ᠦᠦᠰᠢᠨ ᠵᠠᠰᠠᠭ ᠠᠯᠪᠠᠨ ᠳᠠᠷᠬᠠᠭᠠᠬᠤ〔2022〕8 ᠳ᠋ᠤᠭᠠᠷ ᠲᠣᠭᠠᠲᠤ | | ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ | ᠰᠢᠭᠤᠳ ᠬᠠᠷᠢᠶ᠎ᠠ ᠨᠢᠭᠡᠴᠢ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠠᠵᠢᠯ ᠤᠨ ᠬᠡᠷᠡᠭᠴᠡᠭᠡ ᠠᠴᠠ ᠪᠣᠯᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠬᠤ ᠪᠠᠷ ᠳᠡᠮᠵᠢᠭᠠᠳ᠂ ᠬᠤᠰᠢᠭᠤ ᠠᠷᠠᠳ ᠤᠨ ᠵᠠᠰᠠᠭ ᠤᠨ | ᠣᠷᠳᠣᠨ ᠤ ᠵᠠᠷᠢᠮ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠲᠣᠬᠢᠷᠠᠭᠤᠯᠬᠤ ᠪᠠᠷ | ᠲᠤᠭᠲᠠᠪᠠ᠃ | ᠴᠢᠶᠣᠤ ᠵᠢᠶᠠᠨ ᠵᠢᠶᠠᠩ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠤᠤᠯ ᠤᠨ ᠠᠵᠢᠯ ᠤᠨ ᠬᠤᠪᠢᠶᠠᠷᠢᠯᠠᠯ ᠤᠨ ᠰᠠᠭᠤᠷᠢᠨ ᠳᠡᠭᠡᠷ᠎ᠡ ᠬᠤᠰᠢᠭᠤ ᠳᠠᠷᠤᠭ᠎ᠠ ᠶᠢ ᠬᠠᠮᠵᠢᠨ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ | ᠢᠯᠡ ᠪᠣᠯᠭᠠᠬᠤ᠂ ᠰᠣᠶᠣᠯ ᠵᠢᠭᠤᠯᠴᠢᠯᠠᠯ ᠤᠨ ᠠᠵᠢᠯ ᠢ ᠬᠠᠷᠢᠭᠤᠴᠠᠵᠤ᠂ ᠬᠤᠰᠢᠭᠤ ᠰᠣᠶᠣᠯ ᠪᠠ ᠵᠢᠭᠤᠯᠴᠢᠯᠠᠯ ᠤᠨ | ᠲᠣᠪᠴᠢᠶ᠎ᠠ ︵ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠬᠦᠯᠦᠯᠲᠡ ᠶᠢᠨ ᠲᠥᠪ᠂ ᠤᠯᠠᠭᠠᠨᠮᠥ᠋ᠴᠢᠷ︶᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠣᠮᠣ | ᠳ᠋ᠠᠶᠢᠲ᠋ᠠ ᠶᠢᠨ ᠲᠥᠪ︶᠂ ᠰᠢᠷᠬᠤᠰᠣ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠬᠠᠮᠢᠶᠠᠷᠤᠯᠲᠠ ᠶᠢᠨ | ᠲᠣᠪᠴᠢᠶ᠎ᠠ ᠶᠢ ᠪᠣᠳᠠᠲᠠᠢ ᠬᠤᠪᠢᠶᠠᠷᠢᠯᠠᠨ ᠬᠠᠮᠢᠶᠠᠷᠤᠨ᠎ᠠ᠃ | ᠬᠠᠷᠢᠯᠴᠠᠬᠤ ᠨᠢ᠄ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠷᠠᠳᠢᠣ᠋ ᠲᠧᠯᠸᠢᠰ ᠤᠨ ᠰᠦᠯᠵᠢᠶᠡᠨ ᠤ | ᠺᠣᠮᠫᠠᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ | ᠲᠣᠪᠴᠢᠶ᠎ᠠ ᠶᠢᠨ ᠦᠦᠰᠢᠨ ᠳᠠᠬᠢ 854 ᠰᠠᠴᠤᠷᠠᠭᠤᠯᠬᠤ ᠦᠷᠳᠡᠭᠡ᠃ | ᠠᠯᠲᠠᠨᠴᠢᠯᠠᠭᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠤᠤᠯ ᠤᠨ ᠠᠵᠢᠯ ᠤᠨ ᠬᠤᠪᠢᠶᠠᠷᠢᠯᠠᠯ ᠤᠨ ᠰᠠᠭᠤᠷᠢᠨ ᠳᠡᠭᠡᠷ᠎ᠡ ᠬᠤᠰᠢᠭᠤ ᠳᠠᠷᠤᠭ᠎ᠠ ᠶᠢ ᠬᠠᠮᠵᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠬᠤᠰᠢᠭᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠨᠡᠶᠢᠭᠡᠮ ᠤᠨ ᠪᠠᠲᠤᠯᠠᠭ᠎ᠠ ᠪᠠ ᠠᠵᠢᠯ | ᠣᠯᠭᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶ ᠶᠢ | ᠪᠣᠳᠠᠲᠠᠢ ᠬᠤᠪᠢᠶᠠᠷᠢᠯᠠᠨ ᠬᠠᠮᠢᠶᠠᠷᠤᠨ᠎ᠠ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2022 ᠣᠨ ᠤ 2 ᠰᠠᠷ᠎ᠠ ᠶᠢᠨ 20 ᠤ ᠡᠳᠣᠷ | |