴᠠᠷᠠᠭᠠᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ︽ᠡᠮᠴᠢᠯᠡᠭᠡᠨ ᠤ ᠬᠠᠮᠲᠤ ᠶᠢᠨ ᠴᠣᠭᠴᠠ︾ ᠶᠢᠨ ᠪᠠᠶᠢᠭᠤᠯᠤᠯᠲᠠ ᠶᠢ ᠠᠬᠢᠭᠤᠯᠤᠨ ᠡᠭᠦᠳᠡᠨ ᠡᠮᠨᠡᠯᠭᠡ ᠶᠢᠨ ᠦᠨᠳᠦᠷ | ᠳᠡᠰ ᠤᠨ ᠮᠡᠷᠭᠡᠵᠢᠯ ᠤᠨ ᠴᠣᠯᠠ ᠲᠠᠢ ᠡᠮᠴᠢ ᠦᠨᠳᠦᠰᠦᠨ ᠱᠠᠲᠤᠨ ᠳᠤ ᠬᠦᠷᠴᠦ ᠡᠭᠡᠯᠵᠢᠯᠡᠨ ᠡᠮᠴᠢᠯᠡᠭᠡ ᠬᠢᠬᠦ ᠲᠦᠷᠢᠮ ᠢ ᠨᠠᠶᠢᠳᠠᠪᠤᠷᠢᠵᠢᠭᠤᠯᠵᠤ ᠡᠮᠴᠢᠯᠡᠭᠡᠨ ᠤ | ᠡᠬᠢ ᠪᠠᠶᠠᠯᠢᠭ ᠢ ᠬᠠᠮᠲᠤᠪᠠᠷ ᠡᠳ᠋ᠯᠡᠵᠦ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠦᠨ᠎ᠡ᠃ ᠨᠠᠨᠵᠢᠩ ᠤᠨ ᠨᠢᠭᠡᠳᠦᠭᠡᠷ ᠡᠮᠨᠡᠯᠭᠡ ᠶᠢᠨ ᠬᠤᠷᠢᠶ᠎ᠠ ᠵᠡᠷᠭᠡ | ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ︽ᠨᠠᠷᠠᠲᠤ ᠡᠮᠴᠢ ᠨᠠᠷᠠᠲᠤ ᠱᠠᠪᠢ | ᠳᠠᠭᠠᠭᠤᠯᠬᠤ︾ ᠲᠥᠯᠥᠪᠯᠡᠭᠡ ᠶᠢ ᠠᠬᠢᠭᠤᠯᠤᠨ ᠨᠢᠭᠡ ᠪᠦᠯᠦᠭ ᠭᠤᠤᠯᠳᠠᠯᠭ᠎ᠠ ᠲᠠᠢ ᠲᠤᠰᠬᠠᠶ ᠮᠡᠷᠭᠡᠵᠢᠯ ᠪᠠ ᠮᠡᠷᠭᠡᠵᠢᠯ ᠳᠡᠭᠡᠨ ᠴᠠᠭᠠᠷᠠᠭᠰᠠᠨ ᠰᠠᠶᠢᠨ ᠡᠮᠴᠢ ᠶᠢ | ᠬᠥᠮᠦᠵᠢᠭᠦᠯᠦᠨ᠎ᠡ᠃ ᠨᠢᠬᠡ ᠪᠦᠯᠦᠭ ᠡᠮᠨᠡᠯᠬᠡ ᠶᠢᠨ ᠠᠵᠢᠯᠳᠠᠨ ᠡᠯᠰᠡᠵᠦ ᠡᠮᠴᠢᠯᠡᠬᠡᠨ ᠤ ᠱᠠᠲᠤᠴᠢ ᠡᠩᠨᠡᠭᠡ ᠶᠢᠨ ᠪᠠᠶᠢᠭᠤᠯᠤᠯᠲᠠ ᠶᠢ ᠦᠷᠬᠦᠯᠵᠢᠯᠡᠨ | ᠴᠢᠩᠭᠠᠳᠬᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ ᠳᠥᠯᠭᠢᠨ ᠠᠬᠢᠭᠤᠯᠵᠤ ︽ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠦᠨ ᠠᠵᠢᠯ ᠤᠨ ᠰᠤᠷᠲᠠᠯ ᠢᠶᠠᠨ ᠦᠷᠭᠦᠯᠵᠢᠯᠡᠨ | ᠰᠠᠶᠢᠵᠢᠷᠠᠭᠤᠯᠤᠨ᠎ᠠ᠃ ᠡᠭᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠢᠳᠡᠪᠬᠢᠲᠡᠶ ᠥᠷᠨᠢᠭᠦᠯᠵᠦ ᠪᠦᠬᠦ ᠠᠷᠠᠳ ᠢ ᠬᠦᠲᠦᠯᠦᠨ ᠵᠢᠯᠤᠭᠤᠳᠴᠤ | ᠪᠠᠶᠢᠭᠠᠳ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠲᠠᠢ ᠪᠤᠯᠭᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ | ᠰᠠᠶᠢᠲᠤᠷ ᠠᠳᠬᠤᠵᠤ ᠠᠵᠦ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ 2 ᠲᠤᠷᠰᠢᠯᠲᠠ ᠶᠢᠨ | ᠲᠠᠰᠤᠭ ᠤᠨ ᠪᠦᠲᠦᠭᠡᠨ ᠪᠠᠶᠢᠭᠤᠯᠤᠯᠲᠠ ᠶᠢ ᠪᠠᠶᠡᠯᠡᠬᠦᠯᠵᠦ ᠬᠢᠵᠢᠭ ᠢ ᠰᠡᠷᠭᠡᠶᠢᠯᠡᠬᠦ ᠣᠶᠤᠨᠴᠢ ᠰᠢᠰᠲ᠋ᠧᠮ ᠢ ᠳᠡᠯᠭᠡᠷᠡᠭᠦᠯᠦᠨ ᠸᠠᠺᠼᠢᠨ ᠤ ᠲᠠᠷᠢᠯᠭ᠎ᠠ ᠶᠢ ᠡᠮᠬᠢ | ᠵᠢᠷᠤᠮ ᠲᠠᠢ ᠠᠬᠢᠭᠤᠯᠵᠤ ᠡᠬᠡᠯᠢᠯᠡᠭᠡ ᠶᠢᠨ ᠬᠠᠯᠬᠠᠪᠴᠢ ᠶᠢ ᠪᠠᠬᠢᠵᠢᠭᠦᠯᠦᠨ᠎ᠡ᠃ ᠰᠣᠶᠣᠯ ᠪᠡᠶ᠎ᠡ ᠲᠠᠮᠢᠷ ᠤᠨ ᠦᠢᠯᠡᠰ ᠢ ᠲᠠᠰᠤᠷᠠᠯᠲᠠ ᠦᠬᠡᠢ ᠬᠦᠭᠵᠢᠬᠦᠯᠦᠨ᠎ᠡ᠃ | ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠶᠤᠨᠲᠤ | ᠨᠣᠮ ᠤᠨ ᠰᠠᠩ᠂ ᠭᠠᠯᠠᠭᠤᠲᠤ ᠪᠠᠯᠭᠠᠰᠤᠨ ᠤ ︽ᠬᠤᠳᠠ ᠶᠢᠨ ᠨᠣᠮ ᠤᠨ ᠦᠷᠦᠭᠡ︾ ᠶᠢ ᠪᠠᠶᠢᠭᠤᠯᠵᠤ ︽ᠨᠣᠮ ᠤᠨ ᠪᠤᠶᠠᠨᠲᠤ ᠦᠦᠰᠢᠨ︾ ᠤ ᠪᠦᠬᠦ | ᠠᠷᠠᠳ ᠤᠨ ᠤᠩᠰᠢᠯᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠲᠤᠭ ᠤᠨ ᠠᠵᠢᠯᠴᠢᠨ ᠤ ᠰᠣᠶᠤᠯ ᠤᠨ ᠤᠷᠳᠤᠨ ᠤ ᠪᠦᠲᠦᠭᠡᠨ | ᠪᠠᠶᠢᠭᠤᠯᠤᠯᠲᠠ ᠶᠢ ᠡᠬᠢᠯᠡᠬᠦᠯᠦᠨ᠎ᠡ᠃ ᠡᠯᠪᠡᠭ ᠪᠠᠶᠠᠯᠢᠭ ᠰᠣᠶᠣᠯ ᠲᠠᠮᠢᠷ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠦᠪᠦᠷ ᠮᠤᠩᠭᠤᠯ ᠤᠨ ᠥᠥᠰᠢᠨ | ᠵᠢᠷᠤᠭ᠎ᠠ ᠮᠤᠷᠢᠨ ᠤ ᠤᠷᠤᠯᠳᠤᠭᠠᠨ ᠢ ᠢᠳᠡᠪᠬᠢᠳᠡᠢ ᠵᠤᠬᠢᠶᠠᠨ ᠪᠠᠶᠢᠭᠤᠯᠵᠦ ᠤᠷᠳᠤᠰ ᠵᠠᠩ ᠦᠢᠯᠡ ᠶᠢᠨ ᠵᠢᠭᠤᠯᠴᠢᠯᠡᠯ ᠤᠨ ᠨᠠᠶᠢᠷ᠂ ᠤᠯᠠᠨ ᠬᠤᠷᠠᠬᠤ᠂ | ᠨᠠᠭᠠᠳᠤᠮ᠂ ᠮᠠᠯᠴᠢᠨ ᠲᠠᠷᠢᠶᠠᠴᠢᠨ ᠤ ᠪᠡᠶ᠎ᠡ ᠲᠠᠮᠢᠷ ᠤᠨ ᠴᠤᠭᠯᠠᠭᠠᠨ ᠵᠡᠷᠭᠡ ᠤᠨᠴᠠᠯᠢᠭᠲᠤ ᠰᠤᠶᠤᠯ ᠲᠠᠮᠢᠷ ᠤᠨ ᠠᠵᠢᠯᠯᠠᠭᠠᠨ ᠢ ᠡᠷᠬᠢᠯᠡᠵᠦ ᠰᠣᠶᠣᠯ ᠤᠨ ᠦᠷ᠎ᠡ | ᠪᠦᠲᠦᠭᠡᠯ ᠢ ᠥᠷᠭᠡᠨ ᠤᠯᠠᠨ ᠠᠷᠠᠳ ᠲᠦᠮᠡᠨ ᠳᠤ ᠡᠳ᠋ᠯᠡᠭᠦᠯᠦᠨ᠎ᠡ᠃ ᠠᠮᠤᠷ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠭᠦᠨᠵᠡᠭᠡᠶ ᠠᠬᠢᠭᠤᠯᠵᠤ ᠬᠥᠮᠦᠨ᠂ ᠮᠦᠩᠬᠦ᠂ ᠪᠣᠳᠠᠰ ᠤᠨ ᠪᠠᠲᠤᠯᠠᠭ᠎ᠠ ᠶᠢ ᠴᠢᠩᠭᠠᠳᠬᠠᠨ | ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠪᠦᠲᠦᠭᠡᠨ | ᠪᠠᠶᠢᠭᠤᠯᠤᠯᠲᠠ ᠶᠢᠨ ᠬᠦᠴᠦᠯᠡᠴᠡ ᠶᠢ ᠨᠡᠮᠡᠭᠳᠡᠬᠦᠯᠵᠦ ᠠᠷᠠᠳ ᠤᠨ ᠡᠶᠡᠳᠡᠭᠦᠯᠭᠡ ᠪᠠᠷ ᠭᠤᠤᠯ ᠪᠣᠯᠭᠠᠭᠰᠠᠨ ᠣᠯᠠᠨ ᠡᠰᠢᠲᠦ ᠬᠤᠯᠪᠣᠭᠠᠯᠠᠨ ᠡᠶᠡᠳᠡᠭᠦᠯᠬᠦ ᠰᠢᠨ᠎ᠡ | ᠲᠣᠭᠲᠠᠴᠠ ᠶᠢ ᠪᠠᠶᠢᠭᠤᠯᠤᠨ᠎ᠠ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ︽ᠶᠡᠭᠡᠪᠡᠷ ᠪᠠᠶᠢᠴᠠᠭᠠᠬᠤ᠂ ᠶᠡᠭᠡᠪᠡᠷ ᠵᠢᠭᠰᠠᠭᠠᠨ ᠪᠠᠶᠢᠴᠠᠭᠠᠬᠤ᠂ ᠶᠡᠭᠡᠪᠡᠷ | ᠰᠢᠢᠳᠪᠤᠷᠢᠯᠡᠬᠦ᠂ ᠶᠡᠭᠡᠪᠡᠷ ᠴᠡᠭᠴᠡᠯᠡᠨ ᠵᠠᠰᠠᠬᠤ᠂ ᠶᠡᠭᠡᠪᠡᠷ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠶᠡᠭᠡᠪᠡᠷ ᠬᠢᠨᠠᠯᠲᠠ ᠲᠠᠯᠪᠢᠬᠤ︾ ᠲᠤᠰᠬᠠᠶ ᠠᠵᠢᠯᠯᠠᠭ᠎ᠠ ᠶᠢ | ᠥᠷᠨᠢᠭᠦᠯᠵᠦ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠬᠦᠴᠦᠯᠡᠨ ᠰᠡᠷᠭᠡᠶᠢᠯᠡᠨ ᠰᠢᠢᠳᠪᠤᠷᠢᠯᠡᠨ᠎ᠡ᠃ ᠣᠯᠠᠨ ᠨᠡᠶᠢᠲᠡ ᠶᠢᠨ ᠠᠮᠤᠷ ᠲᠦᠪᠰᠢᠨ ᠢ ᠬᠠᠷᠠᠭᠠᠨ | ᠳᠠᠪᠲᠠᠮᠵᠢ ᠪᠠᠷ᠂ ᠣᠶᠤᠨᠴᠢ ᠪᠠᠷ ᠬᠢᠨᠠᠨ ᠡᠵᠡᠮᠳᠡᠬᠦ ᠪᠥᠲᠥᠭᠡᠨ ᠪᠠᠶᠢᠭᠤᠯᠤᠯᠲᠠ ᠠᠰᠢᠭᠯᠠᠯᠲᠠ ᠶᠢ ᠠᠬᠢᠭᠤᠯᠵᠤ ︽ᠲᠣᠤᠷᠵᠢᠭᠤᠯᠬᠤ + ᠮᠡᠳᠡᠭᠡ ᠵᠠᠩᠭᠢᠵᠢᠭᠤᠯᠬᠤ︾ | ᠨᠡᠶᠢᠭᠡᠮ ᠲᠣᠭᠤᠷᠢᠭ ᠤᠨ ᠵᠠᠰᠠᠯᠲᠠ ᠪᠠ ︽ᠨᠢᠭᠡ ᠲᠣᠰᠬᠤᠨ ᠳᠤ ᠨᠢᠭᠡ ᠴᠠᠭᠳᠠᠭ᠎ᠠ ᠲᠠᠢ ᠪᠠᠶᠢᠬᠤ︾ ᠴᠠᠭᠳᠠᠭᠠᠨ ᠤ ᠶᠠᠪᠤᠳᠠᠯ ᠤᠨ ᠵᠠᠭᠪᠤᠷ ᠢ ᠬᠡᠷᠡᠭᠵᠢᠭᠦᠯᠦᠨ᠎ᠡ᠃ | ︽ᠬᠠᠤᠯᠢ ᠴᠠᠭᠠᠵᠠ ᠶᠢ ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠵᠡᠷᠭᠡ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ ᠤᠯᠠᠨ ᠲᠦᠮᠡᠨ ᠤ ᠬᠠᠤᠯᠢᠵᠢᠯ ᠤᠨ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠨᠢᠭᠤᠭᠳᠠᠮᠠᠯ ᠥᠷᠢ | ᠰᠢᠷᠢ ᠶᠢ ᠢᠯᠭᠠᠷᠠᠭᠤᠯᠬᠤ ᠡᠷᠴᠢᠮ ᠢ ᠴᠢᠩᠭᠠᠷᠠᠭᠤᠯᠵᠤ ᠥᠷᠢ ᠰᠢᠷᠢ ᠶᠢᠨ ᠲᠦᠭᠰᠢᠭᠦᠷᠢ ᠶᠢ ᠰᠢᠷ᠎ᠠ ᠦᠩᠬᠡ ᠶᠢᠨ ᠵᠡᠷᠭᠡ ᠳᠡᠰ ᠪᠤᠯᠭᠠᠨ ᠪᠠᠭᠤᠷᠠᠭᠤᠯᠬᠤ ᠪᠠᠷ | ᠴᠢᠷᠮᠠᠶᠢᠨ᠎ᠠ᠃ ᠴᠠᠬᠢᠯᠭᠠᠨ ᠬᠤᠯᠪᠣᠭᠠᠨ ᠤ ᠮᠡᠬᠡᠯᠡᠯ᠂ ᠤᠯᠠᠨ ᠨᠡᠶᠢᠳᠡ ᠳᠤ ᠬᠤᠯᠪᠣᠭᠳᠠᠬᠤ ᠬᠡᠯᠪᠡᠷᠢ ᠶᠢᠨ ᠠᠵᠤ ᠠᠬᠤᠶ ᠶᠢᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠨᠡᠶᠢᠭᠡᠮ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠬᠦᠯᠦᠨ᠎ᠡ᠃ ᠠᠶᠤᠯᠭᠦᠶ | ᠦᠢᠯᠡᠳᠪᠦᠷᠢᠯᠡᠯ ᠤᠨ ᠲᠤᠰᠬᠠᠶ ᠲᠦᠷᠦᠯ ᠤᠨ ᠴᠡᠭᠴᠡᠯᠡᠨ ᠵᠠᠰᠠᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ ᠨᠡᠭᠦᠷᠡᠰᠦᠨ | ᠠᠭᠤᠷᠬᠠᠶ᠂ ᠨᠡᠭᠦᠷᠡᠰᠦᠨ ᠪᠤᠰᠤ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠵᠠᠮ ᠲᠡᠭᠡᠭᠡᠪᠦᠷᠢ᠂ ᠪᠠᠷᠢᠯᠭ᠎ᠠ᠂ ᠭᠠᠯ ᠤᠨᠳᠠᠷᠠᠭᠠᠬᠤ ᠠᠵᠢᠯ ᠤᠨ ᠠᠮᠤᠷ | ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ | ᠡᠯ᠎ᠡ ᠵᠦᠢᠯ ᠤᠨ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠦᠢᠯᠡᠳᠪᠦᠷᠢᠯᠡᠯ᠂ ᠭᠦᠢᠯᠭᠡᠭᠡ᠂ ᠪᠣᠷᠣᠯᠠᠭᠤᠯᠭ᠎ᠠ ᠶᠢᠨ ᠪᠦᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ ᠠᠷᠠᠳ ᠤᠯᠠᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠡ︕ ᠪᠥᠬᠦ ᠬᠤᠰᠢᠭᠤᠨ ᠤ ᠠᠷᠠᠳ ᠲᠦᠮᠡᠨ ᠤ ᠨᠠᠶᠢᠳᠠᠯᠭ᠎ᠠ ᠲᠥᠪ ᠴᠢᠩᠭ᠎ᠠ ᠪᠥᠭᠡᠳ ᠠᠷᠢᠭᠤᠨ ᠳᠠᠷᠬᠠᠨ ᠪᠠᠶᠢᠵᠦ᠂ ᠵᠠᠰᠠᠭ ᠤᠨ | ᠣᠷᠳᠣᠨ ᠤ ᠡᠭᠦᠷᠭᠡᠯᠡᠵᠦ ᠪᠠᠶᠢᠭ᠎ᠠ ᠰᠢᠨ᠎ᠡ ᠨᠢᠭᠡ ᠬᠤᠭᠤᠴᠠᠭᠠᠨ ᠤ ᠡᠭᠦᠷᠭᠡ ᠢᠷᠠᠭᠤ ᠠᠯᠳᠠᠷᠲᠠᠶ ᠪᠥᠭᠡᠳ ᠬᠠᠲᠠᠭᠤ ᠪᠡᠷᠬᠡᠰᠢᠶᠡᠯᠲᠡᠶ ᠶᠤᠮ᠂ ᠪᠢᠳᠡ ᠵᠠᠰᠠᠭ ᠤᠨ | ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠤᠯᠠᠨ ᠠᠴᠠ | ᠤᠷᠤᠶᠢᠯᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠨ ᠠᠷᠠᠳ ᠲᠦᠮᠡᠨ ᠤ ᠬᠦᠰᠡᠯ | ᠨᠠᠶᠢᠳᠠᠯᠭ᠎ᠠ ᠶᠢ ᠬᠥᠰᠡᠷᠳᠡᠭᠦᠯᠬᠦ ᠥᠬᠡᠶ ᠪᠠᠷ ᠰᠢᠨ᠎ᠡ ᠠᠶᠠᠨ ᠳᠤ ᠰᠢᠨ᠎ᠡ ᠵᠠᠮ ᠢ ᠨᠡᠭᠡᠭᠡᠨ ᠰᠢᠨ᠎ᠡ ᠪᠠᠶᠢᠳᠠᠯ ᠢ ᠡᠭᠦᠳᠴᠦ᠂ ᠰᠢᠨ᠎ᠡ ᠠᠮᠵᠢᠯᠲᠠ ᠪᠦᠲᠦᠮᠵᠢ | ᠭᠠᠷᠭᠠᠬᠤ ᠪᠠᠷ ᠴᠢᠷᠮᠠᠶᠢᠨ᠎ᠠ᠃ | ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠤᠬᠠᠭᠠᠨ ᠢᠶᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ | ᠠᠬᠢᠭᠤᠯᠬᠤ ᠶᠢ ᠪᠠᠷᠢᠮᠲᠠᠯᠠᠵᠤ ︽ᠬᠤᠶᠠᠷ ᠢ ᠲᠤᠪᠤᠶᠢᠯᠭᠠᠬᠤ︾ ᠶᠢ ᠰᠡᠳᠬᠢᠯ ᠠᠴᠠ ᠪᠠᠨ ᠬᠦᠷᠢᠶᠡᠯᠡᠵᠦ ︽ᠬᠤᠶᠠᠷ ᠢ ᠬᠠᠮᠠᠭᠠᠯᠠᠬᠤ︾ ᠶᠢ ᠡᠷᠡᠰ | ᠦᠢᠯᠡᠳᠦᠯᠬᠡᠵᠢᠬᠦᠯᠵᠦ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠦᠨᠵᠡᠬᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ ᠢᠮᠠᠭᠲᠠ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠢᠶᠠᠨ ᠨᠠᠮᠴᠢ ᠴᠢᠨᠠᠷ ᠢ ᠬᠥᠮᠦᠵᠢᠭᠦᠯᠵᠦ᠂ ᠬᠥᠳᠡᠯᠭᠡᠬᠦ ᠬᠦᠴᠦᠨ ᠢ ᠬᠥᠭᠵᠢᠭᠡᠵᠦ ᠵᠠᠰᠠᠭ ᠤᠨ ᠣᠷᠳᠣᠨ ᠤ ᠡᠯ᠎ᠡ ᠵᠦᠢᠯ ᠤᠨ | ᠠᠵᠢᠯ ᠢ ᠨᠡᠩ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠪᠠᠷ ᠲᠦᠷᠢᠮᠵᠢᠯ ᠢ ᠠᠬᠢᠭᠤᠯᠤᠨ᠎ᠠ᠃ ᠦᠨᠳᠦᠰᠦᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠪᠠ ᠵᠢᠷᠤᠮ ᠶᠣᠰᠣᠭᠠᠷ ᠡᠷᠬᠡ ᠪᠠᠨ ᠬᠡᠷᠡᠭᠵᠢᠭᠦᠯᠵᠦ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠤᠨ ᠰᠠᠨᠠᠯ ᠳᠣᠷᠠᠳᠣᠯᠭ᠎ᠠ ᠶᠢ ᠴᠢᠨᠠᠷ ᠰᠠᠶᠢᠳᠠᠢ | ᠬᠦᠢᠴᠡᠳᠬᠡᠨ᠎ᠡ᠃ ᠬᠠᠤᠯᠢ ᠶᠣᠰᠤ ᠪᠠᠷ ᠬᠢᠨᠠᠨ ᠪᠠᠶᠢᠴᠠᠭᠠᠬᠤ᠂ ᠨᠡᠶᠢᠭᠡᠮ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠲᠦᠷᠢᠮ ᠢ ᠲᠡᠭᠦᠯᠳᠡᠷᠵᠢᠭᠦᠯᠤᠨ ︽ | ᠭᠤᠷᠪᠠᠨ ᠴᠢᠬᠤᠯᠠ ᠨᠢᠭᠡ ᠶᠡᠭᠡ︾ ᠬᠠᠮᠲᠤ ᠶᠢᠨ ᠰᠢᠢᠳᠪᠤᠷᠢᠲᠤ ᠪᠤᠳᠤᠯᠭ᠎ᠠ ᠲᠣᠭᠲᠠᠭᠠᠬᠤ ᠲᠦᠷᠢᠮ ᠢ ᠴᠢᠩᠭ᠎ᠠ ᠬᠡᠷᠡᠭᠵᠢᠭᠦᠯᠵᠦ ᠵᠠᠰᠠᠭ ᠤᠨ ᠣᠷᠳᠣᠨ ᠤ | ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠯᠢᠪᠠ | ᠠᠵᠢᠯ ᠤᠨ ᠠᠮᠢᠨ ᠰᠤᠳᠠᠰᠤ ᠪᠣᠯᠭᠠᠬᠤ ᠶᠢ ᠪᠠᠷᠢᠮᠲᠠᠯᠠᠵᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠤ ᠪᠢᠲᠡᠭᠦᠦ ᠬᠠᠮᠢᠶᠠᠷᠤᠯᠲᠠ ᠶᠢ ᠬᠡᠷᠡᠭᠵᠢᠭᠦᠯᠵᠦ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ | ᠨᠡᠬᠡᠮᠵᠢᠯᠡᠬᠦ ᠶᠢ ᠴᠢᠩᠭᠠᠳᠬᠠᠨ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠡᠷᠡᠰ ᠴᠢᠩᠭᠠᠳᠬᠠᠵᠦ ᠶᠠᠪᠤᠳᠠᠯ ᠪᠤᠯᠭᠠᠨ ᠳᠤ ᠬᠠᠷᠢᠭᠤ ᠲᠠᠢ᠂ ᠶᠠᠪᠤᠳᠠᠯ | ᠪᠦᠬᠦᠨ ᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠠ ᠡᠯ᠎ᠡ ᠲᠦᠷᠦᠯ ᠤᠨ | ᠠᠷᠠᠳ ᠲᠤ ᠠᠰᠢᠭ ᠬᠦᠷᠲᠡᠬᠡᠵᠤ ᠲᠥᠬᠦᠮ ᠦᠵᠡᠭᠦᠯᠬᠦ ᠠᠮᠠᠯᠠᠯᠲᠠ ᠶᠢ ᠡᠷᠡᠰ ᠨᠠᠶᠢᠳᠠᠪᠤᠷᠢᠵᠢᠭᠤᠯᠵᠤ ᠵᠠᠰᠠᠭ ᠤᠨ ᠣᠷᠳᠣᠨ ᠤ ︽ᠵᠣᠪᠠᠭᠤᠷᠢ ᠵᠦᠳᠡᠭᠦᠷᠢ ᠶᠢᠨ | ᠵᠢᠭᠠᠯᠲᠠ ᠲᠤᠭ᠎ᠠ︾ ᠪᠠᠷ ᠠᠷᠠᠳ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠨ᠎ᠠ᠃ | ᠰᠠᠬᠢᠯᠭ᠎ᠠ ᠵᠢᠷᠤᠮ ᠢ ᠴᠢᠩᠭ᠎ᠠ ᠰᠠᠬᠢᠵᠤ ᠰᠤᠷᠲᠠᠯ ᠢᠶᠠᠨ ᠬᠤᠪᠢᠷᠠᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ | ᠠᠵᠢᠯ ᠢ ᠭᠦᠨᠵᠡᠭᠡᠶ ᠲᠦᠯᠬᠢᠨ ᠠᠬᠢᠭᠤᠯᠵᠤ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ | ᠬᠢᠨᠠᠮᠠᠭᠠᠶ ᠲᠤᠭᠤᠰᠢᠯᠠᠭᠤᠯᠤᠨ ᠠᠯᠢᠪᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠨ ᠴᠡᠭᠴᠡᠯᠡᠨ ᠵᠠᠰᠠᠵᠤ ᠤᠯᠠᠨ ᠲᠦᠮᠡᠨ ᠤ ᠳᠡᠷᠭᠡᠳᠡᠬᠢ | ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ | ᠪᠣᠯᠭᠠᠵᠤ ᠭᠤᠣᠯᠳᠠᠯᠭ᠎ᠠ ᠲᠠᠢ ᠵᠠᠷᠤᠯᠭ᠎ᠠ ᠶᠢ ᠪᠠᠲᠤᠯᠠᠬᠤ ᠶᠢ ᠪᠠᠷᠢᠮᠲᠠᠯᠠᠨ ᠵᠠᠰᠠᠭ ᠤᠨ ᠣᠷᠳᠣᠨ ᠤ ︽ᠭᠠᠷ ᠳᠠᠳᠠᠭᠤ ᠠᠮᠢᠳᠤᠷᠠᠯ︾ ᠢᠶᠠᠷ ᠠᠷᠠᠳ ᠲᠦᠮᠡᠨ ᠤ ︽ | ᠰᠠᠶᠢᠨ ᠰᠠᠶᠢᠬᠠᠨ ᠠᠮᠢᠳᠤᠷᠠᠯ︾ ᠢ ᠪᠠᠲᠤᠯᠠᠨ᠎ᠠ᠃ | ᠲᠥᠯᠥᠭᠡᠯᠡᠭᠴᠢᠳ ᠡ︕ ᠠᠵᠢᠯ ᠦᠢᠯᠡᠰ ᠢ ᠬᠢᠵᠦ ᠪᠦᠲᠦᠭᠡᠳᠡᠭ᠂ ᠵᠤᠯ ᠵᠢᠷᠭᠠᠯ ᠢ ᠲᠡᠮᠡᠴᠡᠵᠦ ᠤᠯᠳᠠᠭ᠃ ᠪᠢᠳᠠ ᠰᠢ ᠶᠢᠨ ᠫᠢᠩ ᠨᠥᠬᠦᠷ ᠢᠶᠠᠷ | ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠬᠦᠦ ᠨᠢᠭᠲᠠᠷᠠᠨ ᠪᠦᠯᠬᠦᠮᠳᠡᠵᠦ ᠬᠤᠰᠢᠭᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠤᠷ᠎ᠠ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩᠭ᠎ᠠ ᠲᠦᠰᠢᠭᠯᠡᠨ ᠡᠷᠴᠢ ᠵᠤᠷᠢᠭ ᠢᠶᠠᠨ | ᠬᠦᠪᠴᠢᠯᠡᠨ ᠭᠤᠶᠢᠪᠢᠰᠢ ᠦᠬᠡᠢ ᠴᠢᠷᠮᠠᠶᠢᠨ ᠵᠢᠳᠬᠦᠵᠦ ᠯᠠᠪᠳᠠᠭᠤᠨ ᠪᠠᠲᠤᠲᠠᠶ ᠠᠵᠢᠯᠯᠠᠨ ᠨᠤᠮᠢᠨ ᠲᠠᠩᠰᠤᠭ ᠦᠦᠰᠢᠨ ᠤ ᠴᠢᠨᠠᠷ ᠰᠠᠶᠢᠲᠠᠶ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠠᠬᠢᠭᠤᠯᠵᠤ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠶ᠎ᠠ︕ | | | | | | | | | | | | |