ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2022/5/17
      2 ᠰᠠᠷ᠎ᠠ ᠶᠢᠨ 7 ᠤ ᠡᠳᠦᠷ᠂ ᠪᠦᠭᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠤᠨᠢᠨ ᠳᠡᠭᠡᠷ᠎ᠡ ᠨᠢ ᠦᠷᠭᠦᠯᠵᠢᠯᠡᠨ ᠬᠦᠴᠦᠯᠡᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠳᠡᠰ ᠳᠡᠪᠰᠢᠭᠰᠡᠨ ᠬᠡᠪ ᠢ ᠲᠦᠷᠭᠡᠳᠬᠡᠨ ᠴᠣᠭᠴᠠᠯᠠᠵᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠪᠠ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠬᠥᠭᠵᠢᠯᠲᠡ ᠶᠢᠨ ᠣᠷᠴᠢᠨ ᠪᠠ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠭᠦ ᠬᠤᠷᠢᠶᠠᠨ ᠤ ᠳᠠᠷᠤᠭ᠎ᠠ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ᠃ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ
1.jpg   
      ᠱᠢ ᠲᠠᠢ ᠹᠧᠩ ᠶᠠᠷᠢᠶᠠᠨ ᠳᠠᠭᠠᠨ᠂ ᠨᠢᠳᠤᠨᠤᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠠᠵᠢᠯ ᠳᠤ ᠭᠠᠷᠤᠭᠰᠠᠨ ᠨᠢᠭᠡᠳᠦᠭᠡᠷ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠦᠭᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠪᠡ᠃ ᠨᠢᠭᠡ ᠵᠢᠯ ᠤᠨ ᠳᠠᠷᠠᠭ᠎ᠠ᠂ ᠴᠠᠭᠠᠨ ᠰᠠᠷ᠎ᠠ ᠶᠢᠨ ᠰᠢᠨ᠎ᠡ ᠶᠢᠨ ᠲᠤᠯᠤᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠦᠭᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠢ ᠳᠠᠬᠢᠨᠲᠠ ᠬᠤᠷᠠᠯᠳᠤᠭᠤᠯᠵᠤ  ᠥᠩᠭᠡᠷᠡᠭᠰᠡᠨ ᠨᠢᠭᠡ ᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠦᠷ᠎ᠡ ᠪᠦᠲᠦᠮᠵᠢ ᠶᠢ ᠭᠦᠨᠵᠡᠭᠡᠢ ᠳ᠋ᠦᠩᠨᠡᠵᠦ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ ᠡᠨᠡ ᠵᠢᠯ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠭᠰᠠᠨ ᠨᠢ ᠳᠠᠷᠤᠢ ᠤᠷᠤᠭᠰᠢᠯᠠᠯᠲᠠ ᠶᠢᠨ ᠪᠦᠷᠢᠶ᠎ᠡ ᠶᠢ ᠳᠠᠬᠢᠨᠲᠠ ᠬᠠᠩᠭᠢᠨᠠᠭᠤᠯᠵᠤ᠂ ᠳᠠᠶᠢᠯᠠᠯᠳᠤᠭᠠᠨ ᠤ ᠬᠡᠩᠭᠡᠷᠭᠡ ᠶᠢ ᠳᠠᠬᠢᠨᠲᠠ ᠳᠡᠯᠡᠳᠴᠦ᠂ ᠪᠦᠭᠦ ᠣᠷᠣᠨ ᠤ ᠳᠡᠭᠡᠷ᠎ᠡ ᠳᠣᠣᠷ᠎ᠠ ᠱᠠᠲᠤ ᠶᠢ ᠳᠠᠶᠢᠴᠢᠯᠠᠵᠥ ᠪᠠᠶᠢᠭᠠᠳ ᠬᠠᠷᠠᠯᠲᠠ ᠪᠠᠨ ᠪᠠᠲᠤ ᠡᠵᠡᠮᠳᠡᠵᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠳᠠᠷᠤᠯᠲᠠ ᠪᠠᠨ ᠨᠡᠮᠡᠭᠳᠡᠭᠦᠯᠵᠦ᠂ ᠡᠨᠡ ᠬᠦ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠲᠠᠰ ᠳᠡᠪᠰᠢᠭᠦᠯᠭᠦ ᠪᠠᠷ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠨᠥᠬᠦᠴᠡᠯ ᠢ ᠪᠤᠶ ᠪᠤᠯᠭᠠᠵᠤ᠂ ᠪᠦᠭᠦ ᠣᠷᠣᠨ ᠤ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠬᠤ᠂ ᠶᠠᠰᠤ ᠴᠢᠨᠠᠷ ᠢ ᠳᠡᠭᠡᠭᠰᠢᠯᠡᠭᠦᠯᠵᠥ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠯᠠᠨ ᠠᠬᠢᠭᠤᠯᠬᠤ ᠶᠢᠨ ᠲᠥᠯᠥᠭᠡ ᠶᠤᠮ ᠭᠡᠵᠦ ᠵᠢᠭᠠᠵᠤ ᠭᠠᠷᠭᠠᠪᠠ᠃
2.jpg   
      ᠱᠢ ᠲᠠᠢ ᠹᠧᠩ᠂ ᠨᠢᠭᠡ ᠵᠢᠯ ᠤᠨ ᠲᠤᠷᠰᠢᠬᠢ ᠴᠢᠷᠮᠠᠶᠢᠯᠭ᠎ᠠ ᠪᠠᠷ ᠳᠡᠮᠵᠢᠨ ᠮᠠᠨ ᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠰᠠᠶᠢᠨ ᠰᠠᠶᠢᠬᠠᠨ ᠡᠭᠢᠯᠡᠯᠲᠡ ᠲᠠᠢ᠂ ᠢᠳᠡᠪᠬᠢᠲᠡᠢ ᠠᠬᠢᠴᠠ ᠲᠠᠢ ᠪᠣᠯᠵᠤ ᠢᠯᠡᠷᠬᠡᠢ ᠦᠷ᠎ᠡ ᠪᠦᠲᠦᠮᠵᠢ ᠣᠯᠪᠠ᠃ ᠨᠢᠭᠡ ᠳᠤ᠂ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠶᠢ ᠭᠦᠨᠵᠡᠭᠡᠶᠢᠷᠡᠭᠦᠯᠦᠨ ᠠᠬᠢᠭᠤᠯᠵᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠠᠩ ᠣᠯᠠᠨ᠂ ᠨᠠᠩ ᠠᠮᠢᠳᠤᠯᠢᠭ ᠪᠤᠯᠭᠠᠪᠠ︔ ᠬᠤᠶᠠᠷ ᠲᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠪᠡᠯᠡ ᠣᠷᠣᠭᠤᠯᠤᠯᠲᠠ ᠶᠢ ᠨᠠᠩ ᠲᠣᠭᠲᠠᠭᠤᠨ᠂ ᠨᠠᠩ ᠲᠦᠷᠭᠡᠨ ᠪᠤᠯᠭᠠᠪᠠ︔ ᠭᠤᠷᠪᠠ ᠳᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ ᠠᠵᠤ ᠠᠬᠤᠶᠢᠯᠠᠯ ᠤᠨ ᠳᠠᠷᠤᠭᠠᠰᠤ ᠶᠢ ᠨᠠᠩ ᠬᠥᠩᠭᠡᠷᠡᠭᠦᠯᠵᠦ᠂ ᠪᠡᠯᠡ ᠬᠤᠷᠠᠮᠳᠤᠭᠤᠯᠬᠤ ᠳᠤ ᠨᠠᠩ ᠳᠥᠭᠦᠮ ᠪᠤᠯᠭᠠᠪᠠ︔ ᠳᠥᠷᠪᠡ ᠳᠤ᠂ ︽ᠨᠢᠭᠡ ᠰᠦᠯᠵᠢᠶ᠎ᠡ ᠪᠠᠷ ᠪᠦᠭᠦᠨ ᠢ ᠭᠦᠢᠴᠡᠳᠬᠡᠬᠦ︾ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠶᠢ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠪᠤᠯᠭᠠᠪᠠ︔ ᠲᠠᠪᠤ ᠳᠤ᠂ ᠶᠠᠪᠤᠳᠠᠯ ᠤᠨ ᠳᠤᠮᠳᠠᠬᠢ ᠪᠠ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢ ᠨᠡᠩ ᠲᠥᠪ ᠭᠤᠣᠯᠴᠢ᠂ ᠨᠡᠩ ᠪᠣᠳᠠᠲᠠᠢ ᠪᠤᠯᠭᠠᠪᠠ︔ ᠵᠢᠷᠭᠤᠭ᠎ᠠ ᠳᠤ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠠ ᠬᠠᠤᠯᠢ ᠶᠣᠰᠣᠨ ᠤ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠨᠡᠩ ᠵᠢᠷᠤᠮᠵᠢᠭᠤᠯᠵᠤ᠂ ᠨᠡᠩ ᠬᠠᠤᠯᠢᠵᠢᠭᠤᠯᠪᠠ᠃ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠨᠢᠭᠡ ᠵᠢᠯ ᠬᠢᠭᠰᠡᠨ ᠤ ᠳᠠᠷᠠᠭ᠎ᠠ᠂ ᠪᠢᠳᠡ ᠡᠯ᠎ᠡ ᠲᠠᠯ᠎ᠠ ᠶᠢᠨ ᠬᠢᠨ ᠤ ᠨᠢᠳᠦᠨ ᠳᠤ ᠦᠵᠡᠭᠳᠡᠮ᠎ᠡ᠂ ᠭᠠᠷ ᠲᠤ ᠪᠠᠷᠢᠭᠳᠠᠮ᠎ᠠ᠂ ᠲᠥᠷᠥᠭᠳᠡᠯ ᠢᠶᠠᠷ ᠢᠯᠡᠷᠬᠡᠢ ᠨᠢᠭᠡ ᠪᠦᠯᠦᠭ ᠴᠢᠬᠤᠯᠠ ᠶᠡᠭᠡ ᠠᠮᠵᠢᠯᠲᠠ ᠪᠦᠲᠦᠮᠵᠢ ᠶᠢ ᠣᠯᠣᠭᠰᠠᠨ ᠢᠶᠠᠷ ᠪᠠᠷᠠᠬᠤ ᠦᠭᠡᠢ ᠪᠠᠰᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠲᠤᠶᠢᠯ ᠤᠨ ᠠᠰᠢᠭᠲᠠᠢ ᠨᠢᠭᠡ ᠪᠦᠯᠦᠭ ᠴᠢᠬᠤᠯᠠ ᠰᠡᠩᠬᠡᠷᠡᠭᠦᠯᠦᠯ ᠢ ᠬᠤᠷᠠᠮᠳᠤᠭᠤᠯᠪᠠ᠄ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠭᠡᠷᠡᠭᠲᠡᠢ︔ ᠡᠷᠬᠡᠪᠰᠢ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠷᠢᠮᠵᠢᠶ᠎ᠠ᠂ ᠦᠨᠡᠯᠡᠭᠦ ᠪᠠᠷᠢᠮᠵᠢᠶ᠎ᠠ ᠪᠤᠯᠭᠠᠬᠤ ᠭᠡᠷᠡᠭᠲᠡᠶ︔ ᠡᠷᠬᠡᠪᠰᠢ ᠦᠨᠡᠨ ᠪᠣᠳᠠᠲᠠᠢ ᠪᠠᠷ ᠬᠠᠲᠠᠭᠤ ᠲᠠᠢ ᠨᠢ ᠬᠠᠯᠳᠠᠵᠤ ᠪᠠᠶᠢᠭᠠᠳ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠭᠡᠷᠡᠭᠲᠡᠢ︔ ᠡᠷᠬᠡᠪᠰᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠴᠢᠩᠭ᠎ᠠ ᠬᠠᠲᠠᠭᠤ ᠵᠣᠷᠢᠭ ᠰᠠᠨᠠᠭ᠎ᠠ ᠪᠠᠷ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠬᠤᠪᠢᠷᠠᠭᠤᠯᠬᠤ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠶᠢ ᠠᠬᠢᠭᠤᠯᠵᠤ ᠵᠠᠰᠠᠭ ᠤᠨ ᠣᠷᠳᠣᠨ ᠤ ᠲᠣᠭᠠᠴᠢᠯᠠᠯᠳᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ ᠭᠡᠷᠡᠭᠲᠡᠢ︔ ᠡᠷᠬᠡᠪᠰᠢ ᠬᠠᠤᠯᠢᠵᠢᠯ ᠤᠨ ᠰᠡᠳᠬᠢᠬᠦᠢ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠶᠡᠷᠦᠩᠬᠡᠶᠢᠯᠡᠨ ᠵᠢᠯᠤᠭᠤᠳᠬᠤ ᠭᠡᠷᠡᠭᠲᠡᠶ︔ ᠡᠷᠬᠡᠪᠰᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠶᠢ ᠬᠤᠯᠪᠣᠯᠳᠤᠭᠤᠯᠵᠤ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠮᠠᠨ ᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠦᠬᠦᠯᠢ ᠴᠣᠭᠴᠠ ᠪᠠᠷ ᠢᠶᠠᠨ ᠪᠦᠭᠦ ᠤᠯᠤᠰ ᠤᠨ ᠳᠤᠮᠳᠠ ᠳᠣᠣᠷ᠎ᠠ ᠲᠦᠪᠰᠢᠨ ᠳᠤ ᠣᠷᠣᠰᠢᠵᠤ ᠪᠠᠶᠢᠭ᠎ᠠ ᠪᠠᠶᠢᠳᠠᠯ ᠢ ᠪᠠᠰᠠ ᠦᠨᠳᠦᠰᠦᠨ ᠠᠴᠠ ᠨᠢ ᠬᠤᠪᠢᠷᠠᠭᠤᠯᠤᠭᠠᠳᠤᠢ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠡᠭᠡᠨ ᠬᠥᠮᠥᠨ ᠢ ᠭᠤᠶᠤᠬᠤ ᠦᠭᠡᠢ ᠪᠠᠶᠢᠬᠤ ᠬᠦᠰᠡᠯ ᠱᠠᠭᠠᠷᠳᠠᠯᠭ᠎ᠠ ᠪᠠᠰᠠ ᠪᠦᠷᠢᠮᠦᠰᠦᠨ ᠪᠡᠶᠡᠯᠡᠭᠳᠡᠭᠡᠳᠦᠢ᠂ ᠤᠯᠤᠰ ᠲᠦᠷᠦ ᠶᠢᠨ ᠠᠮᠢ ᠠᠬᠤᠢ ᠶᠢᠨ ᠠᠰᠠᠭᠤᠳᠠᠯ ᠭᠡᠬᠦ ᠡᠨᠡ ᠬᠦ ︽ᠡᠪᠡᠳᠴᠢᠨ ᠤ ᠦᠨᠳᠦᠰᠦ︾ ᠪᠠᠰᠠ ᠲᠤᠶᠢᠯᠪᠤᠷᠢᠲᠠᠢ ᠢᠯᠠᠷᠢᠰᠢᠭᠡᠳᠦᠢ᠂ ᠭᠠᠳᠠᠨᠠᠬᠢ ᠶᠢᠨ ᠬᠢᠨ ᠤ ᠥᠪᠥᠷ ᠮᠣᠩᠭᠤᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠤᠬᠠᠢ ᠰᠠᠭᠤᠭᠳᠠᠯ ᠪᠣᠯᠣᠨ ᠦᠨᠡᠯᠡᠯᠲᠡ ᠪᠠᠰᠠ ᠦᠨᠳᠦᠰᠦᠨ ᠴᠢᠨᠠᠷᠲᠠᠢ ᠰᠠᠶᠢᠵᠢᠷᠠᠭᠠᠳᠤᠢ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ ᠃ ᠡᠷᠬᠡᠪᠰᠢ ᠰᠢᠨᠲᠠᠷᠠᠰᠢ ᠦᠭᠡᠢ ᠴᠢᠷᠮᠠᠶᠢᠬᠤ᠂ ᠴᠥᠬᠦᠷᠡᠰᠢ ᠦᠭᠡᠢ ᠤᠷᠤᠭᠰᠢᠯᠠᠬᠤ ᠡᠷᠡᠰ ᠵᠣᠷᠢᠭ ᠪᠠ ᠰᠥᠰᠥ ᠵᠣᠷᠢᠭ ᠢᠶᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠠᠬᠢᠭᠤᠯᠵᠤ ᠣᠳᠣᠬᠠᠨ ᠤ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠤᠭᠰᠠᠨ ᠰᠠᠶᠢᠨ ᠪᠠᠶᠢᠳᠠᠯ ᠢ ᠪᠠᠲᠤᠯᠠᠵᠤ᠂ ᠪᠠᠷᠤᠭ ᠪᠣᠯᠴᠢᠬᠠᠬᠤ ᠭᠡᠬᠦ᠂ ᠠᠮᠤᠰᠬᠢᠵᠦ ᠠᠮᠠᠷᠠᠬᠤ ᠭᠡᠬᠦ ᠪᠤᠳᠣᠯ ᠶᠠᠭᠠᠬᠢᠭᠰᠠᠨ ᠴᠤ ᠣᠷᠣᠵᠤ ᠪᠤᠯᠬᠤ ᠦᠭᠡᠢ᠂ ᠠᠩᠬᠠᠨ ᠤ ᠳᠠᠶᠢᠯᠠᠯᠳᠤᠭᠠᠨ ᠳᠤ ᠢᠯᠠᠯᠲᠠ ᠣᠯᠣᠮᠠᠭᠴᠠ ᠴᠡᠷᠢᠭ ᠬᠤᠷᠢᠶᠠᠬᠤ ᠪᠤᠳᠣᠯ ᠶᠠᠭᠠᠬᠢᠭᠰᠠᠨ ᠴᠤ ᠣᠷᠣᠵᠤ ᠪᠤᠯᠬᠤ ᠦᠭᠡᠢ᠂ ᠠᠩᠬ᠎ᠠ ᠠᠯᠬᠤᠮ ᠤᠨ ᠦᠷ᠎ᠡ ᠪᠦᠲᠦᠮᠵᠢ ᠣᠯᠣᠮᠠᠭᠴᠠ ᠤᠳᠤ ᠪᠣᠯᠴᠢᠬᠠᠨ᠎ᠠ ᠭᠡᠬᠦ ᠪᠤᠳᠣᠯ ᠶᠠᠭᠠᠬᠢᠭᠰᠠᠨ ᠴᠤ ᠣᠷᠣᠵᠤ ᠪᠤᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠪᠡᠷᠬᠡ ᠬᠠᠲᠠᠭᠤᠵᠢᠯᠲᠤ ᠴᠢᠨᠠᠷ᠂ ᠴᠢᠬᠤᠯᠠ ᠴᠢᠨᠠᠷ ᠢ ᠭᠦᠨᠵᠡᠭᠡᠢ ᠲᠠᠨᠢᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠨᠥᠯᠥᠭᠡᠯᠡᠬᠦ ᠡᠯ᠎ᠡ ᠵᠦᠢᠯ ᠤᠨ ᠠᠰᠢᠭ ᠦᠭᠡᠢ ᠬᠦᠴᠦᠨ ᠵᠦᠢᠯ ᠤᠨ ᠤᠷᠳᠤ ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠠᠰᠠᠭᠤᠳᠠᠯ ᠤᠨ ᠮᠤᠵᠢᠭᠤᠳᠠ ᠴᠢᠨᠠᠷ᠂ ᠳᠠᠭᠢᠨ ᠳᠠᠪᠲᠠᠬᠤ ᠴᠢᠨᠠᠷ᠂ ᠣᠨᠳᠣᠣᠰᠢᠬᠤ ᠴᠢᠨᠠᠷ ᠢ ᠭᠦᠢᠴᠡᠳ ᠵᠢᠱᠢᠵᠦ᠂ ᠵᠠᠭᠤᠨ ᠭᠠᠵᠠᠷ ᠤᠨ ᠵᠠᠮ ᠢ ᠶᠡᠷᠡᠨ ᠭᠠᠵᠠᠷ ᠶᠠᠪᠤᠭᠰᠠᠨ ᠠᠨᠤ ᠬᠠᠭᠠᠰ ᠵᠠᠮ ᠲᠡᠳᠦᠢ ᠪᠤᠯᠠᠢ ᠭᠡᠬᠦ ᠰᠡᠷᠭᠡᠭ ᠪᠠᠶᠢᠳᠠᠯ ᠢᠶᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠥᠬᠦᠷᠡᠰᠢ ᠦᠭᠡᠢ ᠰᠢᠯᠢᠳᠡᠭᠵᠢᠭᠦᠯᠵᠦ ᠲᠣᠭᠲᠠᠭᠰᠠᠨ ᠬᠠᠷᠠᠯᠲᠠ ᠪᠠᠨ ᠡᠷᠡᠰ ᠪᠠᠷᠢᠮᠲᠠᠯᠠᠬᠤ ᠪᠠᠷ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠵᠦ ᠨᠢᠭᠡ ᠯᠡ ᠠᠮᠢᠰᠬᠤᠭ᠎ᠠ ᠪᠠᠷ ᠴᠢᠷᠮᠠᠶᠢᠨ ᠥᠴᠥᠬᠡᠨ ᠴᠦ ᠰᠤᠯᠠᠷᠠᠭᠤᠯᠤᠯ ᠦᠭᠡᠢ ᠪᠠᠷ ᠠᠵᠢᠯᠯᠠᠵᠤ ᠡᠨᠡ ᠬᠦ ᠪᠦᠭᠦ ᠲᠠᠯ᠎ᠠ ᠳᠤ ᠬᠤᠯᠪᠣᠭᠳᠠᠬᠤ᠂ ᠠᠯᠤᠰ ᠢᠷᠡᠭᠡᠳᠦᠢ ᠳᠤ ᠬᠤᠯᠪᠣᠭᠳᠠᠬᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
3.jpg 
        ᠱᠢ ᠲᠠᠢ ᠹᠧᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠥᠯ 3.0 ᠬᠡᠪ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ ᠡᠷᠬᠡᠪᠰᠢ ᠠᠷᠠᠳ ᠲᠦᠮᠡᠨ ᠰᠡᠳᠬᠢᠯ ᠬᠠᠨᠤᠮᠵᠢᠲᠠᠢ᠂ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠭᠦ ᠦᠷ᠎ᠡ ᠪᠦᠲᠦᠮᠵᠢ ᠣᠯᠬᠤ ᠬᠡᠷᠡᠭᠲᠡᠢ᠃ ︽ᠨᠢᠭᠡ ᠰᠦᠯᠵᠢᠶ᠎ᠡ ᠪᠠᠷ ᠪᠦᠭᠦᠠ ᠢ ᠭᠦᠢᠴᠡᠳᠬᠡᠬᠦ︾ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠲᠠᠢ ᠤᠶᠠᠯᠳᠤᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠵᠢᠷᠤᠮᠵᠢᠭᠤᠯᠤᠨ ᠡᠮᠬᠢᠯᠡᠵᠦ ᠮᠡᠳᠡᠭᠡ ᠵᠠᠩᠭᠢ ᠶᠢᠨ ᠰᠢᠰᠲ᠋ᠧᠮ ᠢ ᠥᠭᠡᠷᠡᠴᠢᠯᠡᠨ ᠲᠠᠰ ᠳᠡᠪᠰᠢᠭᠦᠯᠵᠦ᠂ ᠵᠠᠰᠠᠭ ᠤᠨ ᠶᠠᠪᠤᠳᠠᠯ ᠤᠨ ᠲᠠᠪᠴᠠᠩ ᠢ ᠰᠢᠯᠢᠳᠡᠭᠵᠢᠭᠦᠯᠦᠨ ᠨᠡᠶᠢᠳᠬᠡᠵᠦ᠂ ︽ᠮᠡᠳᠡᠭᠡ ᠵᠠᠩᠭᠢ ᠶᠢᠨ ᠥᠨᠥᠴᠢᠨ ᠠᠷᠠᠯ︾ ᠢ ᠲᠤᠶᠢᠯᠪᠤᠷᠢᠲᠠᠢ ᠡᠪᠳᠡᠵᠦ᠂ ᠳ᠋ᠠᠶᠢᠲ᠋ᠠ ᠶᠢᠨ ︽ᠨᠢᠭᠡ ᠰᠦᠯᠵᠢᠶ᠎ᠡ  ᠶᠢ ᠪᠦᠭᠦᠠ ᠳᠤ ᠬᠡᠷᠡᠭᠯᠡᠬᠦ︾ ᠶᠢ ᠲᠦᠷᠭᠡᠨ ᠪᠡᠶᠡᠯᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠨ ᠵᠠᠰᠠᠯᠲᠠ ᠶᠢᠨ ᠵᠠᠭᠪᠤᠷ ᠪᠠ ᠦᠢᠯᠡᠴᠢᠯᠡᠭᠡᠨ ᠤ ᠠᠷᠭ᠎ᠠ ᠭᠡᠯᠪᠡᠷᠢ ᠶᠢᠨ ᠬᠤᠪᠢᠰᠤᠯᠲᠠ ᠶᠢ ᠠᠬᠢᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠵᠦ ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠥᠭᠦᠮ ᠦᠵᠡᠭᠦᠯᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠬᠦ ᠬᠡᠷᠡᠭᠲᠡᠢ᠃ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠪᠦᠭᠦ ᠲᠠᠯ᠎ᠠ ᠪᠠᠷ ᠰᠢᠯᠢᠳᠡᠭᠵᠢᠭᠦᠯᠵᠦ ᠲᠥᠷᠥᠯ ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠲᠥᠷᠥᠯ ᠵᠦᠢᠯ ᠳᠤ ᠤᠷᠢᠳᠴᠢᠯᠠᠨ ᠦᠢᠯᠡᠴᠢᠯᠡᠬᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠴᠢᠩᠭᠠᠳᠬᠠᠵᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠶᠢ ︽ᠨᠢᠭᠡ ᠰᠦᠯᠵᠢᠶ᠎ᠡ ᠪᠠᠷ ᠪᠦᠭᠦᠨ ᠢ ᠭᠦᠢᠴᠡᠳᠬᠡᠬᠦ︾ ᠶᠢ ᠲᠦᠷᠭᠡᠨ ᠪᠡᠶᠡᠯᠡᠭᠦᠯᠵᠦ᠂ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠳᠤ ᠲᠥᠭᠦᠮ ᠦᠵᠡᠭᠦᠯᠭᠦ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠪᠦᠭᠦ ᠲᠠᠯ᠎ᠠ ᠪᠠᠷ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠪᠦᠭᠦᠨ ᠢ ᠭᠦᠢᠴᠡᠳᠬᠡᠬᠦ︾᠂ ︽ᠨᠢᠭᠡ ᠦᠨᠡᠮᠯᠡᠯ ᠢᠶᠠᠷ ᠪᠦᠭᠦᠠ ᠢ ᠭᠦᠢᠴᠡᠳᠬᠡᠬᠦ︾ ᠶᠢ ᠬᠡᠷᠡᠭᠵᠢᠭᠦᠯᠬᠦ ᠪᠠᠷ ᠭᠤᠣᠯ ᠰᠢᠵᠢᠮ ᠪᠤᠯᠭᠠᠵᠤ ᠮᠡᠷᠭᠡᠵᠢᠯ ᠤᠨ ᠬᠤᠪᠢᠰᠤᠯᠲᠠ᠂ ᠠᠵᠢᠯ ᠲᠦᠷᠦᠯ ᠤᠨ ᠬᠤᠪᠢᠰᠤᠯᠲᠠ᠂ ᠦᠢᠯᠡᠴᠢᠯᠡᠭᠡᠨ ᠤ ᠬᠤᠪᠢᠰᠤᠯᠲᠠ ᠶᠢ ᠪᠦᠭᠦ ᠲᠠᠯ᠎ᠠ ᠪᠠᠷ ᠠᠬᠢᠭᠤᠯᠵᠤ ᠥᠨᠳᠥᠷ ᠪᠦᠲᠦᠮᠵᠢᠲᠡᠶ ᠳᠥᠭᠦᠮ ᠳᠥᠲᠡ᠂ ᠴᠢᠨᠠᠷ ᠰᠠᠶᠢᠲᠠᠢ ᠲᠦᠭᠡᠮᠡᠯ ᠬᠠᠷᠠᠭᠠᠯᠵᠠᠯᠲᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠭᠦ ᠠᠮᠢ ᠨᠠᠰᠤᠨ ᠤ ᠦᠶᠡᠯᠡᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠨ ᠪᠠᠶᠢᠭᠤᠯᠤᠨ ᠪᠦᠷᠢᠨᠰᠢᠭᠦᠯᠵᠦ ᠨᠠᠩ ᠣᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠶᠢᠭᠤᠯᠵᠤ᠂ ᠪᠣᠶᠢᠵᠢᠭᠤᠯᠵᠤ᠂ ᠰᠠᠶᠢᠲᠤᠷ ᠬᠥᠭᠵᠢᠵᠦ ᠴᠢᠳᠠᠬᠤ ᠪᠤᠯᠭᠠᠬᠤ ᠬᠡᠷᠡᠭᠲᠡᠢ᠃ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠳᠦᠷᠢᠮ ᠪᠣᠯᠣᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠪᠠᠶᠢᠷᠢᠰᠢᠯ ᠢ ᠲᠦᠷᠭᠡᠨ ᠪᠦᠷᠢᠯᠳᠦᠭᠦᠯᠵᠦ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ᠂ ︽ᠣᠶᠤᠨᠴᠢ ᠬᠢᠨᠠᠯᠲᠠ ᠬᠠᠮᠢᠶᠠᠷᠤᠯᠲᠠ︾  ᠶᠢᠨ ᠲᠦᠪᠰᠢᠨ ᠢ ᠳᠡᠭᠡᠭᠰᠢᠯᠡᠭᠦᠯᠵᠦ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠪᠦᠭᠦ ᠶᠠᠪᠤᠴᠠ ᠳᠤ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠶᠢ ᠪᠡᠶᠡᠯᠡᠭᠦᠯᠬᠦ ᠬᠡᠷᠡᠭᠲᠡᠢ᠃ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠭᠦ ᠲᠠᠯ᠎ᠠ ᠪᠠᠷ ᠪᠤᠢ ᠪᠤᠯᠭᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠳᠤᠮᠳᠠ ᠪᠠᠭ᠎ᠠ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠥᠷᠢ ᠰᠢᠷᠢ ᠶᠢ ᠴᠡᠪᠡᠷᠯᠡᠬᠦ ᠲᠤᠰᠬᠠᠢ ᠠᠵᠢᠯᠯᠠᠭ᠎ᠠ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ᠂ ᠲᠣᠮᠣ ᠳ᠋ᠠᠶᠢᠲ᠋ᠠ ᠶᠢᠨ ᠮᠡᠷᠭᠡᠵᠢᠯ ᠢ ᠭᠦᠢᠴᠡᠳ ᠬᠡᠷᠡᠭᠯᠡᠵᠦ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠷᠭ᠎ᠠ ᠭᠡᠯᠪᠡᠷᠢ ᠶᠢ ᠰᠢᠯᠢᠳᠡᠭᠵᠢᠭᠦᠯᠦᠨ ᠰᠢᠨᠡᠴᠢᠯᠡᠵᠦ᠂ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠨ  ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠭᠦᠭᠵᠢᠭᠦ ᠵᠢᠱᠢᠯᠲᠡ ᠶᠢ ᠴᠢᠷᠮᠠᠶᠢᠨ ᠪᠤᠢ ᠪᠤᠯᠭᠠᠵᠤ᠂ ᠠᠵᠤ ᠠᠬᠤᠶᠢᠯᠠᠯᠲᠠᠨ ᠢ ᠦᠨᠡᠨ ᠬᠦ ᠰᠠᠨᠠᠭ᠎ᠠ ᠠᠮᠤᠷ ᠦᠢᠯᠡᠰ ᠪᠣᠰᠬᠠᠵᠤ᠂ ᠰᠠᠨᠠᠭ᠎ᠠ ᠠᠮᠤᠷ ᠡᠵᠡᠩᠨᠡᠵᠦ᠂ ᠨᠢᠭᠡ ᠰᠡᠳᠬᠢᠯ ᠢᠶᠠᠷ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠱᠢ ᠲᠠᠢ ᠹᠧᠩ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠰᠢᠰᠲ᠋ᠧᠮ ᠲᠠᠢ᠂ ᠭᠦᠨ ᠭᠦᠨᠵᠡᠭᠡᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠠᠪᠤᠳᠠᠯ ᠪᠣᠯᠣᠨ᠎ᠠ᠂ ᠡᠷᠬᠡᠪᠰᠢ ᠡᠪᠳᠡᠭᠦ ᠪᠠ ᠪᠠᠶᠢᠭᠤᠯᠬᠤ ᠶᠢ ᠵᠡᠷᠭᠡ ᠪᠠᠷ ᠠᠳᠬᠤᠬᠤ᠂ ᠲᠥᠪ ᠰᠤᠷᠲᠠᠯ ᠢ ᠲᠡᠳᠬᠦᠨ ᠭᠠᠵᠢᠭᠤ ᠪᠤᠷᠤᠭᠤ ᠶᠢ ᠠᠷᠢᠯᠭᠠᠬᠤ ᠶᠢ ᠪᠠᠷᠢᠮᠲᠠᠯᠠᠵᠤ᠂ ︽ᠨᠢᠭᠡ ᠰᠦᠯᠵᠢᠶ᠎ᠡ ᠪᠠᠷ ᠪᠦᠭᠦᠨ ᠢ ᠭᠦᠢᠴᠡᠳᠬᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠪᠠᠷ ᠭᠠᠷᠳᠠᠴᠠ ᠪᠣᠯᠭᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠭᠦ ᠲᠠᠯ᠎ᠠ ᠪᠠᠷ ᠰᠢᠯᠢᠳᠡᠭᠵᠢᠭᠦᠯᠵᠦ᠂ ᠬᠠᠮᠢᠶᠠᠷᠤᠯᠲᠠ ᠶᠢᠨ ᠵᠠᠭᠪᠤᠷ ᠢ ᠳᠠᠭᠢᠨ ᠡᠭᠦᠳᠴᠦ᠂ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ ᠪᠠᠷ ᠦᠨᠳᠦᠰᠦ ᠪᠣᠯᠭᠠᠨ ᠭᠠᠵᠢᠭᠤ ᠰᠤᠷᠲᠠᠯ ᠢ ᠪᠦᠭᠦ ᠲᠠᠯ᠎ᠠ ᠪᠠᠷ ᠠᠷᠢᠯᠭᠠᠵᠤ᠂ ᠠᠷᠬᠠᠭ ᠭᠡᠮ ᠢ ᠠᠷᠢᠯᠭᠠᠨ᠂ ᠬᠤᠶᠠᠷ ᠲᠠᠯ᠎ᠠ ᠪᠠᠷ ᠴᠥᠮ ᠠᠳᠬᠤᠵᠤ᠂ ᠴᠢᠩᠭ᠎ᠠ ᠠᠳᠬᠤᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠳᠤ ᠵᠥᠪ ᠢᠶᠠᠷ ᠬᠠᠨᠳᠤᠬᠤ ᠰᠥᠰᠥ ᠵᠣᠷᠢᠭ ᠪᠣᠯᠣᠨ ᠬᠢᠲᠤᠭᠠᠨ ᠢᠷ ᠢ ᠳᠣᠲᠣᠭᠰᠢ ᠬᠠᠨᠳᠤᠭᠤᠯᠬᠤ ᠤᠬᠠᠮᠰᠠᠷ ᠢᠶᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠢᠯᠠᠯᠲᠠ ᠶᠢᠨ ᠡᠷᠴᠢᠨ ᠳᠡᠭᠡᠷ᠎ᠡ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠤᠨ ᠲᠠᠰ ᠳᠡᠪᠰᠢᠭᠰᠡᠨ ᠬᠡᠪ ᠢ ᠪᠤᠶ ᠪᠤᠯᠭᠠᠬᠤ ᠬᠡᠷᠡᠭᠲᠡᠢ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ ᠰᠢᠰᠲ᠋ᠧᠮ ᠲᠠᠢ ᠪᠠᠷ ᠲᠠᠭᠢᠨ ᠪᠠᠶᠢᠭᠤᠯᠵᠤ ᠰᠠᠯᠠᠭ᠎ᠠ ᠮᠥᠴᠢᠷ ᠤᠨ ᠳᠣᠲᠣᠭᠠᠳᠤ ᠶᠢᠨ ᠪᠠ ᠰᠠᠯᠠᠭ᠎ᠠ ᠮᠥᠴᠢᠷ ᠠᠯᠤᠰᠯᠠᠭᠰᠠᠨ᠂ ᠲᠡᠰ ᠳᠠᠪᠬᠤᠷᠭ᠎ᠠ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠠᠵᠢᠯ ᠲᠦᠷᠦᠯ ᠤᠨ ᠶᠠᠪᠤᠴᠠ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠬᠦ ᠬᠡᠷᠡᠭᠲᠡᠢ᠃ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ ᠠᠷᠬᠠᠭ ᠭᠡᠮ ᠮᠠᠭᠤ ᠳᠠᠳᠬᠠᠯ ᠵᠢᠴᠢ ᠲᠡᠭᠦᠨ ᠤ ᠰᠢᠨ᠎ᠡ ᠬᠠᠨᠳᠤᠰᠢ ᠰᠢᠨ᠎ᠡ ᠬᠤᠪᠢᠰᠤᠯᠲᠠ ᠶᠢ ᠴᠢᠩᠭ᠎ᠠ ᠠᠩᠬᠠᠷᠴᠤ ᠳᠠᠭᠢᠨ ᠳᠠᠪᠲᠠᠨ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠬᠠᠭᠤᠴᠢᠨ ᠠᠰᠠᠭᠤᠳᠠᠯ ᠪᠣᠯᠣᠨ ᠰᠢᠨ᠎ᠡ ᠢᠯᠡᠷᠡᠯ ᠢ ᠡᠷᠡᠰ ᠵᠠᠯᠠᠷᠠᠭᠤᠯᠤᠨ ᠵᠠᠰᠠᠵᠤ ᠡᠯ᠎ᠡ ᠵᠦᠢᠯ ᠤᠨ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ᠂ ᠬᠤᠶᠢᠷᠭᠤᠰᠢᠨ ᠳᠤᠷ᠎ᠠ ᠪᠠᠷ ᠦᠶᠯᠡᠳᠭᠦ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠪᠳᠡᠵᠦ ᠪᠠᠶᠢᠭ᠎ᠠ ᠰᠤᠷᠲᠠᠯ ᠤᠨ ᠸᠢᠷᠦ᠋ᠰ ᠢ ᠲᠠᠰᠤᠷᠠᠯᠲᠠ ᠦᠭᠡᠢ ᠠᠷᠢᠯᠭᠠᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠪᠳᠡᠭᠰᠡᠨ ᠢᠯᠵᠠᠷᠠᠯ ᠤᠨ ᠠᠷᠬᠠᠭ ᠭᠡᠮ ᠢ ᠲᠠᠰᠤᠷᠠᠯᠲᠠ ᠦᠭᠡᠢ ᠠᠷᠢᠯᠭᠠᠬᠤ ᠬᠡᠷᠡᠭᠲᠡᠢ᠃ ︽ᠭᠤᠷᠪᠠ ᠶᠢ ᠢᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠺᠠᠳ᠋ᠷᠴᠤᠳ ᠤᠨ ᠵᠣᠷᠢᠭᠲᠠᠢ ᠪᠠᠷ ᠰᠢᠨ᠎ᠡ ᠶᠢ ᠡᠭᠦᠳᠴᠦ᠂ ᠯᠠᠪᠳᠠᠭᠤᠨ ᠪᠠᠲᠤᠲᠠᠢ ᠠᠵᠢᠯᠯᠠᠬᠤ ᠶᠢ ᠵᠣᠷᠢᠭᠵᠢᠭᠤᠯᠵᠤ ᠲᠡᠳᠡᠭᠡᠷ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠢ ᠦᠨᠡᠨ ᠬᠦ ᠴᠢᠬᠤᠯᠠᠴᠢᠯᠠᠨ ᠬᠡᠷᠡᠭᠯᠡᠵᠦ᠂ ᠠᠪᠢᠶᠠᠰ ᠴᠢᠳᠠᠪᠤᠷᠢ ᠶᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ ᠬᠤᠰᠢᠭᠤ ᠰᠢᠶᠠᠨ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ︽ᠪᠢᠴᠢᠯ ᠢᠯᠵᠠᠷᠠᠯ︾ ᠢ ᠦᠷᠭᠦᠯᠵᠢᠯᠡᠨ ᠴᠡᠭᠴᠡᠯᠡᠨ ᠵᠠᠰᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠳᠡᠭᠡᠷ᠎ᠡ ᠬᠤᠷᠠᠯ ᠳᠤ ᠣᠷᠣᠯᠴᠠᠭᠰᠠᠨ ᠨᠥᠬᠦᠳ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠳᠠᠭᠤᠰᠤᠰᠢ ᠦᠭᠡᠢ᠂ ᠵᠣᠭᠰᠣᠰᠢ ᠦᠭᠡᠢ ᠶᠠᠪᠤᠭᠳᠠᠨ᠎ᠠ︾ ᠭᠡᠬᠦ ᠳᠠᠯᠳᠠᠭᠤᠷ ᠪᠠᠶᠢᠴᠠᠭᠠᠭᠰᠠᠨ ᠹᠢᠯᠢᠮ ᠢ ᠦᠵᠡᠪᠡ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠠᠯᠪᠠᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠪᠣᠯᠣᠨ ᠪᠤᠭᠤᠲᠤ ᠬᠤᠲᠠ ᠶᠢᠨ ᠵᠠᠰᠠᠭ ᠤᠨ ᠣᠷᠳᠣᠨ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠨᠥᠬᠦᠳ ᠠᠵᠢᠯ ᠤᠨ ᠬᠠᠷᠢᠭᠤ ᠮᠡᠳᠡᠭᠦᠯᠦᠯᠲᠡ ᠬᠢᠪᠡ᠃       ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠵᠠᠢ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠰᠢᠶᠠᠨ ᠤ ᠲᠡᠰ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃                                                 ᠰᠤᠷᠪᠤᠯᠵᠢᠯᠠᠭᠴᠢ᠄ ᠬᠠᠰᠰᠠᠴᠠᠨ   
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ