︽ᠦᠦᠰᠢᠨ ᠬᠤᠰᠢᠭᠤᠨ ᠤ 2022 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/3/28
                                                         ᠦᠦᠰᠢᠨ ᠵᠠᠰᠠᠭ ᠠᠯᠪᠠᠨ ᠳᠠᠷᠬᠠᠭᠠᠬᠤ ﹇2022﹈ 20 ᠳ᠋ᠤᠭᠠᠷ ᠲᠣᠭᠠᠲᠤᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄       ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠦᠦᠰᠢᠨ ᠬᠤᠰᠢᠭᠤᠨ ᠤ 2022 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠲᠥᠰᠥᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠭᠠᠷᠠᠢ᠃                          ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                  2022 ᠣᠨ ᠤ 3 ᠰᠠᠷ᠎ᠠ ᠶᠢᠨ 15 ᠤ ᠡᠳᠦᠷ  ᠦᠦᠰᠢᠨ ᠬᠤᠰᠢᠭᠤᠨ ᠤ 2022 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠲᠥᠰᠥᠯ       ᠪᠥᠬᠦ ᠠᠷᠠᠳ ᠤᠨ ᠨᠣᠭᠤᠭᠠᠷᠠᠭᠤᠯᠤᠯᠲᠠ ᠶᠢ ᠬᠠᠶᠢᠷᠠᠯᠠᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ ᠪᠦᠲᠦᠭᠡᠨ ᠪᠠᠶᠢᠭᠤᠯᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠨ ᠬᠠᠪᠤᠷ ᠤᠨ ᠤᠯᠠᠷᠢᠯ ᠤᠨ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠲᠦᠷᠭᠡᠨ ᠥᠷᠨᠢᠭᠦᠯᠵᠦ ᠮᠠᠨ ᠤ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠤᠯᠠᠮ ᠢᠶᠠᠷ ᠪᠥᠬᠦ ᠬᠤᠰᠢᠭᠤᠨ ᠤ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢ ᠠᠬᠢᠭᠤᠯᠬᠤ ᠶᠢᠨ ᠲᠦᠯᠦᠭᠡ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃       ᠨᠢᠭᠡ᠂ ᠵᠢᠯᠤᠭᠤᠳᠬᠤ ᠦᠵᠡᠯ ᠰᠠᠨᠠᠭ᠎ᠠ       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠠᠷ ᠬᠠᠷᠠᠯᠲᠠ ᠪᠣᠯᠭᠠᠨ ᠣᠶ ᠰᠢᠭᠤᠢ ᠶᠢᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠪᠠᠷ ᠭᠤᠣᠯ ᠰᠢᠵᠢᠮ ᠪᠣᠯᠭᠠᠵᠤ ︽ᠵᠠᠰᠠᠭ ᠤᠨ ᠣᠷᠳᠣᠨ ᠢᠶᠠᠷ ᠤᠳᠤᠷᠢᠳᠤᠭᠤᠯᠵᠤ᠂ ᠪᠥᠬᠦ ᠠᠷᠠᠳ ᠢᠶᠠᠷ ᠢᠶᠠᠨ ᠣᠷᠤᠯᠴᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠨᠣᠭᠤᠭᠠᠷᠠᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠤᠨ᠂ ᠦᠷ᠎ᠡ ᠪᠦᠲᠦᠭᠡᠯ ᠢ ᠪᠠᠬᠢᠵᠢᠭᠦᠯᠬᠦ︾ ᠵᠠᠷᠴᠢᠮ ᠶᠣᠰᠣᠭᠠᠷ᠂ ᠣᠶ ᠰᠢᠭᠤᠢ ᠶᠢᠨ ᠠᠮᠢ ᠠᠬᠤᠢ᠂ ᠠᠵᠤ ᠠᠬᠤᠢ᠂ ᠨᠡᠶᠢᠭᠡᠮ ᠤᠨ ᠭᠤᠷᠪᠠᠨ ᠶᠡᠭᠡ ᠦᠷ᠎ᠡ ᠠᠰᠢᠭ ᠢ ᠨᠢᠭᠡᠳᠦᠯᠲᠡᠢ ᠲᠥᠯᠥᠪᠯᠡᠨ ᠨᠡᠭᠦᠷᠡᠰᠦᠲᠥ᠋ᠷᠥᠭᠴᠢ ᠶᠢ ᠰᠢᠩᠭᠡᠭᠡᠬᠦ ᠨᠡᠮᠡᠭᠳᠡᠯ ᠢ ᠳᠡᠭᠡᠭᠰᠢᠯᠡᠬᠦᠯᠵᠤ ᠬᠤᠲᠠ ᠬᠥᠳᠡᠭᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠤᠨ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠠ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃       ᠬᠤᠶᠠᠷ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ       ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠵᠣᠬᠢᠶᠠᠨ ᠪᠠᠶᠢᠭᠤᠯᠵᠤ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠮᠡᠷᠭᠡᠵᠢᠯ ᠤᠨ ᠵᠢᠯᠣᠭᠤᠳᠤᠯᠭ᠎ᠠ ᠶᠢ ᠪᠣᠳᠠᠲᠠᠢ ᠬᠠᠷᠢᠭᠤᠴᠠᠨ ᠬᠠᠷᠢᠶᠠᠲᠤ ᠣᠷᠣᠨ ᠠᠴᠠ ᠬᠠᠮᠢᠶᠠᠷᠬᠤ ᠪᠠ ᠬᠡᠰᠡᠭ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠬᠠᠪᠤᠷ ᠤᠨ ᠤᠯᠠᠷᠢᠯ ᠤᠨ ᠮᠣᠳᠣ ᠳᠠᠷᠢᠵᠤ ᠣᠶᠢᠵᠢᠭᠤᠯᠬᠤ ᠡᠭᠦᠷᠭᠡ ᠪᠠᠨ ᠨᠠᠷᠢᠨ ᠬᠢᠨᠠᠮᠠᠭᠠᠢ ᠪᠡᠶᠡᠯᠡᠭᠦᠯᠤᠨ᠎ᠡ᠃       ᠭᠤᠷᠪᠠ᠂ ᠠᠵᠢᠯᠯᠠᠭᠠᠨ ᠤ ᠴᠠᠭ ᠬᠤᠭᠤᠴᠠᠭ᠎ᠠ       ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠬᠤ ᠴᠠᠭ ᠨᠢ 2022 ᠣᠨ ᠤ 4 ᠰᠠᠷ᠎ᠠ ᠶᠢᠨ 7 ᠤ ᠡᠳᠦᠷ ︱ 4 ᠰᠠᠷ᠎ᠠ ᠶᠢᠨ 15 ᠤ ᠡᠳᠦᠷ᠃       ᠳᠥᠷᠪᠡ᠂ ᠠᠵᠢᠯ ᠤᠨ ᠡᠭᠦᠷᠭᠡ       ︵ᠨᠢᠭᠡ︶ ᠰᠢᠶᠠᠨ ᠤ ᠳᠡᠰ ᠤᠨ ᠤᠳᠤᠷᠢᠳᠤᠯᠭ᠎ᠠ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠃ ᠰᠢᠶᠠᠨ ᠤ ᠲᠠᠰ ᠤᠨ ᠤᠳᠤᠷᠢᠳᠤᠯᠭ᠎ᠠ ᠪᠣᠯᠣᠨ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠶᠢᠨ ᠺᠠᠳ᠋ᠷᠴᠤᠳ ᠰᠦᠯᠳᠡ ᠰᠤᠮᠤᠨ ᠤ ᠲᠤᠭᠤᠷᠢᠮ ᠭᠠᠴᠠᠭ᠎ᠠ ᠳᠤ ᠲᠥᠪᠯᠡᠷᠡᠬᠦᠯᠦᠨ ᠠᠯᠪᠠᠨ ᠵᠢᠷᠤᠮ ᠤᠨ ᠮᠣᠳᠣ ᠳᠠᠷᠢᠨ᠎ᠠ᠂ ᠰᠤᠶᠤᠭ᠎ᠠ ᠮᠣᠳᠣ ᠶᠢ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠨᠢᠭᠡᠳᠦᠯᠲᠡᠢ ᠬᠠᠩᠭᠠᠵᠤ ᠲᠤᠷᠯᠤᠭ᠂ ᠪᠤᠷᠭᠠᠰᠤ ᠵᠡᠷᠭᠡ ᠨᠤᠲᠤᠭ ᠤᠨ ᠰᠤᠶᠤᠭ᠎ᠠ ᠮᠣᠳᠣ ᠪᠠᠷ ᠭᠤᠣᠯ ᠪᠣᠯᠭᠠᠨ᠎ᠠ᠃ ᠲᠥᠪᠯᠡᠷᠡᠬᠦᠯᠦᠨ ᠠᠯᠪᠠᠨ ᠵᠢᠷᠤᠮ ᠤᠨ ᠮᠣᠳᠣ ᠳᠠᠷᠢᠬᠰᠠᠨ ᠤ ᠳᠠᠷᠠᠭ᠎ᠠ ᠬᠤᠰᠢᠭᠤ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠨᠢ ︽3+1︾ ᠬᠠᠷᠢᠯᠴᠠᠨ ᠬᠠᠪᠰᠤᠷᠤᠯᠴᠠᠵᠤ ᠬᠠᠪᠰᠤᠷᠤᠨ ᠲᠡᠳᠬᠦᠬᠦ ᠭᠠᠴᠠᠭ᠎ᠠ ᠲᠣᠰᠬᠤᠨ ᠳᠤ ᠬᠦᠷᠴᠦ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ ᠪᠡᠶᠡᠯᠡᠭᠦᠯᠦᠨ᠎ᠡ᠃       ︵ᠬᠤᠶᠠᠷ︶ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠵᠢᠴᠢ ᠰᠠᠭᠤᠭ᠎ᠠ ᠭᠠᠵᠠᠷ ᠤᠨ ᠠᠵᠤ ᠠᠬᠤᠶᠢᠯᠠᠯ᠃  ᠣᠶᠢᠵᠢᠭᠤᠯᠬᠤ ᠳᠤ ᠲᠣᠬᠢᠷᠠᠮᠵᠢᠲᠠᠢ ᠭᠠᠵᠠᠷ ᠤᠷᠤᠨ ᠢᠶᠠᠨ ᠦᠪᠡᠷᠳᠡᠭᠡᠨ ᠵᠤᠬᠢᠴᠠᠭᠤᠯᠵᠤ ᠲᠥᠪᠯᠡᠷᠡᠬᠦᠯᠦᠨ ᠠᠯᠪᠠᠨ ᠵᠢᠷᠤᠮ ᠤᠨ ᠮᠣᠳᠣ ᠳᠠᠷᠢᠵᠤ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠤᠮᠤ ᠪᠠᠯᠭᠠᠰᠤ ᠲᠣᠰ ᠲᠣᠰ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ 200 ᠮᠦ ᠠᠴᠠ ᠳᠡᠭᠡᠭᠰᠢ ᠪᠡᠶᠡᠯᠡᠭᠦᠯᠤᠨ ᠡᠯ᠎ᠡ ᠭᠠᠴᠠᠭ᠎ᠠ ᠲᠣᠰᠬᠤᠨ ᠪᠠ ︽3 + 1︾ ᠬᠠᠷᠢᠯᠴᠠᠨ ᠬᠠᠪᠰᠤᠷᠤᠯᠴᠠᠬᠤ ᠪᠠᠶᠢᠭᠤᠯᠭ᠎ᠠ ᠨᠢᠭᠡᠴᠢ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ 30 ᠮᠦ ᠠᠴᠠ ᠳᠡᠭᠡᠭᠰᠢ ᠪᠡᠶᠡᠯᠡᠭᠦᠯᠵᠦ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠡᠰᠡᠭ ᠰᠤᠶᠤᠭ᠎ᠠ ᠮᠣᠳᠣ ᠬᠠᠩᠭᠠᠵᠤ ᠪᠤᠲᠠ ᠮᠣᠳᠤᠨ  ᠤ ᠮᠦ ᠪᠦᠷᠢ ᠳᠤ ᠲᠠᠷᠢᠬᠤ ᠰᠠᠭᠤᠷᠢ ᠶᠢᠨ ᠲᠤᠭ᠎ᠠ ᠶᠢ 111 ᠠᠴᠠ ᠲᠤᠤᠷ᠎ᠠ ᠪᠠᠶᠢᠯᠭᠠᠵᠤ ᠪᠤᠯᠬᠤ ᠦᠭᠡᠢ᠂ ᠲᠤᠷᠤᠭ ᠮᠣᠳᠣᠨ ᠤ ᠮᠦ ᠪᠦᠷᠢ ᠳᠤ ᠳᠠᠷᠢᠬᠤ ᠰᠠᠭᠤᠷᠢ ᠶᠢᠨ ᠲᠤᠭ᠎ᠠ ᠶᠢ 42 ᠠᠴᠠ ᠲᠤᠤᠷ᠎ᠠ ᠪᠠᠶᠢᠯᠭᠠᠵᠤ ᠪᠤᠯᠬᠤ ᠦᠭᠡᠢ᠃ ︽2022 ᠣᠨ ᠤ ᠬᠤᠰᠢᠭᠤᠨ ᠳᠤ ᠰᠠᠭᠤᠭ᠎ᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠮᠣᠳᠣ ᠳᠠᠷᠢᠵᠤ ᠣᠶᠢᠵᠢᠭᠤᠯᠬᠤ ᠠᠵᠢᠯᠯᠠᠭ᠎ᠠ ᠶᠢ ᠥᠷᠨᠢᠭᠦᠯᠬᠦ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠦᠰᠢᠨ ᠵᠠᠰᠠᠭ ᠲᠠᠷᠬᠠᠭᠠᠬᠤ ﹇2022﹈ 9 ᠳ᠋ᠤᠭᠡᠷ ᠲᠣᠭᠠᠲᠤ︶ ᠳᠤ ᠣᠶᠢᠵᠢᠭᠤᠯᠬᠤ ᠡᠭᠦᠷᠭᠡ ᠲᠣᠬᠢᠷᠠᠭᠤᠯᠤᠭᠰᠠᠨ ᠦᠭᠡᠢ ᠠᠵᠤ ᠠᠬᠤᠶᠢᠯᠠᠯ ᠢ ᠬᠠᠷᠢᠶᠠᠲᠤ ᠰᠤᠮᠤ ᠪᠠᠯᠭᠠᠰᠤ ᠠᠴᠠ ᠨᠢ ᠬᠠᠷᠢᠭᠤᠴᠠᠨ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠠᠵᠢᠯ ᠢ ᠵᠣᠬᠢᠶᠠᠨ ᠪᠠᠶᠢᠭᠤᠯᠵᠤ᠂ ᠰᠤᠶᠤᠭ᠎ᠠ ᠮᠣᠳᠣ ᠶᠢ ᠠᠵᠤ ᠠᠬᠤᠶᠢᠯᠠᠯ ᠥᠪᠡᠰᠦᠪᠡᠨ ᠪᠡᠯᠡᠳᠬᠡᠨ᠎ᠡ᠃       ︵ᠭᠤᠷᠪᠠ︶ ᠨᠡᠶᠢᠭᠡᠮ ᠤᠨ ᠪᠦᠯᠬᠦᠮ ᠵᠢᠴᠢ ᠥᠷᠭᠡᠨ ᠣᠯᠠᠨ ᠮᠠᠯᠴᠢᠨ ᠲᠠᠷᠢᠶᠠᠴᠢᠨ᠃ ︽ᠵᠣᠯ ᠵᠢᠷᠭᠠᠯᠲᠤ ᠣᠢ︾ ︽ᠵᠠᠯᠠᠭᠤᠴᠤᠳ ᠤᠨ ᠣᠢ︾ ︽ᠡᠮᠡᠭᠲᠡᠶᠢᠴᠦᠳ ᠤᠨ ᠣᠢ︾ ︽ᠡᠴᠢᠭᠡ ᠡᠬᠡ ᠦᠷ᠎ᠡ ᠬᠡᠦᠬᠡᠳ ᠬᠠᠮᠵᠢᠯᠴᠠᠨ ᠳᠠᠷᠢᠵᠤ ᠣᠶᠢᠵᠢᠭᠤᠯᠬᠤ ᠣᠢ︾ ︽ᠡᠷᠦᠬᠡ ᠶᠢᠨ ᠴᠡᠷᠢᠭ ᠤᠨ ᠣᠢ︾ ︽ᠠᠵᠤ ᠠᠬᠤᠶᠢᠯᠠᠯ ᠪᠠ ᠣᠷᠣᠨ ᠨᠤᠲᠤᠭ ᠤᠨ ᠬᠢᠨ ᠬᠠᠷᠢᠯᠴᠠᠨ ᠬᠠᠪᠰᠣᠷᠣᠯᠴᠠᠨ ᠳᠠᠷᠢᠵᠣ ᠣᠶᠢᠵᠢᠭᠤᠯᠬᠤ ᠣᠢ︾ ᠵᠡᠷᠭᠡ ᠭᠤᠣᠯ ᠰᠡᠳᠦᠪᠲᠦ ᠣᠶᠢᠵᠢᠭᠤᠯᠵᠤ ᠨᠣᠭᠤᠭᠠᠷᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠤᠨ᠎ᠡ᠃ ᠮᠣᠳᠣ ᠲᠠᠷᠢᠬᠤ ᠭᠠᠵᠠᠷ ᠣᠷᠣᠨ ᠢᠶᠠᠨ ᠥᠪᠡᠰᠦᠪᠡᠨ ᠲᠣᠬᠢᠷᠠᠭᠤᠯᠤᠨ ᠨᠠᠶᠢᠳᠠᠪᠤᠷᠢᠵᠢᠭᠤᠯᠵᠤ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠡᠰᠡᠭ ᠰᠤᠶᠤᠭ᠎ᠠ ᠮᠣᠳᠣ ᠬᠠᠩᠭᠠᠬᠤ ᠶᠢ ᠬᠠᠷᠢᠭᠤᠴᠠᠨ᠎ᠠ᠃ ᠥᠷᠭᠡᠨ ᠣᠯᠠᠨ ᠮᠠᠯᠴᠢᠨ ᠲᠠᠷᠢᠶᠠᠴᠢᠨ ᠭᠡᠷ ᠤᠨ ᠢᠶᠠᠨ ᠬᠠᠵᠠᠭᠤ ᠪᠠᠷ ᠮᠣᠳᠣ ᠲᠠᠷᠢᠬᠤ ᠶᠢᠨ ᠬᠠᠮᠲᠤ ᠰᠤᠮᠤ ᠪᠠᠯᠭᠠᠰᠤ ᠪᠣᠯᠣᠨ ᠭᠠᠴᠠᠭ᠎ᠠ ᠲᠣᠰᠬᠤᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠳᠤ ᠣᠷᠤᠯᠴᠠᠬᠤ ᠶᠢ ᠵᠣᠷᠢᠭᠵᠢᠭᠤᠯᠤᠨ᠎ᠠ᠃       ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ       ︵ᠨᠢᠭᠡ︶ ᠮᠣᠳᠣᠨ ᠤ ᠲᠥᠷᠥᠯ ᠢ ᠰᠣᠩᠭᠤᠬᠤ᠃ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠳᠠᠷᠢᠬᠤ ᠵᠠᠷᠴᠢᠮ ᠢ ᠪᠠᠷᠢᠮᠲᠠᠯᠠᠵᠤ ᠲᠤᠬᠠᠢ ᠶᠢᠨ ᠭᠠᠵᠠᠷ ᠤᠨ ᠨᠥᠬᠦᠴᠡᠯ ᠢ ᠦᠨᠳᠦᠰᠦᠯᠡᠨ ᠨᠤᠲᠤᠭ ᠤᠨ ᠮᠣᠳᠣᠨ ᠤ ᠲᠥᠷᠥᠯ ᠤᠨ ᠪᠤᠷᠭᠠᠰᠤ᠂ ᠲᠤᠷᠯᠤᠭ ᠵᠡᠷᠭᠡ ᠪᠣᠳᠠ ᠮᠣᠳᠣᠨ ᠤ ᠲᠥᠷᠥᠯ ᠢ ᠰᠣᠩᠭᠤᠵᠤ ᠲᠣᠬᠢᠷᠠᠮᠵᠢᠲᠠᠢ ᠭᠠᠵᠠᠷ ᠲᠤ ᠬᠠᠶᠢᠯᠠᠷ ᠨᠠᠷᠠᠰᠤ ᠳᠠᠷᠢᠵᠤ ᠪᠣᠯᠣᠨ᠎ᠠ᠃ ᠡᠯ᠎ᠡ ᠪᠠᠶᠢᠭᠤᠯᠭ᠎ᠠ ᠨᠢᠭᠡᠴᠢ ᠶᠢᠨ ᠬᠡᠷᠡᠭᠰᠡᠬᠦ ᠰᠤᠶᠤᠭ᠎ᠠ ᠮᠣᠳᠣ ᠶᠢ ᠣᠶᠢᠷ᠎ᠠ ᠬᠠᠪᠢ ᠳᠤᠨᠢ ᠵᠣᠬᠢᠶᠠᠨ ᠪᠠᠶᠢᠭᠤᠯᠤᠨ ᠰᠢᠯᠵᠢᠭᠦᠯᠦᠨ ᠲᠡᠭᠡᠭᠡᠪᠦᠷᠢᠯᠡᠵᠦ ᠬᠤᠰᠢᠭᠤᠨ ᠤ ᠭᠠᠳᠠᠨᠠᠬᠢ ᠭᠠᠵᠠᠷ ᠣᠷᠣᠨ ᠠᠴᠠ ᠰᠤᠶᠤᠭ᠎ᠠ ᠰᠢᠯᠵᠢᠭᠦᠯᠦᠨ ᠲᠡᠭᠡᠭᠡᠪᠦᠷᠢᠯᠡᠬᠦ᠂ ᠣᠨᠳᠣᠣ ᠭᠠᠵᠠᠷ ᠲᠤ ᠪᠦᠳᠦᠭᠦᠨ ᠮᠣᠳᠣ ᠶᠢ ᠮᠠᠯᠲᠠᠵᠤ ᠰᠢᠯᠵᠢᠭᠦᠯᠦᠨ ᠲᠠᠷᠢᠵᠤ ᠣᠶᠢᠵᠢᠭᠤᠯᠬᠤ ᠶᠢ ᠴᠢᠩᠭ᠎ᠠ ᠬᠤᠷᠢᠭᠯᠠᠨ ᠰᠤᠶᠤᠭ᠎ᠠ ᠮᠣᠳᠣᠨ ᠤ ᠬᠢᠵᠢᠭ ᠪᠠᠶᠢᠴᠠᠭᠠᠬᠤ ᠠᠵᠢᠯ ᠢ ᠰᠠᠶᠢᠲᠤᠷ ᠬᠢᠵᠦ ᠬᠢᠵᠢᠭ ᠤᠨ ᠣᠷᠣᠨ ᠠᠴᠠ ᠰᠤᠶᠤᠭ᠎ᠠ ᠮᠣᠳᠣ ᠶᠢ ᠰᠢᠯᠵᠢᠭᠦᠯᠦᠨ ᠲᠡᠭᠡᠭᠡᠪᠦᠷᠢᠯᠡᠬᠦ ᠶᠢ ᠬᠤᠷᠢᠭᠯᠠᠨ᠎ᠠ᠃       ︵ᠬᠤᠶᠠᠷ︶ ᠰᠣᠶᠤᠭ᠎ᠠ ᠮᠣᠳᠣᠨ ᠤ ᠪᠠᠷᠢᠮᠵᠢᠶ᠎ᠠ᠃ ⒈ ᠪᠤᠷᠭᠠᠰᠣ ᠣᠶᠢᠵᠢᠭᠤᠯᠬᠤ ᠳᠤ ᠪᠤᠷᠭᠠᠰᠤᠨ ᠤ ᠵᠠᠶᠢᠯᠠᠳᠠᠰᠤ ᠶᠢ ᠭᠡᠷᠡᠭᠯᠡᠵᠦ᠂ 2—3 ᠵᠢᠯ ᠤᠷᠭᠤᠭᠰᠠᠨ ᠠᠰᠬᠠᠨ ᠪᠤᠷᠭᠠᠰᠣ ᠶᠢ ᠰᠣᠩᠭᠤᠵᠦ ᠣᠷᠳᠣ ᠨᠢ 60—80 ᠰᠠᠨᠲ᠋ᠢᠮᠧᠲᠷ᠂ ᠨᠠᠷᠢᠨ ᠲᠣᠯᠣᠭᠠᠢ ᠶᠢᠨ ᠳ᠋ᠢᠶᠠᠮᠧᠲᠷ ᠨᠢ 1 ᠰᠠᠨᠲ᠋ᠢᠮᠧᠲᠷ ᠠᠴᠠ ᠳᠡᠭᠡᠭᠰᠢᠬᠢ ᠵᠠᠶᠢᠯᠠᠳᠠᠰᠤ ᠪᠤᠯᠭᠠᠨ ᠤᠭᠲᠤᠯᠤᠨ᠎ᠠ᠃⒉ ᠲᠤᠷᠯᠤᠭ ᠣᠶᠢᠵᠢᠭᠤᠯᠬᠤ ᠳᠤ 1 ᠵᠢᠯ ᠤᠷᠭᠤᠭᠰᠠᠨ ᠲᠤᠷᠯᠤᠭ ᠤᠨ ᠰᠤᠶᠤᠭ᠎ᠠ ᠶᠢ ᠰᠤᠩᠭᠤᠵᠦ᠂ ᠭᠠᠵᠠᠷ ᠲᠤ ᠪᠤᠯᠠᠬᠤ ᠭᠡᠰᠡᠭ ᠤᠨ ᠳ᠋ᠢᠶᠠᠮᠧᠲᠷ ᠨᠢ 0.3 ᠰᠠᠨᠲ᠋ᠢᠮᠧᠲᠷ ᠠᠴᠠ ᠶᠡᠭᠡ᠂ ᠦᠨᠳᠦᠰᠦ ᠨᠢ 20 ᠰᠠᠨᠲ᠋ᠢᠮᠧᠲᠷ ᠠᠴᠠ ᠤᠷᠳᠤ ᠰᠤᠶᠤᠭ᠎ᠠ ᠶᠢ ᠰᠣᠩᠭᠤᠨ᠎ᠠ᠃⒊ ᠬᠠᠶᠢᠯᠠᠷ ᠨᠠᠷᠠᠰᠤᠨ ᠤ ᠰᠣᠶᠤᠭ᠎ᠠ ᠨᠢ 1.5 ᠮᠧᠲᠷ ᠠᠴᠠ ᠦᠨᠳᠦᠷ᠂ ᠰᠠᠭᠯᠠᠭᠠᠷ ᠤᠨ ᠡᠩ ᠨᠢ 1 ᠮᠧᠲᠷ ᠠᠴᠠ ᠪᠠᠭ᠎ᠠ ᠪᠠᠶᠢᠵᠤ ᠪᠣᠯᠬᠤ ᠦᠭᠡᠢ᠃      ︵ᠭᠤᠷᠪᠠ︶ ᠵᠠᠶᠢᠯᠠᠬᠤ ᠱᠠᠭᠠᠷᠳᠠᠯᠭ᠎ᠠ᠃ ᠪᠣᠳᠠ ᠮᠣᠳᠣᠨ ᠤ ᠳᠠᠷᠢᠬᠤ ᠨᠢᠭᠲᠠᠴᠠ ᠨᠢ ᠮᠦ ᠪᠦᠷᠢ ᠳᠤ 167 ᠨᠦᠬᠡ ᠠᠴᠠ ᠳᠣᠣᠷ᠎ᠠ ᠪᠠᠶᠢᠵᠤ ᠪᠣᠯᠬᠤ ᠦᠭᠡᠢ᠂ ᠰᠠᠭᠤᠷᠢ ᠶᠢᠨ ᠮᠥᠷ ᠤᠨ ᠵᠠᠢ ᠨᠢ 1 × 4 ᠮᠧᠲᠷ᠃ ᠪᠤᠳᠠ ᠮᠣᠳᠣ ᠳᠠᠷᠢᠭᠰᠠᠨ ᠭᠠᠵᠠᠷ ᠪᠦᠬᠦᠠ ᠳᠤ ᠡᠷᠬᠡᠪᠰᠢ ᠡᠯᠡᠰᠤ ᠬᠠᠰᠢᠬᠤ ᠬᠠᠯᠬᠠᠪᠴᠢ ᠪᠣᠰᠬᠠᠬᠤ ᠬᠡᠷᠡᠭᠲᠡᠢ᠃ ᠲᠤᠷᠤᠭ ᠮᠣᠳᠣᠨ ᠤ ᠲᠠᠷᠢᠮᠠᠯ ᠤᠨ ᠨᠢᠭᠲᠠᠴᠠ ᠨᠢ ᠮᠦ ᠪᠦᠷᠢ ᠳᠤ 42 ᠰᠠᠭᠤᠷᠢ ᠠᠴᠠ ᠳᠣᠣᠷ᠎ᠠ ᠪᠠᠶᠢᠵᠦ ᠪᠤᠯᠬᠤ ᠦᠭᠡᠢ᠂ ᠰᠠᠭᠤᠷᠢ  ᠶᠢᠨ ᠮᠥᠷ ᠤᠨ ᠵᠠᠢ ᠨᠢ 4 × 4 ᠮᠧᠲᠷ᠃       ︵ᠳᠥᠷᠪᠡ︶ ᠡᠯᠡᠰᠤ ᠬᠠᠰᠢᠬᠤ ᠬᠠᠯᠬᠠᠪᠴᠢ ᠶᠢᠨ ᠱᠠᠭᠠᠷᠳᠠᠯᠭ᠎ᠠ᠃ ᠪᠤᠷᠭᠠᠰᠤᠨ ᠤ ᠡᠯᠡᠰᠤ ᠬᠠᠰᠢᠬᠤ ᠬᠠᠯᠬᠠᠪᠴᠢ ᠨᠢ 4 ᠮᠧᠲᠷ ᠤᠨ ᠵᠠᠢ ᠲᠠᠢ ᠪᠠᠶᠢᠵᠤ᠂ 2— 3 ᠪᠤᠷᠭᠠᠰᠤᠨ ᠤ ᠲᠣᠯᠣᠭᠠᠢ ᠰᠡᠭᠦᠯ ᠢ ᠨᠢ ᠬᠤᠯᠪᠣᠬᠤ ᠶᠢᠨ ᠬᠠᠮᠲᠤ ᠤᠶᠠᠭᠠᠰᠤ ᠪᠠᠷ ᠤᠶᠠᠵᠤ ᠪᠦᠰᠡ ᠬᠡᠯᠪᠡᠷᠢᠲᠡᠢ ᠪᠤᠯᠭᠠᠨ ᠡᠯᠡᠰᠦᠨ ᠳᠣᠪᠣᠴᠠᠭ ᠳᠡᠭᠡᠷ᠎ᠡ ᠪᠠᠶᠢᠷᠢᠯᠠᠭᠤᠯᠤᠨ ᠪᠤᠷᠭᠠᠰᠤ ᠪᠠᠷ ᠡᠯᠡᠰᠤ ᠬᠠᠰᠢᠬᠤ ᠬᠠᠯᠬᠠᠪᠴᠢ ᠶᠢ ᠪᠠᠬᠢᠯᠡᠨ ᠲᠣᠭᠲᠠᠭᠠᠬᠤ ᠬᠡᠷᠡᠭᠲᠡᠢ᠃ ᠡᠯᠡᠰᠦᠨ ᠬᠠᠯᠬᠠᠪᠴᠢ ᠶᠢ ᠡᠷᠬᠡᠪᠰᠢ ᠲᠡᠷᠢ ᠲᠡᠭᠰᠢ ᠲᠠᠯᠪᠢᠬᠤ ᠬᠡᠷᠡᠭᠲᠡᠢ᠃      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠵᠢᠯᠯᠠᠭ᠎ᠠ ᠶᠢᠨ ᠴᠠᠭ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤ ᠵᠠᠰᠠᠭ ᠤᠨ ᠣᠷᠳᠣᠨ ᠤ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ 2022 ᠣᠨ ᠤ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ ᠠᠯᠪᠠᠨ ᠭᠡᠷ ᠢ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠪᠠᠶᠢᠷᠢᠯᠠᠭᠤᠯᠤᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠯᠢᠦᠢ ᠴᠢ ᠨᠥᠬᠦᠷ ᠬᠠᠪᠰᠤᠷᠭᠠᠨ ᠬᠠᠷᠢᠭᠤᠴᠠᠵᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠣᠳᠠᠲᠠᠢ ᠬᠠᠷᠢᠭᠤᠴᠠᠨ᠎ᠠ᠃ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠰᠤᠶᠤᠭ᠎ᠠ ᠮᠣᠳᠤ ᠶᠢ ᠰᠢᠯᠬ᠋ᠨ ᠬᠢᠨᠠᠬᠤ᠂ ᠮᠡᠷᠭᠡᠵᠢᠯ ᠤᠨ ᠵᠢᠯᠣᠭᠤᠳᠤᠯᠭ᠎ᠠ᠂ ᠪᠠᠶᠢᠴᠠᠭᠠᠵᠤ ᠰᠢᠯᠭᠠᠨ ᠬᠤᠷᠢᠶᠠᠬᠤ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ᠬᠤᠰᠢᠭᠤ ᠨᠠᠮ ᠵᠠᠰᠠᠭ ᠤᠨ ᠬᠤᠶᠠᠷ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠲᠠᠰᠤᠭ ᠲᠠᠢ ᠬᠠᠮᠲᠤᠷᠠᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ︔ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠯᠪᠠᠨ ᠵᠢᠷᠤᠮ ᠤᠨ ᠮᠣᠳᠣ ᠳᠠᠷᠢᠬᠤ ᠤᠬᠠᠭᠤᠯᠭ᠎ᠠ ᠮᠡᠳᠡᠭᠡᠯᠡᠯ ᠢ ᠬᠠᠷᠢᠭᠤᠴᠠᠨ᠎ᠠ︔ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠮᠣᠳᠣ ᠳᠠᠷᠢᠬᠤ ᠬᠤᠭᠤᠴᠠᠭᠠᠨ ᠳᠠᠬᠢ ᠵᠠᠮ ᠳᠠᠭᠠᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃      ︵ᠬᠤᠶᠠᠷ︶ ᠵᠠᠶᠢᠯᠠᠬᠤ ᠶᠠᠰᠤ ᠴᠢᠨᠠᠷ ᠢ ᠦᠨᠡᠨᠬᠦ ᠪᠠᠲᠤᠯᠠᠨ᠎ᠠ᠃ ᠣᠶᠢᠵᠢᠭᠤᠯᠬᠤ ᠬᠤᠭᠤᠴᠠᠭᠠᠨ ᠳᠤ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠰᠬᠠᠢ ᠮᠡᠷᠭᠡᠵᠢᠯ ᠤᠨ ᠠᠵᠢᠯᠲᠠᠳ ᠲᠤᠬᠠᠢ ᠶᠢᠨ ᠭᠠᠵᠠᠷ ᠲᠤ ᠮᠡᠷᠭᠡᠵᠢᠯ ᠤᠨ ᠵᠢᠯᠣᠭᠤᠳᠤᠯᠭ᠎ᠠ ︵ᠶᠡᠷᠦᠩᠬᠡᠢ ᠵᠣᠬᠢᠴᠠᠭᠤᠯᠭ᠎ᠠ ᠵᠢᠴᠢ ᠮᠡᠷᠭᠡᠵᠢᠯ ᠤᠨ ᠵᠢᠯᠣᠭᠤᠳᠤᠯᠭ᠎ᠠ᠄ ᠮᠠᠨᠳᠠᠯᠲᠤ 18947338400᠂ ᠸᠠᠩ ᠹᠧᠩ ᠹᠧᠢ 13514773084︶ ᠬᠢᠨ᠎ᠡ᠃ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠬᠤᠶᠠᠷ ᠤᠳᠠᠭ᠎ᠠ ᠰᠢᠯᠭᠠᠨ ᠬᠤᠷᠢᠶᠠᠵᠤ ᠨᠡᠶᠢᠲᠡᠯᠡᠨ ᠮᠡᠳᠡᠭᠳᠡᠨ᠎ᠡ᠃ ᠮᠣᠳᠣ ᠳᠠᠷᠢᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠡᠯ᠎ᠡ ᠪᠠᠶᠢᠭᠤᠯᠭ᠎ᠠ ᠨᠢᠭᠡᠴᠢ ᠶᠢᠨ ᠣᠶᠢᠵᠢᠭᠤᠯᠭ᠎ᠠ ᠶᠢᠨ ᠶᠠᠰᠤ ᠴᠢᠨᠠᠷ ᠪᠠ ᠳᠠᠷᠢᠭᠰᠠᠨ ᠲᠠᠯᠠᠪᠠᠶ ᠶᠢ ᠪᠠᠶᠢᠴᠠᠭᠠᠨ ᠰᠢᠯᠭᠠᠨ ᠬᠤᠷᠢᠶᠠᠵᠦ ᠳᠠᠷᠠᠭ᠎ᠠ ᠵᠢᠯ ᠤᠨ ᠬᠠᠪᠤᠷ ᠤᠨ ᠤᠯᠠᠷᠢᠯ ᠳᠤ ᠡᠳᠡᠭᠡᠷᠡᠯᠳᠡ ᠶᠢᠨ ᠨᠣᠷᠮ᠎ᠠ ᠶᠢ ᠰᠢᠯᠭᠠᠨ ᠬᠤᠷᠢᠶᠠᠵᠤ ᠰᠤᠶᠤᠭ᠎ᠠ ᠮᠣᠳᠣᠨ ᠤ ᠡᠳᠡᠭᠡᠷᠡᠯᠳᠡ ᠶᠢᠨ ᠨᠣᠷᠮ᠎ᠠ ᠶᠢ 75% ᠳᠤ ᠬᠦᠷᠦᠭᠦᠯᠬᠦ ᠶᠢᠨ ᠬᠠᠮᠲᠤ ᠪᠥᠬᠦ ᠬᠤᠰᠢᠭᠤᠨ ᠤ ᠣᠨ ᠤ ᠪᠣᠳᠠᠲᠤ ᠠᠵᠢᠯ ᠤᠨ ᠬᠢᠨᠠᠨ ᠰᠢᠯᠭᠠᠯᠲᠠ ᠳᠤ ᠣᠷᠣᠭᠤᠯᠤᠨ᠎ᠠ᠃      ︵ᠭᠤᠷᠪᠠ︶ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠨ᠎ᠠ᠃ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢᠶᠠᠨ ᠰᠤᠩᠭᠤᠨ ᠲᠣᠭᠲᠠᠭᠠᠭᠰᠠᠨ ᠤ ᠳᠠᠷᠠᠭ᠎ᠠ ᠭᠠᠵᠠᠷ ᠵᠦᠢ ᠶᠢᠨ ᠪᠠᠶᠢᠷᠢᠰᠢᠯ ᠢ 4 ᠰᠠᠷ᠎ᠠ ᠶᠢᠨ 1 ᠤ ᠡᠳᠦᠷ ᠠᠴᠠ ᠡᠮᠦᠨ᠎ᠡ ᠦᠦᠰᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ  ᠳᠤ ᠮᠡᠳᠡᠬᠦᠯᠵᠦ ᠪᠣᠶ ᠪᠦᠬᠦᠢ ᠲᠠᠩᠰᠠ ᠡᠪᠬᠡᠮᠡᠯ ᠤᠨ ᠮᠠᠲ᠋ᠧᠷᠢᠶᠠᠯ᠂ ᠠᠵᠢᠯ ᠤᠨ ᠵᠢᠷᠤᠭ ᠲᠥᠯᠥᠪᠯᠡᠭᠡ ᠶᠢ ᠬᠤᠰᠢᠭᠤ ᠣᠶ ᠰᠢᠭᠤᠢ ᠶᠢᠨ ᠳᠠᠷᠤᠭ᠎ᠠ ᠶᠢᠨ ᠳᠦᠷᠢᠮ  ᠤᠨ ᠠᠵᠢᠯ ᠤᠨ ᠲᠠᠰᠤᠭ ᠲᠤ ᠳᠡᠩᠰᠡᠯᠡᠨ ᠲᠡᠮᠳᠡᠭᠯᠡᠨ᠎ᠡ᠃ ᠡᠯ᠎ᠡ ᠰᠤᠮᠤ ᠪᠠᠯᠭᠠᠰᠤ ᠠᠵᠢᠯᠯᠠᠭ᠎ᠠ ᠥᠷᠨᠢᠭᠦᠯᠬᠦ ᠬᠤᠭᠤᠴᠠᠭᠠᠨ ᠳᠠᠭᠠᠨ ᠡᠳᠦᠷ ᠪᠦᠷᠢ ᠶᠢᠨ ᠦᠳᠡ ᠶᠢᠨ ᠬᠤᠶᠢᠨ᠎ᠠ ᠶᠢᠨ 4 ᠴᠠᠭ ᠠᠴᠠ ᠡᠮᠦᠨ᠎ᠡ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠠᠬᠢᠴᠠ ᠶᠢᠨ ᠪᠠᠶᠢᠳᠠᠯ ᠢᠶᠠᠨ ᠨᠢᠭᠡ ᠤᠳᠠᠭ᠎ᠠ ᠮᠡᠳᠡᠭᠦᠯᠦᠨ ᠬᠦᠷᠭᠡᠵᠦ ᠲᠤᠭ᠎ᠠ ᠪᠠᠷᠢᠮᠲᠠ᠂ ᠥᠰᠥᠭ ᠪᠢᠴᠢᠭ ᠤᠨ ᠲᠣᠳᠣᠷᠬᠠᠶᠢᠯᠠᠯᠲᠠ ᠵᠢᠴᠢ ᠬᠢᠯᠠᠰ ᠴᠡᠭ ᠤᠨ ᠬᠡᠷᠡᠯ ᠵᠢᠷᠤᠭ ᠲᠠᠢ ᠪᠠᠶᠢᠬᠤ ᠬᠡᠷᠡᠭᠲᠡᠢ᠃ ︵ᠬᠠᠷᠢᠯᠴᠠᠬᠤ ᠬᠥᠮᠥᠨ᠄ ᠦ᠋ ᠯᠧ ᠶᠣᠣ 0477—7581900᠂ 18747729025᠂ ᠰᠢᠤᠳᠠᠨ ᠬᠠᠶᠢᠷᠴᠠᠭ 1048846392@qq.com︶      ︵ᠳᠥᠷᠪᠡ︶ ᠱᠠᠭᠠᠷᠳᠠᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠮᠣᠳᠣ ᠳᠠᠷᠢᠵᠤ ᠣᠶᠢᠵᠢᠭᠤᠯᠬᠤ ᠬᠤᠭᠤᠴᠠᠭᠠᠨ ᠳᠤ ᠬᠤᠰᠢᠭᠤ ᠨᠠᠮ ᠵᠠᠰᠠᠭ ᠤᠨ ᠠᠯᠪᠠᠨ ᠭᠡᠷ ᠮᠣᠳᠣ ᠳᠠᠷᠢᠵᠤ ᠣᠶᠢᠵᠢᠭᠤᠯᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠱᠠᠭᠠᠷᠳᠠᠨ ᠪᠠᠶᠢᠴᠠᠭᠠᠬᠤ ᠶᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠭᠡᠯᠡᠨ᠎ᠡ᠃ ᠵᠣᠬᠢᠶᠠᠨ ᠪᠠᠶᠢᠭᠤᠯᠤᠭᠰᠠᠨ ᠨᠢ ᠬᠦᠴᠦᠨ ᠦᠭᠡᠢ᠂ ᠠᠵᠢᠯᠯᠠᠭ᠎ᠠ ᠨᠢ ᠤᠳᠠᠭᠠᠨ᠂ ᠮᠡᠳᠡᠭᠦᠯᠬᠦ ᠦᠭᠡᠢ ᠪᠤᠶᠤ ᠬᠤᠳᠠᠯ ᠢᠶᠠᠷ ᠮᠡᠳᠡᠭᠦᠯᠦᠭᠰᠡᠨ᠂ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠦᠭᠰᠡᠨ ᠦᠭᠡᠢ ᠪᠠᠶᠢᠭᠤᠯᠭ᠎ᠠ ᠨᠢᠭᠡᠴᠢ ᠶᠢ ᠨᠡᠶᠢᠳᠡᠯᠡᠨ ᠰᠢᠭᠦᠮᠵᠢᠯᠡᠬᠦ ᠶᠢᠨ ᠬᠠᠮᠲᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ