ᠰᠢᠷᠬᠤᠰᠤᠨ ᠪᠠᠯᠭᠠᠰᠣ ᠪᠣᠭᠤᠨᠢ ᠡᠰᠢᠲᠦ ᠲᠠᠷᠢᠮᠠᠯ ᠢᠶᠠᠷ ᠰᠢᠷᠬᠤᠰᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠤᠭᠤᠷᠢᠨ ᠢ ᠰᠠᠶᠢᠵᠢᠷᠠᠭᠤᠯᠵᠥ ᠪᠠᠶᠢᠨ᠎ᠠ
ᠨᠡᠶᠢᠲᠡᠯᠡᠭᠰᠡᠨ ᠴᠠᠭ᠄
2022/6/1
      ᠰᠢᠷᠬᠤᠰᠣᠨ ᠪᠠᠯᠭᠠᠰᠤ ᠬᠠᠲᠤᠨ ᠭᠤᠤᠯ ᠳᠠᠭᠠᠤ ᠶᠢᠨ ᠠᠮᠢ ᠠᠬᠤᠶ ᠣᠷᠴᠢᠨ ᠲᠣᠭᠤᠷᠢᠨ ᠤ ︽ᠶᠡᠭᠡ ᠬᠠᠮᠠᠭᠠᠯᠠᠯᠲᠠ︾ ᠶᠢᠨ ᠠᠵᠢᠯᠯᠠᠭ᠎ᠠ ᠶᠢ ᠬᠡᠷᠡᠭᠵᠢᠭᠦᠯᠬᠦ ᠲᠠᠢ ᠨᠢᠭᠲᠠ ᠤᠶᠠᠯᠳᠤᠭᠤᠯᠤᠨ ᠮᠠᠯᠴᠢᠨ ᠲᠠᠷᠢᠶᠠᠴᠢᠨ ᠤ ᠭᠤᠤᠯ ᠤᠨ ᠵᠠᠮ ᠤᠨ ᠰᠠᠪᠠ ᠭᠠᠵᠠᠷ ᠤᠨ ᠬᠡᠪᠴᠢᠶᠡᠨ ᠳᠤ ᠪᠣᠭᠤᠨᠢ ᠡᠰᠢᠲᠦ ᠲᠠᠷᠢᠮᠠᠯ ᠲᠠᠷᠢᠬᠤ ᠶᠢ ᠬᠥᠲᠥᠯᠦᠨ ᠵᠢᠯᠣᠭᠤᠳᠴᠤ ᠰᠢᠷᠬᠤᠰᠤᠨ ᠭᠤᠤᠯ ᠤᠨ ᠰᠠᠪᠠ ᠭᠠᠵᠠᠷ ᠢ ᠡᠬᠢ ᠡᠭᠦᠰᠦᠯ ᠠᠴᠠ ᠨᠢ ᠵᠠᠰᠠᠬᠤ ᠪᠠ ᠬᠠᠮᠠᠭᠠᠯᠠᠵᠤ ᠣᠲᠣ ᠦᠶ᠎ᠡ ᠶᠢᠨ ᠥᠨᠳᠥᠷ ᠪᠦᠲᠦᠮᠵᠢᠲᠡᠶ ᠪᠣᠬᠢᠷᠲᠤᠯ ᠥᠬᠡᠶ ᠮᠠᠯ ᠲᠠᠷᠢᠶᠠᠯᠠᠩ ᠠᠵᠤ ᠠᠬᠤᠶ ᠶᠢ ᠬᠥᠭᠵᠢᠭᠦᠯᠬᠦ ᠳᠤ ᠰᠠᠶᠢᠨ ᠰᠠᠶᠢᠬᠠᠨ ᠠᠮᠢ ᠠᠬᠤᠶ ᠶᠢᠨ ᠰᠠᠭᠤᠷᠢ ᠶᠢ ᠲᠠᠯᠪᠢᠵᠤ ᠪᠠᠶᠢᠨ᠎ᠠ᠃      ᠡᠨᠡ ᠬᠡᠳᠦᠨ ᠡᠳᠦᠷ᠂ ᠰᠢᠷᠬᠤᠰᠤᠨ ᠪᠠᠯᠭᠠᠰᠤᠨ ᠤ ᠤᠳᠠ ᠶᠢᠨ ᠭᠤᠤᠯ ᠲᠣᠰᠬᠤᠨ ᠭᠤᠤᠯ ᠳᠠᠭᠠᠤ 1100 ᠮᠥ ᠯᠠᠵᠤᠤ ᠳᠠᠷᠢᠵᠤ ᠡᠭᠢᠯᠡᠭᠰᠠᠨ ᠢᠶᠠᠷ ᠨᠢᠭᠡ ᠰᠠᠭᠤᠷᠢ ᠯᠠᠵᠤᠤ ᠰᠢᠯᠵᠢᠭᠦᠯᠦᠨ ᠵᠠᠶᠢᠯᠠᠬᠤ ᠲᠤᠰᠬᠠᠶ ᠮᠠᠰᠢᠨ ᠨᠠᠰᠢ ᠴᠠᠰᠢ ᠰᠦᠯᠵᠢᠯᠳᠦᠵᠦ ᠲᠣᠰᠬᠤᠨ ᠤ ᠠᠷᠠᠳ ᠮᠠᠰᠢᠨ ᠢ ᠪᠣᠯᠪᠠᠰᠤᠷᠠᠩᠭᠤᠶ ᠡᠵᠡᠮᠳᠡᠨ ᠯᠠᠵᠤᠤ ᠶᠢᠨ ᠴᠢᠬᠢ ᠶᠢ ᠰᠢᠯᠵᠢᠭᠦᠯᠦᠨ ᠵᠠᠶᠢᠯᠠᠬᠤ ᠠᠵᠢᠯ ᠢ ᠨᠢᠮᠪᠡᠢ ᠬᠢᠵᠦ ᠣᠯᠠᠨ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠵᠤ ᠴᠢᠬᠢ ᠠᠪᠬᠤ᠂ ᠴᠢᠬᠢ ᠰᠠᠭᠤᠯᠭᠠᠬᠤ᠂ ᠰᠢᠷᠣᠶ ᠬᠥᠷᠪᠡᠭᠦᠯᠬᠦ ᠵᠡᠷᠭᠡ ᠠᠵᠢᠯ ᠢ ᠡᠮᠬᠢ ᠵᠢᠷᠤᠮ ᠲᠠᠢ ᠪᠠᠷ ᠪᠠᠶᠠᠯᠠᠭᠦᠯᠵᠤ ᠪᠠᠶᠢᠯ᠎ᠠ᠃ ᠲᠣᠰᠬᠤᠨ ᠤ ᠠᠷᠠᠳ ᠹᠧᠩ ᠴᠢ ᠶᠣᠣ ᠵᠠᠰᠠᠭ ᠤᠨ ᠣᠷᠳᠣᠨ ᠤ ᠤᠷᠢᠶᠠᠯᠠᠭ᠎ᠠ ᠶᠢ ᠴᠤᠤᠷᠢᠶᠠᠲᠤᠨ ᠳᠠᠭᠠᠵᠤ ᠡᠨᠠ ᠵᠢᠯ 15 ᠮᠦ ᠯᠠᠵᠤᠤ ᠲᠠᠷᠢᠵᠠᠢ᠂ ᠬᠠᠪᠤᠷ ᠤᠨ ᠲᠠᠷᠢᠶᠠᠯᠠᠭ᠎ᠠ ᠠᠴᠠ ᠡᠬᠢᠯᠡᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠪᠣᠯᠤᠨ ᠰᠦᠢᠳᠬᠡᠯ ᠬᠤᠷᠢᠶᠠᠬᠤ ᠦᠭᠡᠶ ᠪᠠᠷ ᠣᠷᠭᠠᠨᠢᠭ ᠪᠣᠷᠳᠣᠭᠤᠷ  ᠭᠥᠷᠭᠡᠭᠦ᠂ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠦᠢᠯᠡᠴᠢᠯᠡᠭᠡ ᠶᠢ ᠲᠠᠳᠠᠨ ᠤ ᠭᠡᠷ ᠤᠨ ᠡᠭᠦᠳᠡᠨ ᠳᠤ ᠬᠦᠷᠭᠡᠵᠦ ᠳᠡᠷᠭᠡᠳᠡᠬᠢ ︽ᠡᠵᠢ ᠭᠤᠣᠯ︾ ᠢ ᠬᠠᠮᠠᠭᠠᠯᠠᠬᠤ ᠠᠵᠢᠯ ᠳᠤ ᠤᠯᠠᠨ ᠲᠠᠯ᠎ᠠ ᠶᠢᠨ ᠳᠡᠮᠵᠢᠯᠭᠡ ᠦᠵᠡᠭᠦᠯᠵᠡᠢ᠃      2021 ᠣᠨ ᠠᠴᠠ ᠡᠬᠢᠯᠡᠨ᠂ ᠰᠢᠷᠬᠤᠰᠤᠨ ᠭᠤᠤᠯ ᠤᠨ ᠬᠤᠶᠠᠷ ᠡᠷᠭᠢ ᠶᠢᠨ ᠭᠤᠤᠯ ᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠡᠪᠴᠢᠶᠡᠨ ᠳᠤ ᠭᠤᠤᠯ ᠮᠥᠷᠡᠨ ᠤ ᠬᠠᠮᠠᠭᠠᠯᠠᠯᠲᠠ ᠶᠢᠨ ᠤᠯᠠᠭᠠᠨ ᠱᠤᠭᠤᠮ ᠢ ᠲᠣᠭᠲᠠᠭᠠᠵᠤ ᠤᠯᠠᠭᠠᠨ ᠱᠤᠭᠤᠮ ᠤᠨ ᠳᠣᠲᠣᠷ᠎ᠠ ᠪᠣᠭᠤᠨᠢ ᠡᠰᠢᠲᠦ ᠲᠠᠷᠢᠮᠠᠯ ᠳᠠᠷᠢᠬᠤ ᠶᠢ ᠱᠠᠭᠠᠷᠳᠠᠭᠰᠠᠨ ᠪᠠᠶᠢᠨ᠎ᠠ᠃ ᠲᠠᠷᠢᠮᠠᠯ ᠲᠠᠷᠢᠬᠤ ᠶᠢ ᠨᠢᠭᠡᠳᠦᠯᠲᠡᠢ ᠬᠠᠮᠢᠶᠠᠷᠬᠤ ᠳᠤ ᠲᠦᠭᠦᠮ ᠦᠵᠡᠭᠦᠯᠬᠦ ᠶᠢᠨ ᠲᠥᠯᠥᠭᠡ ᠡᠨᠡ ᠵᠢᠯ ᠤᠨ ᠬᠠᠪᠤᠷ ᠤᠨ ᠡᠬᠢ ᠪᠠᠷ ᠰᠢᠷᠬᠤᠰᠤᠨ ᠪᠠᠯᠭᠠᠰᠤᠨ ᠤ ᠬᠢᠨ ᠲᠤᠰᠬᠠᠢ ᠠᠵᠢᠯᠳᠠᠨ ᠲᠤᠭᠢᠷᠠᠭᠤᠯᠤᠨ ᠡᠷᠦᠭᠡ ᠳᠤ ᠭᠥᠷᠴᠤ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠲᠠᠷᠢᠶᠠᠨ ᠡᠮ ᠬᠢᠮᠢ ᠶᠢᠨ ᠪᠤᠷᠳᠤᠭᠤᠷ ᠬᠡᠷᠡᠭᠯᠡᠬᠦ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠶᠢ ᠤᠬᠠᠭᠤᠯᠬᠤ ᠶᠢᠨ ᠬᠠᠮᠲᠤ ᠰᠢᠷᠬᠤᠰᠤᠨ ᠭᠤᠣᠯ ᠤᠨ ᠡᠷᠭᠢ ᠳᠠᠭᠠᠤ ᠶᠢᠨ ᠤᠳᠠ ᠶᠢᠨ ᠭᠤᠤᠯ ᠲᠣᠰᠬᠤᠨ᠂ ᠪᠠᠲᠤ ᠶᠢᠨ ᠲᠤᠬᠤᠢ ᠲᠣᠰᠬᠤᠨ ᠵᠡᠷᠭᠡ ᠭᠠᠵᠠᠷ ᠲᠤ 1310 ᠮᠦ ᠪᠣᠭᠤᠨᠢ ᠡᠰᠢᠲᠦ ᠲᠠᠷᠢᠮᠠᠯ ᠲᠠᠷᠢᠬᠤ ᠶᠢ ᠢᠳᠡᠪᠬᠢᠲᠡᠢ ᠨᠠᠶᠢᠳᠠᠪᠤᠷᠢᠵᠢᠭᠤᠯᠵᠠᠢ᠃      ᠰᠢᠷᠬᠤᠰᠤᠨ ᠪᠠᠯᠭᠠᠰᠤᠨ ᠤ ᠳᠡᠳ᠋ ᠳᠠᠷᠤᠭ᠎ᠠ ᠵᠠᠩ ᠳ᠋ᠦᠩ ᠶᠠᠩ᠄ ︽ᠮᠠᠨ ᠤ ᠪᠠᠯᠭᠠᠰᠤ ᠬᠦᠴᠢᠷᠳᠡᠯ ᠢ ᠰᠢᠢᠳᠪᠤᠷᠢᠯᠠᠭᠦ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ᠂ ᠲᠥᠷᠥ ᠶᠢᠨ ᠪᠣᠳᠣᠯᠭ᠎ᠠ ᠶᠢ ᠲᠣᠳᠣᠷᠬᠠᠶ ᠶᠠᠷᠢᠵᠤ ᠤᠶᠢᠯᠭᠠᠭᠤᠯᠬᠤ ᠶᠢ ᠪᠠᠶᠠᠯᠠᠭᠦᠯᠥᠭᠰᠠᠨ ᠰᠠᠭᠤᠷᠢᠨ ᠳᠡᠭᠡᠷ᠎ᠡ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠮᠠᠯᠴᠢᠨ ᠲᠠᠷᠢᠶᠠᠴᠢᠨ ᠡᠷᠦᠬᠡ ᠶᠢᠨ ᠯᠠᠵᠤᠤ᠂ ᠤᠰᠤᠨ ᠲᠤᠲᠤᠷᠭ᠎ᠠ᠂ ᠯᠤᠤᠪᠠᠩ ᠵᠡᠷᠭᠡ ᠪᠣᠭᠤᠨᠢ ᠡᠰᠢᠲᠦ ᠲᠠᠷᠢᠮᠠᠯ ᠲᠠᠷᠢᠬᠤ ᠶᠢ ᠬᠥᠲᠥᠯᠥᠨ ᠵᠢᠯᠣᠭᠤᠳᠴᠤ  ᠪᠤᠢ︾ ᠭᠡᠵᠤ ᠪᠠᠶᠢᠯ᠎ᠠ᠃      ᠰᠢᠷᠬᠤᠰᠤᠨ ᠭᠤᠣᠯ ᠪᠣᠯ ᠬᠠᠲᠤᠨ ᠭᠤᠣᠯ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠣᠯᠤᠨ᠎ᠠ᠂ ᠲᠠᠷᠢᠶᠠᠯᠠᠩ ᠤᠨ ᠪᠣᠬᠢᠷᠲᠤᠯ ᠦᠭᠡᠢ ᠥᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠵᠤ ᠬᠠᠲᠤᠨ ᠭᠤᠣᠯ ᠳᠠᠭᠠᠤ ᠶᠢᠨ ᠠᠮᠢ ᠠᠬᠤᠢ ᠣᠷᠴᠢᠨ ᠲᠣᠭᠤᠷᠢᠨ ᠤ ︽ᠶᠡᠭᠡ ᠬᠠᠮᠠᠭᠠᠯᠠᠯᠲᠠ︾ ᠶᠢ ᠠᠬᠢᠭᠤᠯᠬᠤ ᠶᠢᠨ ᠲᠥᠯᠥᠭᠡ ᠰᠢᠷᠬᠤᠰᠤᠨ ᠪᠠᠯᠭᠠᠰᠤ ᠤᠯᠠᠨ ᠵᠦᠢᠯ ᠤᠨ ᠠᠷᠭ᠎ᠠ ᠭᠡᠮᠵᠢᠶ᠎ᠠ ᠶᠢ ᠵᠡᠷᠭᠡᠪᠡᠷ ᠠᠪᠴᠤ ᠣᠷᠭᠠᠨᠢᠭ ᠪᠤᠷᠳᠤᠭᠤᠷ᠂ ᠠᠮᠢᠳᠤ ᠪᠣᠳᠠᠰ ᠤᠨ ᠲᠠᠷᠢᠶᠠᠨ ᠡᠮ ᠪᠣᠯᠤᠨ ᠤᠯᠤᠰ ᠤᠨ ᠪᠠᠷᠢᠮᠵᠢᠶᠠᠲᠤ ᠰᠦᠯᠢᠶᠣᠣ ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠵᠦ ᠤᠰᠤ ᠠᠷᠪᠢᠯᠠᠬᠤ ᠲᠠᠷᠢᠶᠠᠯᠠᠩ ᠢ ᠶᠡᠬᠡᠪᠡᠷ ᠭᠥᠭᠵᠢᠭᠦᠯᠤᠨ ᠠᠵᠤ ᠠᠬᠤᠶᠢᠯᠠᠯ ᠪᠣᠯᠤᠨ ᠲᠠᠷᠢᠶᠠᠴᠢᠨ ᠤ ᠪᠣᠬᠢᠷᠲᠤᠯ ᠦᠭᠡᠢ ᠦᠢᠯᠡᠳᠪᠦᠷᠢᠯᠡᠯ ᠢ ᠬᠦᠳᠦᠯᠦᠨ ᠵᠢᠯᠣᠭᠤᠳᠴᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠲᠤᠭᠳᠠᠯᠴᠠᠭ᠎ᠠ ᠶᠢ ᠲᠡᠭᠦᠯᠳᠡᠷᠵᠢᠭᠦᠯᠪᠡ᠃       ᠤᠶᠢᠯᠠᠭᠠᠭᠰᠠᠨ ᠢᠶᠠᠷ᠂ ᠰᠢᠷᠬᠤᠰᠤᠨ ᠪᠠᠯᠭᠠᠰᠤ ᠡᠨᠡ ᠵᠢᠯ ᠦᠯᠡᠳᠡᠭᠳᠡᠯ ᠪᠦᠷᠬᠦᠪᠴᠢ ᠶᠢ ᠲᠣᠰ ᠤᠯᠠᠷᠢᠯ ᠳᠤ ᠪᠤᠴᠠᠭᠠᠨ ᠬᠤᠷᠢᠶᠠᠬᠤ ᠨᠣᠷᠮ᠎ᠠ ᠶᠢ 99% ᠠᠴᠠ ᠳᠡᠭᠡᠭᠰᠢ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢ 95% ᠠᠴᠠ ᠳᠡᠭᠡᠭᠰᠢ ᠳᠤ ᠭᠥᠷᠭᠡᠭᠦ ᠪᠠᠷ ᠲᠥᠯᠥᠪᠯᠠᠵᠤ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠬᠦ ᠳᠠᠪᠬᠤᠷ ᠬᠠᠷᠠᠯᠲᠠ ᠶᠢ ᠪᠠᠶᠠᠯᠠᠭᠦᠯᠭᠦ ᠪᠠᠷ ᠪᠠᠶᠢᠨ᠎ᠠ᠃                                  ᠰᠤᠷᠪᠤᠯᠵᠢᠯᠠᠭᠴᠢ᠄ ᠤᠶᠤᠨᠴᠢᠮᠡᠭ   ᠨᠠᠷᠠᠰᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ