ᠦᠦᠰᠢᠨ ᠵᠠᠰᠠᠭ ᠠᠯᠪᠠᠨ ᠳᠠᠷᠬᠠᠭᠠᠬᠤ〔2022〕7 ᠳ᠋ᠤᠭᠠᠷ ᠲᠣᠭᠠᠲᠤ | | ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠦᠦᠰᠢᠨ ᠬᠤᠰᠢᠭᠤᠨ ᠤ ᠮᠠᠯᠴᠢᠨ ᠲᠠᠷᠢᠶᠠᠴᠢᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡᠨ ᠤ | ᠵᠢᠯᠤᠭᠤᠳᠬᠤ ᠰᠠᠨᠠᠯ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠠᠵᠢᠯ ᠤᠨ ᠪᠣᠳᠠᠲᠠᠢ ᠲᠠᠢ ᠪᠠᠨ | ᠤᠶᠠᠯᠳᠤᠭᠤᠯᠤᠨ ᠬᠢᠨᠠᠮᠠᠭᠠᠢ ᠵᠢᠷᠤᠮᠯᠠᠨ ᠬᠡᠷᠡᠭᠵᠢᠭᠦᠯᠤᠭᠡᠷᠡᠢ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 2 ᠰᠠᠷ᠎ᠠ ᠶᠢᠨ 17 ᠤ ᠡᠳᠦᠷ | | | | | | | ᠦᠦᠰᠢᠨ ᠬᠤᠰᠢᠭᠤᠨ ᠤ ᠮᠠᠯᠴᠢᠨ ᠲᠠᠷᠢᠶᠠᠴᠢᠨ ᠤ ᠢᠲᠡᠭᠡᠮᠵᠢᠲᠦ | ᠵᠢᠭᠡᠯᠡᠯᠭᠡ ᠶᠢᠨ ᠦᠢᠯᠡᠴᠢᠯᠡᠭᠡᠨ ᠤ ᠵᠢᠯᠤᠭᠤᠳᠬᠤ ᠰᠠᠨᠠᠯ | | | ᠮᠠᠯᠴᠢᠨ ᠲᠠᠷᠢᠶᠠᠴᠢᠨ ᠤ ᠰᠣᠬᠤᠷ ᠪᠠᠯᠠᠢ ᠪᠠᠷ ᠵᠢᠭᠡᠯᠡᠯᠭᠡ ᠠᠪᠴᠤ ᠬᠡᠷᠡᠭᠯᠡᠭᠡ ᠬᠢᠬᠦ ᠠᠴᠠ ᠪᠣᠯᠤᠭᠰᠠᠨ | ᠲᠦᠭᠰᠢᠭᠦᠷᠢ ᠶᠢ ᠤᠯᠠᠮ ᠨᠢᠭᠡ ᠠᠯᠬᠤᠮ ᠪᠦᠲᠦᠮᠵᠢᠲᠡᠶ ᠰᠡᠷᠭᠡᠶᠢᠯᠡᠵᠦ ᠮᠠᠯᠵᠢᠬᠤ ᠲᠠᠷᠢᠶᠠᠯᠠᠬᠤ ᠣᠷᠣᠨ ᠤ | ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠪᠠ ᠵᠢᠯᠤᠭᠤᠳᠤᠯᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ | ᠴᠢᠩᠭᠠᠳᠬᠠᠵᠤ ᠮᠠᠯᠴᠢᠨ ᠲᠠᠷᠢᠶᠠᠴᠢᠨ ᠤ ᠠᠰᠢᠭ ᠬᠦᠷᠲᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠤᠰᠠᠳᠠ᠂ ᠬᠤᠰᠢᠭᠤᠨ ᠤ ᠪᠤᠳᠠᠳᠤ ᠪᠠᠶᠢᠳᠠᠯ | ᠲᠠᠢ ᠪᠠᠨ ᠤᠶᠠᠯᠳᠤᠭᠤᠯᠤᠨ᠂ ᠲᠣᠰ ᠰᠠᠨᠠᠯ ᠢ ᠲᠣᠭᠲᠠᠭᠠᠪᠠ᠃ | ᠨᠢᠭᠡ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠬᠠᠮᠢᠶᠠᠷᠤᠯᠲᠠ ᠶᠢ | ᠴᠢᠩᠭᠠᠳᠬᠠᠨ᠎ᠠ | ︵ᠨᠢᠭᠡ︶ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠵᠢᠭᠡᠯᠡᠯᠭᠡ ᠶᠢᠨ ᠵᠠᠭᠪᠤᠷ ᠤᠨ ᠰᠢᠨ᠎ᠡ ᠶᠢ | ᠡᠭᠦᠳᠦᠨ᠎ᠡ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ | ᠬᠥᠭᠵᠢᠯᠲᠡ ᠪᠣᠯᠣᠨ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠲᠠᠢ ᠨᠢᠭᠲᠠ | ᠤᠶᠠᠯᠳᠤᠭᠤᠯᠵᠤ ᠡᠳ᠋ ᠬᠥᠷᠥᠩᠭᠡ ᠪᠠᠷ ᠪᠠᠷᠢᠴᠠᠭᠠᠯᠠᠬᠤ ᠪᠠᠷ ᠭᠤᠣᠯ ᠪᠣᠯᠭᠠᠭᠰᠠᠨ ᠵᠢᠭᠡᠯᠡᠯᠭᠡ ᠶᠢᠨ ᠵᠠᠭᠪᠤᠷ ᠢ ᠦᠨᠡᠨᠬᠦ | ᠬᠤᠪᠢᠷᠠᠭᠤᠯᠤᠨ ᠦᠢᠯᠡᠳᠬᠦᠨ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠢᠳᠡᠪᠬᠢᠲᠡᠢ ᠪᠠᠷ ᠴᠢᠩᠭᠠᠳᠬᠠᠵᠤ | ᠮᠠᠯᠴᠢᠨ ᠲᠠᠷᠢᠶᠠᠴᠢᠨ ᠡᠷᠦᠬᠡ ᠶᠢᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠲᠥᠷᠥᠯ ᠬᠡᠯᠪᠡᠷᠢ ᠳᠤ ᠴᠢᠭᠯᠡᠭᠦᠯᠦᠨ | ᠠᠳᠠᠯᠢ ᠪᠤᠰᠤ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠢ ᠵᠢᠷᠤᠭᠯᠠᠨ ᠲᠥᠰᠤᠪᠯᠡᠵᠤ ᠲᠦᠭᠰᠢᠭᠦᠷᠢ ᠶᠢ ᠡᠵᠡᠮᠳᠡᠬᠦ | ᠂ ᠦᠢᠯᠡᠳᠪᠦᠷᠢᠯᠡᠯ ᠢᠶᠠᠨ ᠥᠷᠭᠡᠳᠬᠡᠬᠦ᠂ ᠦᠷ᠎ᠡ ᠠᠰᠢᠭ ᠢᠶᠠᠨ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠳᠤ | ᠦᠢᠯᠡᠴᠢᠯᠡᠬᠦ ᠵᠡᠷᠭᠡ ᠪᠠᠷ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠭᠤᠣᠯᠳᠠᠯᠭ᠎ᠠ ᠪᠣᠯᠭᠠᠵᠤ ᠥᠷᠭᠡᠨ ᠣᠯᠠᠨ | ᠮᠠᠯᠴᠢᠨ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠢᠲᠡᠭᠡᠮᠵᠢᠲᠦ ᠵᠢᠭᠡᠯᠡᠯᠭᠡ ᠶᠢᠨ | ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠨ᠎ᠠ᠃ | ︵ᠬᠤᠶᠠᠷ︶ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠠᠶᠢᠭᠤᠯᠤᠨ ᠪᠦᠷᠢᠨᠰᠢᠭᠦᠯᠦᠨ᠎ᠡ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠮᠠᠯᠴᠢᠨ ᠲᠠᠷᠢᠶᠠᠴᠢᠨ ᠤ ᠣᠯᠠᠨ ᠲᠠᠯ᠎ᠠ ᠠᠴᠠ ᠵᠢᠭᠡᠯᠡᠯᠭᠡ ᠠᠪᠬᠤ ᠶᠢᠨ | ᠵᠦᠢ ᠵᠣᠬᠢᠰᠲᠠᠢ ᠬᠡᠷᠡᠭᠴᠡᠭᠡ ᠪᠣᠯᠣᠨ ᠲᠦᠭᠰᠢᠭᠦᠷᠢ ᠶᠢᠨ ᠰᠡᠷᠭᠡᠶᠢᠯᠡᠯᠲᠡ ᠶᠢ ᠴᠢᠬᠤᠯᠠᠴᠢᠯᠠᠨ ᠪᠦᠬᠦ ᠶᠠᠪᠤᠴᠠ ᠳᠤ | ᠮᠥᠷᠳᠡᠨ ᠬᠢᠨᠠᠨ ᠪᠠᠶᠢᠴᠠᠭᠠᠬᠤ ᠶᠢ ᠬᠡᠷᠡᠭᠵᠢᠭᠦᠯᠵᠦ ᠠᠷᠠᠳ ᠤᠨ ᠪᠠᠩᠬᠢ ᠶᠢᠨ ᠬᠤᠪᠢ ᠬᠥᠮᠥᠨ ᠤ ᠢᠲᠡᠭᠡᠮᠵᠢ ᠶᠢᠨ | ᠮᠡᠳᠡᠭᠡ ᠵᠠᠩᠭᠢ ᠴᠤᠭᠯᠠᠭᠤᠯᠬᠤ ᠰᠢᠰᠲ᠋ᠧᠮ᠂ ᠬᠤᠪᠢ ᠬᠥᠮᠥᠨ ᠤ ᠢᠲᠡᠭᠡᠮᠵᠢ ᠶᠢᠨ ᠮᠡᠳᠡᠭᠦᠯᠦᠯᠲᠡ᠂ ᠢᠲᠡᠭᠡᠮᠵᠢᠲᠦ | ᠵᠢᠭᠡᠯᠡᠯᠭᠡ ᠲᠠᠯᠪᠢᠭᠴᠢ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠡᠷᠬᠢᠨ ᠲᠤᠭᠤᠷᠢᠨ ᠤ ᠪᠠᠶᠢᠴᠠᠭᠠᠯᠲᠠ ᠶᠢᠨ | ᠮᠡᠳᠡᠭᠡ ᠵᠠᠩᠭᠢ ᠵᠡᠷᠭᠡ ᠡᠬᠢ ᠪᠠᠶᠠᠯᠢᠭ ᠢ ᠭᠦᠢᠴᠡᠳ ᠰᠠᠶᠢᠲᠤᠷ ᠠᠰᠢᠭᠯᠠᠵᠤ ᠣᠯᠠᠨ ᠲᠠᠯ᠎ᠠ ᠠᠴᠠ ᠬᠡᠲᠦ ᠢᠲᠡᠭᠡᠮᠵᠢ | ᠣᠯᠭᠤᠭᠰᠠᠨ ᠮᠠᠯᠴᠢᠨ ᠲᠠᠷᠢᠶᠠᠴᠢᠨ ᠡᠷᠦᠬᠡ ᠳᠤ ᠵᠣᠬᠢᠬᠤ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠣᠭᠲᠠᠭᠠᠵᠤ | ᠬᠡᠪ ᠤᠨ ᠶᠣᠰᠣᠭᠠᠷ ᠬᠠᠮᠢᠶᠠᠷᠬᠤ᠂ ᠦᠷᠭᠦᠯᠵᠢᠯᠡᠨ ᠠᠩᠬᠠᠷᠬᠤ᠂ ᠠᠵᠢᠯ ᠨᠢᠭᠡᠲᠡᠨ ᠠᠴᠠ ᠰᠠᠨᠠᠭᠤᠯᠬᠤ᠂ ᠵᠥᠪ ᠢᠶᠠᠷ | ᠬᠥᠲᠥᠯᠥᠨ ᠵᠢᠯᠤᠭᠤᠳᠬᠤ᠂ ᠲᠦᠭᠰᠢᠭᠦᠷᠢ ᠠᠴᠠ ᠵᠠᠶᠢᠯᠠᠬᠤ᠂ ᠵᠣᠬᠢᠰᠲᠠᠢ ᠪᠠᠭᠠᠰᠬᠠᠬᠤ᠂ ᠢᠲᠡᠭᠡᠮᠵᠢᠲᠦ ᠵᠢᠭᠡᠯᠡᠯᠭᠡ | ᠠᠴᠠ ᠭᠠᠷᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠬᠡᠰᠡᠭ ᠮᠠᠯᠴᠢᠨ ᠲᠠᠷᠢᠶᠠᠴᠢᠨ ᠤ ᠬᠡᠲᠦ ᠵᠢᠭᠡᠯᠡᠯᠭᠡ | ᠠᠪᠤᠭᠰᠠᠨ ᠠᠴᠠ ᠪᠣᠯᠤᠭᠰᠠᠨ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠪᠦᠲᠦᠮᠵᠢᠲᠡᠶ ᠪᠠᠷ ᠵᠠᠶᠢᠯᠠᠭᠤᠯᠤᠨ᠎ᠠ᠃ | ︵ᠭᠤᠷᠪᠠ︶ ᠨᠠᠷᠢᠯᠢᠭ ᠤᠨᠤᠪᠴᠢᠲᠠᠢ ᠪᠠᠷ ᠢᠲᠡᠭᠡᠮᠵᠢ ᠣᠯᠭᠤᠬᠤ ᠠᠵᠢᠯ ᠢ ᠬᠢᠨᠠᠮᠠᠭᠠᠢ ᠰᠠᠶᠢᠲᠤᠷ ᠬᠢᠨ᠎ᠡ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠯᠤᠭ᠎ᠠ ᠮᠡᠳᠡᠭᠡ ᠵᠠᠩᠭᠢ ᠨᠡᠪᠲᠡᠷᠡᠯᠴᠡᠭᠰᠡᠨ ᠲᠣᠣᠷ ᠰᠦᠯᠵᠢᠶ᠎ᠡ ᠪᠠᠶᠢᠭᠤᠯᠵᠤ ᠭᠠᠴᠠᠭ᠎ᠠ ᠲᠣᠰᠬᠤᠨ ᠤ | ᠲᠣᠣᠷᠵᠢᠭᠤᠯᠤᠭᠰᠠᠨ ᠢᠲᠡᠭᠡᠮᠵᠢ ᠣᠯᠭᠤᠬᠤ ᠬᠠᠮᠢᠶᠠᠷᠤᠯᠲᠠ ᠶᠢ ᠬᠡᠷᠡᠭᠵᠢᠭᠦᠯᠤᠨ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠤ ᠯᠠᠪᠯᠠᠯᠲᠠ ᠪᠤᠯᠭᠠᠬᠤ ᠢᠲᠡᠭᠡᠮᠵᠢ ᠣᠯᠭᠤᠬᠤ ᠠᠵᠢᠯ ᠤᠨ ᠦᠨᠳᠦᠰᠦᠨ ᠡᠬᠡ ᠲᠠᠩᠰᠠ ᠶᠢ ᠪᠠᠶᠢᠭᠤᠯᠵᠤ | ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠠᠳᠠᠯᠢᠳᠬᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯᠴᠢᠨ ᠲᠠᠷᠢᠶᠠᠴᠢᠨ ᠡᠷᠦᠬᠡ ᠶᠢᠨ ᠦᠨᠡᠨ ᠪᠣᠳᠠᠲᠠᠢ ᠦᠢᠯᠡᠳᠪᠦᠷᠢᠯᠡᠯ᠂ | ᠠᠮᠢᠳᠤᠷᠠᠯ ᠤᠨ ᠪᠠᠶᠢᠳᠠᠯ᠂ ᠠᠵᠤ ᠠᠬᠤᠢ ᠶᠢᠨ ᠢᠷᠡᠯᠲᠡ᠂ ᠭᠡᠷ ᠪᠦᠯᠢ ᠶᠢᠨ ᠪᠦᠷᠢᠯᠳᠦᠭᠦᠨ ᠵᠡᠷᠭᠡ ᠦᠨᠳᠦᠰᠦᠨ | ᠮᠡᠳᠡᠭᠡ ᠵᠠᠩᠭᠢ ᠶᠢ ᠨᠠᠷᠢᠨ ᠣᠶᠢᠯᠠᠭᠠᠵᠤ ᠮᠠᠯᠴᠢᠨ ᠲᠠᠷᠢᠶᠠᠴᠢᠨ ᠡᠷᠦᠬᠡ ᠶᠢᠨ ᠢᠲᠡᠭᠡᠮᠵᠢ ᠶᠢᠨ ᠲᠠᠰ ᠵᠢᠴᠢ ᠢᠲᠡᠭᠡᠮᠵᠢ | ᠣᠯᠭᠤᠬᠤ ᠲᠤᠭ᠎ᠠ ᠬᠡᠮᠵᠢᠶ᠎ᠡ ᠳᠤ ᠨᠠᠷᠢᠯᠢᠭ ᠤᠨᠤᠪᠴᠢᠲᠠᠢ ᠲᠥᠰᠥᠭᠡᠯᠡᠨ ᠪᠤᠳᠤᠯᠲᠠ ᠬᠢᠵᠤ ᠵᠦᠢ ᠵᠣᠬᠢᠰᠲᠠᠢ | ᠦᠢᠯᠡᠳᠪᠦᠷᠢᠯᠡᠯ ᠬᠡᠷᠡᠭᠯᠡᠭᠡ ᠶᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠲᠣᠭᠲᠠᠭᠠᠨ᠎ᠠ᠃ ᠭᠠᠴᠠᠭ᠎ᠠ | ᠲᠣᠰᠬᠤᠨ ᠤ ᠱᠠᠲᠤᠨ ᠤ ᠢᠲᠡᠭᠡᠮᠵᠢ ᠣᠯᠭᠤᠬᠤ ᠳᠤᠭᠤᠶᠢᠯᠠᠩ ᠤᠨ ᠭᠡᠰᠢᠬᠦᠨ ᠢ ᠴᠤᠭᠯᠠᠭᠤᠯᠵᠤ ᠳᠣᠲᠣᠭᠠᠳᠤ | ᠭᠠᠳᠠᠭᠠᠳᠤ ᠶᠢ ᠤᠶᠠᠯᠳᠤᠭᠤᠯᠤᠨ ᠶᠡᠷᠦᠩᠬᠡᠶᠢᠯᠡᠨ ᠬᠢᠨᠠᠨ ᠲᠣᠭᠲᠠᠭᠠᠵᠤ ᠲᠥᠰᠥᠭᠡᠯᠡᠨ ᠪᠤᠳᠤᠭᠰᠠᠨ ᠠᠩᠬᠠᠨ ᠤ ᠲᠠᠰ | ᠲᠣᠭᠲᠠᠭᠠᠵᠤ ᠢᠲᠡᠭᠡᠮᠵᠢ ᠣᠯᠭᠤᠭᠰᠠᠨ ᠦᠷ᠎ᠡ ᠳ᠋ᠦᠩ ᠢ ᠤᠯᠠᠮ ᠨᠢᠭᠡ ᠠᠯᠬᠤᠮ ᠬᠢᠨᠠᠨ ᠵᠥᠪᠯᠡᠵᠦ ᠢᠲᠡᠭᠡᠮᠵᠢ | ᠣᠯᠭᠤᠬᠤ ᠲᠤᠭ᠎ᠠ ᠬᠡᠮᠵᠢᠶ᠎ᠡ ᠶᠢ ᠬᠠᠮᠤᠭ ᠡᠴᠦᠰ ᠲᠤ ᠬᠢᠨᠠᠨ ᠲᠣᠭᠲᠠᠭᠠᠨ᠎ᠠ᠃ | ᠬᠤᠶᠠᠷ᠂ ᠬᠢᠨᠠᠯᠲᠠ ᠬᠠᠮᠢᠶᠠᠷᠤᠯᠲᠠ ᠪᠣᠯᠣᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ | ︵ᠨᠢᠭᠡ︶ ᠬᠢᠨᠠᠨ ᠬᠠᠮᠢᠶᠠᠷᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃ ᠠᠷᠠᠳ ᠤᠨ ᠪᠠᠩᠬᠢ ᠶᠢᠨ | ᠦᠦᠰᠢᠨ ᠬᠤᠰᠢᠭᠤᠨ ᠤ ᠰᠠᠯᠪᠤᠷᠢ ᠪᠠᠩᠬᠢ᠂ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠳᠤᠭᠤᠶᠢᠯᠠᠩ ᠪᠣᠯᠣᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠨᠢ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠣᠳᠣᠬᠠᠨ ᠳᠤ ᠲᠤᠬᠠᠶᠢᠯᠠᠭᠰᠠᠨ ᠠᠵᠢᠯ ᠣᠯᠬᠤ ᠶᠢᠨ ᠲᠥᠯᠥᠭᠡ | ᠵᠠᠷᠢᠮ ᠳᠤᠮᠳᠠ ᠪᠠᠭ᠎ᠠ ᠪᠠᠩᠬᠢ ᠶᠢᠨ ᠰᠣᠬᠤᠷ ᠪᠠᠯᠠᠢ ᠪᠠᠷ ᠬᠡᠲᠤᠷᠡᠳᠡᠯᠡ ᠢᠲᠡᠭᠡᠮᠵᠢ ᠤᠯᠭᠤᠵᠤ ᠵᠢᠭᠡᠯᠡᠯᠭᠡ ᠲᠠᠯᠪᠢᠵᠤ | ᠪᠠᠶᠢᠭ᠎ᠠ ᠦᠵᠡᠭᠳᠡᠯ ᠳᠤ ᠴᠢᠭᠯᠡᠭᠦᠯᠦᠨ᠂ ᠡᠯ᠎ᠡ ᠬᠠᠮᠢᠶ᠎ᠠ ᠪᠦᠬᠦᠢ ᠵᠢᠭᠡᠯᠡᠯᠭᠡ ᠲᠠᠯᠪᠢᠬᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠲᠦᠷᠦᠭᠦᠯᠡᠨ ᠵᠣᠬᠢᠶᠠᠨ ᠪᠠᠶᠢᠭᠤᠯᠵᠤ ᠲᠥᠪᠯᠡᠷᠡᠭᠦᠯᠦᠨ ᠪᠠᠶᠢᠴᠠᠭᠠᠵᠤ ᠵᠢᠭᠰᠠᠭᠠᠨ ᠪᠠᠶᠢᠴᠠᠭᠠᠬᠤ᠂ | ᠮᠥᠩᠭᠦᠨ ᠭᠦᠢᠯᠭᠡᠭᠡᠨ ᠤ ᠰᠢᠰᠲ᠋ᠧᠮ ᠤᠨ ᠬᠠᠮᠲᠤᠷᠠᠭᠰᠠᠨ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ ᠲᠣᠭᠠᠯᠠᠨ | ᠪᠦᠷᠢᠳᠬᠡᠬᠦ ᠪᠠ ᠴᠡᠭᠴᠡᠯᠡᠨ ᠵᠠᠰᠠᠨ᠎ᠠ᠃ ᠡᠭᠦᠨ ᠤ ᠬᠠᠮᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠢᠲᠡᠭᠡᠮᠵᠢ | ᠣᠯᠭᠤᠬᠤ ᠲᠤᠭ᠎ᠠ ᠬᠡᠮᠵᠢᠶ᠎ᠡ ᠶᠢᠨ ᠪᠠᠶᠢᠳᠠᠯ ᠢ ᠦᠨᠳᠦᠰᠦᠯᠡᠨ ᠣᠷᠣᠭᠤᠯᠬᠤ ᠵᠤᠭᠤᠰ ᠮᠦᠩᠭᠦᠨ ᠤ ᠲᠤᠭ᠎ᠠ | ᠬᠡᠮᠵᠢᠶ᠎ᠡ ᠶᠢ ᠲᠣᠭᠲᠠᠭᠠᠵᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ | ᠪᠡᠯᠡ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ ᠪᠠᠩᠬᠢ ᠶᠢᠨ ᠦᠢᠯᠡᠰ ᠤᠨ ᠰᠠᠶᠢᠨ ᠰᠠᠶᠢᠬᠠᠨ | ᠬᠥᠭᠵᠢᠯᠲᠡ ᠶᠢᠨ ᠡᠮᠬᠢ ᠳᠢᠭᠯᠢᠮ ᠢ ᠦᠷᠬᠦᠯᠵᠢᠯᠡᠨ ᠬᠠᠮᠠᠭᠠᠯᠠᠨ᠎ᠠ᠃ | ︵ᠬᠤᠶᠠᠷ︶ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠡᠮᠡᠭᠳᠡᠭᠦᠯᠦᠨ᠎ᠡ᠃ ᠢᠲᠡᠭᠡᠮᠵᠢ ᠶᠢᠨ | ᠲᠣᠰᠬᠤᠨ ᠪᠠᠯᠭᠠᠰᠤᠨ ᠤ ᠪᠠᠶᠢᠭᠤᠯᠤᠯᠲᠠ ᠶᠢ ᠲᠦᠷᠭᠡᠳᠬᠡᠵᠦ ᠮᠠᠨ ᠤ ᠬᠤᠰᠢᠭᠤᠨ ᠤ ᠣᠲᠣ ᠶᠢᠨ ᠪᠠᠶᠢᠭ᠎ᠠ ᠳᠥᠷᠪᠡᠨ | ᠢᠲᠡᠭᠡᠮᠵᠢ ᠶᠢᠨ ᠪᠠᠯᠭᠠᠰᠤᠨ ᠤ ᠰᠠᠭᠤᠷᠢᠨ ᠳᠡᠭᠡᠷ᠎ᠡ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠠᠷ ᠳᠡᠮᠵᠢᠨ | ᠬᠡᠰᠡᠭ ᠮᠠᠯᠴᠢᠨ ᠲᠠᠷᠢᠶᠠᠴᠢᠨ ᠤ ᠰᠢᠯᠵᠢᠯᠲᠡ ᠶᠢᠨ ᠵᠢᠭᠡᠯᠡᠯᠭᠡ ᠶᠢᠨ ᠦᠵᠡᠭᠳᠡᠯ ᠢ ᠵᠦᠢ ᠵᠣᠬᠢᠰᠲᠠᠢ ᠬᠥᠲᠥᠯᠥᠨ | ᠵᠢᠯᠤᠭᠤᠳᠴᠤ ᠰᠢᠢᠳᠪᠦᠷᠢᠯᠡᠨ ᠮᠠᠯᠴᠢᠨ ᠲᠠᠷᠢᠶᠠᠴᠢᠨ ᠤ ᠵᠦᠢ ᠵᠣᠬᠢᠰᠲᠠᠢ ᠵᠢᠭᠡᠯᠡᠯᠭᠡ ᠠᠪᠬᠤ᠂ ᠮᠠᠯ ᠲᠠᠷᠢᠶᠠᠯᠠᠩ ᠠᠵᠤ | ᠠᠬᠤᠢ ᠶᠢ ᠥᠨᠳᠥᠷ ᠦᠷ᠎ᠡ ᠪᠦᠲᠦᠮᠵᠢᠲᠡᠶ ᠬᠥᠭᠵᠢᠭᠦᠯᠬᠦ ᠬᠠᠷᠠᠯᠲᠠ ᠶᠢ ᠪᠡᠶᠡᠯᠡᠭᠦᠯᠵᠦ ︽ᠢᠲᠡᠭᠡᠮᠵᠢ ᠶᠢᠨ ᠦᠦᠰᠢᠨ︾ | ᠢ ᠲᠥᠪᠯᠡᠷᠡᠭᠦᠯᠦᠨ ᠪᠦᠲᠦᠭᠡᠨ ᠪᠠᠶᠢᠭᠤᠯᠬᠤ ᠶᠢ ᠪᠡᠶᠡᠯᠡᠭᠦᠯᠦᠨ᠎ᠡ᠃ ᠰᠢᠭᠦᠬᠦ ᠬᠤᠷᠢᠶᠠᠨ ᠤ ᠬᠠᠤᠯᠢ ᠬᠡᠷᠡᠭᠵᠢᠭᠦᠯᠬᠦ | ᠮᠡᠳᠡᠭᠡ ᠵᠠᠩᠭᠢ ᠶᠢᠨ ᠲᠠᠪᠴᠠᠩ ᠤᠨ ᠢᠲᠡᠭᠡᠮᠵᠢ ᠮᠠᠭᠤᠲᠠᠢ ᠶᠢ ᠮᠡᠳᠡᠭᠡᠯᠡᠭᠰᠡᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ | ᠪᠠ ᠠᠷᠠᠳ ᠤᠨ ᠪᠠᠩᠬᠢ ᠶᠢᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠲᠠᠪᠴᠠᠩ ᠤᠨ ᠰᠢᠰᠲ᠋ᠧᠮ ᠢᠶᠠᠷ | ᠵᠢᠭᠰᠠᠭᠠᠨ ᠪᠠᠶᠢᠴᠠᠭᠠᠬᠤ᠂ ᠵᠢᠭᠡᠯᠡᠯᠭᠡ ᠶᠢᠨ ᠯᠠᠶᠢᠮᠤᠤᠷᠴᠢ ᠡᠷᠦᠬᠡ ᠶᠢ ᠬᠤᠷᠢᠭᠯᠠᠬᠤ ᠪᠠ ᠴᠣᠬᠢᠯᠲᠠ ᠥᠭᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠡᠷᠭᠡᠶᠢᠯᠡᠬᠦ ᠪᠠ | ᠬᠡᠲᠦᠷᠡᠲᠡᠯ᠎ᠡ ᠵᠢᠭᠡᠯᠡᠯᠭᠡ ᠲᠠᠯᠪᠢᠭᠰᠠᠨ ᠠᠴᠠ ᠪᠣᠯᠤᠭᠰᠠᠨ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ | ᠬᠤᠷᠢᠭᠯᠠᠬᠤ ᠶᠢ ᠪᠡᠶᠡᠯᠡᠭᠦᠯᠤᠨ᠎ᠡ᠃ | ᠭᠤᠷᠪᠠ᠂ ᠮᠠᠯᠴᠢᠨ ᠲᠠᠷᠢᠶᠠᠴᠢᠨ ᠢ ᠵᠥᠪ ᠢᠶᠠᠷ ᠬᠥᠲᠥᠯᠥᠨ ᠵᠢᠯᠤᠭᠤᠳᠴᠤ ᠪᠠᠶᠢᠭᠠᠳ ᠵᠦᠢ ᠵᠣᠬᠢᠰᠲᠠᠢ ᠪᠠᠷ | ᠲᠦᠷᠢᠮ ᠳᠤ ᠨᠡᠶᠢᠴᠡᠭᠰᠡᠨ ᠵᠢᠭᠡᠯᠡᠯᠭᠡ ᠠᠪᠤᠭᠤᠯᠤᠨ᠎ᠠ | ︵ᠨᠢᠭᠡ︶ ᠵᠥᠪ ᠣᠨᠣᠪᠴᠢᠲᠠᠶ ᠬᠡᠷᠡᠭᠯᠡᠭᠡ ᠶᠢᠨ ᠣᠨᠣᠯᠵᠢᠬᠤᠨ ᠢ ᠪᠣᠶ ᠪᠣᠯᠭᠠᠨ᠎ᠠ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠥᠷᠭᠡᠨ ᠣᠯᠠᠨ | ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠠᠵᠢᠯᠴᠢ ᠠᠷᠪᠢᠴᠢ ᠪᠠᠷ ᠠᠷᠪᠢᠯᠠᠨ ᠭᠠᠮᠨᠠᠵᠦ ᠲᠡᠰᠪᠦᠷᠢ | ᠬᠠᠲᠠᠭᠤᠵᠢᠯᠲᠠᠢ ᠪᠠᠷ ᠠᠳᠠᠯ ᠦᠢᠯᠡᠰ ᠴᠣᠭᠴᠠᠯᠠᠨ ᠪᠣᠳᠠᠲᠠᠢ ᠳᠤ ᠥᠯᠥ ᠨᠡᠶᠢᠴᠡᠬᠦ ᠥᠨᠳᠥᠷ ᠬᠡᠷᠡᠭᠯᠡᠭᠡ ᠪᠠᠷ ᠢᠷᠠᠭᠤ | ᠠᠯᠳᠠᠷ ᠢᠶᠠᠨ ᠪᠣᠯᠭᠠᠬᠤ ᠪᠤᠷᠤᠭᠤ ᠦᠵᠡᠯ ᠰᠠᠨᠠᠭ᠎ᠠ ᠶᠢ ᠲᠠᠶᠠᠭᠳᠠᠵᠦ ᠵᠣᠬᠢᠬᠤ ᠬᠡᠮᠵᠢᠶᠡᠨ ᠤ ᠵᠦᠢ ᠵᠣᠬᠢᠰᠲᠠᠢ | ᠬᠡᠷᠡᠭᠯᠡᠭᠡ ᠶᠢᠨ ᠰᠢᠨ᠎ᠡ ᠣᠨᠣᠯᠵᠢᠬᠤᠨ ᠢ ᠪᠣᠶ ᠪᠣᠯᠭᠠᠨ᠎ᠠ︔ ᠬᠠᠭᠤᠴᠢᠨ ᠤ ᠪᠣᠯᠬᠢ ᠪᠦᠲᠦᠭᠦᠯᠢᠭ᠂ ᠮᠤᠩᠬᠠᠭ ᠪᠠᠯᠠᠢ᠂ | ᠢᠯᠵᠠᠷᠠᠮᠠᠯ ᠬᠡᠷᠡᠭᠯᠡᠭᠡ ᠶᠢᠨ ᠦᠵᠡᠯᠲᠡ᠂ ᠬᠠᠭᠤᠴᠢᠨ ᠤ ᠦᠵᠡᠯ ᠤᠬᠠᠮᠰᠠᠷ ᠢ ᠦᠬᠡᠶᠢᠰᠬᠡᠨ᠎ᠡ︔ ᠡᠷᠡᠭᠦᠯ ᠴᠢᠭᠢᠷᠠᠭ᠂ | ᠰᠢᠨᠵᠢᠯᠡᠬᠦ ᠤᠬᠠᠭᠠᠨᠴᠢ᠂ ᠠᠰᠢᠭᠲᠠᠢ ᠬᠡᠷᠡᠭᠯᠡᠭᠡᠨ ᠤ ᠰᠢᠨ᠎ᠡ ᠣᠨᠣᠯᠵᠢᠬᠤᠨ ᠢ ᠪᠣᠶ ᠪᠣᠯᠭᠠᠵᠤ ᠮᠠᠯᠴᠢᠨ ᠲᠠᠷᠢᠶᠠᠴᠢᠨ ᠤ | ᠥᠨᠳᠥᠷ ᠬᠦᠦ ᠲᠠᠢ ᠵᠢᠭᠡᠯᠡᠯᠭᠡ᠂ ᠰᠦᠯᠵᠢᠶᠡᠨ ᠤ ᠵᠢᠭᠡᠯᠡᠯᠭᠡ ᠶᠢᠨ ᠰᠢᠯᠵᠢᠯᠲᠡ ᠶᠢᠨ ᠬᠡᠷᠡᠭᠯᠡᠭᠡ ᠠᠴᠠ ᠪᠣᠯᠵᠤ ︽ | ᠢᠷᠡᠬᠦ ᠵᠢᠯ ᠤᠨ ᠬᠦᠨᠡᠰᠦ ᠪᠠᠨ ᠡᠨᠡ ᠵᠢᠯ ᠳᠡᠭᠡᠨ ᠢᠳᠡᠬᠦ︾᠂ ᠥᠷᠢ ᠰᠢᠷᠢ ᠳᠡᠭᠡᠨ ᠳᠠᠷᠤᠭᠳᠠᠬᠤ ᠠᠰᠠᠭᠤᠳᠠᠯ | ᠭᠠᠷᠬᠤ ᠶᠢ ᠴᠢᠩᠭ᠎ᠠ ᠰᠡᠷᠭᠡᠶᠢᠯᠡᠵᠦ ᠵᠥᠪ ᠣᠨᠣᠪᠴᠢᠲᠠᠶ ᠬᠡᠷᠡᠭᠯᠡᠭᠡ ᠶᠢᠨ ᠦᠵᠡᠯᠲᠡ ᠶᠢ ᠪᠣᠶ ᠪᠣᠯᠭᠠᠨ᠎ᠠ᠃ | ︵ᠬᠤᠶᠠᠷ︶ ᠦᠢᠯᠡᠳᠪᠦᠷᠢᠯᠡᠯ ᠳᠤ ᠵᠦᠢ ᠵᠣᠬᠢᠰᠲᠠᠢ ᠪᠡᠯᠡ ᠣᠷᠣᠭᠤᠯᠤᠯᠲᠠ ᠬᠢᠬᠦ ᠶᠢ ᠬᠥᠲᠥᠯᠥᠨ | ᠵᠢᠯᠣᠭᠤᠳᠤᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠥᠷᠭᠡᠨ ᠤᠯᠠᠨ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ | ᠦᠢᠯᠡᠳᠪᠦᠷᠢᠯᠡᠯ ᠤᠨ ᠬᠤᠷᠠᠮᠳᠤᠭᠤᠯᠭ᠎ᠠ ᠶᠢ ᠨᠢ ᠨᠡᠮᠡᠭᠳᠡᠭᠦᠯᠦᠨ ᠦᠢᠯᠡᠳᠪᠦᠷᠢᠯᠡᠯ ᠤᠨ ᠪᠡᠯᠡ ᠣᠷᠣᠭᠤᠯᠤᠯᠲᠠ ᠶᠢᠨ | ᠲᠠᠯ᠎ᠠ ᠪᠠᠷ ᠬᠢ ᠳᠤᠷ᠎ᠠ ᠶᠢᠨ ᠴᠢᠨᠠᠷ ᠪᠣᠯᠣᠨ ᠰᠣᠬᠤᠷ ᠪᠠᠯᠠᠢ ᠴᠢᠨᠠᠷ ᠢ ᠦᠨᠡᠨᠬᠦ ᠲᠡᠪᠴᠢᠵᠦ ᠦᠢᠯᠡᠳᠪᠦᠷᠢᠯᠡᠯ ᠤᠨ | ᠪᠡᠯᠡ ᠣᠷᠣᠭᠤᠯᠤᠯᠲᠠ ᠶᠢᠨ ᠲᠥᠯᠥᠪᠯᠡᠭᠡᠲᠦ ᠴᠢᠨᠠᠷ ᠢ ᠴᠢᠩᠭᠠᠳᠬᠠᠨ ᠭᠡᠷ ᠪᠦᠯᠢ ᠶᠢᠨ ᠣᠷᠣᠯᠭ᠎ᠠ ᠶᠢᠨ | ᠲᠣᠬᠢᠷᠠᠭᠤᠯᠤᠯᠲᠠ ᠶᠢ ᠦᠨᠡᠨᠬᠦ ᠦᠨᠳᠦᠰᠦᠯᠡᠨ ᠤᠷᠢᠳᠠᠪᠠᠷ ᠦᠢᠯᠡᠳᠪᠦᠷᠢᠯᠡᠵᠦ ᠲᠠᠷᠠᠭ᠎ᠠ ᠨᠢ ᠠᠮᠢᠳᠤᠷᠠᠬᠤ ᠪᠠ | ᠦᠢᠯᠡᠳᠪᠦᠷᠢᠯᠡᠯ ᠠᠮᠢᠳᠤᠷᠠᠯ ᠢ ᠬᠤᠶᠠᠷ ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠤᠨ᠎ᠡ᠃ ᠦᠢᠯᠡᠳᠪᠦᠷᠢᠯᠡᠯ ᠤᠨ | ᠰᠢᠨ᠎ᠡ ᠠᠷᠭ᠎ᠠ ᠵᠠᠮ ᠢ ᠨᠡᠭᠡᠭᠡᠵᠦ ︽ᠵᠠᠬ᠎ᠠ ᠳᠡᠯᠭᠡᠭᠦᠷ ᠤᠨ ᠲᠣᠭᠤᠷᠢᠨ ᠳᠤ᠂ ᠬᠡᠷᠡᠭᠴᠡᠭᠡ ᠳᠤ ᠨᠢᠭᠳᠠ | ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ︾ ᠵᠠᠷᠴᠢᠮ ᠢ ᠪᠠᠷᠢᠮᠲᠠᠯᠠᠨ ᠲᠠᠷᠢᠵᠤ ᠲᠡᠵᠢᠭᠡᠨ | ᠮᠠᠯᠵᠢᠬᠤ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠵᠦᠢ | ᠵᠣᠬᠢᠰᠲᠠᠢ ᠲᠣᠬᠢᠷᠠᠭᠤᠯᠵᠤ ᠲᠡᠷᠢᠭᠦᠨ ᠤ ᠮᠡᠷᠭᠡᠵᠢᠯ᠂ ᠲᠡᠷᠢᠭᠦᠨ ᠤ ᠬᠠᠮᠢᠶᠠᠷᠤᠯᠲᠠ ᠶᠢᠨ ᠲᠤᠷᠰᠢᠯᠭ᠎ᠠ ᠶᠢ ᠣᠷᠣᠭᠤᠯᠤᠨ | ᠠᠪᠴᠢᠷᠠᠬᠤ ᠪᠠ ᠬᠡᠷᠡᠭᠯᠡᠬᠦ ᠡᠷᠴᠢᠮ ᠢ ᠵᠡᠷᠭᠡ ᠪᠠᠷ ᠴᠢᠩᠭᠠᠷᠠᠭᠤᠯᠵᠤ ᠦᠢᠯᠡᠳᠪᠦᠷᠢᠯᠡᠯ ᠤᠨ ᠬᠦᠴᠦᠨ ᠢ ᠴᠢᠷᠮᠠᠶᠢᠨ | ᠬᠥᠭᠵᠢᠭᠦᠯᠵᠦ ᠣᠷᠣᠯᠭ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠤᠨ᠎ᠡ᠃ | ︵ᠭᠤᠷᠪᠠ︶ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠪᠣᠯᠪᠠᠰᠤᠷᠠᠯ ᠢ | ᠴᠢᠩᠭᠠᠳᠬᠠᠨ᠎ᠠ᠃ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ | ᠲᠠᠯ᠎ᠠ ᠪᠠᠷ ᠬᠡᠷᠡᠭᠵᠢᠭᠦᠯᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ᠂ ᠴᠢᠳᠠᠪᠤᠷᠢᠲᠠᠨ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ᠂ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢᠶᠠᠷ ᠲᠠᠷᠢᠶᠠᠯᠠᠩ ᠢ ᠪᠠᠬᠢᠵᠢᠭᠦᠯᠬᠦ︾ ᠰᠡᠳᠬᠢᠴᠡ ᠶᠣᠰᠣᠭᠠᠷ ᠥᠨᠳᠥᠷ | ᠬᠡᠪ ᠪᠣᠯᠪᠠᠰᠤᠷᠠᠯ ᠲᠠᠢ ᠣᠲᠣ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠡᠵᠡᠩᠨᠡᠭᠴᠢᠳ ᠤᠨ ᠡᠩᠨᠡᠭᠡ ᠶᠢ | ᠲᠦᠷᠭᠡᠳᠬᠡᠨ ᠬᠥᠮᠥᠵᠢᠭᠦᠯᠬᠦ ᠪᠠ ᠪᠣᠶ ᠪᠣᠯᠭᠠᠵᠤ ᠲᠠᠷᠢᠶᠠᠯᠠᠩ ᠳᠤ ᠳᠤᠷᠠᠲᠠᠢ᠂ ᠮᠡᠷᠭᠡᠵᠢᠯ ᠲᠠᠢ᠂ ᠡᠵᠡᠩᠨᠡᠬᠦ ᠳᠡᠭᠡᠨ | ᠴᠢᠳᠠᠮᠠᠭᠠᠢ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠤ ᠡᠩᠨᠡᠭᠡ ᠶᠢ ᠲᠦᠷᠭᠡᠳᠬᠡᠨ ᠪᠠᠶᠢᠭᠤᠯᠵᠤ ᠮᠠᠯ | ᠲᠠᠷᠢᠶᠠᠯᠠᠩ ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠮᠠᠯᠵᠢᠬᠤ | ᠲᠠᠷᠢᠶᠠᠯᠠᠬᠤ ᠣᠷᠣᠨ ᠤ ᠦᠷᠭᠦᠯᠵᠢᠯᠡᠨ ᠳᠠᠪᠰᠢᠬᠤ᠂ ᠮᠠᠯᠴᠢᠨ ᠲᠠᠷᠢᠶᠠᠴᠢᠨ ᠤ ᠪᠥᠬᠦ ᠲᠠᠯ᠎ᠠ ᠶᠢᠨ ᠬᠥᠭᠵᠢᠯᠲᠡ ᠶᠢ | ᠳᠠᠶᠢᠴᠢᠯᠠᠨ ᠠᠬᠢᠭᠤᠯᠤᠨ᠎ᠠ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠬᠠᠭᠤᠯᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠤᠬᠠᠭᠤᠯᠬᠤ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠭᠠᠵᠠᠷ ᠲᠤᠨᠢ | ᠣᠯᠠᠨ ᠲᠦᠮᠡᠨ ᠤ ᠠᠰᠠᠭᠤᠨ ᠯᠠᠪᠯᠠᠭᠰᠠᠨ ᠠᠰᠠᠭᠤᠯᠳᠠ ᠶᠢ ᠬᠠᠷᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠮᠠᠯᠴᠢᠨ | ᠲᠠᠷᠢᠶᠠᠴᠢᠨ ᠳᠤ ᠰᠣᠬᠤᠷ ᠪᠠᠯᠠᠢ ᠪᠠᠷ ᠵᠢᠭᠡᠯᠡᠯᠭᠡ ᠠᠪᠬᠤ ᠶᠢᠨ ᠬᠤᠣᠷ ᠬᠥᠨᠥᠭᠡᠯᠳᠦ ᠴᠢᠨᠠᠷ ᠢ ᠥᠷᠭᠡᠨ ᠢᠶᠠᠷ | ᠤᠬᠠᠭᠤᠯᠵᠤ ᠥᠷᠭᠡᠨ ᠣᠯᠠᠨ ᠮᠠᠯᠴᠢᠨ ᠲᠠᠷᠢᠶᠠᠴᠢᠨ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ | ᠣᠷᠣᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠲᠣᠬᠢᠷᠠᠭᠤᠯᠵᠤ ᠵᠥᠪ ᠣᠨᠣᠪᠴᠢᠲᠠᠶ ᠣᠶᠤᠨᠴᠢ ᠪᠠᠷ ᠬᠡᠷᠡᠭᠯᠡᠭᠡ ᠬᠢᠬᠦ | ᠦᠵᠡᠯᠲᠡ ᠶᠢ ᠪᠣᠶ ᠪᠣᠯᠭᠠᠨ᠎ᠠ᠃ ᠰᠤᠮᠤ ᠪᠠᠯᠭᠠᠰᠤ ᠵᠢᠴᠢ ᠭᠠᠴᠠᠭ᠎ᠠ ᠲᠣᠰᠬᠤᠨ ᠨᠤᠭᠤᠳ ᠮᠠᠯᠴᠢᠨ ᠲᠠᠷᠢᠶᠠᠴᠢᠨ ᠤ | ᠣᠷᠣᠯᠭ᠎ᠠ ᠶᠢᠨ ᠪᠠᠶᠢᠳᠠᠯ ᠪᠣᠯᠣᠨ ᠬᠡᠷᠡᠭᠯᠡᠭᠡ ᠶᠢᠨ ᠪᠠᠶᠢᠳᠠᠯ ᠢ ᠨᠢᠭᠲᠠ ᠠᠩᠬᠠᠷᠴᠤ ᠵᠢᠭᠡᠯᠡᠯᠭᠡ ᠠᠪᠬᠤ ᠠᠴᠠ ᠡᠮᠤᠨᠡᠬᠢ | ᠪᠠ ᠬᠤᠶᠢᠨᠠᠬᠢ ᠪᠠᠶᠢᠳᠠᠯ ᠤᠨ ᠪᠦᠬᠦ ᠶᠠᠪᠤᠴᠠ ᠶᠢ ᠡᠵᠡᠮᠳᠡᠵᠦ ᠬᠡᠲᠦ ᠵᠢᠭᠡᠯᠡᠯᠭᠡ ᠠᠪᠬᠤ ᠦᠶᠯᠡ ᠠᠵᠢᠯᠯᠠᠭ᠎ᠠ ᠶᠢ ᠴᠠᠭ | ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠢᠳᠬᠠᠨ ᠬᠤᠷᠢᠭᠯᠠᠵᠤ ᠬᠥᠲᠥᠯᠥᠨ ᠵᠢᠯᠤᠭᠤᠳᠣᠨ᠎ᠠ᠃ ᠢᠯᠠᠩᠭᠤᠶ᠎ᠠ | ᠬᠤᠰᠢᠭᠤ ᠰᠢᠶᠠᠨ ᠤ ᠠᠭᠤᠯᠵᠠᠷ ᠭᠠᠵᠠᠷ ᠣᠷᠣᠨ ᠤ ᠮᠠᠯᠴᠢᠨ ᠲᠠᠷᠢᠶᠠᠴᠢᠨ ᠤ ᠢᠲᠡᠭᠡᠮᠵᠢᠲᠦ ᠵᠢᠭᠡᠯᠡᠯᠭᠡ ᠶᠢᠨ | ᠪᠠᠶᠢᠳᠠᠯ ᠢ ᠠᠩᠬᠠᠷᠴᠤ ᠲᠡᠳᠡᠨ ᠤ ᠦᠢᠯᠡᠳᠪᠦᠷᠢᠯᠡᠯ᠂ ᠠᠮᠢᠳᠤᠷᠠᠯ᠂ ᠬᠡᠷᠡᠭᠯᠡᠭᠡ ᠶᠢᠨ ᠪᠠᠶᠢᠳᠠᠯ ᠢ ᠭᠦᠢᠴᠡᠳ ᠣᠶᠢᠯᠠᠭᠠᠨ | ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠪᠣᠯ ᠬᠤᠰᠢᠭᠤᠨ ᠳᠣᠲᠣᠷᠠᠬᠢ ᠪᠠᠩᠬᠢ ᠳᠤ ᠭᠦᠢᠴᠡᠳᠬᠡᠨ᠎ᠡ᠃ | ︵ᠬᠤᠶᠠᠷ︶ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠡᠷᠴᠢᠮ ᠢ ᠴᠢᠩᠭᠠᠳᠬᠠᠨ᠎ᠠ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠠᠤᠯᠢ ᠪᠠᠷ | ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ | ᠦᠨᠡᠨᠬᠦ ᠭᠦᠢᠴᠡᠳᠬᠡᠵᠦ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠬᠠᠭᠤᠯᠬᠤ | ᠪᠠ ᠨᠡᠶᠢᠲᠡᠯᠢᠭ ᠵᠢᠱᠢᠶ᠎ᠡ ᠶᠢ ᠳᠡᠯᠭᠡᠷᠡᠭᠦᠯᠬᠦ ᠠᠵᠢᠯ ᠢ ᠰᠠᠶᠢᠲᠤᠷ ᠬᠢᠵᠦ ᠬᠠᠤᠯᠢ ᠪᠠᠷ ᠵᠠᠰᠠᠬᠤ ᠨᠡᠶᠢᠭᠡᠮ ᠤᠨ | ᠪᠠᠶᠢᠭᠤᠯᠤᠯᠲᠠ ᠳᠤ ᠣᠷᠤᠯᠴᠠᠬᠤ ᠶᠢ ᠪᠦᠬᠦ ᠠᠷᠠᠳ ᠢᠶᠠᠷ ᠢᠶᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠨ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠤᠨ᠎ᠡ᠃ ᠡᠭᠦᠨ ᠤ ᠬᠠᠮᠲᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠬᠡᠷᠡᠭ ᠢᠶᠠᠷ | ᠬᠠᠤᠯᠢ ᠴᠠᠭᠠᠵᠠ ᠶᠢ ᠲᠠᠶᠢᠯᠪᠤᠷᠢᠯᠠᠬᠤ᠂ ᠲᠢᠩᠬᠢᠮ ᠤᠨ ᠰᠢᠭᠦᠯᠲᠡ ᠶᠢ ᠲᠣᠭᠤᠷᠢᠨ ᠦᠵᠡᠬᠦ ᠵᠡᠷᠭᠡ ᠤᠯᠠᠨ ᠵᠦᠢᠯ ᠤᠨ | ᠬᠡᠯᠪᠡᠷᠢ ᠪᠠᠷ ᠳᠠᠮᠵᠢᠭᠤᠯᠤᠨ ᠠᠷᠠᠳ ᠤᠯᠠᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢᠨ | ᠦᠵᠡᠯᠲᠡ᠂ ᠶᠣᠰᠣ ᠮᠣᠷᠠᠯ ᠤᠨ ᠦᠵᠡᠯᠲᠡ ᠪᠠ ᠬᠠᠷᠢᠭᠤᠴᠠᠯᠭ᠎ᠠ ᠶᠢᠨ ᠤᠬᠠᠮᠰᠠᠷ ᠢ ᠨᠢ ᠴᠢᠩᠭᠠᠷᠠᠭᠤᠯᠵᠤ ᠬᠠᠤᠯᠢ ᠪᠠᠷ | ᠵᠠᠰᠠᠬᠤ ᠦᠦᠰᠢᠨ ᠤ ᠪᠦᠲᠦᠬᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠦᠨᠳᠦᠰᠦᠨ ᠱᠠᠲᠤᠨ ᠤ | ᠰᠠᠭᠤᠷᠢ ᠶᠢ ᠲᠠᠯᠪᠢᠨ᠎ᠠ᠃ | ᠬᠠᠤᠯᠢ ᠴᠠᠭᠠᠵᠠ ᠶᠢᠨ ᠪᠠᠶᠢᠭᠤᠯᠭ᠎ᠠ ᠨᠢ ︽ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠣᠯᠠᠨ | ᠡᠰᠢᠵᠢᠭᠦᠯᠦᠨ ᠰᠢᠢᠳᠪᠦᠷᠢᠯᠡᠬᠦ ᠬᠠᠮᠲᠤᠷᠠᠭᠰᠠᠨ ᠠᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠰᠠᠨᠠᠯ︾ ︵ | ᠣᠷᠳᠣᠰ ᠳᠤᠮᠳᠠ ᠰᠢᠭᠦᠬᠦ ᠲᠠᠷᠬᠠᠭᠠᠭᠰᠠᠨ ﹇2021﹈ 224 ᠳ᠋ᠣᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ ᠬᠠᠤᠯᠢ ᠴᠠᠭᠠᠵᠠ ᠶᠢᠨ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ | ᠪᠠᠳᠠᠷᠠᠭᠤᠯᠵᠤ ᠮᠠᠯᠵᠢᠬᠤ ᠲᠠᠷᠢᠶᠠᠯᠠᠬᠤ ᠣᠷᠣᠨ ᠤ ᠵᠥᠷᠢᠴᠡᠯ ᠵᠢᠭᠤᠷᠠᠯᠳᠤᠭᠠᠨ ᠢ ᠦᠬᠡᠶᠢᠰᠭᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ ᠮᠠᠯ ᠲᠠᠷᠢᠶᠠᠯᠠᠩ ᠠᠵᠤ ᠠᠬᠤᠢ ᠳᠤ ᠬᠤᠯᠪᠣᠭᠳᠠᠬᠤ ᠵᠠᠷᠭᠤ ᠶᠢᠨ ᠨᠡᠮᠡᠭᠳᠡᠯ ᠤᠨ | ᠬᠡᠮᠵᠢᠶ᠎ᠡ ᠶᠢ ᠡᠬᠢ ᠡᠭᠦᠰᠦᠯ ᠠᠴᠠ ᠨᠢ ᠦᠨᠡᠨᠬᠦ ᠪᠠᠭᠠᠰᠬᠠᠨ ᠵᠠᠷᠭᠤ ᠦᠭᠡᠢ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠡ᠃ | ︵ᠭᠤᠷᠪᠠ︶ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠡᠷᠴᠢᠮ ᠢ ᠲᠦᠷᠭᠡᠳᠬᠡᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠠᠪᠤᠴᠠ ᠳᠤ ᠬᠠᠨᠳᠤᠯᠭᠠᠲᠤ | ᠴᠢᠨᠠᠷᠲᠠᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠤᠳᠤᠯᠤᠨ | ᠲᠣᠭᠲᠠᠭᠠᠵᠤ ᠭᠤᠣᠯᠳᠠᠯᠭ᠎ᠠ ᠲᠠᠢ ᠣᠷᠣᠨ ᠪᠦᠰᠡ᠂ ᠪᠠᠭᠤᠷᠠᠢ ᠭᠤᠭᠴᠤᠭ᠎ᠠ᠂ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠵᠠᠰᠠᠯᠲᠠ ᠵᠡᠷᠭᠡ | ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ ᠮᠥᠩᠭᠦᠨ ᠭᠦᠢᠯᠭᠡᠭᠡᠨ ᠤ ᠶᠡᠷᠦᠩᠬᠡᠶᠢᠯᠡᠭᠰᠡᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ | ᠲᠠᠷᠢᠶᠠᠴᠢᠨ︾ ᠳᠤ ᠦᠢᠯᠡᠴᠢᠯᠡᠵᠦ ᠬᠡᠰᠡᠭ ᠮᠠᠯᠴᠢᠨ ᠲᠠᠷᠢᠶᠠᠴᠢᠨ ᠤ ᠰᠢᠯᠵᠢᠯᠲᠡ ᠶᠢᠨ ᠵᠢᠭᠡᠯᠡᠯᠭᠡ ᠶᠢ ᠰᠡᠷᠭᠡᠶᠢᠯᠡᠬᠦ ᠪᠠ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠶᠢ ᠣᠷᠭᠠᠨᠢᠭ ᠢᠶᠠᠷ ᠤᠶᠠᠯᠳᠤᠭᠤᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠵᠦ ᠮᠥᠩᠭᠦᠨ ᠭᠦᠢᠯᠭᠡᠭᠡᠨ ᠤ ᠰᠠᠶᠢᠨ | ᠰᠠᠶᠢᠬᠠᠨ ᠣᠷᠴᠢᠨ ᠨᠦᠬᠦᠴᠡᠯ ᠢ ᠪᠣᠶ ᠪᠣᠯᠭᠠᠨ ᠨᠤᠮᠢᠨ ᠲᠠᠩᠰᠤᠭ ᠦᠦᠰᠢᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ᠃ | |