ᠦᠦᠰᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/3/15
                                              ﹇2022﹈ 3 ᠳ᠋ᠤᠭᠠᠷ ᠲᠣᠭᠠᠲᠤ          ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠤ ᠬᠢᠵᠢᠭ ᠤᠨ ᠪᠠᠶᠢᠳᠠᠯ ᠣᠯᠠᠨᠲᠠ ᠡᠭᠦᠰᠴᠦ ᠤᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠲᠠᠢ ᠬᠦᠷᠰᠢᠯᠡᠵᠤ ᠪᠠᠶᠢᠭ᠎ᠠ ᠣᠯᠠᠨ ᠮᠤᠵᠢ ᠣᠷᠣᠨ ᠳᠤ ᠴᠥᠮ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢᠯᠡᠷᠡᠵᠤ᠂ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠨ᠎ᠠ᠃ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠵᠦ᠂ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠬᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠶᠢᠨ ᠲᠥᠯᠥᠭᠡ᠂ ᠡᠳᠦᠭᠡ ᠬᠠᠮᠢᠶ᠎ᠠ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠃       ᠨᠢᠭᠡ᠂ 3 ᠰᠠᠷ᠎ᠠ ᠶᠢᠨ 13 ᠤ ᠡᠳᠦᠷ ᠠᠴᠠ ᠡᠬᠢᠯᠡᠨ᠂ ᠭᠢᠷᠢᠨ ᠮᠤᠵᠢ᠂ ᠱᠠᠨᠳᠦ᠋ᠩ ᠮᠤᠵᠢ᠂ ᠭᠤᠸᠠᠩᠳᠦ᠋ᠩ ᠮᠤᠵᠢ᠂ ᠾᠧᠪᠧᠢ ᠮᠤᠵᠢ᠂ ᠭᠠᠨᠰᠤ ᠮᠤᠵᠢ ᠶᠢᠨ ᠲᠤᠲᠤᠯᠠᠭᠰᠠᠨ ᠡᠪᠡᠳᠴᠢᠲᠡᠨ ᠲᠠᠢ ᠬᠤᠲᠠ ᠨᠤᠭᠤᠳ ᠠᠴᠠ ᠦᠦᠰᠢᠨ ᠬᠤᠰᠢᠭᠤᠨ ᠳᠤ ᠢᠷᠡᠬᠦ ︵ᠪᠤᠴᠠᠬᠤ︶ ᠬᠥᠮᠥᠰ ︵ᠥᠩᠭᠡᠷᠡᠵᠤ ᠭᠠᠷᠬᠤ ᠪᠠᠭᠲᠠᠨ᠎ᠠ︶ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠨᠢᠭᠡᠨᠲᠡ ᠪᠤᠴᠠᠵᠤ ᠢᠷᠡᠭᠰᠡᠨ ᠬᠥᠮᠥᠰ ᠲᠤ ︽ᠨᠥᠬᠦᠵᠦ ᠭᠦᠢᠴᠡᠭᠡᠬᠦ︾ ᠵᠠᠷᠴᠢᠮ ︵ᠪᠤᠴᠠᠵᠤ ᠢᠷᠡᠭᠰᠡᠨ ᠡᠳᠦᠷ ᠠᠴᠠ ᠡᠬᠢᠯᠡᠵᠦ ᠪᠤᠳᠤᠨ᠎ᠠ︶ ᠶᠣᠰᠣᠭᠠᠷ᠂ ᠴᠥᠮ 14 ᠡᠳᠦᠷ ᠭᠡᠷ ᠲᠡᠭᠡᠨ ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠪᠠᠨ ᠠᠵᠢᠭᠯᠠᠬᠤ ᠬᠤᠭᠤᠴᠠᠭᠠᠨ ᠳᠤ 3 ᠤᠳᠠᠭ᠎ᠠ ᠠᠴᠠ ᠳᠡᠭᠡᠭᠰᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠨ᠎ᠡ᠃       ᠬᠤᠶᠠᠷ᠂ ᠣᠷᠳᠣᠰ ᠬᠤᠲᠠ ᠠᠴᠠ ᠭᠠᠳᠠᠨ᠎ᠠ 1 ᠠᠴᠠ ᠢᠯᠡᠬᠦᠦ ᠳᠤᠬᠠᠢ ᠶᠢᠨ ᠭᠠᠵᠠᠷ ᠤᠨ ᠲᠤᠲᠤᠯᠠᠭᠰᠠᠨ ᠡᠪᠡᠳᠴᠢᠲᠡᠨ ᠢᠯᠡᠷᠡᠭᠰᠡᠨ ᠰᠢᠶᠠᠨ ︵ᠬᠤᠲᠠ᠂ ᠲᠣᠭᠤᠷᠢᠭ᠂ ᠬᠤᠰᠢᠭᠤ᠂ ᠰᠢᠭᠤᠳ ᠬᠠᠷᠢᠶ᠎ᠠ ᠬᠤᠲᠠ ᠶᠢᠨ ᠵᠡᠭᠡᠯᠢ ᠭᠤᠳᠤᠮᠵᠢ᠂ ᠰᠢᠶᠠᠩ ᠪᠠᠯᠭᠠᠰᠤ︶ ᠠᠴᠠ ᠦᠦᠰᠢᠨ ᠬᠤᠰᠢᠭᠤᠨ ᠳᠤ ᠢᠷᠡᠵᠦ ︵ᠪᠤᠴᠠᠬᠤ︶ ᠬᠥᠮᠥᠰ ︵ᠨᠢᠭᠡᠳᠦᠭᠡᠷ ᠵᠤᠷᠪᠤᠰ ᠲᠤ ᠬᠤᠯᠪᠣᠭᠳᠠᠭᠰᠠᠨ ᠮᠤᠵᠢ ᠪᠠᠭᠲᠠᠬᠤ ᠦᠭᠡᠢ︶ ᠲᠤ ᠴᠥᠮ ︽7 ᠡᠳᠦᠷ ᠭᠡᠷ ᠲᠡᠭᠡᠨ ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ + 7 ᠡᠳᠦᠷ ᠦᠪᠡᠰᠦᠪᠡᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ + 3 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠬᠡᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠭᠤᠷᠪᠠ᠂ ᠤᠯᠤᠰ ᠤᠨ ᠳᠣᠲᠣᠭᠠᠳᠤ ᠶᠢᠨ ᠳᠣᠣᠷ᠎ᠠ ᠲᠦᠭᠰᠢᠭᠦᠷᠢᠲᠠᠢ ᠭᠠᠵᠠᠷ ᠣᠷᠣᠨ ︵ᠲᠤᠰᠬᠠᠢ ᠣᠷᠣᠨ ᠤ ᠳᠡᠰ ᠠᠴᠠ ᠳᠡᠭᠡᠭᠰᠢᠬᠢ ᠭᠠᠵᠠᠷ ᠤᠷᠤᠨ ᠪᠦᠬᠦᠨ  ᠢᠶᠠᠷ ᠢᠶᠠᠨ ᠳᠣᠣᠷ᠎ᠠ ᠲᠦᠭᠰᠢᠭᠦᠷᠢᠲᠠᠢ︶ ᠠᠴᠠ ᠦᠦᠰᠢᠨ ᠬᠤᠰᠢᠭᠤᠨ ᠳᠤ ᠢᠷᠡᠬᠦ ︵ᠪᠤᠴᠠᠬᠤ︶ ᠬᠥᠮᠥᠰ ︵ᠣᠷᠳᠣᠰ ᠬᠤᠲᠠ ᠠᠴᠠ ᠭᠠᠳᠠᠭᠰᠢ ᠭᠠᠷᠤᠭᠠᠳ ᠪᠤᠴᠠᠵᠤ ᠢᠷᠡᠭᠰᠡᠨ ᠬᠥᠮᠥᠰ ᠪᠠᠭᠲᠠᠨ᠎ᠠ︶ ᠤᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠠᠷᠲ ᠪᠠ 48 ᠴᠠᠭ ᠤᠨ ᠲᠤᠲᠤᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠡ ᠶᠢᠨ ᠪᠢᠯᠢᠭ ᠴᠢᠨᠠᠷ ᠤᠨ ᠭᠡᠷᠡᠴᠢ ᠶᠢ ᠴᠢᠩᠭ᠎ᠠ ᠪᠠᠶᠢᠴᠠᠭᠠᠵᠤ᠂ ᠦᠦᠰᠢᠨ ᠬᠤᠰᠢᠭᠤᠨ ᠳᠤ ᠣᠷᠣᠵᠤ ᠢᠷᠡᠭᠰᠡᠨ ᠤ ᠳᠠᠷᠠᠭᠠᠬᠢ 24 ᠴᠠᠭ ᠤᠨ ᠳᠣᠲᠣᠷ᠎ᠠ ᠳᠠᠬᠢᠨ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠡ ᠬᠢᠯᠭᠡᠨ᠎ᠡ᠃ 48 ᠴᠠᠭ ᠤᠨ ᠲᠤᠲᠤᠷᠠᠬᠢ ᠪᠦᠬᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ ᠳᠡᠶᠢᠯᠬᠦ ᠦᠭᠡᠢ ᠪᠣᠯ ᠲᠥᠪᠯᠡᠷᠡᠭᠦᠯᠦᠨ ᠲᠤᠰᠠᠭᠠᠷᠯᠠᠵᠤ᠂ 24 ᠴᠠᠭ ᠤᠨ ᠳᠣᠲᠣᠷ᠎ᠠ ᠪᠦᠬᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠵᠤ᠂ ᠰᠢᠯᠭᠠᠨ  ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠰᠠᠶ᠋ᠢ ᠡᠮᠬᠢ ᠵᠢᠷᠤᠮ ᠲᠠᠢ ᠰᠢᠯᠵᠢᠵᠦ ᠪᠣᠯᠣᠨ᠎ᠠ᠃       ᠳᠥᠷᠪᠡ᠂ ᠳᠤᠮᠳᠠ ᠳᠡᠰ᠂ ᠦᠨᠳᠦᠷ ᠳᠡᠰ ᠤᠨ ᠳᠦᠭᠰᠢᠬᠦᠷᠢᠲᠠᠢ ᠭᠠᠵᠠᠷ ᠣᠷᠣᠨ ᠳᠤ ᠠᠶᠠᠯᠠᠵᠤ ᠦᠩᠭᠡᠷᠡᠭᠰᠡᠨ ᠬᠥᠮᠥᠰ ︵ᠡᠷᠡᠭᠦᠯ ᠮᠡᠨᠳᠦ ᠶᠢᠨ ᠺᠣᠳ᠋  ᠨᠢ ︽ᠰᠢᠷ᠎ᠠ ᠺᠣᠳ᠋︾ ︽ᠤᠯᠠᠭᠠᠨ ᠺᠣᠳ᠋︾ ᠢᠯᠡᠷᠡᠭᠰᠡᠨ ᠬᠥᠮᠥᠰ ᠪᠠᠭᠲᠠᠨ᠎ᠠ︶ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ  ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠡ ᠬᠢᠯᠬᠡᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃       ᠲᠠᠪᠤ᠂ ᠬᠢᠯᠢ ᠶᠢᠨ ᠭᠠᠳᠠᠨ᠎ᠠ ᠠᠴᠠ ᠪᠤᠴᠠᠵᠤ ᠢᠷᠡᠭᠰᠡᠨ ᠮᠦᠷᠲᠡᠭᠡᠨ ᠬᠢᠯᠢ ᠪᠠᠷ ᠤᠷᠤᠵᠤ ᠢᠷᠡᠭᠰᠡᠨ ᠠᠩᠬᠠᠨ ᠤ ᠭᠠᠵᠠᠷ ᠲᠤ ᠨᠢ 14 ᠡᠳᠦᠷ ᠲᠥᠪᠯᠡᠷᠡᠭᠦᠯᠦᠨ ᠲᠤᠰᠠᠭᠠᠷᠯᠠᠭᠰᠠᠨ ᠤ ᠳᠠᠷᠠᠭ᠎ᠠ ᠦᠦᠰᠢᠨ ᠬᠤᠰᠢᠭᠤᠨ ᠳᠤ ᠢᠷᠡᠬᠦ  ︵ᠪᠤᠴᠠᠬᠤ︶ ᠬᠥᠮᠥᠰ ᠡᠷᠬᠡᠪᠰᠢ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ︽7 + 7︾ ︵7 ᠡᠳᠦᠷ ᠲᠥᠪᠯᠡᠷᠡᠭᠦᠯᠦᠨ ᠲᠤᠰᠠᠭᠠᠷᠯᠠᠬᠤ + 7 ᠡᠳᠦᠷ ᠭᠡᠷ ᠲᠡᠭᠡᠨ ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ︶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠥᠪᠯᠡᠷᠡᠭᠦᠯᠦᠨ ᠲᠤᠰᠠᠭᠠᠷᠯᠠᠭᠰᠠᠨ ᠤ ᠬᠢᠨᠢ ᠳᠠᠷᠠᠭ᠎ᠠ ᠡᠳᠦᠷ ᠪᠠ 7 ᠳ᠋ᠤᠭᠠᠷ ᠡᠳᠦᠷ ᠲᠤ ᠨᠢ ᠲᠣᠰ ᠪᠦᠷᠢ ᠨᠢᠭᠡ ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠵᠤ᠂ ᠬᠠᠮᠤᠭ ᠰᠡᠭᠦᠯᠴᠢ ᠶᠢᠨ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠬᠠᠮᠠᠷ ᠪᠠ ᠵᠠᠯᠭᠢᠭᠤᠷ ᠠᠴᠠ ᠦᠯᠢᠭᠡᠷ ᠠᠪᠴᠤ ᠪᠠᠶᠢᠴᠠᠭᠠᠨ᠎ᠠ᠃      ᠵᠢᠷᠭᠤᠭ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠦᠭᠰᠢᠭᠦᠷᠢ ᠲᠠᠢ ᠣᠷᠣᠨ ᠪᠦᠰᠡ ᠶᠢ ᠬᠥᠳᠡᠯᠦᠩᠭᠦᠢ ᠪᠠᠷ ᠠᠩᠬᠠᠷᠴᠤ ᠬᠠᠷᠢᠶ᠎ᠠ ᠭᠠᠵᠠᠷ ᠣᠷᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠲᠣᠥᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠦ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠥᠮᠥᠰ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠦ ᠡᠬᠡ ᠲᠠᠩᠰᠠ ᠪᠠᠶᠢᠭᠤᠯᠤᠨ ᠰᠠᠭᠤᠷᠢ ᠲᠤᠭ᠎ᠠ ᠨᠢ ᠲᠣᠳᠣᠷᠬᠠᠢ᠂ ᠪᠠᠶᠢᠳᠠᠯ ᠨᠢ ᠲᠣᠳᠣᠷᠬᠠᠢ ᠪᠠᠶᠢᠬᠤ ᠶᠢ ᠪᠠᠲᠤᠯᠠᠬᠤ ᠶᠢᠨ ᠬᠠᠮᠲᠤ ᠵᠢᠭᠰᠠᠭᠠᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠠᠵᠢᠯ ᠢ ᠵᠠᠪᠰᠠᠷ ᠦᠭᠡᠢ ᠵᠣᠯᠭᠠᠭᠤᠯᠬᠤ ᠶᠢ ᠴᠢᠩᠭᠠᠳᠬᠠᠵᠦ ᠬᠢᠵᠢᠭ ᠬᠠᠯᠳᠠᠪᠤᠷᠢᠯᠠᠬᠤ ᠵᠠᠮ ᠢ ᠲᠡᠷᠡ ᠳᠠᠷᠤᠢ ᠳᠤᠨᠢ ᠲᠠᠰᠤᠯᠬᠤ ᠶᠢ ᠪᠠᠲᠤᠯᠠᠨ᠎ᠠ᠃ ᠣᠶᠢᠷ᠎ᠠ ᠶᠢᠨ 14 ᠡᠳᠦᠷ ᠤᠨ ᠳᠣᠲᠣᠷ᠎ᠠ ᠣᠷᠳᠣᠰ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ﹇2022﹈ 18 ᠳ᠋ᠤᠭᠠᠷ ᠲᠣᠭᠠᠲᠤ ᠪᠠ ᠲᠣᠰ ᠵᠠᠷᠯᠠᠯ ᠳᠤ ᠬᠤᠯᠪᠣᠭᠳᠠᠭᠰᠠᠨ ᠭᠤᠣᠯᠳᠠᠯᠭ᠎ᠠ ᠲᠠᠢ ᠭᠠᠵᠠᠷ ᠣᠷᠣᠨ ᠳᠤ ᠠᠶᠠᠯᠠᠵᠦ ᠦᠩᠬᠡᠷᠡᠭᠰᠡᠨ ᠬᠥᠮᠥᠰ ᠡᠷᠬᠡᠪᠰᠢ ᠬᠠᠮᠤᠭ ᠤᠨ ᠲᠡᠷᠢᠭᠦᠨ ᠳᠤ ᠰᠠᠨᠠᠭᠠᠴᠢᠯᠠᠭ᠎ᠠ ᠠᠴᠠ ᠪᠠᠨ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠤᠶᠤ ᠪᠠᠶᠢᠭᠤᠯᠭ᠎ᠠ ᠨᠢᠭᠡᠴᠢ᠂ ᠵᠣᠴᠢᠳ ᠤᠨ ᠪᠠᠭᠤᠳᠠᠯ ︵ᠪᠠᠭᠤᠳᠠᠯ︶ ᠳᠤ ᠮᠡᠳᠡᠭᠦᠯᠦᠨ ᠳᠠᠩᠰᠠᠯᠠᠭᠤᠯᠵᠤ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃      ᠳᠣᠯᠤᠭ᠎ᠠ᠂ ᠦᠦᠰᠢᠨ ᠬᠤᠰᠢᠭᠤᠨ ᠳᠤ ᠢᠷᠡᠬᠦ ︵ᠪᠤᠴᠠᠬᠤ︶ ᠪᠤᠶᠤ ᠥᠥᠰᠢᠨ ᠬᠤᠰᠢᠭᠤ ᠪᠠᠷ ᠳᠠᠭᠠᠷᠢᠵᠦ ᠥᠩᠬᠡᠷᠡᠭᠦ ᠦᠢᠯᠡᠳᠪᠦᠷᠢᠯᠡᠯ ᠠᠮᠢᠳᠤᠷᠠᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠱᠠᠭᠠᠷᠳᠠᠭᠳᠠᠬᠤ ᠡᠳ᠋ ᠪᠠᠷᠠᠭ᠎ᠠ ᠵᠢᠴᠢ ᠰᠢᠤᠳᠠᠨ ᠭᠤᠪᠢᠭᠤᠯᠭ᠎ᠠ ᠶᠢᠨ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠬᠢᠵᠦ ᠪᠠᠶᠢᠭ᠎ᠠ ᠵᠢᠯᠤᠭᠤᠴᠢ ᠠᠵᠢᠯᠲᠠᠨ ᠤ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠠᠷᠲ ᠪᠠ 48 ᠴᠠᠭ ᠤᠨ ᠲᠤᠳᠤᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠶᠢ ᠪᠦᠬᠦᠨ ᠢ ᠰᠢᠯᠭᠠᠨ ᠪᠠᠶᠢᠴᠠᠭᠠᠵᠦ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠭᠰᠡᠨ ᠤ ᠬᠠᠮᠲᠤ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ ᠰᠠᠶ᠋ᠢ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠬᠢᠵᠦ ᠪᠤᠯᠤᠨ᠎ᠠ᠃ ᠵᠢᠯᠣᠭᠤᠴᠢ ᠠᠵᠢᠯᠲᠠᠨ ᠡᠷᠬᠡᠪᠰᠢ ᠤᠷᠢᠳᠴᠢᠯᠠᠨ ︽ᠣᠷᠳᠣᠰ ᠬᠤᠳᠠ ᠶᠢᠨ ᠣᠶᠤᠨᠴᠢ ᠪᠠᠷᠠᠭᠠᠨ ᠤ ᠬᠤᠯᠪᠤᠭᠠᠲᠤ ᠬᠦᠢᠯᠬᠡᠬᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠴᠠᠩ︾ ᠳᠡᠭᠡᠷ᠎ᠡ ᠬᠢᠵᠢᠭ ᠤᠨ ᠪᠠᠶᠢᠳᠠᠯ ᠢ ᠮᠡᠳᠡᠭᠦᠯᠬᠦ ᠪᠠ ᠮᠦᠷᠯᠡᠨ ᠵᠢᠭᠰᠠᠬᠤ ᠪᠠᠨ ᠬᠦᠢᠴᠡᠳᠭᠡᠭᠰᠡᠨ ᠤ ᠳᠠᠷᠠᠭ᠎ᠠ ᠰᠠᠶ᠋ᠢ ᠲᠠᠯᠠᠪᠤᠷ ᠲᠤ ᠣᠷᠣᠵᠤ ᠲᠡᠭᠡᠭᠡᠪᠦᠷᠢ ᠬᠢᠵᠦ ᠪᠣᠯᠣᠨ᠎ᠠ᠃       ᠨᠠᠢᠮᠠ᠂ ᠡᠯ᠎ᠡ ᠵᠠᠰᠠᠮᠠᠯ ᠵᠠᠮ ᠤᠨ ᠪᠠᠶᠢᠴᠠᠭᠠᠬᠤ ᠥᠷᠲᠡᠭᠡ᠂ ᠦᠢᠯᠡᠴᠢᠯᠡᠭᠡᠨ ᠤ ᠲᠣᠭᠤᠷᠢᠭ᠂ ᠰᠦᠢᠳᠬᠡᠯ ᠬᠤᠷᠢᠶᠠᠬᠤ ᠥᠷᠲᠡᠭᠡ᠂ ᠵᠠᠰᠠᠮᠠᠯ ᠵᠠᠮ ᠳᠠᠭᠠᠤ ᠶᠢᠨ ᠦᠢᠯᠡᠴᠢᠯᠡᠭᠡᠨ ᠤ ᠲᠠᠯᠠᠪᠤᠷ ᠤᠳ ᠲᠣᠭᠲᠠᠭᠠᠯ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ ᠣᠷᠣᠵᠤ ᠭᠠᠷᠬᠤ ᠬᠥᠮᠥᠰ ᠤᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠠᠷᠲ ᠪᠠ 48 ᠴᠠᠭ ᠤᠨ ᠲᠤᠳᠤᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠵᠡᠷᠭᠡ ᠶᠢ ᠴᠢᠩᠭ᠎ᠠ ᠰᠢᠯᠭᠠᠨ ᠪᠠᠶᠢᠴᠠᠭᠠᠨ᠎ᠠ᠃ᠶᠢᠰᠦ᠂ ᠦᠦᠰᠢᠨ ᠬᠤᠰᠢᠭᠤ ᠠᠴᠠ ᠪᠤᠰᠤᠳ ᠭᠠᠵᠠᠷ ᠠᠴᠠ ᠨᠤᠲᠤᠭ ︵ᠠᠵᠢᠯ᠂ ᠰᠤᠷᠭᠠᠭᠤᠯᠢ︶ ᠲᠠᠭᠠᠨ ᠪᠤᠴᠠᠵᠦ ᠢᠷᠡᠬᠦ ᠬᠦᠮᠦᠰ ᠤᠷᠢᠳᠴᠢᠯᠠᠨ ︽ᠣᠷᠳᠣᠰ ᠤᠨ ᠡᠷᠡᠭᠦᠯ ᠡᠩᠬᠡ ᠶᠢᠨ ᠡᠷᠳᠡᠨᠢ︾ ᠳᠠᠪᠴᠠᠩ ᠢᠶᠠᠷ ᠳᠠᠮᠵᠢᠨ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠡᠭᠦᠨ ᠤ ᠬᠠᠮᠲᠤ ᠪᠥᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ᠂ ᠡᠯ᠎ᠡ ᠲᠥᠷᠥᠯ ᠤᠨ ᠲᠠᠯᠠᠪᠤᠷ ᠵᠡᠷᠭᠡ ᠨᠢ ᠴᠥᠮ ︽ᠣᠷᠳᠣᠰ ᠤᠨ ᠡᠷᠡᠭᠦᠯ ᠡᠩᠬᠡ ᠶᠢᠨ ᠡᠷᠳᠡᠨᠢ︾ ᠳᠠᠪᠴᠠᠩ ᠤᠨ ᠳᠠᠯᠠᠪᠤᠷ ᠤᠨ ᠳᠠᠩᠰᠠᠯᠠᠯᠲᠠ ᠶᠢᠨ ᠴᠢᠳᠠᠮᠵᠢ ᠳᠡᠭᠡᠷ᠎ᠡ ᠳᠠᠩᠰᠠᠯᠠᠭᠤᠯᠬᠤ ᠬᠡᠷᠡᠭᠲᠡᠢ᠃      ᠠᠷᠪᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠡ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠬᠠᠯᠳᠠᠪᠤᠷᠢᠯᠠᠯ ᠢ ᠰᠡᠷᠭᠡᠶᠢᠯᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢᠯᠠᠯ ᠢ ᠬᠤᠷᠢᠭᠯᠠᠬᠤ ᠬᠠᠮᠤᠭ ᠤᠨ ᠬᠢᠮᠳᠠ᠂ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠡᠳᠦᠢ ᠬᠤᠲᠠ ᠶᠢᠨ ᠠᠷᠠᠳ ᠡᠷᠳᠡᠭᠡᠨ ᠮᠠᠨ ᠤ ᠬᠤᠰᠢᠭᠤᠨ ᠤ ᠡᠯ᠎ᠡ ᠲᠠᠷᠢᠯᠭ᠎ᠠ ᠶᠢᠨ ᠴᠡᠭ ᠲᠤ ᠬᠦᠷᠴᠦ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠡᠷᠡᠢ︔ ᠦᠨᠳᠦᠰᠦᠨ ᠡᠭᠡᠯᠢᠯᠡᠭᠡ ᠶᠢᠨ ᠲᠠᠷᠢᠯᠭ᠎ᠠ ᠶᠢ ᠨᠢᠭᠡᠨᠲᠡ ᠬᠤᠶᠠᠷ ᠤᠳᠠᠭ᠎ᠠ ᠬᠢᠵᠦ ᠳᠠᠭᠤᠰᠬᠠᠭᠰᠠᠨ ᠬᠤᠲᠠ ᠶᠢᠨ ᠠᠷᠠᠳ ︵ᠬᠤᠶᠠᠳᠠᠭᠢ ᠲᠠᠷᠢᠯᠭ᠎ᠠ ᠶᠢ ᠲᠠᠷᠢᠭᠠᠳ 6 ᠰᠠᠷ᠎ᠠ ᠠᠴᠠ ᠳᠡᠭᠡᠭᠰᠢ ᠪᠤᠯᠤᠭᠰᠠᠨ︶ ᠴᠠᠭ ᠲᠤᠬᠠᠢ ᠳᠤᠨᠢ ᠡᠭᠡᠯᠢᠯᠡᠭᠡ ᠶᠢ ᠴᠢᠩᠭᠠᠳᠬᠠᠬᠤ ᠲᠠᠷᠢᠯᠭ᠎ᠠ ︵ᠭᠤᠷᠪᠠᠳᠤᠭᠠᠷ ᠤᠳᠠᠭ᠎ᠠ ᠶᠢᠨ ᠲᠠᠷᠢᠯᠭ᠎ᠠ︶ ᠶᠢ ᠲᠠᠷᠢᠨ᠎ᠠ᠃ ᠢᠯᠠᠩᠭᠤᠶ᠎ᠠ ᠬᠤᠰᠢᠭᠤ ᠡᠷᠡᠭᠦᠯ ᠬᠠᠮᠠᠭᠠᠯᠠᠯ ᠤᠨ ᠰᠢᠰᠲ᠋ᠧᠮ᠂ ᠰᠤᠷᠭᠠᠨ ᠬᠥᠮᠦᠵᠢᠯ ᠪᠡᠶ᠎ᠡ ᠲᠠᠮᠢᠷ ᠤᠨ ᠰᠢᠰᠲ᠋ᠧᠮ ᠪᠠ ᠡᠯ᠎ᠡ ᠰᠤᠮᠤ ᠪᠠᠯᠭᠠᠰᠤ ᠵᠣᠬᠢᠶᠠᠨ ᠪᠠᠶᠢᠭᠤᠯᠬᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ 3—11 ᠨᠠᠰᠤᠨ ᠤ ᠬᠡᠤᠭᠡᠳ ᠪᠠ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠭᠤᠣᠯᠳᠠᠯᠭ᠎ᠠ ᠲᠠᠢ ᠬᠥᠮᠥᠰ ᠤᠨ ᠲᠠᠷᠢᠯᠭ᠎ᠠ ᠬᠢᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠰᠢᠨ᠎ᠡ ᠲᠢᠲᠢᠮᠯᠢᠭ ᠸᠢᠷᠦ᠋ᠰ ᠢ ᠡᠰᠡᠷᠭᠦᠴᠡᠬᠦ ᠡᠬᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠪᠠᠶᠢᠭᠤᠯᠬᠤ ᠬᠡᠷᠡᠭᠲᠡᠢ᠃ᠠᠷᠪᠠᠨ ᠨᠢᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠢᠮ ᠲᠣᠭᠲᠠᠭᠠᠯ ᠢ ᠴᠢᠩᠭ᠎ᠠ ᠵᠢᠷᠤᠮᠯᠠᠬᠤ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠶᠢ ᠬᠤᠷᠢᠭᠯᠠᠬᠤ ᠴᠢᠬᠤᠯᠠ ᠠᠷᠭ᠎ᠠ ᠬᠡᠮᠵᠢᠶ᠎ᠡ ᠮᠦᠨ᠂ ᠮᠦᠨ ᠴᠤ ᠥᠷᠭᠡᠨ ᠣᠯᠠᠨ ᠠᠷᠠᠳ ᠢᠷᠭᠡᠳ ᠤᠨ ᠭᠦᠢᠴᠡᠳᠬᠡᠪᠡᠰᠦ ᠵᠣᠬᠢᠬᠤ ᠡᠭᠦᠷᠭᠡ ᠮᠥᠨ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠬᠡᠷᠡᠭᠵᠢᠭᠦᠯᠬᠦ ᠦᠭᠡᠢ᠂ ᠬᠤᠪᠢ ᠬᠥᠮᠥᠨ ᠤ ᠠᠶᠠᠯᠠᠯ ᠤᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠦᠯᠬᠦ ᠦᠭᠡᠢ ᠪᠣᠯ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠰᠢᠢᠳᠪᠦᠷᠢᠯᠡᠨ᠎ᠡ᠃                                             ᠦᠦᠰᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ                       ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                                      2022 ᠣᠨ ᠤ 3 ᠰᠠᠷ᠎ᠠ ᠶᠢᠨ 14 ᠤ ᠡᠳᠤᠷ      ᠵᠢᠵᠢᠭᠦᠷᠯᠡᠬᠦ ᠤᠲᠠᠰᠤ᠄       ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477 — 7582077       ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0477 — 7581820       ᠬᠤᠰᠢᠭᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ᠄ 0477 — 7212784       ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠄ 0477 — 7219676       ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠄ 0477 — 7561153       ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ 0477 — 7582271       ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ᠄ 0477 — 7552161       ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ᠤᠨ ᠨᠠᠷᠢᠠᠭᠤᠤᠯ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ᠄ 0477 — 7560717       ᠭᠠᠯᠠᠭᠤᠲᠤ ᠪᠠᠯᠭᠠᠰᠤ᠄ 0477 — 7583380       ᠰᠢᠷᠬᠤᠰᠤᠨ ᠪᠠᠯᠭᠠᠰᠤ᠄ 0477 — 7560221       ᠦᠦᠰᠢᠨᠵᠤᠤ ᠪᠠᠯᠭᠠᠰᠤ᠄ 0477 — 2247988       ᠲᠤᠭ ᠪᠠᠯᠭᠠᠰᠤ᠄ 0477 — 7510072       ᠰᠦᠯᠳᠡ ᠰᠤᠮᠤ᠄ 0477 — 7520007       ᠤᠯᠠᠭᠠᠨᠲᠣᠯᠣᠭᠠᠶ ᠪᠠᠯᠭᠠᠰᠤ᠄ 0477 — 7552004  
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠷᠳᠤᠨ ᠤ ᠠᠯᠪᠠᠨ ᠭᠡᠷ