2022 ᠣᠨ ᠤ ᠣᠶ ᠰᠢᠭᠤᠢ ᠨᠤᠲᠤᠭ ᠪᠡᠯᠴᠢᠭᠡᠷ ᠤᠨ ᠲᠤᠶᠢᠮᠠᠷ ᠢ ᠴᠢᠩᠭ᠎ᠠ ᠰᠡᠷᠭᠡᠶᠢᠯᠡᠬᠦ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2022/3/25
                                ᠦᠦᠰᠢᠨ ᠵᠠᠰᠠᠭ ᠳᠠᠷᠬᠠᠭᠠᠬᠤ〔2022〕7 ᠳ᠋ᠤᠭᠠᠷ ᠲᠣᠭᠠᠲᠤ                 ᠣᠶ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠡᠵᠡᠮᠳᠡᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠪᠠ ᠤᠯᠤᠰ ᠤᠨ ᠭᠠᠵᠠᠷ ᠰᠢᠷᠤᠢ ᠶᠢᠨ ᠠᠮᠢ ᠠᠬᠤᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠣᠶ ᠰᠢᠭᠤᠢ ᠶᠢᠨ ᠲᠤᠶᠢᠮᠠᠷ ᠢ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ ᠢ ᠦᠨᠳᠦᠰᠦᠯᠡᠨ᠂ ᠤᠨᠴᠠᠭᠠᠶᠢᠯᠠᠨ ᠲᠣᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠨᠡᠶᠢᠲᠡᠯᠡᠪᠡ᠃       ᠨᠢᠭᠡ᠂ ᠪᠥᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠤᠶᠢᠮᠠᠷ ᠢ ᠴᠢᠩᠭ᠎ᠠ ᠰᠡᠷᠭᠡᠶᠢᠯᠡᠬᠦ ᠬᠤᠭᠤᠴᠠᠭ᠎ᠠ ᠪᠠ ᠴᠢᠩᠭ᠎ᠠ ᠰᠡᠷᠭᠡᠶᠢᠯᠡᠬᠦ ᠣᠷᠣᠨ ᠄ 2022 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠡᠯ᠎ᠡ ᠤᠯᠤᠰ ᠤᠨ ᠥᠮᠴᠢᠯᠡᠯᠲᠦ᠂ ᠬᠠᠮᠲᠤ᠂ ᠬᠤᠪᠢ ᠶᠢᠨ ᠨᠤᠲᠤᠭ ᠪᠡᠯᠴᠢᠭᠡᠷ᠂ ᠡᠯᠡᠰᠦ ᠮᠠᠩᠬ᠎ᠠ ᠶᠢᠨ ᠰᠤᠳᠤᠯᠭᠠᠨ ᠤ ᠲᠥᠪ᠂ ᠬᠠᠶᠢᠯᠠᠷ ᠨᠠᠷᠠᠰᠤᠨ ᠮᠣᠳᠤᠨ ᠤ ᠰᠠᠭᠤᠷᠢᠨ ᠭᠠᠵᠠᠷ᠂ ᠣᠶ ᠰᠢᠭᠤᠢ ᠶᠢᠨ ᠦᠢᠯᠡᠰ ᠤᠨ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠤᠨ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠣᠲᠣᠷᠠᠬᠢ ᠣᠶᠢᠲᠤ ᠭᠠᠵᠠᠷ᠂ ᠨᠤᠲᠤᠭ ᠪᠡᠯᠴᠢᠭᠡᠷ ᠵᠢᠴᠢ ᠲᠡᠭᠦᠨ ᠤ ᠬᠥᠪᠡᠭᠡ ᠵᠠᠬ᠎ᠠ ᠶᠢᠨ 10 ᠮᠧᠲᠷ ᠤᠨ ᠬᠡᠪᠴᠢᠶᠡᠨ ᠳᠠᠬᠢ ᠣᠶ ᠶᠢᠨ ᠵᠠᠬ᠎ᠠ ᠶᠢᠨ ᠣᠷᠣᠨ ᠪᠦᠰᠡ ᠶᠢ ᠣᠶ ᠰᠢᠭᠤᠢ ᠨᠤᠲᠤᠭ ᠪᠡᠯᠴᠢᠭᠡᠷ ᠤᠨ ᠲᠤᠶᠢᠮᠠᠷ ᠢ ᠴᠢᠩᠭ᠎ᠠ ᠰᠡᠷᠭᠡᠶᠢᠯᠡᠬᠦ ᠣᠷᠣᠨ ᠢᠶᠠᠷ ᠲᠤᠭᠲᠠᠭᠠᠨ᠎ᠠ᠃      ᠬᠤᠶᠠᠷ᠂ ᠭᠠᠯ ᠲᠤᠶᠢᠮᠠᠷ ᠢ ᠴᠢᠩᠭ᠎ᠠ ᠰᠡᠷᠭᠡᠶᠢᠯᠡᠬᠦ ᠬᠤᠭᠤᠴᠠᠭᠠᠨ ᠳᠤ ᠳᠣᠣᠷᠠᠬᠢ ᠲᠣᠭᠲᠠᠭᠠᠯ ᠤᠳ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠠᠢ᠄       ︵ᠨᠢᠭᠡ︶ ᠳᠡᠭᠡᠷ᠎ᠡ ᠳᠤᠷᠠᠳᠤᠭᠰᠠᠨ ᠣᠷᠣᠨ ᠤ ᠳᠣᠲᠣᠷ᠎ᠠ ᠬᠡᠭᠦᠷ ᠣᠩᠭᠤᠨ ᠳᠤ ᠲᠦᠯᠡᠰᠢ ᠦᠭᠴᠤ ᠲᠤᠶ᠋ᠢᠩ ᠰᠢᠲᠠᠭᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠬᠠᠭᠤᠷᠠᠢ ᠡᠪᠡᠰᠦ ᠡᠰᠢ ᠰᠦᠷᠡᠯ ᠢ ᠰᠢᠲᠠᠭᠠᠬᠤ᠂ ᠰᠢᠷᠠᠮᠠᠯ ᠬᠢᠬᠦ ᠵᠡᠷᠭᠡ ᠥᠢᠯᠡ ᠠᠵᠢᠯᠯᠠᠭ᠎ᠠ ᠶᠢ ᠴᠢᠩᠭ᠎ᠠ ᠬᠤᠷᠢᠭᠯᠠᠬᠤ ᠬᠡᠷᠡᠭᠲᠠᠢ᠃      ︵ᠬᠤᠶᠠᠷ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷ᠎ᠠ ᠦᠢᠯᠡᠳᠪᠦᠷᠢᠯᠡᠯ ᠪᠠ ᠠᠮᠢᠳᠤᠷᠠᠯ ᠤᠨ ᠪᠠᠶᠢᠳᠠᠯ ᠠᠴᠠ ᠪᠤᠯᠵᠤ ᠡᠷᠬᠡᠪᠰᠢ ᠭᠠᠯ ᠬᠡᠷᠡᠭᠯᠡᠬᠦ ᠴᠢᠬᠤᠯᠠᠲᠠᠢ ᠪᠠᠶᠢᠭᠤᠯᠭ᠎ᠠ ᠨᠢᠭᠡᠴᠢ ᠪᠠ ᠰᠠᠭᠤᠭᠠᠯᠢ ᠠᠷᠠᠳ ᠲᠤᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠠᠢ᠃ ᠦᠨᠡᠨᠬᠦ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠᠲᠠᠢ ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠲᠤᠬᠠᠢ ᠶᠢᠨ ᠭᠠᠵᠠᠷ ᠤᠨ ᠣᠶ ᠰᠢᠭᠤᠢ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠭᠠᠯ ᠬᠡᠷᠡᠭᠯᠡᠵᠦ ᠪᠣᠯᠣᠨ᠎ᠠ᠃ ᠳᠥᠷᠪᠡᠳᠦᠭᠡᠷ ᠳᠡᠰ ᠠᠴᠠ ᠳᠡᠭᠡᠭᠰᠢᠬᠢ ᠳᠡᠰ ᠤᠨ ᠰᠠᠯᠬᠢᠨ ᠲᠠᠢ ᠴᠠᠭ ᠠᠭᠤᠷ ᠤᠨ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠶᠠᠮᠠᠷᠪᠠ ᠭᠠᠯ ᠬᠡᠷᠡᠭᠯᠡᠬᠦ ᠦᠢᠯᠡ ᠠᠵᠢᠯᠯᠠᠭ᠎ᠠ ᠬᠢᠬᠦ ᠶᠢ ᠴᠢᠩᠭ᠎ᠠ ᠬᠤᠷᠢᠭᠯᠠᠬᠤ ᠬᠡᠷᠡᠭᠲᠠᠢ᠃       ︵ᠭᠤᠷᠪᠠ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷᠠᠬᠢ ᠡᠯ᠎ᠡ ᠦᠢᠯᠡᠳᠪᠦᠷᠢᠯᠡᠯ ᠤᠨ ᠠᠵᠢᠯᠯᠠᠬᠤ ᠴᠡᠭ᠂ ᠵᠢᠭᠤᠯᠴᠢᠯᠠᠯ ᠤᠨ ᠦᠵᠡᠮᠵᠢ ᠶᠢᠨ ᠣᠷᠣᠨ ︵ᠦᠵᠡᠮᠵᠢ ᠶᠢᠨ ᠴᠡᠭ︶ ᠵᠢᠴᠢ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠨᠡᠭᠦᠷᠡᠰᠦ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠡᠷᠬᠡᠪᠰᠢ ᠤᠢ ᠰᠢᠭᠤᠢ ᠨᠤᠲᠤᠭ ᠪᠡᠯᠴᠢᠭᠡᠷ ᠤᠨ ᠲᠤᠶᠢᠮᠠᠷ ᠤᠨ ᠭᠠᠮᠰᠢᠭ ᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ ᠭᠠᠯ ᠤᠨᠲᠠᠷᠠᠭᠠᠬᠤ ᠮᠠᠰᠢᠨ ᠪᠠᠭᠠᠵᠢ ᠶᠢ ᠭᠦᠢᠴᠡᠳ ᠲᠣᠬᠢᠷᠠᠭᠤᠯᠤᠨ ᠪᠣᠯᠪᠠᠰᠤᠷᠠᠯ ᠭᠥᠷᠳᠡᠭᠰᠡᠨ ᠭᠠᠯ ᠤᠨᠲᠠᠷᠠᠭᠠᠬᠤ ᠠᠩᠭᠢ ᠶᠢᠨ ᠭᠡᠰᠢᠭᠦᠨ ᠢ ᠲᠣᠬᠢᠷᠠᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠣᠢ ᠰᠢᠭᠤᠢ ᠬᠠᠮᠠᠭᠠᠯᠠᠭᠴᠢ᠂ ᠰᠦᠢᠳᠬᠡᠯ ᠬᠤᠷᠢᠶᠠᠬᠤ ᠥᠷᠲᠡᠭᠡ᠂ ᠵᠠᠰᠠᠮᠠᠯ ᠵᠠᠮ ᠤᠨ ᠬᠠᠮᠢᠶᠠᠷᠤᠯᠳᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠡᠨᠧᠷᠭᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠣᠢ ᠰᠢᠭᠤᠢ ᠨᠤᠲᠤᠭ ᠪᠡᠯᠴᠢᠭᠡᠷ᠂ ᠲᠤᠳᠤᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠠᠰᠠᠮᠠᠯ ᠵᠠᠮ ᠤᠨ ᠬᠤᠶᠠᠷ ᠬᠠᠵᠠᠭᠤ ᠪᠠᠷ ᠬᠤᠷᠠᠮᠳᠤᠭᠰᠠᠨ ᠨᠡᠭᠦᠷᠡᠰᠦᠨ ᠰᠢᠭᠠᠷᠤ᠂ ᠬᠠᠭᠤᠷᠠᠢ ᠡᠪᠡᠰᠦ ᠵᠡᠷᠭᠡ ᠰᠢᠲᠠᠮᠠᠬᠠᠢ ᠪᠣᠳᠠᠰ ᠢ ᠲᠤᠶᠢᠯᠪᠤᠷᠢᠲᠠᠢ ᠠᠷᠢᠯᠭᠠᠵᠤ ᠠᠮᠢ ᠠᠬᠤᠢ ᠣᠷᠴᠢᠨ ᠲᠣᠭᠤᠷᠢᠨ᠂ ᠮᠠᠯ ᠲᠠᠷᠢᠶᠠᠯᠠᠩ ᠠᠵᠤ ᠠᠬᠤᠢ ᠵᠡᠷᠭᠡ ᠰᠠᠯᠠᠭ᠎ᠠ ᠮᠥᠴᠢᠷ ᠴᠤᠷᠮᠠᠳᠠᠬᠤ᠂ ᠡᠰᠢ ᠰᠦᠷᠡᠯ ᠰᠢᠲᠠᠭᠠᠬᠤ᠂ ᠲᠠᠷᠢᠶᠠᠨ ᠭᠠᠵᠠᠷ ︵ᠲᠠᠯᠠᠩ︶ ᠰᠢᠲᠠᠭᠠᠬᠤ᠂ ᠰᠢᠲᠠᠭᠠᠵᠤ ᠦᠨᠡᠰᠦ ᠪᠣᠯᠭᠠᠨ ᠪᠣᠷᠳᠣᠭᠤᠷ ᠴᠤᠭᠯᠠᠭᠤᠯᠬᠤ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠠᠢ᠃       ︵ᠳᠥᠷᠪᠡ︶ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠣᠢ ᠰᠢᠭᠤᠢ ᠶᠢᠨ ᠣᠷᠣᠨ᠂ ᠨᠤᠲᠤᠭ ᠪᠡᠯᠴᠢᠭᠡᠷ ᠤᠨ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠨᠡᠶᠢᠲᠡ ᠶᠢᠨ ᠪᠤᠩᠬᠤᠨ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠳᠤ ᠨᠡᠪᠲᠡᠷᠡᠬᠦ ᠵᠠᠮ ᠤᠨ ᠠᠭᠤᠯᠵᠠᠷ ᠲᠤ ᠲᠥᠷ ᠴᠠᠭ ᠤᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠳᠡᠭᠡ ᠪᠠᠶᠢᠭᠤᠯᠵᠤ ᠣᠷᠣᠴᠠ ᠳᠤ ︽ᠭᠠᠯ ᠰᠡᠷᠭᠡᠶᠢᠯᠡᠬᠦ ᠺᠤᠳ᠋︾ ᠸᠢᠴᠠᠲ ᠤᠨ ᠪᠢᠴᠢᠯ ᠰᠤᠪᠠᠭ ᠲᠣᠬᠢᠷᠠᠭᠤᠯᠵᠤ ᠭᠠᠯ ᠲᠤᠶᠢᠮᠡᠷ ᠢ ᠴᠢᠩᠭ᠎ᠠ ᠰᠡᠷᠭᠡᠶᠢᠯᠡᠬᠦ ᠣᠷᠣᠨ ᠤ ᠳᠣᠲᠣᠷᠠᠬᠢ ᠲᠡᠷᠭᠡ ᠬᠥᠰᠬᠡ᠂ ᠮᠠᠰᠢᠨ ᠮᠧᠬᠠᠨᠢᠭ ᠲᠤ ᠭᠠᠯ ᠰᠡᠷᠭᠡᠶᠢᠯᠡᠬᠦ ᠠᠶᠤᠯᠬᠦᠢ ᠶᠢᠨ ᠪᠠᠶᠢᠴᠠᠭᠠᠯᠲᠠ ᠬᠢᠬᠦ ᠵᠡᠷᠭᠡ ᠴᠢᠬᠤᠯᠠ ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ ᠨᠠᠰᠢ ᠴᠠᠰᠢ ᠵᠣᠷᠴᠢᠬᠤ ᠠᠶᠠᠨᠴᠢᠳ ᠤᠨ ᠮᠠᠰᠢᠨ ᠲᠡᠷᠭᠡ᠂ ᠵᠢᠯᠣᠭᠤᠴᠢ ᠠᠵᠢᠯᠲᠠᠨ ᠳᠤ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ ᠲᠠᠮᠠᠬᠢᠨ ᠶᠤᠵᠤᠭᠤᠷ ᠵᠡᠷᠭᠡ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠡᠭᠦᠰᠬᠡᠵᠦ ᠮᠡᠳᠡᠬᠦ ᠭᠠᠯ ᠤᠨ ᠡᠬᠦᠰᠪᠤᠷᠢ ᠶᠢ ᠭᠠᠳᠠᠭᠰᠢ ᠬᠠᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃      ︵ᠲᠠᠪᠤ︶ ᠭᠠᠯ ᠤᠨᠲᠠᠷᠠᠭᠠᠬᠤ ᠡᠯ᠎ᠡ ᠲᠥᠷᠥᠯ ᠤᠨ ᠡᠩᠨᠡᠭᠡ ᠴᠠᠭ ᠢᠮᠠᠭᠲᠠ ᠲᠠᠶᠢᠨ ᠳᠤ ᠤᠷᠤᠯᠴᠠᠬᠤ ᠪᠡᠯᠡᠳᠬᠡᠯ ᠲᠠᠢ ᠪᠠᠶᠢᠵᠦ ᠭᠠᠯ ᠤᠨ ᠠᠶᠤᠯ ᠤᠨ ᠪᠠᠶᠢᠳᠠᠯ ᠢ ᠣᠯᠵᠤ ᠮᠡᠳᠡᠪᠡᠯ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ ︽ᠡᠷᠳᠡ ᠴᠤᠬᠢᠬᠤ᠂ ᠪᠠᠭ᠎ᠠ ᠳᠡᠭᠡᠷ᠎ᠡ ᠨᠢ ᠴᠤᠬᠢᠬᠤ᠂ ᠪᠦᠬᠦᠨ ᠢ ᠴᠤᠬᠢᠬᠤ︾ ᠶᠢ ᠪᠡᠶᠡᠯᠡᠬᠦᠯᠣᠨ ᠬᠥᠮᠥᠨ ᠦᠬᠦᠵᠦ ᠰᠢᠷᠬᠠᠲᠤᠬᠤ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃      ︵ᠵᠢᠷᠭᠤᠭ᠎ᠠ︶ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠣᠷᠣᠨ ᠳᠤ ᠪᠠᠶᠢᠴᠠᠭᠠᠯᠳᠠ ᠶᠢᠨ ᠴᠡᠭ ᠲᠤᠬᠢᠷᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ ᠤᠷᠤᠴᠠ ᠭᠠᠷᠴᠠ ᠳᠤ ᠪᠠᠶᠢᠴᠠᠭᠠᠬᠤ ᠥᠷᠲᠡᠭᠡ ᠴᠡᠭ ᠪᠠ ᠭᠠᠯ ᠰᠡᠷᠭᠡᠶᠢᠯᠡᠬᠦ ᠰᠡᠷᠡᠮᠵᠢ ᠶᠢᠨ ᠫᠠᠶᠢᠰᠠ ᠲᠤᠬᠢᠷᠠᠭᠤᠯᠤᠨ ᠭᠠᠯ ᠤᠨ ᠢᠷᠡᠯᠲᠡ ᠭᠠᠯ ᠤᠨ ᠡᠭᠦᠰᠪᠤᠷᠢ᠂ ᠨᠣᠴᠣᠮᠠᠲᠠᠭᠠᠢ ᠳᠡᠯᠪᠡᠷᠡᠮᠡᠲᠡᠭᠡᠢ ᠡᠳ᠋ ᠪᠣᠳᠠᠰ ᠵᠡᠷᠭᠡ ᠶᠢ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠣᠷᠣᠨ ᠳᠤ ᠣᠷᠣᠭᠤᠯᠬᠤ ᠶᠢ ᠴᠠᠭᠠᠵᠠᠯᠠᠨ ᠣᠷᠣᠵᠤ ᠭᠠᠷᠬᠤ ᠲᠡᠷᠭᠡ ᠬᠥᠰᠬᠡ ᠪᠠ ᠬᠥᠮᠥᠰ ᠲᠣᠭᠲᠠᠭᠠᠯ ᠶᠣᠰᠣᠭᠠᠷ ᠦᠨᠡᠨ ᠨᠡᠷ᠎ᠡ ᠪᠠᠨ ᠳᠡᠩᠰᠡᠯᠡᠨ ᠲᠡᠮᠳᠡᠭᠯᠡᠵᠦ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠦᠯᠢᠶᠡᠨ ᠭᠠᠯ ᠰᠡᠷᠭᠡᠶᠢᠯᠡᠬᠦ ᠲᠣᠭᠲᠠᠭᠠᠯ ᠢ ᠵᠢᠷᠤᠮᠯᠠᠬᠤ ᠬᠡᠷᠡᠭᠲᠡᠢ᠃ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠪᠠᠶᠢᠴᠠᠭᠠᠯᠲᠠ ᠶᠢ ᠬᠠᠷᠰᠢᠯᠠᠬᠤ ᠪᠠ ᠲᠡᠪᠴᠢᠵᠦ ᠪᠣᠯᠬᠤ ᠦᠭᠡᠢ᠃       ᠭᠤᠷᠪᠠ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ᠂ ᠬᠠᠰᠢ ᠶᠠᠰᠢ ᠬᠠᠨᠳᠤᠭᠰᠠᠨ ᠠᠴᠠ ᠪᠣᠯᠵᠤ ᠤᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠡᠷ ᠤᠨ ᠭᠠᠮᠰᠢᠭ᠂ ᠭᠠᠯ ᠤᠨ ᠲᠤᠬᠢᠶ᠎ᠠ ᠶᠢ ᠡᠭᠦᠰᠬᠡᠭᠰᠡᠨ ᠪᠤᠶᠤ ᠭᠠᠯ ᠲᠤᠶᠢᠮᠡᠷ ᠤᠨ ᠭᠠᠮᠰᠢᠭ ᠤᠨ ᠲᠠᠯᠳᠠ ᠭᠡᠮ ᠭᠠᠷᠭᠠᠭᠰᠠᠨ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠢ ᠬᠠᠤᠯᠢ ᠶᠣᠰᠣᠭᠠᠷ ᠴᠢᠩᠭ᠎ᠠ ᠰᠢᠳᠬᠡᠬᠦ ᠬᠡᠷᠡᠭᠲᠡᠢ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠣᠶ ᠰᠢᠭᠤᠢ ᠶᠢᠨ ᠲᠦᠢᠮᠡᠷ ᠢ ᠴᠢᠩᠭ᠎ᠠ ᠰᠡᠷᠭᠡᠶᠢᠯᠡᠬᠦ ᠣᠷᠣᠨ ᠳᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠭᠠᠷᠪᠠᠯ ᠲᠣᠰ ᠣᠷᠣᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠬᠠᠮᠢᠶ᠎ᠠ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ ᠢ ᠦᠨᠳᠦᠰᠦᠯᠡᠨ ᠰᠢᠳᠬᠡᠯ ᠥᠭᠬᠦ ᠶᠢᠨ ᠬᠠᠮᠲᠤ ᠢᠯᠡ ᠪᠠᠷ ᠨᠡᠶᠢᠲᠡᠯᠡᠵᠦ ᠢᠯᠡᠴᠢᠯᠡᠬᠦ ᠬᠡᠷᠡᠭᠲᠡᠢ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠥᠷᠪᠡ᠂ ᠭᠠᠯ ᠲᠦᠢᠮᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ ᠣᠶ ᠰᠢᠭᠤᠢ ᠶᠢᠨ ᠬᠠᠮᠠᠭᠠᠯᠠᠭᠴᠢ᠂ ᠡᠪᠡᠰᠦ ᠪᠡᠯᠴᠢᠭᠡᠷ ᠤᠨ ᠬᠠᠮᠢᠶᠠᠷᠤᠭᠴᠢ ᠪᠠ ᠲᠣᠥᠷᠵᠢᠭᠤᠯᠤᠭᠰᠠᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠪᠠ ᠬᠠᠷᠢᠭᠤᠴᠠᠯᠭᠠᠲᠤ ᠪᠠᠶᠢᠭᠤᠯᠭ᠎ᠠ ᠨᠢᠭᠡᠴᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠬᠤ ᠳᠦᠷᠢᠮ ᠢ ᠬᠡᠷᠡᠭᠵᠢᠭᠦᠯᠵᠦ ᠡᠯ᠎ᠡ ᠲᠥᠷᠥᠯ ᠤᠨ ᠭᠠᠯ ᠤᠨᠲᠠᠷᠠᠭᠠᠬᠤ ᠡᠩᠨᠡᠭᠡ ᠨᠦᠭᠦᠳ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃      ᠲᠠᠪᠤ᠂ ᠶᠠᠮᠠᠷᠪᠠ ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠲᠤᠬᠠᠢ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠳᠤ ᠳᠠᠷᠤᠶᠢᠬᠠᠨ ᠮᠡᠳᠡᠭᠦᠯᠵᠦ᠂ ᠶᠠᠮᠠᠷᠪᠠ ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠨᠥᠬᠦᠴᠡᠯ ᠦᠭᠡᠢ ᠪᠠᠷ ᠲᠦᠭᠰᠢᠭᠦᠷᠢ ᠮᠡᠳᠡᠭᠦᠯᠬᠦ ᠳᠤ ᠲᠥᠬᠦᠮ ᠦᠵᠡᠭᠦᠯᠵᠦ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ ᠪᠠ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠨ᠎ᠠ᠃ ᠭᠠᠯ ᠲᠦᠢᠮᠡᠷ ᠤᠨ ᠠᠶᠤᠯ ᠢ ᠮᠡᠳᠡᠭᠦᠯᠬᠦ ᠤᠲᠠᠰᠤ᠄ 12119᠃       ᠵᠢᠷᠭᠤᠭ᠎ᠠ᠂ ᠪᠤᠰᠤᠳ ᠭᠤᠣᠯᠳᠠᠯᠭ᠎ᠠ ᠲᠠᠢ ᠭᠠᠵᠠᠷ ᠲᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠤᠯᠲᠠ ᠶᠠᠪᠤᠭᠤᠯᠬᠤ ᠪᠤᠶᠤ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠠᠴᠠ ᠪᠣᠳᠠᠲᠠᠢ ᠪᠠᠶᠢᠳᠠᠯ ᠢᠶᠠᠨ ᠦᠨᠳᠦᠰᠦᠯᠡᠨ ᠠᠰ ᠲᠤᠨᠢ ᠨᠡᠶᠢᠲᠡᠯᠡᠨ᠎ᠡ᠃                                         ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                              2022 ᠣᠨ ᠤ 2 ᠰᠠᠷ᠎ᠠ ᠶᠢᠨ 28 ᠤ ᠡᠳᠤᠷ 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ