︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢᠨ ᠬᠡᠷᠡᠭᠵᠢᠭᠦᠯᠬᠦ ᠲᠥᠰᠥᠯ ︵2021 ︱ 2025 ᠣᠨ︶︾ ᠤᠨ ᠲᠥᠷᠥ ᠶᠢᠨ ᠪᠣᠳᠣᠯᠭ᠎ᠠ ᠶᠢᠨ ᠲᠣᠪᠴᠢ ᠲᠣᠳᠣᠷᠬᠠᠢ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2022/5/11
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢᠨ ᠬᠡᠷᠡᠭᠵᠢᠭᠦᠯᠬᠦ ᠲᠥᠰᠥᠯ ︵2021 ︱ 2025 ᠣᠨ︶︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ 21 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ᠲᠥᠰᠥᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃       ᠨᠢᠭᠡ᠂ ᠶᠠᠭᠤᠨ ᠤ ᠤᠴᠢᠷ ᠠᠴᠠ ︽ᠲᠥᠰᠥᠯ︾ ᠢ ᠲᠣᠭᠲᠠᠭᠠᠵᠤ ᠨᠡᠶᠢᠲᠡᠯᠡᠭᠰᠡᠨ ᠪᠤᠢ︖       ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ ᠬᠤᠶᠢᠰᠢᠳᠠ ᠶᠢᠨ ᠬᠡᠰᠡᠭ ᠬᠤᠭᠤᠴᠠᠭᠠᠨ ᠳᠤ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠪᠠᠷ ᠭᠤᠣᠯ ᠪᠣᠯᠭᠠᠭᠰᠠᠨ ᠰᠢᠨ᠎ᠡ ᠡᠨᠧᠷᠭᠢ ᠶᠢᠨ ᠰᠤᠷᠪᠤᠯᠵᠢ ᠨᠢ ᠲᠦᠷᠭᠡᠨ ᠬᠥᠭᠵᠢᠯᠲᠡ ᠶᠢᠨ ᠱᠠᠲᠤᠨ ᠳᠤ ᠣᠷᠣᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠲᠤᠨᠤᠭ ᠲᠥᠬᠦᠭᠡᠷᠦᠮᠵᠢ ᠳᠠᠬᠢ ᠬᠡᠷᠡᠭᠴᠡᠭᠡ ᠯᠤᠲᠤ ᠶᠡᠭᠡ ᠪᠣᠯᠣᠨ᠎ᠠ᠃ ᠥᠪᠥᠷ ᠮᠣᠩᠭᠤᠯ ᠤᠨ ᠰᠠᠯᠬᠢᠨ ᠤ ᠡᠨᠧᠷᠭᠢ᠂ ᠨᠡᠷᠡᠨ ᠤ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ᠂ ᠨᠡᠭᠡᠭᠡᠨ ᠬᠥᠭᠵᠢᠭᠦᠯᠬᠦ ᠳᠠᠯᠳᠠ ᠬᠦᠴᠦᠨ ᠯᠤᠲᠤ ᠶᠡᠭᠡ ᠪᠠᠶᠢᠵᠤ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠵᠠᠬ᠎ᠠ ᠳᠡᠯᠭᠡᠭᠦᠷ ᠤᠨ ᠠᠵᠠ ᠲᠣᠬᠢᠶᠠᠯ ᠬᠠᠩᠭᠠᠪᠠ᠃ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠯᠦᠭᠡ ᠵᠣᠬᠢᠴᠠᠯᠳᠤᠭᠰᠠᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠢ ᠲᠦᠷᠭᠡᠳᠬᠡᠨ ᠬᠥᠭᠵᠢᠭᠦᠯᠵᠦ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ︽ᠲᠥᠰᠥᠯ︾ ᠢ ᠲᠣᠭᠲᠠᠭᠠᠪᠠ᠃       ᠬᠤᠶᠠᠷ᠂ ︽ᠲᠥᠰᠥᠯ︾ ᠤᠨ ᠶᠡᠷᠦᠩᠬᠡᠢ ᠱᠠᠭᠠᠷᠳᠠᠯᠭ᠎ᠠ ᠨᠢ ᠶᠠᠭᠤ ᠪᠤᠢ︖       ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠵᠢᠯ ᠤᠨ ᠭᠠᠷᠤᠯᠲᠠ ᠨᠢ 800 ᠲᠦᠮᠡᠨ ᠺᠢᠯᠣᠸᠠᠲ ᠠᠴᠠ ᠳᠡᠭᠡᠭᠰᠢᠬᠢ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠵᠢᠴᠢ ᠰᠡᠯᠪᠢᠭ ᠲᠤᠨᠤᠭ᠂ 400 ᠲᠦᠮᠡᠨ ᠺᠢᠯᠣᠸᠠᠲ ᠠᠴᠠ ᠳᠡᠭᠡᠭᠰᠢᠬᠢ ᠨᠡᠷᠡᠨ ᠡᠨᠧᠷᠭᠢ ᠶᠢᠨ ᠳ᠋ᠢᠶᠠᠨ ᡂᠢ ᠵᠢᠴᠢ ᠲᠣᠨᠣᠭᠯᠠᠭᠠᠰᠤ᠂ 360 ᠲᠦᠮᠡᠨ ᠺᠢᠯᠣᠸᠠᠲ ᠠᠴᠠ ᠳᠡᠭᠡᠭᠰᠢᠬᠢ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ᠂ 5000 ᠢᠵᠢ ᠠᠴᠠ ᠳᠡᠭᠡᠭᠰᠢᠬᠢ ᠲᠦᠯᠡᠰᠢᠨ ᠳ᠋ᠢᠶᠠᠨ ᡂᠢ ᠶᠢᠨ ᠮᠠᠰᠢᠨ ᠲᠡᠷᠭᠡᠨ ᠤ ᠴᠠᠬᠢᠯᠭᠠᠨ ᠵᠤᠤᠬ᠎ᠠ ᠶᠢᠨ ᠰᠢᠰᠲ᠋ᠧᠮ᠂ 800 ᠢᠵᠢ ᠠᠴᠠ ᠳᠡᠭᠡᠭᠰᠢᠬᠢ ᠤᠰᠤᠲᠥ᠋ᠷᠥᠭᠴᠢ ᠦᠢᠯᠡᠳᠬᠦ ᠵᠢᠴᠢ ᠠᠵᠤ ᠦᠢᠯᠡᠳᠪᠦᠷᠢ ᠶᠢᠨ ᠳᠠᠭᠠᠯᠲᠠ ᠭᠠᠷᠤᠯᠲᠠ ᠶᠢᠨ ᠤᠰᠤᠲᠥ᠋ᠷᠥᠭᠴᠢ ᠶᠢ ᠴᠡᠪᠡᠷᠰᠢᠭᠦᠯᠬᠦ ᠲᠥᠬᠦᠭᠡᠷᠦᠮᠵᠢ᠂ 40 ᠲᠦᠮᠡᠨ ᠲᠣᠨ ᠠᠴᠠ ᠳᠡᠭᠡᠭᠰᠢᠬᠢ ᠤᠰᠤᠲᠥ᠋ᠷᠥᠭᠴᠢ ᠬᠠᠳᠠᠭᠠᠯᠠᠬᠤ ᠲᠥᠬᠦᠭᠡᠷᠦᠮᠵᠢ ᠶᠢᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠬᠦ ᠪᠠᠷ ᠲᠥᠯᠥᠪᠵᠢᠭᠦᠯᠪᠡ᠃ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠦᠢᠯᠡᠳᠬᠦᠨ ᠤ ᠥᠷᠲᠡᠭ ᠢ 1000 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃       ᠭᠤᠷᠪᠠ᠂ ︽ᠲᠥᠰᠥᠯ︾ ᠳᠤ ᠲᠣᠳᠣᠷᠬᠠᠶᠢᠯᠠᠭᠰᠠᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠬᠥᠭᠵᠢᠯᠲᠡ ᠶᠢᠨ ᠴᠢᠭᠯᠡᠯ ᠨᠢ ᠶᠠᠭᠤ ᠪᠤᠢ︖             ᠰᠠᠯᠬᠢ᠂ ᠭᠡᠷᠡᠯ᠂ ᠤᠰᠤᠲᠥ᠋ᠷᠥᠭᠴᠢ᠂ ᠨᠥᠭᠡᠴᠡᠯᠡᠬᠦ ᠲᠣᠨᠣᠭᠯᠠᠯ ᠦᠢᠯᠡᠳᠬᠦ ᠳᠦᠷᠪᠡᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠴᠢᠭᠯᠡᠯ ᠪᠣᠯᠣᠨ ᠮᠡᠷᠭᠡᠵᠢᠯ ᠤᠨ ᠭᠦᠢᠴᠡᠳᠬᠡᠯ ᠤᠨ ᠲᠤᠭ᠎ᠠ ᠶᠢ ᠳᠤᠷᠠᠳᠪᠠ᠃ ᠣᠲᠣ ᠶᠢᠨ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠎ᠡ ᠃ ᠳᠡᠯᠪᠢ᠂ ᠴᠠᠬᠢᠯᠭᠠᠨ ᠭᠠᠷᠭᠠᠬᠤ ᠮᠠᠰᠢᠨ᠂ ᠬᠤᠷᠳᠤᠴᠠ ᠨᠡᠮᠡᠭᠳᠡᠯ ᠤᠨ ᠮᠠᠰᠢᠨ᠂ ᠪᠤᠯᠤ᠂ ᠭᠤᠣᠯ ᠲᠡᠩᠭᠡᠯᠢᠭ᠂ ᠲᠣᠭᠲᠠᠮᠠᠯ ᠡᠷᠭᠢᠭᠴᠢ᠂ ᠹᠠᠯᠠᠨ᠂ ᠬᠤᠯᠬᠤᠪᠴᠢ᠂ ᠡᠵᠡᠮᠰᠢᠯ ᠤᠨ ᠰᠢᠰᠲ᠋ᠧᠮ ᠵᠡᠷᠭᠡ ᠭᠤᠣᠯ ᠪᠣᠯᠬᠤ ᠢᠵᠢ ᠪᠦᠷᠢᠳᠦᠭᠦᠯᠬᠦ ᠰᠡᠯᠪᠢᠭ ᠲᠣᠨᠤᠭ ᠢ ᠭᠤᠣᠯᠳᠠᠯᠭ᠎ᠠ ᠲᠠᠢ ᠬᠥᠭᠵᠢᠭᠦᠯᠵᠦ᠂ ᠰᠡᠯᠪᠢᠭ ᠲᠣᠨᠤᠭ ᠤᠨ ᠣᠷᠣᠨ ᠤ ᠳᠣᠲᠣᠷᠠᠬᠢ ᠢᠵᠢ ᠪᠦᠷᠢᠳᠦᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠷᠡᠯ ᠴᠡᠨᠡᠭ ᠤᠨ ᠮᠠᠲ᠋ᠧᠷᠢᠶᠠᠯ ᠤᠨ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ᠂ ᠣᠯᠠᠨ ᠲᠠᠯᠠᠰᠲᠤ ᠴᠠᠬᠢᠭᠤᠷ᠂ ᠲᠠᠩ ᠲᠠᠯᠠᠰᠲᠤ ᠴᠠᠬᠢᠭᠤᠷ ᠤᠨ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠵᠣᠷᠢᠭᠵᠢᠭᠤᠯᠵᠤ᠂ ᠳᠣᠣᠷᠠᠳᠤ ᠤᠷᠤᠰᠬᠠᠯ ᠤᠨ ᠳ᠋ᠢᠶᠠᠨ ᡂᠢ ᠶᠢᠨ ᠢᠯᠲᠠᠰᠤ᠂ ᠳ᠋ᠢᠶᠠᠨ ᡂᠢ ᠶᠢᠨ ᠲᠣᠨᠣᠭᠯᠠᠭᠠᠰᠤ ᠶᠢ ᠬᠥᠭᠵᠢᠭᠦᠯᠦᠨ᠎ᠡ᠃ ᠬᠡᠷᠡᠯ ᠴᠡᠨᠡᠭ ᠤᠨ ᠰᠢᠯ᠂ ᠠᠷᠤ ᠬᠠᠪᠲᠠᠰᠤ᠂ EVA ᠭᠤᠮ ᠪᠦᠷᠬᠦᠪᠴᠢ᠂ ᠰᠥᠷᠬᠦ ᠬᠤᠪᠢᠷᠠᠭᠠᠭᠤᠷ ᠵᠡᠷᠭᠡ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠦᠶᠯᠡᠳᠬᠦ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ ᠡᠯᠪᠡᠭ ᠪᠠᠶᠠᠯᠢᠭ ᠡᠨᠧᠷᠭᠢ ᠶᠢᠨ ᠡᠬᠢ ᠪᠠᠶᠠᠯᠢᠭ ᠪᠠ ᠤᠰᠤᠲᠥ᠋ᠷᠥᠭᠴᠢ ᠡᠨᠧᠷᠭᠢ ᠶᠢᠨ ᠬᠡᠷᠡᠭᠯᠡᠭᠡᠨ ᠤ ᠠᠬᠤᠢ ᠪᠠᠶᠢᠳᠠᠯ ᠳᠤ ᠲᠦᠰᠢᠭᠯᠡᠨ᠂ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠤᠨ ᠮᠡᠷᠭᠡᠵᠢᠯ ᠤᠨ ᠰᠢᠨᠡᠴᠢᠯᠡᠯᠲᠡ ᠶᠢ ᠴᠢᠩᠭᠠᠳᠬᠠᠵᠤ᠂ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ ᠲᠣᠨᠣᠭᠯᠠᠯ᠂ ᠠᠵᠤ ᠦᠢᠯᠡᠳᠪᠦᠷᠢ ᠶᠢᠨ ᠳᠠᠭᠠᠯᠲᠠ ᠭᠠᠷᠤᠯᠲᠠ ᠶᠢᠨ ᠤᠰᠤᠲᠥ᠋ᠷᠥᠭᠴᠢ ᠶᠢ ᠴᠡᠪᠡᠷᠰᠢᠭᠦᠯᠬᠦ ᠲᠣᠨᠣᠭᠯᠠᠯ᠂ ᠤᠰᠤᠲᠥ᠋ᠷᠥᠭᠴᠢ ᠡᠨᠧᠷᠭᠢ ᠶᠢ ᠬᠠᠳᠠᠭᠠᠯᠠᠵᠤ ᠵᠥᠭᠡᠭᠡᠪᠦᠷᠢᠯᠡᠬᠦ ᠲᠣᠨᠣᠭᠯᠠᠯ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠡᠷᠭᠡ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠢ ᠬᠥᠭᠵᠢᠭᠦᠯᠦᠨ᠎ᠡ᠃       ᠳᠥᠷᠪᠡ᠂ ︽ᠲᠥᠰᠥᠯ︾ ᠤᠨ ᠭᠤᠣᠯ ᠡᠭᠦᠷᠭᠡ ᠳᠤ ᠠᠯᠢ ᠠᠯᠢ ᠲᠠᠯ᠎ᠠ ᠶᠢ ᠪᠠᠭᠲᠠᠭᠠᠬᠤ ᠪᠤᠢ︖       ᠨᠢᠭᠡ ᠳᠤ᠂ ᠠᠵᠤ ᠦᠢᠯᠡᠰ ᠤᠨ ᠰᠠᠭᠤᠷᠢᠨ ᠭᠠᠵᠠᠷ ᠤᠨ ᠪᠠᠶᠢᠷᠢᠰᠢᠯ ᠢ ᠠᠬᠢᠭᠤᠯᠤᠨ᠎ᠠ᠃ ᠠᠵᠤ ᠦᠢᠯᠡᠰ ᠤᠨ ᠰᠠᠭᠤᠷᠢ᠂ ᠣᠷᠣᠨ ᠪᠠᠶᠢᠷᠢ ᠶᠢᠨ ᠨᠥᠬᠦᠴᠡᠯ᠂  ᠡᠬᠢ ᠪᠠᠶᠠᠯᠢᠭ ᠤᠨ ᠬᠦᠴᠦᠨ ᠵᠦᠢᠯ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠲᠥᠷᠥᠯ ᠵᠦᠢᠯ ᠵᠢᠴᠢ ᠦᠶᠯᠡᠳᠬᠦ ᠰᠠᠭᠤᠷᠢᠨ ᠭᠠᠵᠠᠷ ᠢ ᠲᠥᠪᠯᠡᠷᠡᠭᠦᠯᠦᠨ ᠪᠠᠶᠢᠷᠢᠯᠠᠭᠤᠯᠤᠨ᠎ᠠ᠃ ᠬᠤᠶᠠᠷ ᠲᠤ᠂ ᠠᠵᠤ ᠦᠢᠯᠡᠰ ᠢ ᠬᠡᠯᠬᠢᠶᠡᠵᠢᠭᠰᠡᠨ ᠬᠡᠯᠪᠡᠷᠢ ᠪᠠᠷ ᠤᠷᠲᠤᠳᠬᠠᠬᠤ ᠶᠢ ᠠᠬᠢᠭᠤᠯᠤᠨ᠎ᠠ᠃ ᠬᠡᠯᠬᠢᠶᠡᠵᠢᠯ ᠤᠨ ᠭᠤᠣᠯ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠶᠡᠭᠡ ᠪᠠᠷ ᠪᠣᠶᠢᠵᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠲᠣᠮᠣ ᠬᠡᠯᠪᠡᠷᠢ ᠶᠢᠨ ᠨᠢᠷᠤᠭᠤᠪᠴᠢ ᠠᠵᠤ ᠠᠬᠤᠶᠢᠯᠠᠯ ᠤᠨ ᠲᠣᠭᠤᠷᠢᠨ ᠳᠤ ᠬᠠᠮᠵᠢᠯᠴᠠᠨ ᠢᠵᠢ ᠪᠦᠷᠢᠳᠦᠭᠦᠯᠬᠦ ᠶᠢ ᠵᠣᠷᠢᠭᠵᠢᠭᠤᠯᠤᠨ᠎ᠠ᠃ ᠭᠤᠷᠪᠠ ᠳᠤ᠂ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠠᠵᠤ ᠠᠬᠤᠶᠢᠯᠠᠯ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠪᠡᠯᠡ ᠮᠥᠩᠭᠦ ᠣᠷᠣᠭᠤᠯᠬᠤ᠂ ᠮᠡᠷᠭᠡᠵᠢᠯ ᠣᠷᠣᠭᠤᠯᠬᠤ᠂ ᠴᠢᠳᠠᠪᠤᠷᠢᠲᠠᠨ ᠣᠷᠣᠭᠤᠯᠬᠤ ᠡᠷᠴᠢᠮ ᠢ ᠴᠢᠩᠭᠠᠷᠠᠭᠤᠯᠵᠤ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠂ ᠭᠠᠳᠠᠭᠠᠳᠤ ᠳᠤ ᠬᠠᠨᠳᠤᠭᠤᠯᠤᠭᠰᠠᠨ ᠮᠡᠷᠭᠡᠵᠢᠯ ᠤᠨ ᠰᠢᠨᠡᠴᠢᠯᠡᠯᠲᠡ ᠬᠠᠮᠲᠤᠷᠠᠯᠴᠠᠭ᠎ᠠ ᠶᠢ  ᠥᠷᠭᠡᠳᠬᠡᠵᠦ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠬᠥᠭᠵᠢᠯᠲᠡ ᠯᠦᠭᠡ ᠲᠣᠬᠢᠷᠠᠯᠴᠠᠭᠰᠠᠨ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠮᠡᠷᠭᠡᠵᠢᠯ ᠤᠨ ᠦᠷ᠎ᠡ ᠪᠦᠲᠦᠭᠡᠯ ᠢ ᠥᠪᠥᠷ ᠮᠣᠩᠭᠤᠯ ᠳᠤ ᠠᠵᠤ ᠦᠢᠯᠡᠰᠵᠢᠭᠦᠯᠦᠨ ᠬᠡᠷᠡᠭᠯᠡᠬᠦ ᠶᠢ ᠪᠡᠶᠡᠯᠡᠭᠦᠯᠦᠨ᠎ᠡ᠃ ᠳᠥᠷᠪᠡ ᠳᠤ᠂ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠲᠣᠭᠠᠴᠢᠯᠠᠭᠰᠠᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠭᠠᠩᠨᠠᠨ ᠵᠠᠯᠭᠠᠬᠤ᠂ ᠰᠦᠷᠴᠢᠨ ᠰᠢᠷᠳᠡᠬᠦ ᠵᠡᠷᠭᠡ ᠵᠠᠩᠭᠢᠯᠠᠭ᠎ᠠ ᠶᠢᠨ ᠠᠵᠢᠯ ᠤᠨ ᠭᠤᠭᠴᠤᠭ᠎ᠠ ᠳᠤ ᠮᠠᠰᠢᠨ ᠢᠶᠠᠷ ᠬᠥᠮᠥᠨ ᠢ ᠣᠷᠣᠯᠠᠭᠤᠯᠬᠤ ᠠᠵᠢᠯ ᠢ ᠥᠷᠨᠢᠭᠦᠯᠦᠨ᠎ᠡ ︔ ᠠᠵᠤ ᠠᠬᠤᠶᠢᠯᠠᠯ ᠤᠨ ᠲᠣᠮᠣ ᠳ᠋ᠠᠶᠢᠲ᠋ᠠ᠂ ᠡᠭᠦᠯᠡᠨ ᠮᠡᠷᠭᠡᠵᠢᠯ᠂ 5G ᠶᠢᠨ ᠬᠡᠷᠡᠭᠯᠡᠭᠡ ᠶᠢ ᠠᠰᠢᠭᠯᠠᠨ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ᠂ ᠣᠶᠤᠨᠲᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠲᠡᠭᠡᠭᠡᠪᠦᠷᠢ᠂ ᠪᠠᠶᠢᠴᠠᠭᠠᠯᠲᠠ᠂ ᠵᠠᠰᠠᠯᠲᠠ ᠶᠢ ᠨᠢᠭᠡ ᠴᠣᠭᠴᠠᠵᠢᠭᠤᠯᠤᠭᠰᠠᠨ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ᠎ᠠ᠃       ᠲᠠᠪᠤ᠂ ︽ᠲᠥᠰᠥᠯ︾ ᠨᠢ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠬᠥᠭᠵᠢᠯᠲᠡ ᠳᠤ ᠶᠠᠮᠠᠷ ᠶᠠᠮᠠᠷ ᠲᠦᠷᠦ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠭᠰᠠᠨ ᠪᠤᠢ︖       ᠨᠢᠭᠡ ᠳᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠲᠣᠮᠣ ᠬᠡᠯᠪᠡᠷᠢ ᠶᠢᠨ ᠰᠢᠨ᠎ᠡ ᠡᠨᠧᠷᠭᠢ ᠶᠢᠨ ︽ᠡᠬᠢ ᠰᠤᠷᠪᠤᠯᠵᠢ ᠶᠢ ᠲᠣᠥᠷᠵᠢᠭᠤᠯᠤᠨ ᠨᠥᠭᠡᠴᠡᠯᠡᠬᠦ︾ ᠬᠠᠮᠵᠢᠯᠴᠠᠨ ᠦᠢᠯᠡᠳᠦᠯᠴᠡᠬᠦ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠵᠣᠷᠢᠭᠵᠢᠭᠤᠯᠵᠤ᠂ ᠬᠠᠷᠠᠭᠠᠯᠵᠠᠯᠲᠤ ᠴᠠᠬᠢᠯᠭᠠᠨ ᠤ ᠦᠨ᠎ᠡ ᠶᠢᠨ ᠳᠡᠮᠵᠢᠯᠭᠡ ᠦᠵᠡᠭᠦᠯᠦᠨ᠎ᠡ᠃ ᠭᠠᠵᠠᠷ ᠣᠷᠣᠨ ᠤ ᠬᠤᠭᠤᠷᠣᠨᠳᠤ ᠪᠠᠨ ᠰᠲ᠋ᠣᠺ ᠤᠨ ᠡᠷᠬᠡ ᠶᠢᠨ ᠬᠤᠪᠢᠶᠠᠷᠢᠯᠠᠯᠲᠠ᠂ ᠭᠠᠶᠢᠯᠢ ᠲᠠᠲᠠᠪᠤᠷᠢ ᠶᠢᠨ ᠬᠤᠪᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠬᠤᠯᠠ ᠶᠡᠭᠡ ᠲᠥᠷᠥᠯ ᠵᠦᠢᠯ ᠢ ᠬᠠᠮᠲᠤᠷᠠᠨ ᠪᠠᠶᠢᠭᠤᠯᠬᠤ ᠶᠢ ᠵᠣᠷᠢᠭᠵᠢᠭᠤᠯᠤᠨ᠎ᠠ᠃ ᠬᠤᠶᠠᠷ ᠲᠤ᠂ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢ ᠴᠢᠩᠭᠠᠳᠬᠠᠨ᠎ᠠ᠃ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠠᠶᠢᠯᠢ ᠲᠠᠲᠠᠪᠤᠷᠢ ᠶᠢ ᠬᠥᠩᠭᠡᠯᠡᠵᠦ ᠬᠡᠯᠲᠦᠷᠢᠭᠦᠯᠬᠦ ᠵᠣᠬᠢᠬᠤ ᠲᠦᠷᠦ ᠶᠢᠨ ᠪᠣᠳᠣᠯᠭ᠎ᠠ ᠶᠢ ᠡᠳ᠋ᠯᠡᠭᠦᠯᠦᠨ᠎ᠡ᠃ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠠᠵᠤ ᠦᠢᠯᠡᠰ ᠤᠨ ᠰᠠᠭᠤᠷᠢ ᠮᠥᠩᠭᠦ ᠪᠠᠶᠢᠭᠤᠯᠬᠤ ᠶᠢ ᠠᠬᠢᠭᠤᠯᠵᠤ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠲᠥᠷᠥᠯ ᠵᠦᠢᠯ᠂ ᠢᠯᠠᠩᠭᠤᠶ᠎ᠠ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ᠂ ᠠᠵᠤ ᠦᠢᠯᠡᠰ ᠤᠨ ᠬᠤᠭᠤᠰᠤᠨ ᠢ ᠨᠥᠬᠦᠪᠦᠷᠢᠯᠡᠬᠦ ᠵᠠᠩᠭᠢᠯᠠᠭ᠎ᠠ ᠶᠢᠨ ᠰᠡᠯᠪᠢᠭ ᠲᠣᠨᠤᠭ ᠤᠨ ᠢᠵᠢ ᠪᠦᠷᠢᠳᠦᠭᠦᠯᠬᠦ ᠲᠥᠷᠥᠯ ᠵᠦᠢᠯ ᠳᠤ ᠪᠡᠯᠡ ᠣᠷᠣᠭᠤᠯᠤᠯᠲᠠ ᠶᠢᠨ ᠨᠥᠬᠦᠪᠦᠷᠢ ᠪᠤᠶᠤ ᠵᠢᠭᠡᠯᠡᠯᠭᠡ ᠶᠢᠨ ᠳᠠᠮ ᠬᠦᠦ ᠶᠢᠨ ᠳᠡᠮᠵᠢᠯᠭᠡ ᠦᠵᠡᠭᠦᠯᠦᠨ᠎ᠡ︔ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢᠶᠠᠷ ᠲᠣᠭᠲᠠᠭᠠᠭᠳᠠᠭᠰᠠᠨ ᠪᠣᠯ ᠲᠥᠷᠥᠯ ᠬᠤᠪᠢᠶᠠᠨ ᠱᠠᠩᠨᠠᠵᠤ᠂ ᠣᠷᠣᠨ ᠤ ᠳᠣᠲᠣᠷᠠᠬᠢ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠤᠭᠰᠠᠨ ᠢ ᠨᠢ ᠱᠠᠲᠤ ᠬᠤᠪᠢᠶᠠᠨ ᠱᠠᠩᠨᠠᠵᠤ ᠨᠥᠬᠦᠪᠦᠷᠢᠯᠡᠨ᠎ᠡ᠃ ᠭᠤᠷᠪᠠ ᠳᠤ᠂ ᠰᠢᠨ᠎ᠡ ᠶᠢ ᠡᠭᠦᠳᠬᠦ ᠳᠡᠮᠵᠢᠯᠭᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠮᠡᠷᠭᠡᠵᠢᠯ ᠤᠨ ᠲᠥᠪ ᠪᠠᠶᠢᠭᠤᠯᠬᠤ ᠵᠢᠴᠢ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠦᠢᠯᠡᠳᠬᠡᠯ ᠤᠨ ᠦᠢᠯᠡᠰ ᠤᠨ ᠰᠢᠨ᠎ᠡ ᠶᠢ ᠡᠭᠦᠳᠬᠦ ᠲᠥᠪ ᠢ ᠰᠢᠨ᠎ᠡ ᠪᠠᠷ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠠᠩᠬᠠᠨ ᠤ ᠰᠠᠭᠤᠷᠢ ︵ᠢᠵᠢ︶᠂ ᠵᠠᠩᠭᠢᠯᠠᠭ᠎ᠠ ᠶᠢᠨ ᠰᠡᠯᠪᠢᠭ ᠲᠣᠨᠤᠭ ᠤᠨ ᠠᠩᠬᠠᠨ ᠤ ᠪᠦᠯᠦᠭ ︵ᠤᠳᠠᠭ᠎ᠠ︶ ᠤᠨ ᠦᠢᠯᠡᠳᠬᠦᠨ ᠢᠶᠠᠷ ᠪᠠᠲᠤᠯᠠᠭᠳᠠᠭᠰᠠᠨ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠠᠵᠢᠯ ᠲᠥᠷᠥᠯ ᠤᠨ ᠣᠯᠠᠨ ᠤᠯᠤᠰ ᠤᠨ ᠪᠠᠷᠢᠮᠵᠢᠶ᠎ᠠ᠂ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠪᠠᠷ ᠭᠤᠣᠯᠯᠠᠭᠰᠠᠨ ᠪᠤᠶᠤ ᠣᠷᠣᠯᠴᠠᠭᠰᠠᠨ ᠣᠷᠣᠨ ᠤ ᠳᠣᠲᠣᠷᠠᠬᠢ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠠᠵᠤ ᠠᠬᠤᠶᠢᠯᠠᠯ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠩᠨᠠᠯ ᠪᠠ ᠨᠥᠬᠦᠪᠦᠷᠢ ᠣᠯᠭᠤᠨ᠎ᠠ᠃ ᠳᠥᠷᠪᠡ ᠳᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠪᠠ ᠪᠠᠭᠤᠷᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ︽ᠬᠡᠯᠬᠢᠶᠡᠨ ᠤ ᠳᠠᠷᠤᠭ᠎ᠠ + ᠲᠤᠰᠬᠠᠢ ᠠᠩᠭᠢ︾ ᠶᠢᠨ ᠦᠢᠯᠡᠴᠢᠯᠡᠭᠡᠨ ᠤ ᠵᠠᠭᠪᠤᠷ ᠢ ᠪᠠᠶᠢᠭᠤᠯᠵᠤ ᠲᠥᠷᠥᠯ ᠵᠦᠢᠯ ᠳᠤ ᠪᠥᠬᠦ ᠶᠠᠪᠤᠴᠠ ᠶᠢᠨ᠂ ᠪᠥᠬᠦ ᠲᠠᠯ᠎ᠠ ᠶᠢᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃       ᠵᠢᠷᠭᠤᠭ᠎ᠠ᠂ ︽ᠲᠥᠰᠥᠯ︾ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠡᠷᠬᠢᠨ ᠪᠠᠲᠤᠯᠠᠬᠤ ᠪᠤᠢ︖       ︽ᠥᠪᠡᠷᠲᠡᠭᠡᠨ ᠵᠠᠰᠠᠬᠤ ᠣᠷᠣᠨ ᠤ ᠨᠢᠭᠡ ᠤᠳᠤᠷᠢᠳᠤᠯᠭ᠎ᠠ᠂ ᠲᠢᠩᠬᠢᠮ ᠲᠣᠪᠴᠢᠶ᠎ᠠ ᠶᠢᠨ ᠨᠢᠭᠡ ᠬᠠᠷᠢᠭᠤᠴᠠᠯᠭᠠᠲᠠᠨ᠂ ᠨᠢᠭᠡ ᠠᠵᠢᠯ ᠤᠨ ᠲᠥᠰᠥᠯ᠂ ᠨᠢᠭᠡ ᠢᠵᠢ ᠳᠡᠮᠵᠢᠯᠭᠡ ᠶᠢᠨ ᠲᠥᠷᠥ ᠶᠢᠨ ᠪᠣᠳᠣᠯᠭ᠎ᠠ︾ ᠭᠡᠬᠦ ︽ᠳᠥᠷᠪᠡᠨ ᠨᠢᠭᠡ︾ ᠶᠢᠨ ᠠᠵᠢᠯ ᠤᠨ ᠲᠣᠭᠲᠠᠴᠠ ᠶᠢ ᠪᠠᠶᠢᠭᠤᠯᠵᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ᠭᠡᠵᠦ ᠳᠤᠷᠠᠳᠪᠠ᠃       ᠡᠯ᠎ᠡ ᠠᠶᠢᠮᠠᠭ ᠬᠤᠲᠠ ᠲᠣᠰ ᠭᠠᠵᠠᠷ ᠣᠷᠣᠨ ᠤ ᠪᠠᠨ ᠪᠣᠳᠠᠲᠠᠢ ᠲᠠᠢ ᠤᠶᠠᠯᠳᠤᠭᠤᠯᠤᠨ ᠠᠵᠢᠯ ᠤᠨ ᠲᠤᠰᠬᠠᠢ ᠠᠩᠭᠢ ᠪᠠᠶᠢᠭᠤᠯᠵᠤ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠰᠠᠶᠢᠲᠤᠷ ᠠᠳᠬᠤᠵᠤ ᠮᠥᠷᠳᠡᠨ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠴᠢᠬᠤᠯᠠ ᠶᠡᠭᠡ ᠲᠥᠷᠥᠯ ᠵᠦᠢᠯ ᠢ ᠰᠠᠷ᠎ᠠ ᠪᠠᠷ ᠲᠣᠬᠢᠷᠠᠭᠤᠯᠵᠤ ᠭᠤᠣᠯᠳᠠᠯᠭ᠎ᠠ ᠲᠠᠢ ᠠᠵᠢᠯ ᠢ ᠤᠯᠠᠷᠢᠯ ᠢᠶᠠᠷ ᠳ᠋ᠦᠩᠨᠡᠵᠦ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠬᠦ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ