ᠲᠦᠭᠡᠭᠡᠯ ᠤᠰᠤ ᠨᠡᠪᠲᠡᠷᠡᠵᠤ ᠲᠣᠰᠬᠤᠨ ᠤ ᠠᠷᠠᠳ ᠲᠤ ᠲᠦᠭᠦᠮ ᠠᠪᠴᠢᠷᠠᠯ᠎ᠠ
ᠨᠡᠶᠢᠲᠡᠯᠡᠭᠰᠡᠨ ᠴᠠᠭ᠄
2022/6/1
      ᠤᠰᠤ ᠪᠣᠯ ᠠᠷᠡᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠪᠤᠯᠬᠤ ᠶᠤᠮ᠃ ᠣᠶᠢᠷ᠎ᠠ ᠶᠢᠨ ᠡᠳᠣᠷ᠂ ᠰᠢᠷᠬᠤᠰᠣᠨ ᠪᠠᠯᠭᠠᠰᠣᠨ ᠤ ᠶᠡᠭᠡ ᠰᠢᠪᠡᠷ ᠲᠤᠰᠬᠤᠨ ᠤ ᠲᠠᠷᠢᠶᠠᠴᠢᠳ ᠤᠨ ᠭᠡᠷ ᠲᠤ ᠲᠦᠭᠡᠭᠡᠯ ᠣᠰᠤ ᠨᠠᠪᠲᠠᠷᠠᠵᠥ ᠴᠡᠪᠡᠷ ᠲᠣᠩᠭᠠᠯᠠᠭ ᠠᠮᠣᠷ ᠲᠦᠪᠰᠢᠨ ᠲᠦᠭᠡᠭᠡᠯ ᠤᠰᠤ ᠲᠠᠷᠢᠶᠠᠴᠢᠳ ᠲᠤ ᠲᠦᠭᠦᠮ ᠠᠪᠴᠢᠷᠠᠯ᠎ᠠ᠃       ᠰᠢᠷᠬᠤᠰᠣᠨ ᠪᠠᠯᠭᠠᠰᠣᠨ ᠤ ᠶᠡᠭᠡ ᠰᠢᠪᠠᠷ ᠲᠣᠰᠬᠤᠨ ᠳᠤ ᠪᠠᠶᠢᠩᠭᠤ ᠰᠠᠭᠤᠭ᠎ᠠ ᠡᠷᠦᠬᠡ 500 ᠭᠠᠷᠤᠶ ᠪᠠᠶᠢᠳᠠᠭ᠃ ᠲᠣᠰᠬᠤᠨ ᠳᠤ ᠲᠦᠭᠡᠭᠡᠯ ᠤᠰᠤ ᠨᠡᠪᠲᠡᠷᠡᠭᠰᠡᠨ ᠦᠬᠡᠢ ᠡᠷᠦᠬᠡ ᠵᠢᠯ ᠲᠤᠷᠰᠢ ᠬᠤᠳᠳᠤᠭ ᠤᠨ ᠤᠰᠤ ᠳᠠᠮᠨᠠᠵᠥ ᠢᠳᠡᠳᠡᠭ ᠪᠠᠶᠢᠵᠠᠢ᠃ ᠲᠠᠷᠢᠶᠠᠴᠢᠳ ᠤᠨ ᠣᠯᠠᠨ ᠵᠢᠯ ᠤᠨ ᠲᠣᠷᠰᠢ ᠰᠠᠨᠠᠭᠠᠰᠢᠷᠠᠵᠥ ᠪᠠᠶᠢᠭᠰᠠᠨ ᠣᠣᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠡᠨ᠋ᠨ ᠵᠢᠯ ᠠᠴᠠ ᠨᠠᠰᠢ ᠦᠦᠰᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠷᠬᠤᠰᠤᠨ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠠᠯᠪᠠᠨ ᠬᠡᠷ ᠪᠣᠯᠤᠨ ᠶᠡᠭᠡ ᠰᠢᠪᠡᠷ ᠲᠣᠰᠬᠤᠨ ᠤ ᠨᠠᠮ ᠤᠨ ᠡᠭᠦᠷ ᠲᠣᠰᠬᠤᠨ ᠤ ᠵᠥᠪᠯᠡᠯ ᠬᠠᠮᠲᠣᠷᠠᠨ ᠣᠯᠠᠨ ᠲᠠᠯ᠎ᠠ ᠶᠢᠨ ᠵᠣᠬᠢᠴᠠᠭᠤᠯᠭ᠎ᠠ ᠪᠠᠷ ᠳᠠᠮᠵᠢᠵᠥ ᠣᠶᠢᠷ᠎ᠠ ᠶᠢᠨ ᠬᠤᠭᠤᠴᠠᠭᠠᠨ ᠳᠤ ᠲᠦᠭᠡᠭᠡᠯ ᠤᠰᠤᠨ ᠤ ᠬᠤᠭᠤᠯᠠᠶ ᠶᠢ ᠳᠠᠪᠢᠰᠣᠨ ᠣᠭᠰᠠᠷᠠᠵᠣ ᠡᠷᠣᠭᠡ ᠪᠣᠯᠭᠠᠨ ᠳᠤ ᠲᠦᠭᠡᠭᠡᠯ ᠤᠰᠤ ᠨᠠᠪᠲᠡᠷᠡᠭᠦᠯᠦᠨ ᠪᠦᠷᠭᠦᠭᠦᠯᠵᠥ ᠲᠠᠷᠢᠶᠠᠴᠢᠳ ᠤᠨ ᠣᠯᠠᠨ ᠵᠢᠯ ᠤᠨ ᠬᠦᠰᠡᠯ ᠡᠷᠡᠮᠡᠯᠵᠡᠯ ᠢ ᠪᠡᠶᠡᠯᠡᠭᠦᠯᠥᠯ᠎ᠡ᠃       ᠣᠶᠢᠷ᠎ᠠ ᠶᠢᠨ ᠵᠢᠯ ᠠᠴᠠ ᠨᠠᠰᠢ ᠰᠢᠷᠬᠤᠰᠣᠨ ᠪᠠᠯᠭᠠᠰᠣ ᠨᠢ ᠣᠯᠠᠨ ᠳᠦᠮᠡᠨ ᠤ ᠡᠳᠣᠷ ᠲᠣᠲᠤᠮ ᠤᠨ ᠠᠮᠢᠳᠣᠷᠠᠯ ᠳᠣᠮᠳᠠ ᠣᠷᠣᠰᠢᠬᠤ ᠪᠣᠳᠠᠳᠠᠢ ᠠᠰᠠᠭᠤᠳᠠᠯ ᠢ ᠴᠢᠬᠤᠯᠠᠴᠢᠯᠠᠨ ᠰᠢᠢᠳᠪᠦᠷᠢᠯᠡᠵᠤ ᠠᠷᠡᠳ ᠤᠨ ᠠᠮᠢᠳᠣᠷᠠᠯ ᠢ ᠥᠨᠡᠡᠬᠦ ᠬᠠᠯᠠᠮᠵᠢᠯᠠᠭᠰᠠᠭᠠᠷ ᠢᠷᠡᠵᠠᠢ᠃ ᠣᠳᠣᠬᠠᠨ ᠳᠤ ᠶᠡᠭᠡ ᠰᠢᠪᠡᠷ ᠲᠣᠰᠬᠤᠨ ᠤ 342 ᠡᠷᠦᠬᠡ ᠳᠤ ᠲᠦᠭᠡᠭᠡᠯ ᠤᠰᠤ ᠶᠢ ᠡᠷᠦᠬᠡ ᠳᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠵᠦ ᠮᠠᠯᠴᠢᠨ ᠲᠠᠷᠢᠶᠠᠴᠢᠨ ᠳᠤ ᠪᠣᠳᠠᠲᠠᠢ ᠠᠰᠢᠭ ᠬᠦᠷᠲᠡᠭᠡᠵᠦ ᠠᠮᠢᠳᠤᠷᠠᠯ ᠤᠨ ᠶᠠᠰᠤ ᠴᠢᠨᠠᠷ ᠶᠡᠭᠡ ᠪᠠᠷ ᠳᠡᠭᠡᠭᠰᠢᠯᠡᠨ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠠᠰᠢᠭ ᠬᠦᠷᠲᠡᠭᠰᠡᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠭᠰᠡᠨ ᠪᠠᠶᠢᠨ᠎ᠠ᠃                                                                                 ᠰᠤᠷᠪᠤᠯᠵᠢᠯᠠᠭᠴᠢ᠄ ᠣᠶᠣᠨᠴᠢᠮᠡᠭ  ᠨᠠᠷᠠᠰᠤ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ