ᠪᠦᠬᠦ ᠬᠤᠳᠡ ᠶᠢᠨ ︽ᠲᠡᠷᠢᠬᠦᠨ ᠤ ᠬᠢ ᠲᠠᠢ ᠪᠠᠷᠢᠮᠵᠢᠶᠠᠯᠠᠵᠤ᠂ ᠨᠡᠬᠡᠨ ᠲᠠᠪᠠᠭ᠋ᠤ︾ ᠵᠢᠴᠢ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠡᠭᠡ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2022/5/13
      2 ᠰᠠᠷ᠎ᠠ ᠶᠢᠨ 15 ᠤ ᠡᠳᠦᠷ᠂ ᠪᠦᠬᠦ ᠬᠤᠳᠡ ᠶᠢᠨ ︽ᠲᠡᠷᠢᠬᠦᠨ ᠤ ᠬᠢ ᠲᠠᠢ ᠪᠠᠷᠢᠮᠵᠢᠶᠠᠯᠠᠵᠤ᠂ ᠨᠡᠬᠡᠨ ᠲᠠᠪᠠᠭ᠋ᠤ︾ ᠵᠢᠴᠢ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠡᠭᠡ ᠬᠤᠷᠠᠯ ᠬᠢᠶ᠎ᠠ ᠪᠠᠭᠰᠢ ᠲᠤᠭᠤᠷᠢᠭ ᠲᠤ ᠶᠠᠪᠤᠭᠳᠠᠭᠰᠠᠨ ᠪᠠᠶᠢᠨ᠎ᠠ᠃ ᠬᠤᠳᠡ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ ᠤᠷᠤᠯᠴᠠᠭᠰᠠᠨ ᠤ ᠬᠠᠮᠳᠤ ᠶᠠᠷᠢᠶ᠎ᠠ ᠲᠡᠯᠪᠢᠪᠡ᠃ ᠬᠤᠳᠡ ᠶᠢᠨ ᠨᠠᠮ ᠤᠨ ᠬᠤᠷᠢᠶᠠᠨ ᠤ ᠲᠡᠳ᠋ ᠱᠦᠵᠢ ᠬᠤᠳᠡ ᠶᠢᠨ ᠲᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠵᠡᠢ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠵᠠᠩ ᠵᠠᠨ ᠯᠢᠨ᠂ ᠬᠤᠳᠠ ᠶᠢᠨ ᠤᠯᠤᠰ ᠲᠥᠷᠥ ᠶᠢᠨ ᠵᠦᠪᠯᠡᠯᠬᠡᠨ ᠤ ᠲᠠᠷᠢᠭᠦᠯᠡᠭᠴᠢ ᠭᠤᠤ ᠵᠠᠨ ᠱᠸᠡᠭ  ᠵᠡᠷᠬᠡ ᠬᠤᠳᠡ ᠶᠢᠨ ᠤᠳᠤᠷᠢᠳᠤᠯᠭ᠎ᠠ ᠨᠡᠷ ᠬᠤᠷᠠᠯ ᠳᠤ ᠤᠷᠤᠯᠴᠠᠪᠠ᠃
1.png    
      ᠯᠢ ᠯᠢ ᠶᠠᠷᠢᠶᠠᠨ ᠳᠠᠭᠠᠨ ᠵᠢᠭᠠᠵᠦ ᠭᠠᠷᠭᠠᠬᠤ ᠳᠠᠭᠠᠨ᠂ ︽ᠲᠡᠷᠢᠬᠦᠨ ᠤ ᠬᠢ ᠲᠠᠢ ᠪᠠᠷᠢᠮᠵᠢᠶᠠᠯᠠᠵᠤ᠂ ᠨᠡᠬᠡᠨ ᠲᠠᠪᠠᠭ᠋ᠤ︾ ᠪᠤᠯ ᠰᠢᠨ᠎ᠠ ᠴᠠᠭ ᠦᠶ᠎ᠠ ᠶᠢᠨ ᠰᠢᠨ᠎ᠠ ᠢᠷᠠᠭᠤ ᠠᠯᠳᠡᠷ ᠢ ᠲᠠᠰᠤᠷᠡᠯᠳᠡ ᠦᠬᠡᠢ ᠪᠢᠴᠢᠭᠯᠡᠬᠦ ᠶᠢᠨ ᠡᠬᠦᠷᠬᠡᠯᠡᠯ ᠬᠠᠷᠢᠭᠤᠴᠠᠯᠭ᠎ᠠ᠂ ᠤᠯᠤᠰ ᠤᠨ ᠲᠤᠮᠤ ᠴᠢᠬᠤᠯᠠ ᠪᠠᠶᠢᠯᠳᠤᠬᠤ ᠪᠤᠳᠤᠯᠭ᠎ᠠ ᠪᠠ ᠦᠪᠡᠷᠳᠡᠬᠡᠨ ᠵᠠᠰᠠᠬᠤ ᠤᠷᠤᠨ ᠤ ᠬᠠᠷᠠᠯᠳᠡ ᠡᠬᠦᠷᠬᠡ ᠪᠠᠶᠢᠷᠢᠰᠢᠭᠤᠯᠤᠯᠳᠡ ᠶᠢ ᠨᠡᠶᠢᠳᠡᠪᠦᠷᠢᠵᠢᠭᠤᠯᠬᠤ ᠶᠢᠨ ᠦᠢᠯᠡᠳᠦᠯᠬᠡ ᠱᠠᠭᠠᠷᠳᠡᠯᠭ᠎ᠠ᠂ ᠮᠦᠨᠴᠦ ᠤᠷᠤᠨ ᠪᠦᠰᠠ ᠶᠢᠨ ᠦᠷᠢᠰᠤᠯᠳᠦᠬᠡᠨ ᠲᠤᠮᠳᠡ ᠰᠠᠨᠠᠭᠠᠴᠢᠯᠠᠭᠠᠲᠤ ᠴᠢᠨᠡᠷ ᠢ ᠡᠵᠡᠮᠳᠡᠬᠦ ᠶᠢᠨ ᠵᠠᠩᠬᠢᠯᠠᠭ᠎ᠠ ᠶᠢᠨ ᠠᠷᠭ᠎ᠠ ᠪᠠᠷᠢᠯ᠂  ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠦᠷᠬᠦᠯᠵᠢᠯᠡᠨ ᠰᠢᠯᠢᠳᠡᠭᠵᠢᠬᠦᠯᠬᠦ ᠶᠢᠨ ᠪᠤᠳᠡᠳᠡᠢ ᠭᠡᠷᠡᠭᠴᠡᠭᠡ ᠮᠦᠨ ᠪᠦᠭᠡᠳ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠲᠦᠷᠬᠡᠳᠬᠡᠨ ᠠᠬᠢᠭᠤᠯᠬᠤ ᠶᠢᠨ ᠲᠤᠯᠭᠠᠮ ᠱᠠᠭᠠᠷᠳᠡᠯᠭ᠎ᠠ ᠪᠤᠯᠤᠨ᠎ᠠ᠃ ᠡᠶᠢᠮᠤ ᠠᠴᠠ ᠪᠦᠬᠦ ᠬᠤᠳᠡ ᠲᠠᠶᠠᠭᠠᠷ ᠤᠨ ᠦᠵᠡᠯ ᠰᠠᠨᠠᠭ᠎ᠠ ᠪᠠ ᠤᠶᠤᠨ ᠴᠢᠳᠡᠯ ᠢᠶᠠᠨ ᠵᠡᠪᠡᠯ ᠬᠦᠭᠵᠢᠬᠦᠯᠤᠯᠳᠡ ᠶᠢᠨ ᠲᠡᠷᠢᠬᠦᠨ ᠴᠢᠬᠤᠯᠠ ᠡᠬᠦᠷᠬᠡ ᠲᠡᠭᠡᠷ᠎ᠡ ᠲᠦᠪᠯᠡᠷᠡᠬᠦᠯᠬᠦ ᠶᠢ ᠦᠷᠬᠦᠯᠵᠢᠯᠡᠨ ᠵᠢᠯᠤᠭᠤᠳᠤᠨ ᠲᠠᠶᠢᠴᠢᠯᠡᠵᠦ ᠲᠦᠪ ᠪᠠ ᠦᠪᠡᠷᠳᠡᠬᠡᠨ ᠵᠠᠰᠠᠬᠤ ᠤᠷᠤᠨ ᠠᠴᠠ ᠲᠠᠭᠠᠭᠠᠯᠭᠠᠭᠰᠠᠨ ᠲᠡᠤᠬᠡᠳᠦ ᠡᠬᠦᠷᠬᠡ ᠶᠢ ᠡᠷᠡᠰ ᠰᠠᠶᠢᠳᠤᠷ ᠡᠬᠦᠷᠬᠡᠯᠡᠨ ᠤᠷᠳᠤᠰ ᠤᠨ ᠴᠠᠭ ᠦᠶ᠎ᠠ ᠶᠢᠨ ᠪᠠᠶᠢᠷᠢ ᠰᠠᠭᠤᠷᠢ ᠶᠢ ᠤᠨᠤᠪᠴᠢᠳᠡᠢ ᠡᠵᠡᠮᠳᠡᠵᠦ ᠵᠢᠱᠢᠶᠠᠴᠢ ᠬᠤᠳᠡ ᠲᠠᠢ ᠬᠠᠷᠭᠤᠭᠤᠯᠤᠨ ᠲᠡᠷᠢᠬᠦᠨ ᠤ ᠭᠠᠵᠡᠷ ᠤᠷᠤᠨ ᠲᠠᠢ ᠬᠠᠷᠢᠴᠠᠭᠤᠯᠵᠦ ᠨᠠᠩ ᠶᠡᠭᠡ ᠡᠷᠴᠢᠮ ᠢᠶᠠᠷ ᠬᠡᠯᠪᠡᠷᠢ ᠪᠠᠨ ᠬᠤᠪᠢᠷᠠᠭᠤᠯᠤᠨ ᠬᠦᠭᠵᠢᠯᠳᠡ ᠶᠢ ᠠᠬᠢᠭᠤᠯᠵᠦ ᠬᠡᠯᠪᠡᠷᠢ ᠪᠠᠨ ᠬᠤᠪᠢᠷᠠᠭᠤᠯᠤᠨ ᠲᠡᠪᠡᠯᠳᠡ ᠬᠢᠬᠦ ᠠᠵᠢᠯ ᠤᠨ ᠲᠤᠮᠳᠡ ᠤᠷᠳᠤᠰ ᠤᠨ ᠰᠢᠨ᠎ᠠ ᠭᠡᠷᠡᠯ ᠰᠠᠴᠤᠷᠠᠩᠭᠤᠢ ᠬᠠᠭᠤᠳᠠᠰᠦ ᠶᠢ ᠲᠡᠬᠢᠨᠳᠡ ᠪᠢᠴᠢᠭᠯᠡᠬᠦ ᠭᠡᠷᠡᠭᠳᠡᠢ ᠬᠡᠵᠡᠢ᠃
2.png    
       ᠯᠢ ᠯᠢ ᠴᠢᠬᠤᠯᠠᠴᠢᠯᠠᠬᠤ ᠳᠠᠭᠠᠨ᠂ ᠲᠡᠷᠢᠬᠦᠨ ᠤ ᠬᠢ ᠲᠠᠢ ᠬᠠᠷᠭᠤᠭᠤᠯᠬᠤ ᠳᠤ ᠵᠡᠪᠡᠯ ᠰᠢᠯᠢᠳᠡᠭ ᠢ ᠨᠢ ᠤᠯᠵᠦ ᠲᠤᠳᠠᠭᠳᠠᠯ ᠢᠶᠠᠨ ᠡᠷᠢᠨ ᠭᠠᠷᠭᠠᠵᠦ᠂ ᠰᠤᠷᠤᠯᠴᠠᠬᠤ ᠶᠠᠪᠤᠴᠡ ᠶᠢᠨ ᠲᠤᠮᠳᠡ ᠵᠡᠪᠡᠯ ᠲᠤᠳᠠᠭᠳᠠᠯ ᠢᠶᠠᠨ ᠨᠦᠬᠦᠪᠦᠷᠢᠯᠡᠵᠦ ᠢᠯᠭᠠᠭ᠎ᠠ ᠵᠦᠷᠢᠶ᠎ᠠ ᠪᠠᠨ ᠪᠠᠭᠠᠰᠬᠠᠨ ᠡᠬᠦᠨ ᠤ ᠤᠯᠠᠮ ᠢᠶᠠᠷ ᠬᠦᠬᠡᠬᠡᠨ ᠬᠦᠢᠴᠡᠵᠦ ᠲᠠᠪᠠᠵᠦ ᠭᠠᠷᠬᠤ ᠪᠠᠷ ᠴᠢᠷᠮᠠᠶᠢᠬᠤ ᠭᠡᠷᠡᠭᠳᠡᠢ᠃ ᠨᠡᠬᠡᠬᠡᠯᠳᠡ ᠬᠢᠵᠦ ᠤᠷᠢᠳᠴᠢᠯᠠᠨ ᠬᠢᠬᠦ ᠰᠡᠳᠬᠢᠬᠦᠢ ᠤᠶᠢᠯᠠᠭᠠᠭᠳᠠᠬᠤᠨ ᠢ ᠬᠠᠷᠭᠤᠭᠤᠯᠤᠨ ᠰᠤᠷᠤᠯᠴᠠᠵᠦ ᠬᠠᠭᠤᠴᠢᠨ ᠦᠵᠡᠯᠳᠡ ᠪᠠᠨ ᠡᠷᠡᠰ ᠲᠠᠪᠴᠢᠨ ᠦᠵᠡᠯ ᠰᠠᠨᠠᠭᠠᠨ ᠤ ᠶᠡᠭᠡ ᠴᠢᠯᠦᠬᠡᠯᠡᠯᠳᠡ᠂ ᠦᠵᠡᠯᠳᠡ ᠶᠢᠨ ᠶᠡᠭᠡ ᠬᠤᠪᠢᠰᠦᠯᠳᠡ᠂ ᠬᠢᠷᠢ ᠲᠦᠪᠰᠢᠨ ᠤ ᠶᠡᠭᠡ ᠲᠡᠭᠡᠭᠰᠢᠯᠡᠯᠳᠡ ᠶᠢ ᠠᠬᠢᠭᠤᠯᠬᠤ ᠭᠡᠷᠡᠭᠳᠡᠢ᠃ ᠦᠷᠬᠡᠨ ᠲᠡᠯᠬᠡᠷ ᠬᠠᠷᠠᠭᠠᠰᠦ ᠶᠢ ᠬᠠᠷᠭᠤᠭᠤᠯᠤᠨ ᠰᠤᠷᠤᠯᠴᠠᠵᠦ ᠤᠶᠢᠷ᠎ᠠ ᠬᠠᠷᠠᠴᠡ ᠤᠬᠤᠷ ᠪᠤᠳᠤᠯ ᠢᠶᠠᠨ ᠡᠷᠡᠰ ᠲᠡᠪᠴᠢᠨ ᠢᠷᠡᠭᠡᠳᠦᠢ ᠶᠢᠨ ᠬᠦᠭᠵᠢᠯᠳᠡ ᠠᠴᠠ ᠤᠳᠤᠬᠢ ᠶᠢ ᠬᠠᠷᠠᠵᠦ ᠠᠯᠤᠰ ᠬᠡᠳᠦ ᠶᠢᠨ ᠲᠠᠯ᠎ᠠ ᠠᠴᠠ ᠰᠡᠳᠬᠢᠨ ᠪᠤᠳᠤᠯᠬᠢᠯᠠᠬᠤ ᠪᠠᠨ ᠴᠢᠩᠭᠠᠳᠬᠠᠨ ᠪᠦᠬᠦ ᠲᠠᠯ᠎ᠠ ᠶᠢᠨ ᠴᠢᠨᠡᠷᠳᠡᠢ ᠲᠦᠰᠦᠪᠯᠡᠯ ᠬᠢᠵᠦ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠪᠠᠶᠢᠷᠢᠰᠢᠭᠤᠯᠤᠯᠳᠡ ᠬᠢᠵᠦ ᠪᠦᠬᠦᠯᠢ ᠴᠤᠭᠴᠡ ᠶᠢᠨ ᠴᠢᠨᠡᠷᠳᠡᠢ ᠪᠠᠷ ᠲᠦᠯᠬᠢᠨ ᠠᠬᠢᠭᠤᠯᠵᠦ ᠨᠠᠩ ᠦᠷᠬᠡᠨ ᠬᠠᠷᠠᠭᠠᠰᠦ ᠪᠠᠷ ᠤᠷᠳᠤᠰ ᠤᠨ ᠴᠢᠨᠡᠷ ᠰᠠᠶᠢᠳᠡᠢ᠂ ᠯᠠᠪᠳᠠᠭᠤᠨ ᠪᠦᠬᠡᠳ ᠠᠯᠤᠰ ᠬᠡᠳᠦ ᠶᠢᠨ ᠬᠦᠭᠵᠢᠯᠳᠡ ᠶᠢ ᠠᠬᠢᠭᠤᠯᠬᠤ ᠭᠡᠷᠡᠭᠳᠡᠢ᠃ ᠡᠷᠡᠯᠬᠡᠭᠯᠡᠨ ᠤᠷᠤᠭᠰᠢᠯᠠᠬᠤ ᠵᠤᠷᠢᠭ ᠰᠠᠨᠠᠭ᠎ᠠ ᠶᠢ ᠬᠠᠷᠭᠤᠭᠤᠯᠤᠨ ᠰᠤᠷᠤᠯᠴᠠᠵᠦ ᠤᠷᠤᠨ ᠳᠠᠭᠠᠨ ᠵᠤᠭᠰᠤᠬᠤ ᠪᠠᠶᠢᠳᠠᠯ ᠢ ᠡᠷᠡᠰ ᠲᠡᠪᠴᠢᠨ ᠰᠢᠨ᠎ᠠ ᠦᠷᠢᠰᠤᠯᠳᠦᠬᠡᠨ ᠢ ᠤᠭᠳᠤᠵᠦ ᠺᠡᠳ᠋ᠷᠴᠤᠳ ᠤᠨ ᠰᠢᠷᠭᠠᠭᠤ ᠬᠠᠳᠠᠭᠤᠵᠢᠯᠳᠡᠢ ᠠᠵᠢᠯ ᠬᠦᠳᠡᠯᠮᠤᠷᠢ ᠪᠠᠷ ᠬᠦᠭᠵᠢᠯᠳᠡ ᠶᠢᠨ ᠬᠤᠷᠳᠤᠴᠡ ᠪᠠᠨ ᠤᠯᠠᠮ ᠢᠯᠡᠬᠦᠦ ᠲᠦᠷᠬᠡᠳᠬᠡᠬᠦ ᠭᠡᠷᠡᠭᠳᠡᠢ᠃ ᠦᠨᠡᠨᠴᠢ ᠢᠳᠡᠬᠡᠮᠵᠢᠳᠡᠢ ᠪᠠᠶᠢᠬᠤ ᠦᠢᠯᠡᠴᠢᠯᠡᠬᠡᠨ ᠤ ᠤᠶᠢᠯᠠᠭᠠᠭᠳᠠᠬᠤᠨ ᠢ ᠬᠠᠷᠭᠤᠭᠤᠯᠤᠨ ᠰᠤᠷᠤᠯᠴᠠᠵᠦ ᠨᠤᠶᠠᠨᠴᠢ ᠤᠪᠤᠷ ᠪᠠᠶᠢᠳᠠᠯ ᠢ ᠡᠷᠡᠰ ᠲᠡᠪᠴᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠦᠨᠡᠨ ᠰᠡᠳᠬᠢᠯ ᠠᠴᠠ ᠪᠠᠨ ᠦᠢᠯᠡᠴᠢᠯᠡᠬᠦ᠂ ᠲᠦᠷᠦᠬᠦᠯᠡᠨ ᠦᠢᠯᠡᠴᠢᠯᠡᠬᠦ᠂ ᠡᠮᠤᠨ᠎ᠠ ᠹᠷᠤᠨᠲ ᠲᠤ ᠦᠢᠯᠡᠴᠢᠯᠡᠬᠦ ᠤᠬᠠᠮᠰᠡᠷ ᠢᠶᠠᠨ ᠴᠢᠩᠭᠠᠳᠬᠠᠵᠦ ᠡᠯ᠎ᠠ ᠲᠦᠷᠦᠯ ᠤᠨ ᠵᠠᠬ᠎ᠠ ᠲᠡᠯᠬᠡᠬᠦᠷ ᠤᠨ ᠭᠤᠤᠯ ᠴᠤᠭᠴᠡ ᠶᠢᠨ ᠵᠠᠮᠴᠢᠯᠡᠭ᠌ᠴᠢ᠂ ᠲᠦᠯᠬᠢᠨ ᠠᠬᠢᠭᠤᠯᠤᠭᠴᠢ᠂  ᠦᠢᠯᠡᠴᠢᠯᠡᠭᠴᠢ ᠪᠤᠯᠬᠤ ᠪᠠᠷ ᠴᠢᠷᠮᠠᠶᠢᠨ ᠦᠨᠳᠦᠷ ᠪᠠᠷᠢᠮᠵᠢᠶ᠎ᠠ ᠦᠨᠳᠦᠷ ᠪᠦᠳᠦᠮᠵᠢᠳᠦ᠂ ᠨᠠᠩ ᠨᠠᠷᠢᠯᠢᠭ ᠤᠨᠤᠪᠴᠢᠳᠡᠢ ᠦᠢᠯᠡᠴᠢᠯᠡᠭᠡ ᠪᠠᠷ ᠵᠠᠬ᠎ᠠ ᠲᠡᠯᠬᠡᠬᠦᠷ ᠤᠨ ᠭᠤᠤᠯ ᠴᠤᠭᠴᠡ ᠶᠢᠨ ᠢᠳᠡᠬᠡᠯ ᠢ ᠤᠯᠬᠤ ᠭᠡᠷᠡᠭᠳᠡᠢ᠃ ᠬᠢᠪᠡᠯ ᠵᠡᠪᠡᠯ ᠪᠦᠳᠦᠬᠡᠬᠦ ᠴᠢᠳᠡᠪᠦᠷᠢ  ᠶᠢ ᠬᠠᠷᠭᠤᠭᠤᠯᠤᠨ ᠰᠤᠷᠤᠯᠴᠠᠵᠦ ᠴᠢᠳᠡᠪᠦᠷᠢ ᠶᠢᠨ ᠲᠤᠳᠠᠭᠤᠳᠠᠯ ᠢ ᠡᠷᠡᠰ ᠰᠢᠪᠳᠤᠯᠤᠨ ᠰᠢᠨ᠎ᠠ ᠮᠡᠳᠡᠯᠬᠡ ᠶᠢ ᠲᠠᠰᠤᠷᠡᠯᠳᠡ ᠦᠬᠡᠢ ᠡᠵᠡᠮᠳᠡᠵᠦ ᠰᠢᠨ᠎ᠠ ᠬᠦᠷᠢᠶ᠎ᠠ ᠴᠠᠷᠠᠭ᠎ᠠ ᠶᠢ ᠤᠶᠢᠯᠠᠭᠠᠨ ᠡᠵᠡᠮᠳᠡᠨ ᠰᠤᠷᠤᠯᠴᠠᠬᠤ ᠴᠢᠳᠡᠪᠦᠷᠢ᠂ ᠲᠤᠰᠬᠠᠢ ᠮᠡᠷᠬᠡᠵᠢᠯ ᠤᠨ ᠴᠢᠳᠡᠪᠦᠷᠢ᠂ ᠪᠦᠳᠦᠬᠡᠯᠴᠢ ᠪᠠᠷ ᠨᠡᠶᠢᠳᠡᠪᠦᠷᠢᠵᠢᠭᠤᠯᠬᠤ ᠴᠢᠳᠡᠪᠦᠷᠢ ᠪᠠᠨ ᠲᠡᠭᠡᠭᠰᠢᠯᠡᠬᠦᠯᠦᠨ ᠤᠳᠤᠬᠢᠴᠢᠯᠡᠯᠳᠡ ᠶᠢᠨ ᠪᠦᠳᠦᠬᠡᠨ ᠪᠠᠶᠢᠭᠤᠯᠤᠯᠳᠡ ᠶᠢᠨ ᠮᠡᠷᠬᠡᠵᠢᠯᠳᠡᠨ ᠪᠠ ᠴᠢᠳᠡᠪᠦᠷᠢᠳᠡᠨ ᠪᠤᠯᠬᠤ ᠭᠡᠷᠡᠭᠳᠡᠢ ᠬᠡᠵᠡᠢ᠃      ᠯᠢ ᠯᠢ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠡᠭ ᠪᠠ ᠨᠠᠮ ᠤᠨ ᠲᠦᠪ ᠬᠤᠷᠢᠶᠠᠨ ᠤ ᠦᠪᠦᠷ ᠮᠤᠩᠭᠤᠯ ᠤᠷᠤᠨ ᠳᠤ ᠲᠤᠭᠳᠠᠭᠠᠵᠦ ᠦᠭᠬᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠡ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠮᠠᠨ ᠤ ᠬᠤᠳᠡ ᠳᠤ ᠲᠤᠷᠠᠳᠤᠭᠰᠠᠨ ᠬᠠᠷᠡᠯᠳᠡ ᠡᠬᠦᠷᠬᠡ ᠶᠢᠨ ᠲᠤᠭᠤᠷᠢᠨ ᠳᠤ ᠬᠤᠳᠡ ᠶᠢᠨ ᠲᠠᠪᠤᠳᠤᠭᠠᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠬᠤᠷᠠᠯ ᠪᠠ ᠡᠨᠡ ᠵᠢᠯ ᠤᠨ ᠪᠦᠬᠦ ᠬᠤᠳᠡ ᠶᠢᠨ ᠠᠵᠦ ᠠᠬᠤᠢ ᠶᠢᠨ ᠠᠵᠢᠯ ᠤᠨ ᠬᠤᠷᠠᠯ ᠠᠴᠠ ᠲᠤᠭᠳᠠᠭᠠᠭᠰᠠᠨ ᠬᠠᠷᠠᠯᠳᠡ ᠱᠠᠭᠠᠷᠳᠠᠯᠭ᠎ᠠ ᠶᠤᠰᠤᠭᠠᠷ ᠤᠷᠳᠤᠰ ᠤᠨ ᠪᠦᠬᠦ ᠤᠷᠤᠨ᠂ ᠪᠦᠬᠦ ᠤᠯᠤᠰ ᠲᠠᠬᠢ ᠬᠠᠷᠭᠤᠭᠤᠯᠤᠨ ᠬᠠᠷᠢᠴᠠᠭᠤᠯᠬᠤ ᠡᠳᠡᠬᠡᠳ ᠪᠠ ᠬᠦᠬᠡᠬᠡᠵᠦ ᠬᠦᠢᠴᠡᠵᠦ ᠲᠠᠪᠠᠵᠦ ᠭᠠᠷᠬᠤ ᠬᠠᠷᠠᠯᠳᠡ ᠡᠬᠦᠷᠬᠡ ᠶᠢ ᠲᠤᠳᠤᠷᠬᠠᠶᠢᠯᠠᠬᠤ ᠭᠡᠷᠡᠭᠳᠡᠢ᠃ ᠲᠡᠷᠢᠬᠦᠨ ᠤ ᠬᠢ ᠶᠢ ᠴᠢᠩᠭ᠎ᠠ ᠠᠩᠬᠠᠷᠴᠦ ᠬᠠᠷᠡᠯᠳᠡ ᠡᠬᠦᠷᠬᠡ ᠪᠠᠨ ᠦᠨᠳᠦᠷ ᠴᠡᠭ ᠠᠴᠠ ᠲᠤᠭᠳᠠᠭᠠᠨ ᠪᠤᠳᠡᠳᠦ ᠪᠠᠶᠢᠳᠠᠯ ᠲᠠᠢ  ᠪᠠᠨ ᠨᠢᠭ᠌ᠳᠡ ᠤᠶᠠᠯᠳᠤᠭᠤᠯᠵᠦ ᠪᠠᠶᠢᠭᠠᠳ ᠲᠤᠳᠠᠭᠳᠠᠯ ᠪᠠ ᠢᠯᠭᠠᠭ᠎ᠠ ᠵᠦᠷᠢᠶ᠎ᠠ ᠪᠠᠨ ᠤᠨᠤᠪᠴᠢᠳᠡᠢ ᠡᠷᠢᠨ ᠭᠠᠷᠭᠠᠵᠦ ᠬᠠᠷᠭᠤᠭᠤᠯᠤᠨ ᠬᠠᠷᠢᠴᠠᠭᠤᠯᠬᠤ ᠯᠠᠪᠯᠡᠯᠳᠡ ᠶᠢᠨ ᠵᠦᠢᠯᠡᠰ ᠢ ᠤᠨᠤᠪᠴᠢᠳᠡᠢ ᠡᠷᠢᠵᠦ ᠬᠠᠮᠤᠭ ᠤᠨ ᠲᠡᠷᠢᠬᠦᠨ ᠤ ᠬᠢ ᠲᠠᠢ ᠨᠢ ᠬᠠᠷᠭᠤᠭᠤᠯᠤᠨ ᠬᠠᠮᠤᠭ ᠤᠨ ᠰᠢᠯᠢᠳᠡᠭ ᠲᠠᠢ ᠨᠢ ᠬᠠᠷᠢᠴᠠᠭᠤᠯᠵᠦ ᠬᠠᠮᠤᠭ ᠤᠨ ᠰᠠᠶᠢᠨ ᠪᠠᠷ ᠨᠢ ᠪᠠᠷᠢᠮᠵᠢᠶᠠᠯᠠᠵᠦ ᠪᠠᠶᠢᠭᠠᠳ ᠲᠠᠩ ᠲᠦᠷᠦᠯ ᠤᠨ ᠠᠵᠢᠯ ᠳᠤ ᠵᠠᠭᠪᠤᠷ ᠦᠵᠡᠬᠦᠯᠵᠦ ᠶᠡᠷᠦᠩᠬᠡᠶᠢᠯᠡᠭᠰᠡᠨ ᠠᠵᠢᠯ ᠤᠨ ᠲᠠᠯ᠎ᠠ ᠳᠤ ᠲᠡᠷᠢᠬᠦᠨ ᠤ ᠬᠢ ᠪᠤᠯᠬᠤ ᠪᠠᠷ ᠴᠢᠷᠮᠠᠶᠢᠬᠤ ᠭᠡᠷᠡᠭᠳᠡᠢ᠃ ᠪᠠᠷᠢᠮᠵᠢᠶ᠎ᠠ ᠪᠠᠨ ᠦᠨᠳᠦᠷᠵᠢᠬᠦᠯᠵᠦ ᠤᠨᠤᠪᠴᠢᠳᠡᠢ ᠪᠠᠷ ᠪᠠᠷᠢᠮᠵᠢᠶ᠎ᠠ ᠲᠤᠭᠳᠠᠭᠠᠨ ᠲᠡᠷᠢᠬᠦᠨ ᠤ ᠭᠠᠵᠡᠷ ᠤᠷᠤᠨ ᠤ ᠬᠦᠭᠵᠢᠯᠳᠡ ᠶᠢᠨ ᠠᠷᠭ᠎ᠠ ᠲᠤᠷᠰᠢᠯᠭ᠎ᠠ ᠶᠢ ᠬᠦᠨᠵᠡᠬᠡᠢ ᠰᠤᠳᠤᠯᠵᠦ ᠠᠵᠢᠯ ᠤᠨ ᠰᠡᠳᠬᠢᠴᠡ᠂ ᠠᠷᠭ᠎ᠠ ᠪᠠᠷᠢᠯ᠂ ᠬᠠᠷᠠᠯᠳᠡ ᠡᠬᠦᠷᠬᠡ ᠵᠡᠷᠬᠡ ᠶᠢ ᠪᠦᠬᠦ ᠲᠠᠯ᠎ᠠ ᠪᠠᠷ ᠤᠨᠤᠪᠴᠢᠳᠡᠢ ᠬᠠᠷᠭᠤᠭᠤᠯᠬᠤ ᠶᠢ ᠠᠬᠢᠭᠤᠯᠵᠦ ᠰᠢᠪᠳᠤᠯᠤᠯᠳᠡ ᠶᠢᠨ ᠴᠡᠭ ᠢᠶᠠᠨ ᠲᠤᠳᠤᠷᠬᠠᠶᠢᠯᠠᠨ ᠰᠤᠷᠤᠯᠴᠠᠯᠭ᠎ᠠ ᠶᠢᠨ ᠴᠢᠭᠯᠡᠬᠦᠯᠬᠦ ᠴᠢᠨᠡᠷ᠂ ᠠᠳᠠᠯᠢᠳᠬᠠᠬᠤ ᠴᠢᠨᠡᠷ ᠢ ᠲᠤᠪᠤᠶᠢᠯᠭᠠᠵᠦ ᠴᠢᠭᠯᠡᠯ ᠤᠨᠤᠪᠴᠢᠳᠡᠢ᠂ ᠵᠠᠮ ᠵᠦᠪ᠂ ᠡᠷᠬᠡᠪᠰᠢ ᠪᠡᠶᠡᠯᠡᠬᠦᠯᠵᠦ ᠲᠠᠶᠢᠯᠬᠦ ᠶᠢ ᠦᠨᠡᠨᠬᠦ ᠪᠠᠳᠤᠯᠠᠬᠤ ᠭᠡᠷᠡᠭᠳᠡᠢ᠃ ᠪᠤᠳᠡᠳᠦ ᠦᠷ᠎ᠡ ᠪᠦᠳᠦᠮᠵᠢ ᠶᠢ ᠲᠤᠪᠤᠶᠢᠯᠭᠠᠨ ᠪᠦᠬᠦ ᠲᠠᠯ᠎ᠠ ᠪᠠᠷ ᠪᠠᠷᠢᠮᠵᠢᠶᠠᠨ ᠳᠤ ᠬᠦᠷᠬᠡᠵᠦ ᠬᠦᠬᠡᠬᠡᠵᠦ ᠬᠦᠢᠴᠡᠵᠦ ᠲᠠᠪᠠᠵᠦ ᠭᠠᠷᠬᠤ ᠠᠷᠭ᠎ᠠ ᠵᠠᠮ᠂ ᠵᠠᠩᠬᠢᠯᠠᠭ᠎ᠠ ᠶᠢᠨ ᠡᠬᠦᠷᠬᠡ ᠶᠢ ᠰᠢᠰᠲ᠋ᠧᠮ ᠲᠠᠢ ᠲᠦᠯᠦᠪᠵᠢᠬᠦᠯᠦᠨ ᠤᠶᠢᠷ᠎ᠠ ᠶᠢᠨ ᠬᠤᠭᠤᠴᠠᠭᠠᠨ ᠤ ᠬᠦᠬᠡᠬᠡᠵᠦ ᠬᠦᠢᠴᠡᠵᠦ ᠲᠠᠪᠠᠵᠦ ᠭᠠᠷᠬᠤ ᠡᠬᠦᠷᠬᠡ ᠪᠠ ᠤᠷᠳᠤ ᠬᠤᠭᠤᠴᠠᠭᠠᠨ  ᠤ ᠬᠦᠬᠡᠬᠡᠵᠦ ᠲᠠᠪᠠᠭ᠋ᠤ ᠬᠠᠷᠠᠯᠳᠡ ᠪᠠᠨ ᠲᠤᠭᠳᠠᠭᠠᠵᠦ ᠡᠯ᠎ᠠ ᠲᠦᠷᠦᠯ ᠤᠨ ᠡᠭᠦᠷᠬᠡ ᠶᠢᠨ ᠲᠤᠭᠤᠰᠢᠲᠠᠢ ᠨᠡᠶᠢᠳᠡᠪᠦᠷᠢᠵᠢᠨ ᠡᠯ᠎ᠠ ᠲᠦᠷᠦᠯ ᠤᠨ ᠠᠵᠢᠯ ᠤᠨ ᠦᠷ᠎ᠡ ᠪᠦᠳᠦᠮᠵᠢ ᠤᠯᠬᠤ ᠶᠢ ᠪᠠᠳᠤᠯᠠᠬᠤ ᠭᠡᠷᠡᠭᠳᠡᠢ᠃ ᠲᠡᠷᠢᠬᠦᠨ ᠤ ᠬᠢ ᠪᠤᠯᠬᠤ ᠪᠠᠷ ᠵᠤᠷᠢᠭᠳᠡᠢ ᠴᠢᠷᠮᠠᠶᠢᠵᠦ ᠰᠢᠨ᠎ᠠ ᠶᠢ ᠡᠬᠦᠳᠦᠨ ᠬᠠᠷᠭᠤᠭᠤᠯᠤᠨ ᠬᠠᠷᠢᠴᠠᠭᠤᠯᠵᠦ ᠪᠠᠷᠢᠮᠵᠢᠶᠠᠨ ᠳᠤ ᠬᠦᠷᠦᠭᠰᠡᠨ ᠰᠠᠭᠤᠷᠢᠨ ᠲᠡᠭᠡᠷ᠎ᠡ ᠵᠤᠷᠢᠭᠳᠡᠢ ᠪᠠᠷ ᠰᠢᠨ᠎ᠠ ᠶᠢᠨ ᠡᠬᠦᠳᠴᠦ ᠵᠤᠷᠢᠭᠳᠡᠢ ᠪᠠᠷ ᠰᠢᠪᠳᠤᠯᠤᠯᠳᠡ ᠭᠠᠷᠭᠠᠨ ᠡᠯ᠎ᠠ ᠠᠵᠢᠯ ᠲᠦᠷᠦᠯ ᠬᠦᠷᠢᠶ᠎ᠠ ᠴᠠᠷᠠᠭᠠᠨ ᠳᠤ ᠨᠠᠩ ᠤᠯᠠᠨ ᠤᠯᠤᠰ ᠤᠨ ᠲᠠᠰ ᠤᠨ ᠲᠤᠷᠰᠢᠯᠳᠡ ᠶᠢᠨ ᠴᠡᠭ᠂ ᠵᠢᠱᠢᠶᠡᠴᠢ ᠴᠡᠭ ᠢ ᠢᠳᠡᠪᠬᠢᠳᠡᠢ ᠲᠡᠮᠡᠴᠡᠨ ᠪᠠᠶᠢᠭᠤᠯᠵᠦ ᠨᠠᠩ ᠤᠯᠠᠨ ᠤᠯᠤᠰ ᠤᠨ ᠲᠠᠰ ᠤᠨ ᠬᠡᠪ ᠵᠠᠭᠪᠤᠷ᠂ ᠦᠯᠢᠬᠡᠷ ᠲᠠᠭᠤᠷᠢᠶᠠᠯ᠂ ᠵᠢᠱᠢᠶᠠᠴᠢ ᠲᠠᠭᠤᠷᠢᠶᠠᠯ ᠢ ᠡᠬᠦᠳᠴᠦ ᠤᠯᠠᠨ ᠦᠷᠬᠡᠨ ᠬᠦᠷᠢᠶ᠎ᠠ ᠴᠠᠷᠠᠭᠠᠨ ᠳᠤ ᠲᠠᠭᠤᠷᠢᠶᠠᠨ ᠲᠠᠭᠠᠵᠦ ᠪᠠᠶᠢᠭᠰᠠᠨ ᠠᠴᠠ ᠪᠠᠨ ᠵᠡᠷᠬᠡᠪᠡᠷ ᠤᠷᠤᠭᠰᠢᠯᠠᠬᠤ᠂ ᠲᠦᠷᠦᠬᠦᠯᠡᠨ ᠬᠦᠭᠵᠢᠬᠦ ᠶᠢ  ᠪᠠᠶᠠᠯᠠᠭᠦᠯᠭᠦ ᠭᠡᠷᠡᠭᠳᠡᠢ ᠬᠡᠵᠡᠢ᠃      ᠯᠢ ᠯᠢ ᠴᠢᠬᠤᠯᠠᠴᠢᠯᠠᠬᠤ ᠳᠠᠭᠠᠨ᠂ ᠤᠯᠤᠰ ᠲᠦᠷᠦ ᠶᠢ ᠤᠷᠢᠳᠠᠪᠡᠷ ᠪᠤᠳᠤᠯᠬᠢᠯᠠᠬᠤ ᠶᠢ ᠪᠠᠷᠢᠮᠳᠠᠯᠠᠵᠦ ᠨᠠᠮ ᠤᠨ ᠲᠦᠪ ᠬᠤᠷᠢᠶᠠᠨ ᠤ ᠡᠯ᠎ᠠ ᠲᠦᠷᠦᠯ ᠤᠨ ᠰᠢᠢᠳᠪᠦᠷᠢ ᠪᠠᠶᠢᠷᠢᠯᠠᠭᠤᠯᠤᠯᠳᠡ ᠶᠢᠨ ᠤᠷᠳᠤᠰ ᠲᠤ ᠨᠡᠶᠢᠳᠡᠪᠦᠷᠢᠵᠢᠬᠤ ᠶᠢ ᠠᠬᠢᠭᠤᠯᠬᠤ ᠭᠡᠷᠡᠭᠳᠡᠢ᠃ ᠤᠶᠢᠯᠠᠭᠠᠭᠳᠠᠬᠤᠨ ᠢᠶᠠᠷ ᠤᠷᠢᠳᠡᠯ ᠪᠤᠯᠭᠠᠬᠤ ᠶᠢ ᠪᠠᠷᠢᠮᠳᠠᠯᠠᠵᠦ ᠬᠦᠭᠵᠢᠯᠳᠡ ᠶᠢᠨ ᠰᠡᠳᠬᠢᠴᠡ᠂ ᠬᠦᠭᠵᠢᠯᠳᠡ ᠶᠢᠨ ᠠᠷᠭ᠎ᠠ ᠵᠠᠮ᠂ ᠬᠦᠭᠵᠢᠯᠳᠡ ᠶᠢᠨ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠬᠤᠪᠢᠷᠠᠭᠤᠯᠬᠤ ᠶᠢ ᠠᠭᠢᠭᠤᠯᠬᠤ ᠭᠡᠷᠡᠭᠳᠡᠢ᠃ ᠤᠷᠴᠢᠨ ᠨᠦᠬᠦᠴᠡᠯ ᠢ ᠰᠢᠯᠢᠳᠡᠭᠵᠢᠬᠦᠯᠬᠦ ᠪᠠᠷ ᠭᠤᠤᠯ ᠪᠤᠯᠭᠠᠬᠤ ᠶᠢ ᠪᠠᠷᠢᠮᠳᠠᠯᠠᠵᠦ ᠪᠦᠬᠦ ᠤᠯᠤᠰ ᠤᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠦᠭᠰᠡᠨ ᠵᠢᠱᠢᠶᠠᠴᠢ ᠬᠤᠳᠡ ᠶᠢ ᠡᠬᠦᠳᠦᠨ ᠪᠠᠶᠢᠭᠤᠯᠬᠤ ᠬᠠᠷᠠᠯᠳᠡ ᠶᠢᠨ ᠲᠤᠭᠤᠷᠢᠨ ᠳᠤ ᠵᠠᠰᠠᠭ ᠤᠨ ᠶᠠᠪᠤᠳᠠᠯ ᠤᠨ ᠤᠷᠴᠢᠨ ᠲᠤᠭᠤᠷᠢᠨ᠂ ᠵᠠᠬ᠎ᠠ ᠲᠡᠯᠬᠡᠬᠦᠷ ᠤᠨ ᠤᠷᠴᠢᠨ ᠲᠤᠭᠤᠷᠢᠨ᠂ ᠬᠠᠤᠯᠢ ᠪᠠᠷ ᠵᠠᠰᠠᠬᠤ ᠤᠷᠴᠢᠨ ᠲᠤᠭᠤᠷᠢᠨ᠂ ᠨᠡᠶᠢᠬᠡᠮ ᠤᠨ ᠤᠷᠴᠢᠨ ᠲᠤᠭᠤᠷᠢᠨ ᠵᠡᠷᠬᠡ  ᠶᠢ ᠨᠢᠬᠡ ᠴᠤᠭᠴᠠᠵᠢᠭᠤᠯᠤᠨ ᠪᠠᠶᠢᠭᠤᠯᠬᠤ ᠶᠢ ᠪᠠᠷᠢᠮᠳᠠᠯᠡᠵᠦ ᠲᠦᠬᠦᠮᠴᠢᠯᠡᠬᠦ᠂ ᠰᠢᠯᠢᠳᠡᠭᠵᠢᠬᠦᠯᠬᠦ᠂ ᠲᠦᠷᠢᠮᠵᠢᠬᠦᠯᠬᠦ ᠶᠢ ᠬᠤᠯᠪᠤᠭᠠᠯᠠᠨ ᠬᠢᠵᠦ ᠲᠤᠬᠠᠶᠢᠯᠠᠭᠰᠠᠨ ᠠᠵᠢᠯ ᠤᠨ ᠦᠬᠡᠷᠡᠴᠢᠯᠡᠯᠳᠡ᠂  ᠦᠢᠯᠡᠴᠢᠯᠡᠬᠡᠨ ᠤ ᠦᠬᠡᠷᠡᠴᠢᠯᠡᠯᠳᠡ᠂ ᠬᠢᠨᠡᠨ ᠬᠠᠮᠢᠶᠠᠷᠬᠤ ᠠᠵᠢᠯ ᠤᠨ ᠦᠬᠡᠷᠡᠴᠢᠯᠡᠯᠳᠡ ᠶᠢ ᠵᠡᠷᠬᠡᠪᠡᠷ ᠠᠬᠢᠭᠤᠯᠤᠨ ᠠᠵᠦ ᠠᠬᠤᠢ ᠶᠢᠨ ᠨᠡᠮᠡᠭᠳᠡᠯ ᠢ ᠲᠤᠭᠳᠠᠪᠦᠷᠢᠵᠢᠭᠤᠯᠬᠤ᠂ ᠠᠵᠦ ᠠᠬᠤᠶᠢᠯᠡᠯ ᠢ ᠬᠠᠷᠠᠭᠠᠯᠵᠡᠨ ᠲᠤᠭᠳᠡᠪᠦᠷᠢᠵᠢᠭᠤᠯᠬᠤ ᠵᠡᠷᠬᠡ ᠲᠠᠯ᠎ᠠ ᠶᠢᠨ ᠲᠦᠷᠦ ᠶᠢᠨ ᠪᠤᠳᠤᠯᠭ᠎ᠠ ᠠᠷᠭ᠎ᠠ ᠪᠠᠷᠢᠯ ᠢ ᠲᠠᠷᠦᠢ ᠳᠤᠨᠢ ᠨᠡᠶᠢᠳᠡᠯᠡᠨ ᠵᠠᠬ᠎ᠠ ᠲᠡᠯᠬᠡᠬᠦᠷ ᠤᠨ ᠭᠤᠤᠯ ᠴᠤᠭᠴᠡ ᠶᠢᠨ ᠠᠮᠢᠵᠢᠷᠠᠯ ᠤᠨ ᠬᠦᠴᠦᠨ ᠢ ᠭᠥᠭᠵᠢᠭᠡᠵᠤ ᠵᠠᠬ᠎ᠠ ᠲᠡᠯᠬᠡᠬᠦᠷ ᠤᠨ ᠢᠳᠡᠬᠡᠯ ᠢ ᠲᠡᠭᠡᠭᠰᠢᠯᠡᠬᠦᠯᠬᠦ ᠭᠡᠷᠡᠭᠳᠡᠢ᠃ ᠬᠠᠷᠢᠭᠤᠴᠠᠯᠭ᠎ᠠ ᠡᠬᠦᠷᠬᠡᠯᠡᠬᠦ ᠪᠠᠷ ᠦᠨᠳᠦᠰᠦ ᠪᠤᠯᠭᠠᠬᠤ ᠶᠢ ᠪᠠᠷᠢᠮᠳᠠᠯᠠᠨ ᠨᠠᠮ ᠪᠤᠯᠤᠨ ᠠᠷᠠᠳ ᠲᠦᠮᠡᠨ ᠳᠤ ᠤᠰᠤᠯᠳᠠᠬᠤ ᠦᠬᠡᠢ᠂ ᠲᠡᠤᠬᠡ ᠪᠠ ᠴᠠᠭ ᠦᠶ᠎ᠠ ᠳᠤ ᠤᠰᠤᠯᠳᠠᠬᠤ ᠦᠬᠡᠢ ᠰᠢᠨ᠎ᠠ ᠪᠦᠳᠦᠮᠵᠢ ᠶᠢ ᠪᠡᠶᠡᠯᠡᠬᠦᠯᠬᠦ ᠭᠡᠷᠡᠭᠳᠡᠢ᠃ ᠪᠠᠳᠤᠯᠠᠭ᠎ᠠ ᠪᠠᠷ ᠰᠠᠭᠤᠷᠢ ᠪᠤᠯᠭᠠᠬᠤ ᠶᠢ ᠪᠠᠷᠢᠮᠳᠠᠯᠠᠨ ᠰᠢᠯᠭᠠᠨ ᠦᠨᠡᠯᠡᠵᠦ ᠬᠠᠷᠢᠭᠤᠴᠠᠯᠭ᠎ᠠ ᠨᠡᠬᠡᠮᠵᠢᠯᠡᠬᠦ᠂ ᠱᠠᠩᠨᠠᠨ ᠵᠤᠷᠢᠭᠵᠢᠭᠤᠯᠬᠤ᠂ ᠵᠤᠬᠢᠴᠠᠭᠤᠯᠵᠦ ᠱᠠᠯᠠᠪᠳᠠᠭᠤᠯᠤᠨ ᠪᠠᠶᠢᠴᠠᠭᠠᠬᠤ᠂ ᠪᠤᠷᠤᠭᠤ ᠶᠢ ᠠᠭᠤᠴᠢᠯᠠᠨ ᠠᠯᠳᠠᠭ᠎ᠠ ᠶᠢ ᠵᠠᠯᠠᠷᠠᠭᠤᠯᠬᠤ᠂ ᠤᠬᠠᠭᠤᠯᠤᠨ ᠵᠢᠯᠤᠭᠤᠳᠬᠤ ᠪᠠᠶᠢᠭᠤᠯᠤᠮᠵᠢ ᠶᠢ ᠪᠦᠷᠢᠨᠰᠢᠬᠦᠯᠦᠨ ᠲᠡᠬᠦᠯᠳᠡᠷᠵᠢᠬᠦᠯᠵᠦ ᠬᠠᠷᠢᠭᠤᠴᠠᠯᠭ᠎ᠠ ᠶᠢ ᠴᠢᠩᠭ᠎ᠠ ᠨᠡᠶᠢᠳᠡᠪᠦᠷᠢᠵᠢᠭᠤᠯᠤᠨ ᠪᠠᠳᠤᠯᠠᠭ᠎ᠠ ᠪᠠᠨ ᠴᠢᠩᠭᠠᠳᠬᠠᠵᠦ ᠪᠦᠬᠦ ᠬᠤᠳᠡ ᠲᠠᠶᠠᠭᠠᠷ ᠤᠨ ᠬᠢᠨ ᠤ ᠬᠦᠬᠡᠭᠡᠵᠦ ᠬᠦᠢᠴᠡᠵᠦ ᠲᠠᠪᠠᠵᠦ ᠭᠠᠷᠬᠤ ᠬᠦᠴᠦᠷᠭᠡᠭ ᠶᠡᠭᠡ ᠬᠦᠳᠡᠯᠬᠡᠭᠴᠢ ᠬᠦᠴᠦᠨ ᠢ ᠬᠦᠭᠵᠢᠬᠡᠬᠦ ᠭᠡᠷᠡᠭᠳᠡᠢ ᠬᠡᠵᠡᠢ᠃      ᠳ᠋ᠦ᠋ ᠬᠤᠢ ᠯᠢᠶᠠᠩ ᠴᠢᠬᠤᠯᠠᠴᠢᠯᠠᠬᠤ ᠳᠠᠭᠠᠨ᠂ ᠪᠠᠶᠢᠯᠳᠤᠬᠤ ᠪᠤᠳᠤᠯᠭ᠎ᠠ ᠶᠢᠨ ᠰᠡᠳᠬᠢᠬᠦᠢ ᠪᠠᠷ ᠬᠠᠷᠭᠤᠭᠤᠯᠤᠨ ᠪᠠᠶᠢᠴᠠᠭᠠᠵᠦ ᠨᠡᠶᠢᠳᠡᠪᠦᠷᠢᠵᠢᠭᠤᠯᠤᠨ ᠤᠯᠤᠰ᠂ ᠦᠪᠡᠷᠳᠡᠬᠡᠨ ᠵᠠᠰᠠᠬᠤ ᠤᠷᠤᠨ ᠤ ᠲᠤᠮᠤ ᠴᠢᠬᠤᠯᠠ ᠪᠠᠶᠢᠯᠳᠤᠬᠤ ᠪᠤᠳᠤᠯᠭ᠎ᠠ ᠲᠤᠮᠤ ᠴᠢᠬᠤᠯᠠ ᠡᠬᠦᠷᠬᠡ ᠪᠠ ᠬᠤᠳᠡ ᠶᠢᠨ ᠨᠠᠮ ᠤᠨ ᠬᠤᠷᠢᠶ᠎ᠠ᠂ ᠬᠤᠳᠡ ᠶᠢᠨ ᠵᠠᠰᠠᠭ ᠤᠨ ᠤᠷᠳᠤᠨ ᠤ ᠶᠡᠷᠦᠩᠭᠡᠶᠢᠯᠡᠭᠰᠡᠨ ᠪᠠᠶᠢᠷᠢᠯᠠᠭᠤᠯᠤᠯᠳᠡ ᠱᠠᠭᠠᠷᠳᠡᠯᠭ᠎ᠠ ᠶᠢᠨ ᠲᠤᠭᠤᠷᠢᠨ ᠳᠤ ᠲᠤᠰ ᠭᠠᠵᠡᠷ ᠤᠷᠤᠨ᠂ ᠲᠤᠰ ᠬᠦᠷᠢᠶ᠎ᠠ ᠴᠠᠷᠠᠭᠠᠨ ᠤ ᠭᠤᠤᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠵᠦ ᠲᠤᠳᠠᠭᠳᠠᠯ ᠲᠠᠢ ᠲᠠᠯ᠎ᠠ ᠪᠠᠭᠤᠷᠠᠢ ᠲᠠᠯ᠎ᠠ ᠳᠤ ᠠᠩᠬᠠᠷᠤᠯ ᠢᠶᠠᠨ ᠲᠦᠪᠯᠡᠷᠡᠬᠦᠯᠦᠨ ᠨᠠᠷᠢᠯᠢᠭ ᠪᠠᠷᠢᠮᠵᠢᠶ᠎ᠠ ᠲᠤᠭᠳᠠᠭᠠᠵᠦ ᠤᠨᠤᠪᠴᠢᠳᠡᠢ ᠪᠠᠷ ᠬᠠᠷᠭᠤᠭᠤᠯᠤᠨ ᠬᠠᠷᠢᠴᠠᠭᠤᠯᠬᠤ ᠠᠵᠢᠯ ᠢ ᠬᠦᠴᠦᠳᠡᠢ ᠦᠷᠨᠢᠬᠦᠯᠬᠦ ᠭᠡᠷᠡᠭᠳᠡᠢ᠃ ᠰᠢᠰᠲ᠋ᠧᠮ ᠤᠨ ᠤᠶᠢᠯᠠᠭᠠᠭᠳᠠᠬᠤᠨ ᠢᠶᠠᠷ ᠪᠠᠷᠢᠮᠵᠢᠶ᠎ᠠ ᠲᠤᠭᠳᠠᠭᠠᠨ ᠨᠡᠶᠢᠳᠡᠪᠦᠷᠢᠵᠢᠭᠤᠯᠵᠦ ᠠᠳᠠᠯᠢᠳᠬᠠᠬᠤ ᠪᠠᠷᠢᠮᠵᠢᠶ᠎ᠠ᠂ ᠭᠠᠷᠳᠡᠨ ᠬᠢᠬᠦ ᠴᠡᠭ ᠪᠠ ᠡᠳᠡᠬᠡᠳ ᠢ ᠲᠤᠳᠤᠷᠬᠠᠶᠢᠯᠠᠨ ᠤᠯᠤᠰ ᠤᠨ ᠬᠢᠨᠡᠨ ᠦᠨᠡᠯᠡᠬᠦ ᠰᠢᠰᠲ᠋ᠧᠮ ᠪᠠ ᠬᠠᠷᠭᠤᠭᠤᠯᠤᠨ ᠬᠠᠷᠢᠴᠠᠭᠤᠯᠬᠤ ᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠤᠭᠰᠠᠨ ᠰᠠᠭᠤᠷᠢᠨ ᠲᠡᠭᠡᠷ᠎ᠡ ᠲᠡᠬᠢᠨ ᠲᠡᠪᠳᠡᠨ ᠬᠠᠷᠭᠤᠭᠤᠯᠤᠨ ᠰᠤᠩᠭᠤᠵᠦ ᠬᠠᠷᠭᠤᠭᠤᠯᠤᠨ ᠬᠠᠷᠢᠴᠠᠭᠤᠯᠬᠤ ᠡᠳᠡᠬᠡᠳ ᠢ ᠤᠨᠤᠪᠴᠢᠳᠡᠢ ᠡᠷᠢᠵᠦ ᠰᠠᠶᠢᠳᠤᠷ ᠰᠤᠩᠭᠤᠬᠤ ᠭᠡᠷᠡᠭᠳᠡᠢ᠃ ᠢᠨᠵᠧᠨᠧᠷᠢᠩ ᠤᠨ ᠬᠡᠪ ᠵᠠᠭᠪᠤᠷ ᠢᠶᠠᠷ ᠪᠠᠷᠢᠮᠵᠢᠶ᠎ᠠ ᠲᠤᠭᠳᠠᠭᠠᠨ ᠨᠡᠶᠢᠳᠡᠪᠦᠷᠢᠵᠢᠭᠤᠯᠵᠦ ᠲᠦᠰᠦᠪ ᠲᠦᠯᠦᠪᠯᠡᠭᠡ ᠬᠢᠬᠦ᠂ ᠤᠯᠠᠷᠢᠭᠤᠯᠤᠨ ᠬᠤᠪᠢᠷᠠᠭᠤᠯᠬᠤ ᠪᠠ ᠪᠦᠬᠦ ᠶᠠᠪᠤᠴᠡ ᠶᠢᠨ ᠬᠠᠮᠢᠶᠠᠷᠤᠯᠳᠡ ᠬᠢᠬᠦ ᠪᠠᠨ ᠴᠢᠩᠭᠠᠳᠬᠠᠵᠦ ᠡᠬᠦᠳᠦᠨ ᠪᠠᠶᠢᠭᠤᠯᠬᠤ ᠠᠵᠢᠯ ᠤᠨ ᠬᠦᠴᠦᠳᠡᠢ ᠮᠦᠷᠳᠡᠬᠡᠨ ᠡᠮᠬᠢ ᠴᠡᠭᠴᠡ ᠲᠠᠢ ᠦᠷᠨᠢᠬᠦ ᠶᠢ ᠪᠠᠳᠤᠯᠠᠬᠤ ᠭᠡᠷᠡᠭᠳᠡᠢ᠃ ᠬᠠᠷᠢᠭᠤᠴᠠᠯᠭ᠎ᠠ ᠶᠢᠨ ᠦᠵᠡᠯ ᠤᠬᠠᠮᠰᠡᠷ ᠢᠶᠠᠷ ᠪᠠᠷᠢᠮᠵᠢᠶ᠎ᠠ ᠳᠤ ᠬᠦᠷᠦᠬᠦᠯᠦᠨ ᠨᠡᠶᠢᠳᠡᠪᠦᠷᠢᠵᠢᠭᠤᠯᠵᠦ ᠬᠠᠷᠢᠭᠤᠴᠠᠯᠭ᠎ᠠ ᠶᠢᠨ ᠨᠡᠶᠢᠳᠡᠪᠦᠷᠢᠵᠢᠯᠳᠡ ᠶᠢ ᠴᠢᠩᠭᠠᠳᠬᠠᠨ ᠠᠵᠢᠯ ᠤᠨ ᠰᠤᠷᠳᠡᠯ ᠢ ᠲᠡᠭᠡᠭᠰᠢᠯᠡᠬᠦᠯᠵᠦ ᠬᠢᠨᠡᠨ ᠰᠢᠯᠭᠠᠷᠠᠭᠤᠯᠵᠦ ᠱᠠᠩᠨᠡᠨ ᠵᠤᠷᠢᠭᠵᠢᠭᠤᠯᠬᠤ ᠡᠷᠴᠢᠮ ᠢᠶᠠᠨ ᠴᠢᠩᠭᠠᠳᠬᠠᠨ ᠲᠡᠷᠢᠬᠦᠨ  ᠤ ᠬᠢ ᠲᠠᠢ  ᠬᠠᠷᠭᠤᠭᠤᠯᠬᠤ᠂ ᠬᠦᠬᠡᠬᠡᠵᠦ ᠬᠦᠢᠴᠡᠵᠦ ᠲᠠᠪᠠᠵᠦ ᠭᠠᠷᠬᠤ ᠡᠯ᠎ᠠ ᠲᠦᠷᠦᠯ ᠤᠨ ᠠᠵᠢᠯ ᠤᠨ ᠲᠤᠭᠤᠰᠢᠲᠠᠢ ᠨᠡᠶᠢᠳᠡᠪᠦᠷᠢᠵᠢᠬᠤ ᠶᠢ ᠪᠠᠳᠤᠯᠠᠬᠤ ᠭᠡᠷᠡᠭᠳᠡᠢ ᠬᠡᠵᠡᠢ᠃      ᠬᠤᠷᠠᠯ ᠨᠢ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯᠳᠤᠵᠤ ᠡᠯ᠎ᠠ ᠬᠤᠰᠢᠭᠤ ᠲᠤᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠭᠢᠷᠠᠭᠤᠯᠤᠭᠰᠠᠨ ᠪᠠᠶᠢᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ ᠵᠡᠷᠭᠡ ᠰᠢᠶᠠᠨ ᠤ ᠲᠠᠰ  ᠤᠨ ᠤᠳᠤᠷᠢᠳᠤᠯᠭ᠎ᠠ᠂ ᠡᠯ᠎ᠠ ᠰᠤᠮᠤ ᠪᠠᠯᠭᠠᠰᠤ᠂ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠪᠠ᠃                                               ᠰᠤᠷᠪᠤᠯᠵᠢᠯᠠᠭᠴᠢ᠄ ᠤᠶᠤᠨᠴᠢᠮᠡᠭ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ