ᠦᠦᠰᠢᠨ ᠵᠠᠰᠠᠭ ᠠᠯᠪᠠᠨ ᠳᠠᠷᠬᠠᠭᠠᠬᠤ〔2022〕8 ᠳ᠋ᠣᠭᠠᠷ ᠲᠣᠭᠠᠲᠤ | | | ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠠᠵᠢᠯ ᠤᠨ ᠬᠡᠷᠡᠭᠴᠡᠭᠡ ᠠᠴᠠ ᠪᠣᠯᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ | ᠰᠤᠳᠤᠯᠬᠤ ᠪᠠᠷ ᠳᠡᠮᠵᠢᠭᠠᠳ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠵᠠᠷᠢᠮ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ | ᠲᠣᠬᠢᠷᠠᠭᠤᠯᠬᠤ ᠪᠠᠷ ᠲᠤᠭᠲᠠᠪᠠ᠃ | ᠴᠢᠶᠣᠤ ᠵᠢᠶᠠᠨ ᠵᠢᠶᠠᠩ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠤᠤᠯ ᠤᠨ ᠠᠵᠢᠯ ᠤᠨ ᠬᠤᠪᠢᠶᠠᠷᠢᠯᠠᠯ ᠤᠨ ᠰᠠᠭᠤᠷᠢᠨ ᠳᠡᠭᠡᠷ᠎ᠡ ᠬᠤᠰᠢᠭᠤ ᠳᠠᠷᠤᠭ᠎ᠠ ᠶᠢ ᠬᠠᠮᠵᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠂ | ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠶᠣᠯ ᠵᠢᠭᠤᠯᠴᠢᠯᠠᠯ ᠤᠨ ᠠᠵᠢᠯ ᠢ ᠬᠠᠷᠢᠭᠤᠴᠠᠵᠤ᠂ ᠬᠤᠰᠢᠭᠤ ᠰᠣᠶᠣᠯ | ᠪᠠ ᠵᠢᠭᠤᠯᠴᠢᠯᠠᠯ ᠤᠨ ᠲᠣᠪᠴᠢᠶ᠎ᠠ ︵ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠣᠶᠣᠯ | ᠵᠢᠭᠤᠯᠴᠢᠯᠠᠯ ᠤᠨ ᠦᠢᠯᠡᠰ ᠤᠨ ᠬᠥᠭᠵᠢᠬᠦᠯᠦᠯᠲᠡ ᠶᠢᠨ ᠲᠥᠪ᠂ ᠤᠯᠠᠭᠠᠨᠮᠥ᠋ᠴᠢᠷ︶᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︵ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠲᠣᠮᠣ ᠳ᠋ᠠᠶᠢᠲ᠋ᠠ ᠶᠢᠨ ᠲᠥᠪ︶᠂ ᠰᠢᠷᠬᠤᠰᠣ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠬᠠᠮᠢᠶᠠᠷᠤᠯᠲᠠ ᠶᠢᠨ | ᠲᠣᠪᠴᠢᠶ᠎ᠠ ᠶᠢ ᠪᠣᠳᠠᠲᠠᠢ ᠬᠤᠪᠢᠶᠠᠷᠢᠯᠠᠨ ᠬᠠᠮᠢᠶᠠᠷᠤᠨ᠎ᠠ᠃ | ᠬᠠᠷᠢᠯᠴᠠᠬᠤ ᠨᠢ᠄ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠶᠢᠨ ᠦᠦᠰᠢᠨ ᠳᠠᠬᠢ 854 ᠰᠠᠴᠤᠷᠠᠭᠤᠯᠬᠤ ᠦᠷᠳᠡᠭᠡ᠃ | ᠠᠯᠲᠠᠨᠴᠢᠯᠠᠭᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠤᠤᠯ ᠤᠨ ᠠᠵᠢᠯ ᠤᠨ ᠬᠤᠪᠢᠶᠠᠷᠢᠯᠠᠯ ᠤᠨ ᠰᠠᠭᠤᠷᠢᠨ ᠳᠡᠭᠡᠷ᠎ᠡ ᠬᠤᠰᠢᠭᠤ ᠳᠠᠷᠤᠭ᠎ᠠ ᠶᠢ ᠬᠠᠮᠵᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠬᠤᠰᠢᠭᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ | ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶ ᠶᠢ ᠪᠣᠳᠠᠲᠠᠢ ᠬᠤᠪᠢᠶᠠᠷᠢᠯᠠᠨ ᠬᠠᠮᠢᠶᠠᠷᠤᠨ᠎ᠠ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2022 ᠣᠨ ᠤ 2 ᠰᠠᠷ᠎ᠠ ᠶᠢᠨ 20 ᠤ ᠡᠳᠣᠷ | |