ᠪᠥᠬᠦ ᠬᠤᠰᠢᠭᠤᠨ ᠤ ᠲᠡᠷᠢᠭᠦᠨ ᠤ ᠬᠢ ᠲᠠᠢ ᠪᠠᠷᠢᠮᠵᠢᠶᠠᠯᠠᠵᠤ ︽ᠭᠠᠪᠰᠢᠭᠠᠶᠢᠯᠠᠨ ᠤᠷᠤᠭᠰᠢᠯᠠᠵᠦ ᠦᠷ᠎ᠡ ᠪᠦᠲᠦᠮᠵᠢ ᠪᠠᠨ ᠲᠡᠭᠡᠭᠰᠢᠯᠠᠭᠦᠯᠵᠤ᠂ ᠲᠡᠷᠢᠭᠦᠨ  ᠳᠤ ᠤᠷᠤᠬᠤ ᠪᠠᠷ ᠲᠠᠮᠠᠴᠠᠭᠦ︾ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠠᠯ ᠢ ᠰᠢᠯᠢᠳᠡᠭᠵᠢᠭᠦᠯᠤᠨ ᠴᠢᠨᠠᠷ ᠰᠠᠶᠢᠲᠠᠶ ᠨᠤᠮᠢᠨ ᠲᠠᠩᠰᠤᠭ ᠦᠦᠰᠢᠨ ᠢ ᠪᠥᠲᠥᠭᠡᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/20
      2 ᠰᠠᠷ᠎ᠠ ᠶᠢᠨ 22 ᠤᠨ ᠡᠳᠦᠷ᠂ ᠪᠥᠬᠦ ᠬᠤᠰᠢᠭᠤᠨ ᠤ ᠲᠡᠷᠢᠭᠦᠨ ᠤ ᠬᠢ ᠲᠠᠢ ᠪᠠᠷᠢᠮᠵᠢᠶᠠᠯᠠᠵᠤ ︽ᠭᠠᠪᠰᠢᠭᠠᠶᠢᠯᠠᠨ ᠤᠷᠤᠭᠰᠢᠯᠠᠵᠦ ᠦᠷ᠎ᠡ ᠪᠦᠲᠦᠮᠵᠢ ᠪᠠᠨ ᠲᠡᠭᠡᠭᠰᠢᠯᠠᠭᠦᠯᠵᠤ᠂ ᠲᠡᠷᠢᠭᠦᠨ ᠳᠤ ᠤᠷᠤᠬᠤ ᠪᠠᠷ ᠲᠠᠮᠠᠴᠠᠭᠦ︾ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠠᠯ ᠢ ᠰᠢᠯᠢᠳᠡᠭᠵᠢᠭᠦᠯᠤᠨ ᠴᠢᠨᠠᠷ ᠰᠠᠶᠢᠲᠠᠶ ᠨᠤᠮᠢᠨ ᠲᠠᠩᠰᠤᠭ ᠦᠦᠰᠢᠨ ᠢ ᠪᠥᠲᠥᠭᠡᠨ  ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠵᠤ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ  ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠶᠣᠤ ᠰᠢᠶᠤᠤ ᠵᠢᠶᠦ᠋ᠨ ᠬᠤᠷᠠᠯ ᠢ ᠡᠷᠭᠢᠯᠡᠪᠡ᠃
1.jpg
 
1.jpg
       ᠸᠠᠩ ᠵᠢᠶᠠᠨ ᠵᠢᠭᠠᠵᠤ ᠭᠠᠷᠭᠠᠬᠤ ᠳᠤ ᠪᠠᠨ᠂ ᠪᠦᠬᠦ ᠲᠠᠯ᠎ᠠ ᠪᠠᠷ ᠬᠢᠨᠠᠨ ᠦᠵᠡᠵᠦ ᠲᠡᠷᠢᠭᠦᠨ ᠤ ᠬᠢ ᠲᠠᠢ ᠪᠠᠷᠢᠮᠵᠢᠶᠠᠯᠠᠵᠤ ︽ᠭᠠᠪᠰᠢᠭᠠᠶᠢᠯᠠᠨ ᠤᠷᠤᠭᠰᠢᠯᠠᠵᠦ ᠦᠷ᠎ᠡ ᠪᠦᠲᠦᠮᠵᠢ ᠪᠠᠨ ᠲᠡᠭᠡᠭᠰᠢᠯᠠᠭᠦᠯᠵᠤ᠂ ᠲᠡᠷᠢᠭᠦᠨ ᠳᠤ ᠤᠷᠤᠬᠤ ᠪᠠᠷ ᠲᠠᠮᠠᠴᠠᠭᠦ︾ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠰᠡᠳᠬᠢᠯᠭᠡ ᠪᠠᠨ ᠴᠢᠩᠭᠠᠳᠬᠠᠬᠤ ᠬᠡᠷᠡᠭᠲᠠᠢ᠃ ᠲᠡᠷᠢᠭᠦᠨ ᠤ ᠬᠢ ᠲᠠᠢ ᠪᠠᠷᠢᠮᠵᠢᠶᠠᠯᠠᠵᠤ ︽ᠭᠠᠪᠰᠢᠭᠠᠶᠢᠯᠠᠨ ᠤᠷᠤᠭᠰᠢᠯᠠᠵᠦ ᠦᠷ᠎ᠡ ᠪᠦᠲᠦᠮᠵᠢ ᠪᠠᠨ ᠲᠡᠭᠡᠭᠰᠢᠯᠠᠭᠦᠯᠵᠤ᠂ ᠲᠡᠷᠢᠭᠦᠨ ᠳᠤ ᠤᠷᠤᠬᠤ ᠪᠠᠷ ᠲᠠᠮᠠᠴᠠᠭᠦ︾ ᠨᠢ ᠴᠠᠭ ᠤᠨ ᠪᠠᠶᠢᠳᠠᠯ ᠤᠨ ᠬᠠᠨᠳᠤᠰᠢ᠂ ᠪᠣᠯᠬᠤ ᠪᠠᠷ ᠪᠠᠷᠠᠬᠤ ᠦᠭᠡᠢ᠂ ᠨᠠᠩ ᠴᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠣᠳᠠᠲᠤ ᠬᠡᠷᠡᠭᠴᠡᠭᠡ᠂ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠦᠲᠦᠮᠵᠢᠲᠡᠶ ᠠᠷᠭ᠎ᠠ ᠬᠡᠮᠵᠢᠶ᠎ᠡ ᠪᠣᠯᠬᠤ ᠶᠤᠮ᠃ ᠶᠡᠭᠡ ᠲᠠᠯ᠎ᠠ ᠶᠡᠭᠡ ᠬᠠᠨᠳᠤᠰᠢ ᠶᠢ ᠡᠵᠡᠮᠳᠡᠵᠦ ᠬᠥᠭᠵᠢᠯᠲᠡ ᠶᠢᠨ ᠪᠠᠶᠢᠳᠠᠯ ᠢ ᠲᠣᠳᠣᠷᠬᠠᠢ ᠲᠠᠨᠢᠨ ᠲᠡᠷᠢᠭᠦᠨ ᠳᠤ ᠣᠷᠣᠬᠤ ᠪᠠᠷ ᠴᠢᠷᠮᠠᠶᠢᠵᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠭᠢᠭᠤᠯᠤᠨ ᠲᠠᠬᠢᠨ ᠰᠢᠨ᠎ᠡ ᠳᠡᠭᠲᠡᠷ ᠲᠤ ᠭᠠᠷᠬᠤ ᠬᠡᠷᠡᠭᠲᠡᠢ᠃ ᠪᠦᠬᠦ ᠦᠶᠡᠯᠡᠯ ᠤᠨ ᠬᠤᠭᠤᠴᠠᠭ᠎ᠠ ᠪᠠᠷ ᠲᠦᠯᠦᠪᠵᠢᠬᠦᠯᠵᠤ ᠲᠡᠷᠢᠭᠦᠨ ᠤ ᠬᠢ ᠲᠠᠢ ᠪᠠᠷᠢᠮᠵᠢᠶᠠᠯᠠᠵᠤ ︽ᠭᠠᠪᠰᠢᠭᠠᠶᠢᠯᠠᠨ ᠤᠷᠤᠭᠰᠢᠯᠠᠵᠦ ᠦᠷ᠎ᠡ ᠪᠦᠲᠦᠮᠵᠢ ᠪᠠᠨ ᠲᠡᠭᠡᠭᠰᠢᠯᠠᠭᠦᠯᠵᠤ᠂ ᠲᠡᠷᠢᠭᠦᠨ ᠳᠤ ᠤᠷᠤᠬᠤ ᠪᠠᠷ ᠲᠠᠮᠠᠴᠠᠭᠦ︾ ᠴᠢᠭᠯᠡᠯ ᠢᠶᠠᠨ ᠲᠣᠳᠣᠷᠬᠠᠢ ᠲᠣᠭᠲᠠᠭᠠᠨ ᠥᠨᠳᠥᠷ ᠲᠤ ᠵᠣᠭᠰᠣᠨ ᠠᠯᠤᠰ ᠢ ᠪᠠᠷᠠᠯᠠᠬᠤ ᠳᠤᠮᠳᠠ ᠠᠴᠠ ᠬᠠᠷᠠᠯᠲᠠ ᠪᠠᠨ ᠣᠨᠣᠪᠴᠢᠲᠠᠢ ᠡᠷᠢᠵᠦ ᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ᠂ ᠡᠯ᠎ᠡ ᠬᠦᠷᠢᠶ᠎ᠡ ᠴᠠᠷᠠᠭ᠎ᠠ ᠶᠢᠨ ᠬᠢᠨ ᠴᠥᠮ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ ᠲᠤᠲᠠᠭᠤᠳᠠᠯ ᠬᠦᠷᠦᠯᠴᠡᠬᠦ ᠥᠬᠡᠶ ᠲᠠᠯ᠎ᠠ ᠪᠠᠨ ᠣᠨᠣᠪᠴᠢᠲᠠᠶ ᠡᠷᠢᠵᠦ ᠭᠠᠷᠭᠠᠨ ᠲᠡᠷᠢᠭᠦᠨ ᠤ ᠬᠢ ᠲᠠᠢ ᠬᠠᠷᠭᠤᠭᠤᠯᠬᠤ ᠬᠡᠷᠡᠭᠲᠡᠶ ᠭᠡᠵᠡᠢ᠃      ᠸᠠᠩ ᠵᠢᠶᠠᠨ ᠴᠢᠬᠤᠯᠠᠴᠢᠯᠠᠬᠤ ᠳᠤ ᠪᠠᠨ᠂ ᠪᠦᠬᠦ ᠡᠯᠧᠮᠧᠨ᠋ᠲ ᠲᠠᠢ ᠪᠠᠷᠢᠮᠵᠢᠶᠠᠯᠠᠵᠤ ︽ᠭᠠᠪᠰᠢᠭᠠᠶᠢᠯᠠᠨ ᠤᠷᠤᠭᠰᠢᠯᠠᠵᠦ ᠦᠷ᠎ᠡ ᠪᠦᠲᠦᠮᠵᠢ ᠪᠠᠨ ᠲᠡᠭᠡᠭᠰᠢᠯᠠᠭᠦᠯᠵᠤ᠂ ᠲᠡᠷᠢᠭᠦᠨ ᠳᠤ ᠤᠷᠤᠬᠤ ᠪᠠᠷ ᠲᠠᠮᠠᠴᠠᠭᠦ︾ ᠶᠢᠨ ᠵᠥᠷᠢᠶ᠎ᠡ ᠪᠣᠯᠣᠨ ᠬᠦᠷᠦᠯᠴᠡᠬᠦ ᠦᠭᠡᠢ ᠲᠠᠯ᠎ᠠ ᠶᠢ ᠣᠨᠣᠪᠴᠢᠲᠠᠢ ᠪᠣᠳᠠᠲᠠᠢ ᠡᠷᠢᠬᠦ ᠬᠡᠷᠡᠭᠲᠡᠢ᠃ ᠪᠥᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠴᠥᠮ ᠥᠪᠡᠷ ᠤᠨ ᠪᠡᠶ᠎ᠡ ᠪᠠᠨ ᠰᠡᠷᠭᠡᠭ ᠢᠶᠠᠷ ᠲᠠᠨᠢᠵᠤ ᠰᠠᠨᠠᠭᠠᠴᠢᠯᠠᠭ᠎ᠠ ᠠᠴᠠ ᠪᠠᠨ ᠬᠥᠭᠵᠢᠭᠰᠡᠨ ᠭᠠᠵᠠᠷ ᠣᠷᠣᠨ ᠲᠠᠢ ᠬᠠᠷᠢᠴᠠᠭᠤᠯᠤᠨ ᠴᠤᠬᠤᠮ ᠠᠯᠢ ᠲᠠᠯ᠎ᠠ ᠪᠠᠷ ᠵᠥᠷᠢᠶ᠎ᠡ ᠲᠠᠢ ᠪᠠᠶᠢᠬᠤ᠂ ᠰᠢᠯᠲᠠᠭᠠᠨ ᠨᠢ ᠶᠠᠭᠤ ᠪᠣᠯᠬᠤ᠂ ᠬᠡᠮ ᠨᠢ ᠬᠠᠮᠢᠭ᠎ᠠ ᠪᠠᠶᠢᠬᠤ ᠶᠢ ᠭᠦᠨᠵᠡᠭᠡᠶ ᠲᠤᠩᠭᠠᠨ ᠪᠣᠳᠣᠯᠬᠢᠯᠠᠵᠤ ᠬᠥᠭᠵᠢᠯᠲᠡ ᠶᠢᠨ ᠡᠭᠦᠷᠭᠡᠲᠦ ᠰᠡᠳᠬᠢᠯᠭᠡ᠂ ᠲᠦᠭᠰᠢᠭᠦᠷᠢᠲᠦ ᠰᠡᠳᠬᠢᠯᠭᠡ᠂ ᠲᠤᠯᠭᠠᠮ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ᠃ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠯᠢᠪᠠ ᠦᠵᠡᠯ ᠰᠠᠨᠠᠭᠠᠨ ᠤ ᠬᠠᠷᠰᠢ ᠰᠠᠭᠠᠳ ᠢ ᠠᠷᠢᠯᠭᠠᠨ ᠪᠤᠷᠤᠭᠤ ᠲᠠᠨᠢᠯᠲᠠ ᠶᠢ ᠴᠠᠭ ᠲᠤᠬᠠᠶ ᠳᠤᠨᠢ ᠵᠠᠯᠠᠷᠠᠭᠤᠯᠵᠤ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠤᠯᠬᠤ ᠭᠡᠷᠡᠭᠳᠠᠢ᠃ ᠪᠦᠬᠦ ᠲᠠᠯ᠎ᠠ ᠪᠠᠷ ᠬᠤᠪᠢᠷᠠᠭᠤᠯᠵᠤ᠂ ᠲᠡᠷᠢᠭᠦᠨ ᠤ ᠬᠢ ᠲᠠᠢ ᠪᠠᠷᠢᠮᠵᠢᠶᠠᠯᠠᠵᠤ ︽ᠭᠠᠪᠰᠢᠭᠠᠶᠢᠯᠠᠨ ᠤᠷᠤᠭᠰᠢᠯᠠᠵᠦ ᠦᠷ᠎ᠡ ᠪᠦᠲᠦᠮᠵᠢ ᠪᠠᠨ ᠲᠡᠭᠡᠭᠰᠢᠯᠠᠭᠦᠯᠵᠤ᠂ ᠲᠡᠷᠢᠭᠦᠨ ᠳᠤ ᠤᠷᠤᠬᠤ ᠪᠠᠷ ᠲᠠᠮᠠᠴᠠᠵᠤ︾᠂ ᠨᠤᠮᠢᠨ ᠲᠠᠩᠰᠤᠭ ᠦᠦᠰᠢᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ᠃ ᠪᠥᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠲᠡᠷᠢᠭᠦᠨ ᠤ ᠭᠠᠵᠠᠷ ᠣᠷᠣᠨ ᠤ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠣᠶᠢᠯᠠᠭᠠᠭᠳᠠᠬᠤᠨ᠂ ᠠᠷᠭ᠎ᠠ ᠪᠠ ᠠᠵᠢᠯ ᠬᠢᠵᠦ ᠠᠳᠠᠯ ᠥᠢᠯᠡᠰ ᠪᠤᠰᠬᠠᠬᠤ ᠵᠣᠷᠢᠭ ᠰᠠᠨᠠᠭ᠎ᠠ ᠰᠤᠷᠲᠠᠯ ᠢ ᠰᠤᠷᠤᠯᠴᠠᠨ ᠲᠤᠯᠢᠳᠠᠵᠤ ᠪᠠᠷᠢᠮᠵᠢᠶ᠎ᠠ ᠲᠠᠢ ᠬᠠᠷᠭᠤᠭᠤᠯᠤᠨ ᠰᠤᠷᠤᠯᠴᠠᠬᠤ ᠳᠤᠮᠳᠠ ᠲᠤᠳᠠᠭᠳᠠᠯ ᠢᠶᠠᠨ ᠨᠥᠬᠦᠪᠥᠷᠢᠯᠡᠵᠦ᠂ ᠵᠥᠷᠢᠶ᠎ᠡ ᠪᠠᠨ ᠪᠠᠭᠠᠰᠬᠠᠨ᠂ ᠨᠡᠬᠡᠨ ᠭᠥᠢᠴᠡᠭᠦ ᠪᠠ ᠳᠠᠪᠠᠵᠤ ᠭᠠᠷᠬᠤ ᠶᠢ ᠪᠡᠶᠡᠯᠡᠭᠦᠯᠬᠦ ᠬᠡᠷᠡᠭᠲᠡᠶ᠃ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠥᠯ ᠤᠨ 3.0 ᠬᠡᠪᠯᠡᠯ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ 500 ᠵᠤᠷᠪᠤᠰ ᠱᠠᠭᠠᠷᠳᠠᠯᠭ᠎ᠠ ᠶᠣᠰᠣᠭᠠᠷ ︽ᠮᠢᠩᠭᠠᠨ ᠳ᠋ᠦᠩᠰᠢᠭᠤᠷ ᠦᠢᠯᠡᠳᠬᠦᠨ ᠤ ᠥᠷᠲᠡᠭ︾ ᠤᠨ ᠬᠦᠷᠢᠶᠡᠯᠡᠩ ᠲᠣᠭᠤᠷᠢᠭ ᠪᠠ ︽ᠭᠤᠷᠪᠠᠨ ᠬᠡᠯᠪᠡᠷᠢ︾ ᠶᠢᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠡᠪᠴᠢᠶ᠎ᠡ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠬᠦᠴᠦᠯᠡᠨ ᠪᠣᠶ ᠪᠤᠯᠭᠠᠬᠤ ᠭᠡᠷᠡᠭᠳᠠᠢ ᠭᠡᠵᠡᠢ᠃      ᠸᠠᠩ ᠵᠢᠶᠠᠨ ᠴᠢᠬᠤᠯᠠᠴᠢᠯᠠᠬᠤ ᠳᠤ ᠪᠠᠨ᠂ ᠪᠦᠬᠦ ᠶᠠᠪᠤᠴᠠ ᠶᠢ ᠪᠠᠲᠤᠯᠠᠵᠤ᠂ ᠲᠡᠷᠢᠭᠦᠨ ᠤ ᠬᠢ ᠲᠠᠢ ᠪᠠᠷᠢᠮᠵᠢᠶᠠᠯᠠᠵᠤ ︽  ᠭᠠᠪᠰᠢᠭᠠᠶᠢᠯᠠᠨ ᠤᠷᠤᠭᠰᠢᠯᠠᠵᠦ ᠦᠷ᠎ᠡ ᠪᠦᠲᠦᠮᠵᠢ ᠪᠠᠨ ᠲᠡᠭᠡᠭᠰᠢᠯᠠᠭᠦᠯᠵᠤ᠂ ᠲᠡᠷᠢᠭᠦᠨ ᠳᠤ ᠤᠷᠤᠬᠤ ᠪᠠᠷ ᠲᠠᠮᠠᠴᠠᠬᠦ︾ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠪᠤᠢ ᠪᠣᠯᠭᠠᠵᠤ ᠥᠭᠬᠦ ᠬᠡᠷᠡᠭᠲᠡᠢ᠃ ᠪᠥᠬᠦ ᠬᠤᠰᠢᠭᠤ ᠪᠠᠷ ᠢᠶᠠᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ ᠥᠨᠳᠥᠷ ᠪᠠᠶᠢᠷᠢᠨ ᠳᠤ ᠪᠠᠷᠢᠮᠵᠢᠶ᠎ᠠ ᠲᠠᠢ ᠬᠠᠷᠢᠴᠠᠭᠤᠯᠵᠤ ᠪᠠᠶᠢᠭᠠᠳ ᠠᠵᠢᠯ ᠢᠶᠠᠨ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠨ ᠠᠵᠢᠯ ᠢᠶᠠᠨ ᠡᠮᠬᠢ ᠵᠢᠷᠤᠮ ᠲᠠᠢ᠂ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠠᠯᠢᠪᠠ ᠠᠵᠢᠯ ᠢ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤ ᠡᠵᠡᠮᠰᠢᠵᠦ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ  ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠠᠨ ᠤ ᠬᠤᠰᠢᠭᠤᠨ ᠳᠤ ᠦᠨᠳᠦᠰᠦᠯᠡᠭᠦᠯᠦᠨ ᠴᠡᠴᠡᠭᠯᠡᠨ ᠵᠢᠮᠢᠰᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠰᠢᠭᠤ ᠱᠠᠲᠤᠨ ᠳᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ ᠨᠠᠮ ᠵᠠᠰᠠᠭ ᠤᠨ ᠤᠳᠤᠷᠢᠳᠬᠤ ᠪᠠᠭ᠂ ᠰᠢᠶᠠᠨ ᠤ ᠱᠠᠲᠤᠨ ᠤ ᠤᠳᠤᠷᠢᠳᠤᠯᠭ᠎ᠠ ᠶᠢ ᠵᠣᠬᠢᠶᠠᠨ ᠪᠠᠶᠢᠭᠤᠯᠤᠨ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ ᠬᠠᠷᠠᠯᠲᠠ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠶ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠲᠠᠭᠠᠨ ᠲᠥᠰᠦᠯ ᠲᠣᠭᠲᠠᠭᠠᠵᠤ ᠨᠠᠷᠢᠨ ᠳᠠᠩᠰᠠ ᠭᠠᠷᠭᠠᠨ ᠲᠡᠷᠢᠬᠦᠨ ᠤ ᠬᠢ ᠲᠠᠢ ᠪᠠᠷᠢᠮᠵᠢᠶᠠᠯᠠᠬᠤ ᠠᠵᠢᠯ ᠤᠨ ᠨᠠᠷᠢᠨ ᠲᠥᠯᠥᠪᠯᠡᠭᠡ ᠶᠢ ᠲᠣᠭᠲᠠᠭᠠᠵᠤ ︽ᠨᠢᠭᠡᠳᠦᠭᠡᠷ ᠭᠠᠷ︾ ᠲᠦᠷᠦᠭᠦᠯᠡᠨ ᠬᠢᠵᠦ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ᠃ ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠵᠤ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ ᠬᠠᠨᠳᠤᠯᠭᠠᠲᠤ ᠴᠢᠨᠠᠷᠲᠠᠶ ᠪᠠᠷ ᠪᠠᠷᠢᠮᠵᠢᠶᠠᠯᠠᠭᠰᠠᠨ ᠬᠤᠲᠠ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠮᠡᠳᠡᠭᠡᠯᠡᠨ ᠪᠥᠬᠦ ᠬᠤᠰᠢᠭᠤᠨ ᠤ ︽ᠲᠡᠷᠢᠭᠦᠨ ᠤ ᠬᠢ ᠲᠠᠢ ᠪᠠᠷᠢᠮᠵᠢᠶᠠᠯᠠᠵᠤ ᠨᠡᠬᠡᠨ ᠳᠠᠪᠠᠭ᠋ᠤ︾ ᠰᠠᠶᠢᠨ ᠠᠷᠭ᠎ᠠ᠂ ᠰᠠᠶᠢᠨ ᠲᠤᠷᠰᠢᠯᠭ᠎ᠠ ᠪᠠ ᠢᠯᠡᠷᠬᠡᠶ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠳᠤ ᠠᠳᠠᠯᠢᠳᠬᠠᠨ ᠰᠤᠷᠤᠯᠴᠠᠵᠤ ᠨᠡᠬᠡᠨ ᠳᠠᠪᠠᠭ᠋ᠤ ᠠᠭᠤᠷ ᠠᠮᠢᠰᠬᠤᠯ ᠢ ᠪᠣᠶ ᠪᠣᠯᠭᠠᠨ ᠴᠢᠨᠠᠷ ᠰᠠᠶᠢᠲᠠᠶ ᠨᠤᠮᠢᠨ ᠲᠠᠩᠰᠤᠭ ᠦᠦᠰᠢᠨ ᠢ ᠴᠢᠷᠮᠠᠶᠢᠨ ᠪᠥᠲᠥᠭᠡᠨ ᠪᠠᠶᠢᠭᠤᠯᠵᠤ ᠪᠥᠬᠦ ᠬᠤᠲᠠ ᠶᠢᠨ ︽ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠬᠤᠰᠢᠭᠤᠴᠢ ᠣᠷᠣᠨ ᠢ ᠪᠥᠲᠥᠭᠡᠨ ᠪᠠᠶᠢᠭᠤᠯᠵᠤ᠂ ᠬᠤᠰᠢᠭᠤᠴᠢ ᠪᠣᠯᠬᠤ ᠪᠠᠷ ᠴᠢᠷᠮᠠᠶᠢᠬᠤ︾ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠠᠢ ᠭᠡᠪᠡ᠃     ᠬᠤᠷᠠᠯ ᠠᠴᠠ ︽ᠦᠦᠰᠢᠨ ᠬᠤᠰᠢᠭᠤᠨ ᠤ ᠲᠡᠷᠢᠭᠦᠨ ᠤ ᠬᠢ ᠲᠠᠢ ᠪᠠᠷᠢᠮᠵᠢᠶᠠᠯᠠᠵᠤ ᠨᠡᠭᠡᠨ ᠳᠠᠪᠠᠭ᠋ᠤ ᠠᠵᠢᠯ ᠤᠨ ᠬᠡᠷᠡᠭᠵᠢᠭᠦᠯᠬᠦ ᠲᠥᠰᠦᠯ︾ ᠳᠤ ᠲᠠᠶᠢᠯᠪᠤᠷᠢ ᠬᠢᠪᠡ᠃ ᠰᠤᠪᠤᠷᠭ᠎ᠠ ᠠᠵᠤ ᠠᠬᠤᠶ ᠶᠢᠨ ᠨᠡᠭᠡᠭᠡᠯᠳᠠ ᠶᠢᠨ ᠲᠣᠭᠤᠷᠢᠭ᠂ ᠲᠤᠭ ᠪᠠᠯᠭᠠᠰᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠥᠢᠯᠡᠳᠪᠤᠷᠢ ᠮᠡᠳᠡᠭᠡ ᠵᠠᠩᠭᠢᠴᠢᠯᠠᠯᠳᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠣᠪᠴᠢᠶ᠎ᠠ ᠶᠢᠨ ᠬᠠᠷᠢᠭᠤᠴᠠᠯᠭᠠᠲᠠᠨ ᠲᠤᠰ ᠲᠤᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃                                      ᠰᠤᠷᠪᠤᠯᠵᠢᠯᠠᠭᠴᠢ᠄ ᠤᠶᠤᠨᠴᠢᠮᠡᠭ   
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ