ᠦᠦᠰᠢᠨ ᠬᠤᠰᠢᠭᠤᠨ ᠤ ᠬᠥᠳᠡᠯᠮᠦᠷᠢ ᠶᠢᠨ ᠬᠥᠮᠦᠵᠢᠯ ᠤᠨ ᠣᠶᠢᠯᠡᠳᠣᠯᠭᠡ ᠵᠢᠴᠢ ᠭᠠᠯᠠᠭᠤᠳᠤ ᠪᠠᠯᠭᠠᠰᠤᠨ ᠤ ᠰᠠᠰᠠ ᠶᠢᠨ ᠴᠠᠶᠢᠳᠠᠮ ᠲᠣᠰᠬᠤᠨ ᠤ ᠲᠠᠷᠢᠶᠠᠯᠠᠬᠤ ᠰᠣᠶᠣᠯ ᠢ ᠰᠣᠳᠣᠯᠣᠨ ᠰᠣᠷᠣᠯᠴᠠᠬᠤ ᠵᠢᠭᠤᠯᠴᠢᠯᠠᠯ ᠤᠨ ᠲᠦᠷᠦᠯ ᠵᠦᠢᠯ ᠡᠭᠢᠯᠡᠪᠡ
ᠨᠡᠶᠢᠲᠡᠯᠡᠭᠰᠡᠨ ᠴᠠᠭ᠄
2022/5/31
      5 ᠰᠠᠷ᠎ᠠ ᠶᠢᠨ 28 ᠤ ᠡᠳᠦᠷ᠂ ᠦᠦᠰᠢᠨ ᠬᠤᠰᠢᠭᠤᠨ ᠤ ᠬᠥᠳᠡᠯᠮᠦᠷᠢ ᠶᠢᠨ ᠬᠥᠮᠦᠵᠢᠯ ᠤᠨ ᠣᠶᠢᠯᠡᠳᠣᠯᠬᠡ ᠵᠢᠴᠢ ᠭᠠᠯᠠᠭᠤᠳᠤ ᠪᠠᠯᠭᠠᠰᠤᠨ ᠤ ᠰᠠᠰᠠ  ᠶᠢᠨ ᠴᠠᠶᠢᠳᠠᠮ ᠲᠣᠰᠬᠤᠨ ᠤ ᠲᠠᠷᠢᠶᠠᠯᠠᠬᠤ ᠰᠣᠶᠣᠯ ᠢ ᠰᠣᠳᠣᠯᠣᠨ ᠰᠣᠷᠣᠯᠴᠠᠬᠤ ᠵᠢᠭᠤᠯᠴᠢᠯᠠᠯ ᠤᠨ ᠲᠦᠷᠦᠯ ᠵᠦᠢᠯ ᠡᠬᠢᠯᠡᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠠᠰᠢᠪᠢᠯᠢᠭ᠌ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠭᠠᠯᠠᠭᠤᠲᠤ ᠪᠠᠯᠭᠠᠰᠤ᠂ ᠬᠤᠰᠢᠭᠤ ᠡᠪᠯᠡᠯ ᠤᠨ ᠬᠤᠷᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠦᠭᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠪᠠ ᠪᠦᠭᠦ ᠬᠤᠰᠢᠭᠤᠨ ᠤ 5 ᠪᠠᠭ᠎ᠠ ᠰᠤᠷᠭᠠᠭᠤᠯᠢ ᠶᠢᠨ 200 ᠭᠠᠷᠤᠶ ᠪᠠᠭᠰᠢ ᠰᠣᠷᠣᠭᠴᠢ ᠠᠵᠢᠯᠯᠠᠭ᠎ᠠ ᠳᠤ ᠣᠷᠣᠯᠴᠠᠵᠠᠶ᠃
1.jpg   
      ᠦᠦᠰᠢᠨ ᠬᠤᠰᠢᠭᠤᠨ ᠤ ᠬᠥᠳᠡᠯᠮᠦᠷᠢ ᠶᠢᠨ ᠬᠥᠮᠦᠵᠢᠯ ᠤᠨ ᠣᠶᠢᠯᠡᠳᠣᠯᠭᠡ ᠵᠢᠴᠢ ᠭᠠᠯᠠᠭᠤᠳᠤ ᠪᠠᠯᠭᠠᠰᠤᠨ ᠤ ᠰᠠᠰᠠ ᠶᠢᠨ ᠴᠠᠶᠢᠳᠠᠮ ᠲᠣᠰᠬᠤᠨ ᠤ ᠲᠠᠷᠢᠶᠠᠯᠠᠬᠤ ᠰᠣᠶᠣᠯ ᠢ ᠰᠣᠳᠣᠯᠣᠨ ᠰᠣᠷᠣᠯᠴᠠᠬᠤ ᠵᠢᠭᠤᠯᠴᠢᠯᠠᠯ ᠤᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 1800 ᠲᠦᠮᠡᠨ ᠲᠥᠭᠦᠷᠢᠭ ᠪᠠᠶᠢᠵᠤ᠂ ᠲᠦᠷᠦᠯ ᠵᠦᠢᠯ ᠳᠤ 126 ᠮᠦ ᠲᠠᠯᠠᠪᠠᠢ ᠲᠠᠢ 5000 ᠭᠠᠷᠤᠢ ᠰᠠᠭᠤᠷᠢ ᠵᠢᠮᠢᠰ ᠤᠨ ᠮᠣᠳᠤᠨ ᠤ ᠵᠢᠮᠢᠰ ᠲᠡᠬᠦᠬᠦ ᠬᠦᠷᠢᠶᠡᠯᠡᠩ᠂ ᠬᠥᠳᠡᠭᠡ ᠲᠣᠰᠬᠤᠨ ᠤ ᠵᠢᠭᠤᠯᠴᠢᠯᠠᠯ ᠤᠨ ᠵᠠᠯᠠᠭᠤᠴᠤᠳ ᠪᠠᠭᠠᠴᠤᠳ ᠤᠨ ᠦᠢᠯᠡᠳᠦᠯᠭᠡ ᠶᠢᠨ ᠲᠦᠷᠦᠯ ᠵᠦᠢᠯ᠂ ᠲᠠᠷᠢᠶᠠᠯᠠᠬᠤ ᠰᠣᠶᠣᠯ ᠤᠨ ᠮᠦᠽᠧᠢ ᠵᠢᠴᠢ ᠲᠠᠷᠢᠶᠠᠯᠠᠬᠤ ᠰᠣᠶᠣᠯ ᠤᠨ ᠪᠡᠶᠡᠴᠢᠯᠡᠨ ᠣᠶᠢᠯᠠᠭᠠᠬᠤ ᠣᠷᠳᠣᠨ ᠪᠠᠭᠲᠠᠵᠤ ᠵᠢᠭᠤᠯᠴᠢᠯᠠᠭᠰᠠᠳ ᠪᠣᠯᠤᠨ ᠰᠤᠳᠤᠯᠤᠨ ᠰᠤᠷᠤᠯᠴᠠᠬᠤ ᠰᠤᠷᠤᠭᠴᠢᠳ ᠲᠤ ᠭᠤᠸᠠ ᠵᠢᠮᠢᠰ ᠲᠡᠭᠦᠬᠦ ᠲᠦᠷᠦᠯ ᠢ ᠪᠡᠶᠡᠴᠢᠯᠡᠨ ᠤᠶᠢᠯᠠᠭᠠᠬᠤ᠂ ᠮᠠᠶᠢᠬᠠᠨ ᠳᠤ ᠰᠠᠭᠤᠨ ᠬᠡᠭᠡᠷ᠎ᠡ ᠪᠠᠭᠤᠳᠠᠯᠯᠠᠵᠤ ᠤᠳᠤᠨ ᠣᠷᠣᠨ ᠤ ᠦᠵᠡᠭᠳᠡᠯ ᠢ ᠠᠵᠢᠭᠯᠠᠬᠤ᠂ ᠲᠠᠷᠢᠶᠠᠯᠠᠬᠤ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ ᠪᠠᠭᠲᠠᠨ᠎ᠠ᠃
2.jpg    
      ᠵᠢᠮᠢᠰ ᠲᠡᠭᠦᠬᠦ ᠬᠦᠷᠢᠶᠡᠯᠡᠩ ᠳᠤ᠂ ᠠᠩᠬᠠᠳᠠᠭᠴᠢ ᠪᠦᠯᠦᠭ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠳᠤ ᠣᠷᠣᠯᠴᠠᠭᠰᠠᠨ 200 ᠭᠠᠷᠤᠢ ᠪᠠᠭᠰᠢ ᠰᠤᠷᠤᠭᠴᠢ ᠵᠢᠮᠢᠰ ᠤᠨ ᠤᠢ ᠳᠤ ᠭᠥᠷᠴᠤ ᠪᠠᠭᠰᠢ ᠶᠢᠨ ᠡᠯ᠎ᠡ ᠲᠦᠷᠦᠯ ᠤᠨ ᠵᠢᠮᠢᠰ ᠤᠨ ᠮᠣᠳᠣᠨ ᠤ ᠲᠦᠷᠦᠯ ᠤᠨ ᠲᠤᠬᠠᠢ ᠲᠠᠶᠢᠯᠪᠤᠷᠢᠯᠠᠬᠤ ᠶᠢ ᠰᠣᠨᠣᠰᠬᠤ ᠶᠢᠨ ᠬᠠᠮᠲᠤ ᠠᠷᠴᠢᠭᠤᠷ ᠪᠠᠷᠢᠵᠤ ᠵᠢᠮᠢᠰ ᠤᠨ ᠮᠤᠳᠤᠨ ᠤ ᠲᠤᠮᠳᠠᠭᠢ ᠡᠪᠡᠰᠦ ᠶᠢ ᠬᠠᠮᠲᠤᠷᠠᠯᠴᠠᠨ ᠠᠷᠢᠯᠭᠠᠵᠤ ᠲᠠᠷᠢᠶᠠᠯᠠᠬᠤ ᠰᠤᠶᠤᠯ ᠤᠨ ᠠᠵᠢᠯᠯᠠᠭ᠎ᠠ ᠶᠢ ᠪᠡᠶᠡᠴᠢᠯᠡᠨ ᠤᠶᠢᠯᠠᠭᠠᠵᠠᠢ᠃ ᠦᠦᠰᠢᠨ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢ ᠼᠤᠤ ᠱᠤ᠋ ᠶᠢᠨ᠄ ︽ᠥᠨᠥᠳᠦᠷ ᠤᠨ ᠠᠵᠢᠯᠯᠠᠭ᠎ᠠ ᠪᠠᠷ ᠳᠡᠮᠵᠢᠨ ᠪᠢ ᠥᠩᠭᠡᠷᠡᠭᠰᠡᠨ ᠳᠤ ᠣᠯᠵᠤ ᠦᠵᠡᠭᠡ ᠥᠬᠡᠶ ᠮᠠᠰᠢ ᠣᠯᠠᠨ ᠵᠢᠮᠢᠰ ᠢ ᠲᠠᠨᠢᠵᠤ ᠲᠠᠭᠦᠨ ᠤ ᠤᠷᠭᠤᠬᠤ ᠶᠠᠪᠤᠴᠠ ᠪᠠ ᠤᠷᠴᠢᠨ ᠢ ᠤᠶᠢᠯᠠᠭᠠᠯ᠎ᠠ᠂ ᠬᠠᠮᠲᠤ ᠰᠤᠷᠤᠯᠭᠠᠲᠠᠨ ᠲᠠᠢ ᠪᠠᠨ ᠬᠠᠮᠲᠤᠷᠠᠯᠴᠠᠨ ᠡᠪᠡᠰᠦ ᠠᠷᠢᠯᠭᠠᠬᠤ ᠨᠢ ᠲᠦᠢᠯ ᠤᠨ ᠵᠦᠳᠡᠷᠡᠯᠲᠡᠶ ᠪᠣᠯᠪᠠᠴᠤ ᠬᠥᠳᠡᠯᠮᠦᠷᠢ ᠶᠢᠨ ᠪᠠᠶᠠᠷ ᠪᠠᠶᠠᠰᠤᠯ ᠢ ᠣᠯᠵᠤ ᠮᠡᠳᠡᠨ ᠠᠮᠵᠢᠯᠲᠠ ᠪᠦᠲᠦᠮᠵᠢ ᠳᠦᠭᠦᠷᠡᠩ ᠪᠤᠯᠤᠯ᠎ᠠ︾ ᠭᠡᠵᠥ ᠶᠠᠷᠢᠵᠤ ᠪᠠᠶᠢᠯ᠎ᠠ᠃
3.jpg  
         ᠤᠢᠢᠷ᠎ᠠ ᠶᠢᠨ ᠵᠢᠯ ᠠᠴᠠ᠂ ᠭᠠᠯᠠᠭᠤᠲᠤ ᠪᠠᠯᠭᠠᠰᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠳᠤ ᠲᠦᠰᠢᠭᠯᠡᠵᠦ ᠠᠮᠢ ᠠᠬᠤᠢ ᠶᠢᠨ ᠰᠡᠯᠡᠭᠦᠴᠡᠯ ᠵᠢᠭᠤᠯᠴᠢᠯᠠᠯ ᠤᠨ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠦᠦᠰᠢᠨ ᠬᠤᠰᠢᠭᠤᠨ ᠤ ᠬᠥᠳᠡᠯᠮᠦᠷᠢ ᠶᠢᠨ ᠬᠥᠮᠦᠵᠢᠯ ᠤᠨ ᠣᠶᠢᠯᠡᠳᠣᠯᠭᠡ ᠵᠢᠴᠢ ᠭᠠᠯᠠᠭᠤᠳᠤ ᠪᠠᠯᠭᠠᠰᠤᠨ ᠤ ᠰᠠᠰᠠ ᠶᠢᠨ ᠴᠠᠶᠢᠳᠠᠮ ᠲᠣᠰᠬᠤᠨ ᠤ ᠲᠠᠷᠢᠶᠠᠯᠠᠬᠤ ᠰᠣᠶᠣᠯ ᠢ ᠰᠣᠳᠣᠯᠣᠨ ᠰᠣᠷᠣᠯᠴᠠᠬᠤ ᠵᠢᠭᠤᠯᠴᠢᠯᠠᠯ ᠤᠨ ᠲᠦᠷᠦᠯ ᠵᠦᠢᠯ ᠪᠣᠯ ᠭᠠᠯᠠᠭᠤᠳᠤ ᠪᠠᠯᠭᠠᠰᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠵᠢᠱᠢᠶᠡᠴᠢ ᠪᠠᠶᠢᠵᠤ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠵᠤᠭ᠎ᠠ ᠴᠡᠩᠭᠡᠯ ᠪᠠ ᠵᠠᠯᠠᠭᠤᠴᠤᠳ ᠪᠠᠭᠠᠴᠤᠳ ᠤᠨ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠬᠡᠷᠡᠭᠴᠡᠭᠡ ᠶᠢ ᠬᠠᠩᠭᠠᠬᠤ ᠳᠤ ᠲᠠᠯᠠᠪᠤᠷ ᠭᠠᠵᠠᠷ ᠪᠤᠯᠤᠨ ᠲᠦᠬᠦᠮ ᠢ ᠬᠠᠩᠭᠠᠵᠤ ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠭᠢᠴᠠ ᠶᠢ ᠤᠯᠠᠮ ᠨᠢᠭᠡ ᠠᠯᠬᠤᠮ ᠲᠥᠷᠭᠡᠳᠭᠡᠭᠦ ᠪᠣᠯᠤᠨ᠎ᠠ᠃                                      ᠰᠤᠷᠪᠤᠯᠵᠢᠯᠠᠭᠴᠢ᠄ ᠤᠶᠤᠨᠴᠢᠮᠡᠭ   ᠨᠠᠷᠠᠰᠤ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ