2022 ᠣᠨ ᠤ ᠣᠷᠳᠣᠰ ᠨᠠᠷᠢᠨ ᠨᠣᠣᠰᠣᠲᠤ ᠬᠤᠨᠢᠨ ᠴᠤᠭᠯᠠᠭᠠᠨ ᠤ ᠠᠵᠢᠯᠯᠠᠭᠠᠨ ᠤ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/6/1
                                    ᠦᠦᠰᠢᠨ ᠵᠠᠰᠠᠭ ᠠᠯᠪᠠᠨ ᠳᠠᠷᠬᠠᠭᠠᠬᠤ ﹇2022﹈ 50 ᠳ᠋ᠤᠭᠠᠷ ᠲᠣᠭᠠᠲᠤ                                                           ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ︽ᠦᠦᠰᠢᠨ ᠬᠤᠰᠢᠭᠤᠨ ᠤ 2022 ᠣᠨ ᠤ ᠣᠷᠳᠣᠰ ᠨᠠᠷᠢᠨ ᠨᠣᠣᠰᠣᠲᠤ ᠬᠤᠨᠢᠨ ᠴᠤᠭᠯᠠᠭᠠᠨ ᠤ ᠠᠵᠢᠯᠯᠠᠭᠠᠨ ᠤ ᠲᠥᠰᠥᠯ︾ ᠢ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠭᠡᠷᠠᠢ                                                                                                                                                                                ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                       2022 ᠣᠨ ᠤ 5 ᠰᠠᠷ᠎ᠠ ᠶᠢᠨ 27 ᠤ ᠡᠳᠦᠷ         ᠦᠦᠰᠢᠨ ᠬᠤᠰᠢᠭᠤᠨ ᠤ 2022 ᠣᠨ ᠤ ᠣᠷᠳᠣᠰ ᠨᠠᠷᠢᠨ ᠨᠣᠣᠰᠣᠲᠤ ᠬᠤᠨᠢᠨ ᠴᠤᠭᠯᠠᠭᠠᠨ ᠤ ᠠᠵᠢᠯᠯᠠᠭᠠᠨ ᠤ ᠲᠥᠰᠥᠯ       ᠣᠷᠳᠣᠰ ᠨᠠᠷᠢᠨ ᠨᠣᠣᠰᠣᠲᠤ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ᠣᠷᠳᠣᠰ ᠨᠠᠷᠢᠨ ᠨᠣᠣᠰᠣᠲᠤ ᠬᠤᠨᠢᠨ ᠤ ᠨᠣᠣᠰᠣ ᠮᠢᠬ᠎ᠠ ᠶᠢ ᠵᠡᠷᠭᠡᠪᠡᠷ ᠠᠰᠢᠭᠯᠠᠭᠰᠠᠨ ᠰᠢᠯᠢᠳᠡᠭ ᠶᠠᠰᠤ ᠴᠢᠨᠠᠷ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠤ ᠲᠡᠵᠢᠭᠡᠨ ᠮᠠᠯᠵᠢᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠣᠷᠳᠣᠰ ᠨᠠᠷᠢᠨ ᠨᠣᠣᠰᠣᠲᠤ ᠬᠤᠨᠢᠨ ᠤ ᠨᠡᠷ᠎ᠡ ᠠᠯᠳᠠᠷᠰᠢᠯ ᠪᠠ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠬᠦ ᠶᠢᠨ ᠲᠤᠰᠠᠳᠠ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠵᠢᠯᠯᠠᠭᠠᠨ ᠤ ᠲᠥᠰᠥᠯ ᠢ ᠲᠣᠭᠲᠠᠭᠠᠪᠠ᠃      ᠨᠢᠭᠡ᠂ ᠠᠵᠢᠯᠯᠠᠭᠠᠨ ᠤ ᠴᠠᠭ ᠵᠢᠴᠢ ᠭᠠᠵᠠᠷ      ᠠᠵᠢᠯᠯᠠᠭᠠᠨ ᠤ ᠴᠠᠭ᠄ 2022 ᠣᠨ ᠤ 6 ᠰᠠᠷ᠎ᠠ ᠶᠢᠨ 9 ᠤ ᠡᠳᠦᠷ —10 ᠤ ᠡᠳᠦᠷ ︵ᠬᠤᠷᠠᠯ ᠤᠨ ᠬᠤᠭᠤᠴᠠᠭ᠎ᠠ 2 ᠡᠳᠦᠷ︶᠃      ᠠᠵᠢᠯᠯᠠᠭᠠᠨ ᠤ ᠭᠠᠵᠠᠷ᠄ ᠭᠠᠯᠠᠭᠤᠲᠤ ᠪᠠᠯᠭᠠᠰᠤᠨ ᠤ ᠪᠤᠵᠠᠢ ᠭᠠᠴᠠᠭᠠᠨ ᠤ ᠮᠣᠷᠢ ᠤᠷᠤᠯᠳᠤᠬᠤ ᠲᠠᠯᠠᠪᠠᠢ      ᠬᠤᠶᠠᠷ᠂ ᠠᠵᠢᠯᠯᠠᠭᠠᠨ ᠤ ᠠᠭᠤᠯᠭ᠎ᠠ      ︵ᠨᠢᠭᠡ︶ ᠣᠷᠳᠣᠰ ᠨᠠᠷᠢᠨ ᠨᠣᠣᠰᠣᠲᠤ ᠬᠤᠨᠢᠨ ᠴᠤᠭᠯᠠᠭᠠᠨ ᠳᠤ ᠨᠡᠷ᠎ᠡ ᠮᠡᠳᠡᠭᠦᠯᠬᠦ      ᠴᠠᠭ᠄ 2022 ᠣᠨ ᠤ 6 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ      ᠨᠡᠷ᠎ᠡ ᠮᠡᠳᠡᠭᠦᠯᠬᠦ ᠭᠠᠵᠠᠷ᠄ ᠤᠷᠤᠯᠳᠤᠭᠠᠨ ᠳᠤ ᠣᠷᠣᠯᠴᠠᠬᠤ ᠮᠠᠯᠴᠢᠨ ᠲᠠᠷᠢᠶᠠᠴᠢᠨ ᠭᠠᠯᠠᠭᠤᠲᠤ ᠪᠠᠯᠭᠠᠰᠤᠨ ᠤ ᠪᠤᠵᠠᠢ ᠭᠠᠴᠠᠭᠠᠨ ᠳᠤ ᠨᠡᠷ᠎ᠡ ᠮᠡᠳᠡᠬᠦᠯᠦᠨ᠎ᠡ᠂ ᠵᠣᠴᠢᠳ ᠦᠦᠰᠢᠨ ᠬᠤᠰᠢᠭᠤᠨ ᠤ ᠲᠤᠷᠤᠨᠠᠲᠤ ᠶᠢᠨ ᠭᠡᠷᠡᠯᠲᠤ ᠰᠤᠪᠤᠳ ᠤᠯᠠᠨ ᠤᠯᠤᠰ ᠤᠨ ᠵᠣᠴᠢᠳ ᠤᠨ ᠪᠠᠭᠤᠳᠠᠯ ᠳᠤ ᠨᠡᠷ᠎ᠡ ᠮᠡᠳᠡᠭᠦᠯᠤᠨ᠎ᠡ       ︵ᠬᠤᠶᠠᠷ︶ ᠣᠷᠳᠣᠰ ᠨᠠᠷᠢᠨ ᠨᠣᠣᠰᠣᠲᠤ ᠬᠤᠨᠢᠨ ᠴᠤᠭᠯᠠᠭᠠᠨ ᠤ ᠡᠬᠢᠯᠡᠯᠲᠡ ᠶᠢᠨ ᠶᠣᠰᠣᠯᠠᠯ      ᠴᠠᠭ᠄ 2022 ᠣᠨ ᠤ 6 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ      ᠠᠵᠢᠯᠯᠠᠭᠠᠨ ᠤ ᠭᠠᠵᠠᠷ᠄ ᠭᠠᠯᠠᠭᠤᠲᠤ ᠪᠠᠯᠭᠠᠰᠤᠨ ᠤ ᠪᠤᠵᠠᠢ ᠭᠠᠴᠠᠭᠠᠨ ᠤ ᠮᠣᠷᠢ ᠤᠷᠤᠯᠳᠤᠬᠤ ᠲᠠᠯᠠᠪᠠᠢ      ︵ᠭᠤᠷᠪᠠ︶ 2022 ᠣᠨ ᠤ ᠣᠷᠳᠣᠰ ᠨᠠᠷᠢᠨ ᠨᠣᠣᠰᠣᠲᠤ ᠬᠤᠨᠢᠨ ᠤ ᠤᠷᠤᠯᠳᠤᠭᠠᠨ ᠵᠢᠴᠢ ᠨᠣᠣᠰᠣ ᠬᠠᠶᠢᠴᠢᠯᠠᠬᠤ ᠤᠷᠤᠯᠳᠤᠭᠠᠨ      ᠴᠠᠭ᠄ 2022 ᠣᠨ ᠤ 6 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ      ᠠᠵᠢᠯᠯᠠᠭᠠᠨ ᠤ ᠭᠠᠵᠠᠷ᠄ ᠭᠠᠯᠠᠭᠤᠲᠤ ᠪᠠᠯᠭᠠᠰᠤᠨ ᠤ ᠪᠤᠵᠠᠢ ᠭᠠᠴᠠᠭᠠᠨ ᠤ ᠮᠣᠷᠢ ᠤᠷᠤᠯᠳᠤᠬᠤ ᠲᠠᠯᠠᠪᠠᠢ      ⒈ᠣᠷᠳᠣᠰ ᠨᠠᠷᠢᠨ ᠨᠣᠣᠰᠣᠲᠤ ᠬᠤᠨᠢᠨ ᠤᠷᠤᠯᠳᠤᠭᠠᠨ      ᠪᠥᠬᠦ ᠬᠤᠰᠢᠭᠤᠨ ᠤ 27 ᠮᠠᠯᠵᠢᠯ ᠤᠨ ᠭᠠᠴᠠᠭ᠎ᠠ ᠶᠢ ᠵᠣᠬᠢᠶᠠᠨ ᠪᠠᠶᠢᠭᠤᠯᠤᠨ ᠤᠷᠤᠯᠳᠤᠭᠠᠨ ᠳᠤ ᠣᠷᠣᠯᠴᠠᠭᠤᠯᠵᠤ᠂ ᠮᠠᠯᠵᠢᠯ ᠤᠨ ᠭᠠᠴᠠᠭ᠎ᠠ ᠪᠦᠷᠢ ᠨᠠᠰᠤ ᠬᠦᠢᠴᠡᠭᠰᠡᠨ 4 ᠡᠮ᠎ᠡ ᠬᠤᠨᠢ ︵ᠡᠷᠬᠡᠪᠰᠢ ᠬᠦᠬᠦᠬᠦᠯ ᠤᠨ ᠬᠤᠭᠤᠴᠠᠭᠠᠨ ᠳᠠᠬᠢ ᠡᠮ᠎ᠡ ᠬᠤᠨᠢ ᠪᠠᠶᠢᠬᠤ ᠬᠡᠷᠡᠭᠲᠠᠢ︶ ᠪᠤᠯᠤᠨ ᠪᠤᠶᠢᠵᠢᠯᠲᠠ ᠶᠢᠨ ᠬᠤᠭᠤᠴᠠᠭᠠᠨ ᠤ 4 ᠡᠮ᠎ᠡ ᠬᠤᠨᠢ ᠶᠢ ᠤᠷᠤᠯᠳᠤᠭᠠᠨ ᠳᠤ ᠣᠷᠣᠯᠴᠠᠭᠤᠯᠤᠨ᠎ᠠ᠃ ᠡᠬᠦᠨ ᠠᠴᠠ ᠭᠠᠳᠠᠨ᠎ᠠ ᠤᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠬᠠᠩᠭᠢᠨ ᠬᠤᠰᠢᠭᠤ᠂ ᠡᠵᠡᠨ ᠬᠤᠷᠤᠭ᠎ᠠ ᠬᠤᠰᠢᠭᠤ ᠵᠡᠷᠭᠡ 4 ᠬᠤᠰᠢᠭᠤ ᠲᠣᠰ ᠲᠣᠰ ᠨᠠᠰᠤ ᠬᠦᠢᠴᠡᠭᠰᠡᠨ 2 ᠡᠮ᠎ᠡ ᠬᠤᠨᠢ ︵ᠡᠷᠬᠡᠪᠰᠢ ᠬᠦᠬᠦᠬᠦᠯ  ᠤᠨ ᠬᠤᠭᠤᠴᠠᠭᠠᠨ ᠳᠠᠬᠢ ᠡᠮ᠎ᠡ ᠬᠤᠨᠢ ᠪᠠᠶᠢᠬᠤ ᠬᠡᠷᠡᠭᠲᠠᠢ︶ ᠪᠠ ᠪᠤᠶᠢᠵᠢᠯᠲᠠ ᠶᠢᠨ ᠬᠤᠭᠤᠴᠠᠭᠠᠨ ᠤ 2 ᠡᠮ᠎ᠡ ᠬᠤᠨᠢ ᠶᠢ ᠤᠷᠤᠯᠳᠤᠭᠠᠨ ᠳᠤ ᠣᠷᠣᠯᠴᠠᠭᠤᠯᠵᠤ ᠨᠡᠶᠢᠲᠡ 232 ᠬᠤᠨᠢ ᠤᠷᠤᠯᠳᠤᠭᠠᠨ ᠳᠤ ᠣᠷᠣᠯᠴᠠᠨ᠎ᠠ᠃ ᠤᠷᠤᠯᠳᠤᠭᠠᠨ ᠳᠤ ᠬᠤᠨᠢᠨ ᠤ ᠭᠠᠳᠠᠷ ᠲᠥᠷᠬᠦ ᠪᠠᠶᠢᠳᠠᠯ᠂ ᠬᠠᠶᠢᠴᠢᠯᠠᠭᠰᠠᠨ ᠨᠣᠣᠰᠣᠨ ᠤ ᠬᠦᠨᠳᠦ ᠶᠢᠨ ᠬᠡᠮᠵᠢᠶ᠎ᠡ᠂ ᠨᠣᠣᠰᠣᠨ ᠤ ᠨᠢᠭᠲᠠᠴᠠ᠂ ᠨᠣᠣᠰᠣ ᠶᠢ ᠨᠢ ᠬᠠᠶᠢᠴᠢᠯᠠᠭᠰᠠᠨ ᠤ ᠳᠠᠷᠠᠭᠠᠬᠢ ᠬᠤᠨᠢᠨ ᠤ ᠪᠡᠶ᠎ᠡ ᠶᠢᠨ ᠬᠦᠨᠳᠦ᠂ ᠨᠣᠣᠰᠣᠨ ᠤ ᠶᠡᠷᠦᠩᠬᠡᠢ ᠴᠢᠨᠠᠷ ᠵᠡᠷᠭᠡ ᠡᠯ᠎ᠡ ᠭᠦᠢᠴᠡᠳᠬᠡᠯ ᠲᠤᠭ᠎ᠠ ᠶᠢ ᠶᠡᠷᠦᠩᠬᠡᠶᠢᠯᠡᠨ ᠰᠢᠯᠭᠠᠷᠠᠭᠤᠯᠤᠨ᠎ᠠ᠃       ᠤᠷᠤᠯᠳᠤᠭᠠᠨ ᠳᠤ ᠣᠷᠤᠯᠴᠠᠬᠤ ᠱᠠᠭᠠᠷᠳᠠᠯᠭ᠎ᠠ᠄ ᠡᠯ᠎ᠡ ᠰᠤᠮᠤ ᠪᠠᠯᠭᠠᠰᠤ ᠲᠣᠰ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠳᠠᠶᠢᠴᠢᠯᠠᠬᠤ ᠠᠵᠢᠯ ᠢ ᠦᠨᠡᠨ ᠬᠦ ᠰᠠᠶᠢᠲᠤᠷ ᠬᠢᠵᠦ ᠮᠠᠯᠵᠢᠯ ᠤᠨ ᠡᠷᠦᠬᠡ ᠶᠢᠨ ᠤᠷᠤᠯᠳᠤᠭᠠᠨ ᠳᠤ ᠣᠷᠤᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ ᠤᠷᠤᠯᠳᠤᠭᠠᠨ ᠳᠤ ᠣᠷᠤᠯᠴᠠᠬᠤ 8 ᠬᠤᠨᠢ ᠶᠢ ᠠᠳᠠᠯᠢ ᠪᠤᠰᠤ ᠮᠠᠯᠵᠢᠯ ᠤᠨ ᠡᠷᠦᠬᠡ ᠠᠴᠠ ᠰᠤᠩᠭᠤᠵᠤ᠂ 2 ᠪᠤᠶᠤ 2 ᠠᠴᠠ ᠳᠡᠭᠡᠭᠰᠢ ᠬᠤᠨᠢ ᠨᠢ ᠨᠢᠭᠡ ᠮᠠᠯᠵᠢᠯ ᠤᠨ ᠡᠷᠦᠬᠡ ᠳᠤ ᠬᠠᠷᠢᠶᠠᠯᠠᠭᠳᠠᠬᠤ ᠡᠰᠡᠬᠦᠯ᠎ᠡ ᠪᠤᠰᠤᠳ ᠮᠠᠯᠵᠢᠯ ᠤᠨ ᠡᠷᠦᠬᠡ ᠶᠢᠨ ᠨᠠᠷᠢᠨ ᠨᠣᠣᠰᠣᠲᠤ ᠬᠤᠨᠢ ᠶᠢ ᠥᠪᠡᠷ ᠤᠨ ᠭᠡᠷ ᠤᠨ ᠨᠠᠷᠢᠨ ᠨᠣᠣᠰᠣᠲᠤ ᠬᠤᠨᠢ ᠪᠠᠷ ᠣᠪᠯᠠᠨ ᠤᠷᠤᠯᠳᠤᠭᠠᠨ ᠳᠤ ᠣᠷᠣᠯᠴᠠᠪᠠᠯ᠂ ᠤᠷᠤᠯᠳᠤᠭᠠᠨ ᠳᠤ ᠣᠷᠤᠯᠴᠠᠬᠤ ᠬᠢᠷᠢ ᠬᠡᠮ ᠢ ᠨᠢ ᠬᠠᠰᠤᠨ᠎ᠠ᠃      ⒉ᠣᠷᠳᠣᠰ ᠨᠠᠷᠢᠨ ᠨᠣᠣᠰᠣᠲᠤ ᠬᠤᠨᠢᠨ ᠤ ᠤᠯᠠᠮᠵᠢᠯᠠᠯᠲᠤ ᠠᠷᠭ᠎ᠠ ᠪᠠᠷ ᠨᠣᠣᠰᠣ ᠬᠠᠶᠢᠴᠢᠯᠠᠬᠤ ᠤᠷᠤᠯᠳᠤᠭᠠᠨ      ᠪᠥᠬᠦ ᠬᠤᠰᠢᠭᠤᠨ ᠤ 27 ᠮᠠᠯᠵᠢᠯ ᠤᠨ ᠭᠠᠴᠠᠭ᠎ᠠ ᠲᠣᠰᠪᠣᠷᠢ 1 ᠤᠷᠤᠯᠳᠤᠭᠠᠨ ᠳᠤ ᠤᠷᠤᠯᠴᠠᠭᠴᠢ ᠶᠢ ᠰᠣᠩᠭᠤᠨ ᠲᠣᠮᠢᠯᠠᠵᠤ᠂ ᠤᠷᠤᠯᠳᠤᠭᠠᠨ ᠳᠤ ᠣᠷᠤᠯᠴᠠᠭᠴᠢ ᠬᠠᠶᠢᠴᠢ ᠪᠠᠨ ᠥᠪᠡᠷᠳᠡᠭᠡᠨ ᠪᠡᠯᠡᠳᠬᠡᠵᠦ᠂ ᠨᠠᠷᠢᠨ ᠨᠣᠣᠰᠣᠲᠤ ᠬᠤᠨᠢ ᠶᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠨᠢᠭᠡᠳᠦᠯᠲᠡᠢ ᠬᠠᠩᠭᠠᠨ᠎ᠠ᠃ ᠬᠠᠶᠢᠴᠢᠯᠠᠭᠰᠠᠨ ᠨᠣᠣᠰᠣᠨ ᠤ ᠬᠦᠨᠳᠦ ᠶᠢᠨ ᠬᠡᠮᠵᠢᠶ᠎ᠡ᠂ ᠨᠣᠣᠰᠣ ᠬᠠᠶᠢᠴᠢᠯᠠᠭᠰᠠᠨ ᠴᠠᠭ᠂ ᠬᠠᠶᠢᠴᠢ ᠶᠢᠨ ᠤᠷᠤᠮ᠂ ᠳᠠᠬᠢᠨ ᠬᠠᠶᠢᠴᠢᠯᠠᠭᠰᠠᠨ᠂ ᠠᠷᠠᠰᠤ ᠬᠦᠨᠳᠡᠭᠡᠭᠰᠡᠨ ᠬᠡᠮᠵᠢᠶ᠎ᠡ᠂ ᠬᠤᠨᠢᠨ ᠤ ᠪᠡᠶ᠎ᠡ ᠶᠢᠨ ᠴᠡᠪᠡᠷ ᠬᠠᠶᠢᠴᠢᠯᠠᠭᠰᠠᠨ ᠬᠡᠮᠵᠢᠶ᠎ᠡ ᠪᠣᠯᠣᠨ ᠬᠤᠨᠢᠨ ᠤ ᠨᠣᠣᠰᠣ ᠶᠢ ᠴᠡᠪᠡᠷᠯᠡᠭᠰᠡᠨ ᠬᠡᠮᠵᠢᠶ᠎ᠡ᠂ ᠬᠤᠨᠢᠨ ᠳᠤ ᠰᠠᠶᠢᠨ ᠬᠠᠨᠳᠤᠬᠤ᠂ ᠨᠣᠣᠰᠣᠨ ᠳᠤᠭᠲᠤᠢ ᠶᠢ ᠲᠢᠭᠯᠡᠬᠦ ᠵᠡᠷᠭᠡ ᠲᠠᠯ᠎ᠠ ᠪᠠᠷ ᠶᠡᠷᠦᠩᠬᠡᠶᠢᠯᠡᠨ ᠰᠢᠯᠭᠠᠷᠠᠭᠤᠯᠤᠨ᠎ᠠ᠃      ︵ᠳᠥᠷᠪᠡ︶ ᠰᠠᠶᠢᠰᠢᠶᠠᠨ ᠬᠥᠬᠢᠭᠦᠯᠬᠦ ᠶᠣᠰᠣᠯᠠᠯ      ᠴᠠᠭ᠄ 2022 ᠣᠨ ᠤ 6 ᠰᠠᠷ᠎ᠠ ᠶᠢᠨ 10 ᠤ ᠡᠳᠦᠷ      ᠠᠵᠢᠯᠯᠠᠭᠠᠨ ᠤ ᠭᠠᠵᠠᠷ᠄ ᠭᠠᠯᠠᠭᠤᠲᠤ ᠪᠠᠯᠭᠠᠰᠤᠨ ᠤ ᠪᠤᠵᠠᠢ ᠭᠠᠴᠠᠭᠠᠨ ᠤ ᠮᠣᠷᠢ ᠤᠷᠤᠯᠳᠤᠬᠤ ᠲᠠᠯᠠᠪᠠᠢ      ⒈ᠣᠷᠳᠣᠰ ᠨᠠᠷᠢᠨ ᠨᠣᠣᠰᠣᠲᠤ ᠬᠤᠨᠢᠨ ᠤᠷᠤᠯᠳᠤᠭᠠᠨ      ᠪᠤᠶᠢᠵᠢᠯᠲᠠ ᠶᠢᠨ ᠬᠤᠭᠤᠴᠠᠭᠠᠨ ᠤ ᠡᠮ᠎ᠡ ᠬᠤᠨᠢ ᠪᠠ ᠨᠠᠰᠤ ᠬᠦᠢᠴᠡᠭᠰᠡᠨ ᠡᠮ᠎ᠡ ᠬᠤᠨᠢ ᠭᠡᠬᠦ ᠬᠤᠶᠠᠷ ᠳᠤᠭᠤᠶᠢᠯᠠᠩ ᠬᠤᠪᠢᠶᠠᠵᠤ᠂ ᠣᠨᠴᠠ ᠳᠡᠰ ᠤᠨ ᠱᠠᠩᠨᠠᠯ ᠢ ᠳᠣᠰᠪᠤᠷᠢ 1 ᠨᠡᠷ᠎ᠡ ᠲᠤᠬᠢᠷᠠᠭᠤᠯᠵᠤ᠂ ᠱᠠᠩᠨᠠᠯ ᠤᠨ ᠮᠦᠩᠭᠦ ᠨᠢ 8000 ᠲᠦᠬᠦᠷᠢᠭ︔ ᠨᠢᠭᠡᠳᠦᠭᠡᠷ ᠳᠡᠰ ᠤᠨ ᠱᠠᠩᠨᠠᠯ ᠢ ᠳᠣᠰᠪᠤᠷᠢ 2 ᠨᠡᠷ᠎ᠡ ᠲᠤᠬᠢᠷᠠᠭᠤᠯᠵᠤ᠂ ᠱᠠᠩᠨᠠᠯ ᠤᠨ ᠮᠦᠩᠭᠦ ᠨᠢ 5000 ᠲᠦᠬᠦᠷᠢᠭ︔ ᠬᠤᠶᠠᠳᠤᠭᠠᠷ ᠳᠡᠰ ᠤᠨ ᠱᠠᠩᠨᠠᠯ ᠢ ᠳᠣᠰᠪᠤᠷᠢ 4 ᠨᠡᠷ᠎ᠡ ᠲᠤᠬᠢᠷᠠᠭᠤᠯᠵᠤ᠂ ᠱᠠᠩᠨᠠᠯ ᠤᠨ ᠮᠦᠩᠭᠦ ᠨᠢ 3000 ᠲᠦᠬᠦᠷᠢᠭ︔ ᠭᠤᠷᠪᠠᠳᠤᠭᠠᠷ ᠳᠡᠰ ᠤᠨ ᠱᠠᠩᠨᠠᠯ ᠢ ᠳᠣᠰᠪᠤᠷᠢ 8 ᠨᠡᠷ᠎ᠡ ᠲᠤᠬᠢᠷᠠᠭᠤᠯᠵᠤ᠂ ᠱᠠᠩᠨᠠᠯ ᠤᠨ ᠮᠦᠩᠭᠦ ᠨᠢ 1000 ᠲᠦᠬᠦᠷᠢᠭ ᠃ ᠤᠷᠤᠯᠳᠤᠭᠠᠨ ᠳᠤ ᠣᠷᠣᠯᠴᠠᠭᠰᠠᠨ ᠪᠤᠰᠤᠳ ᠬᠤᠨᠢᠨ ᠳᠤ ᠲᠤᠰᠪᠤᠷᠢ 500 ᠲᠥᠭᠦᠷᠢᠭ ᠤᠨ ᠵᠣᠷᠢᠭᠵᠢᠭᠤᠯᠤᠯ ᠤᠨ ᠱᠠᠩᠨᠠᠯ ᠣᠯᠭᠤᠨ᠎ᠠ᠃       ⒉ ᠣᠷᠳᠣᠰ ᠨᠠᠷᠢᠨ ᠨᠣᠣᠰᠣᠲᠤ ᠬᠤᠨᠢᠨ ᠤ ᠤᠯᠠᠮᠵᠢᠯᠠᠯᠲᠤ ᠠᠷᠭ᠎ᠠ ᠪᠠᠷ ᠨᠣᠣᠰᠣ ᠬᠠᠶᠢᠴᠢᠯᠠᠬᠤ ᠤᠷᠤᠯᠳᠤᠭᠠᠨ      ᠨᠢᠭᠡᠳᠦᠭᠡᠷ ᠳᠡᠰ ᠤᠨ ᠱᠠᠩᠨᠠᠯ ᠢ 1 ᠨᠡᠷ᠎ᠡ ᠲᠤᠬᠢᠷᠠᠭᠤᠯᠵᠤ᠂ ᠱᠠᠩᠨᠠᠯ ᠤᠨ ᠮᠥᠩᠭᠦ ᠨᠢ 2000 ᠲᠥᠭᠦᠷᠢᠭ︔ ᠬᠤᠶᠠᠳᠤᠭᠠᠷ ᠳᠡᠰ ᠤᠨ ᠱᠠᠩᠨᠠᠯ ᠢ 3 ᠨᠡᠷ᠎ᠡ ᠲᠤᠬᠢᠷᠠᠭᠤᠯᠵᠤ᠂ ᠱᠠᠩᠨᠠᠯ ᠤᠨ ᠮᠥᠩᠭᠦ ᠨᠢ 1000 ᠲᠥᠭᠦᠷᠢᠭ︔ ᠭᠤᠷᠪᠠᠳᠤᠭᠠᠷ ᠳᠡᠰ ᠤᠨ ᠱᠠᠩᠨᠠᠯ ᠢ 6 ᠨᠡᠷ᠎ᠡ ᠲᠤᠬᠢᠷᠠᠭᠤᠯᠵᠤ᠂ ᠱᠠᠩᠨᠠᠯ ᠤᠨ ᠮᠥᠩᠭᠦ ᠨᠢ 500 ᠲᠥᠭᠦᠷᠢᠭ᠃      ⒊ᠣᠷᠳᠣᠰ ᠨᠠᠷᠢᠨ ᠨᠣᠣᠰᠣᠲᠤ ᠬᠤᠨᠢᠨ ᠤ ᠰᠢᠯᠢᠳᠡᠭ ᠮᠠᠯᠵᠢᠯ ᠤᠨ ᠡᠷᠦᠬᠡ ᠶᠢ ᠬᠥᠬᠢᠭᠦᠯᠦᠨ ᠰᠠᠶᠢᠰᠢᠶᠠᠬᠤ      ᠣᠷᠳᠣᠰ ᠨᠠᠷᠢᠨ ᠨᠣᠣᠰᠣᠲᠤ ᠬᠤᠨᠢ ᠮᠠᠯᠵᠢᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠭᠰᠠᠨ᠂ ᠣᠷᠳᠣᠰ ᠨᠠᠷᠢᠨ ᠨᠣᠣᠰᠣᠲᠤ ᠬᠤᠨᠢᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠮᠠᠯᠵᠢᠯ ᠤᠨ ᠡᠷᠥᠭᠡ ᠶᠢ ᠬᠥᠬᠢᠭᠦᠯᠦᠨ ᠰᠠᠶᠢᠰᠢᠶᠠᠨ᠎ᠠ᠂ 27 ᠮᠠᠯᠵᠢᠯ ᠤᠨ ᠭᠠᠴᠠᠭᠠᠨ ᠠᠴᠠ ᠲᠤᠰᠪᠤᠷᠢ 3 ᠡᠷᠦᠬᠡ ᠶᠢ ᠰᠢᠯᠭᠠᠷᠠᠭᠤᠯᠵᠤ ᠨᠡᠶᠢᠳᠡ 81 ᠡᠷᠥᠭᠡ ᠶᠢ ᠱᠠᠩᠨᠠᠨ᠎ᠠ᠃      ᠰᠢᠯᠭᠠᠷᠠᠭᠤᠯᠬᠤ ᠱᠠᠭᠠᠷᠳᠠᠯᠭ᠎ᠠ᠄ ᠬᠤᠨᠢᠨ ᠰᠦᠷᠦᠭ ᠨᠢ ᠡᠷᠬᠡᠪᠰᠢ ᠪᠦᠬᠦᠨ ᠢᠶᠠᠷ ᠢᠶᠠᠨ ᠣᠷᠳᠣᠰ ᠨᠠᠷᠢᠨ ᠨᠣᠣᠰᠣᠲᠤ ᠬᠤᠨᠢ ᠪᠠᠶᠢᠵᠤ᠂ ᠮᠠᠯᠵᠢᠯ ᠤᠨ ᠡᠷᠦᠬᠡ ᠨᠢ ᠣᠷᠳᠣᠰ ᠨᠠᠷᠢᠨ ᠨᠣᠣᠰᠣᠲᠤ ᠬᠤᠨᠢᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠬᠤ ᠬᠡᠷᠡᠭᠲᠡᠢ᠃ ᠭᠠᠴᠠᠭ᠎ᠠ ᠨᠢ ᠲᠣᠰ ᠬᠠᠷᠢᠶ᠎ᠠ ᠣᠷᠣᠨ ᠤ ᠳᠣᠲᠣᠷᠠᠬᠢ ᠣᠷᠳᠣᠰ ᠨᠠᠷᠢᠨ ᠨᠣᠣᠰᠣᠲᠤ ᠬᠤᠨᠢ ᠮᠠᠯᠵᠢᠬᠤ ᠡᠷᠦᠬᠡ ᠶᠢᠨ ᠪᠠᠶᠢᠳᠠᠯ ᠢ ᠣᠶᠢᠯᠠᠭᠠᠨ ᠪᠠᠶᠢᠴᠠᠭᠠᠯᠲᠠ ᠬᠢᠬᠦ ᠶᠢᠨ ᠬᠠᠮᠲᠤ ᠲᠥᠯᠥᠭᠡᠯᠡᠭᠴᠢᠳ ᠤᠨ ᠶᠡᠭᠡ ᠬᠤᠷᠠᠯ ᠤᠨ ᠰᠢᠯᠭᠠᠷᠠᠭᠤᠯᠤᠯᠲᠠ ᠪᠠᠷ ᠳᠡᠮᠵᠢᠨ᠂ ᠢᠯᠡ ᠨᠡᠶᠢᠲᠡᠯᠡᠵᠤ ᠣᠨᠳᠣᠣ ᠰᠠᠨᠠᠯ ᠦᠭᠡᠢ ᠪᠣᠯ ᠰᠤᠮᠤ ᠪᠠᠯᠭᠠᠰᠤ ᠪᠠᠷ ᠨᠢᠭᠡᠴᠢ ᠪᠣᠯᠭᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠦᠨ᠎ᠡ᠃      ⒋ᠣᠷᠳᠣᠰ ᠨᠠᠷᠢᠨ ᠨᠣᠣᠰᠣᠲᠤ ᠬᠤᠨᠢᠨ ᠤ ᠠᠵᠤ ᠦᠢᠯᠡᠰ ᠤᠨ ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠳ ᠢ ᠬᠥᠬᠢᠭᠦᠯᠦᠨ ᠰᠠᠶᠢᠰᠢᠶᠠᠬᠤ      ᠣᠶᠢᠷ᠎ᠠ ᠶᠢᠨ 10 ᠵᠢᠯ ᠤᠨ ᠲᠤᠷᠰᠢ ᠣᠷᠳᠣᠰ ᠨᠠᠷᠢᠨ ᠨᠣᠣᠰᠣᠲᠤ ᠬᠤᠨᠢᠨ ᠤ ᠠᠵᠤ ᠦᠢᠯᠡᠰ ᠤᠨ ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠲᠠᠰ ᠤᠨ ᠮᠠᠯ ᠠᠵᠤ ᠠᠬᠤᠢ ᠶᠢᠨ ᠠᠵᠢᠯᠲᠠᠨ ᠨᠡᠶᠢᠲᠡ 26 ᠬᠥᠮᠥᠨ ᠢ ᠬᠥᠬᠢᠭᠦᠯᠦᠨ ᠰᠠᠶᠢᠰᠢᠶᠠᠨ᠎ᠠ᠃      ⒌ᠣᠷᠳᠣᠰ ᠨᠠᠷᠢᠨ ᠨᠣᠣᠰᠣᠲᠤ ᠬᠤᠨᠢ ᠮᠠᠯᠵᠢᠭᠰᠠᠨ ᠲᠡᠷᠢᠭᠦᠨ ᠤ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠬᠤ      ︽ᠣᠷᠳᠣᠰ ᠨᠠᠷᠢᠨ ᠨᠣᠣᠰᠣᠲᠤ ᠬᠤᠨᠢ ᠶᠢ ᠴᠢᠨᠠᠷ ᠰᠠᠶᠢᠲᠠᠢ ᠬᠥᠭᠵᠢᠭᠦᠯᠬᠦ ᠵᠢᠱᠢᠶᠡᠴᠢ ᠲᠥᠷᠥᠯ ᠵᠦᠢᠯ ︵2020 ︱ 2024 ᠣᠨ︶︾ ᠤᠨ 15 ᠵᠢᠱᠢᠶᠡᠴᠢ ᠭᠠᠴᠠᠭᠠᠨ ᠤ ︽ᠭᠠᠴᠠᠭ᠎ᠠ + ᠬᠤᠷᠰᠢᠶᠡᠵᠢᠯ + ᠮᠠᠯᠴᠢᠨ ᠲᠠᠷᠢᠶᠠᠴᠢᠨ ᠡᠷᠦᠬᠡ︾ ᠶᠢᠨ ᠵᠠᠭᠪᠤᠷ ᠢ ᠡᠭᠦᠳᠦᠨ ᠪᠠᠶᠢᠭᠤᠯᠤᠭᠰᠠᠨ ᠪᠠᠶᠢᠳᠠᠯ᠂ ᠣᠷᠳᠣᠰ ᠨᠠᠷᠢᠨ ᠨᠣᠣᠰᠣᠲᠤ ᠬᠤᠨᠢᠨ ᠤ ᠥᠨᠳᠥᠷ ᠦᠷ᠎ᠡ ᠪᠦᠲᠦᠮᠵᠢᠲᠡᠶ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠦᠭᠰᠡᠨ ᠵᠢᠴᠢ ᠬᠤᠨᠢᠨ ᠨᠣᠣᠰᠣ ᠶᠢ ᠰᠢᠭᠤᠳ ᠪᠣᠷᠣᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠪᠠᠶᠢᠳᠠᠯ ᠢ ᠦᠨᠳᠦᠰᠦᠯᠡᠨ᠂ 2021 ᠣᠨ ᠤ ᠣᠷᠳᠣᠰ ᠨᠠᠷᠢᠨ ᠨᠣᠣᠰᠣᠲᠤ ᠬᠤᠨᠢ ᠮᠠᠯᠵᠢᠬᠤ 6 ᠵᠢᠱᠢᠶᠡᠴᠢ ᠭᠠᠴᠠᠭ᠎ᠠ ᠶᠢ ᠶᠡᠷᠦᠩᠬᠡᠶᠢᠯᠡᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠨ᠎ᠠ᠃      ︵ᠲᠠᠪᠤ︶ ᠣᠷᠳᠣᠰ ᠨᠠᠷᠢᠨ ᠨᠣᠣᠰᠣᠲᠤ ᠬᠤᠨᠢ ᠮᠠᠯᠵᠢᠬᠤ ᠲᠤᠰᠬᠠᠢ ᠮᠡᠷᠭᠡᠵᠢᠯ ᠤᠨ ᠪᠣᠯᠪᠠᠰᠤᠷᠠᠯ      ᠴᠠᠭ᠄ 2022 ᠣᠨ ᠤ 6 ᠰᠠᠷ᠎ᠠ ᠶᠢᠨ 10 ᠤ ᠡᠳᠦᠷ      ᠭᠠᠵᠠᠷ᠄ ᠭᠠᠯᠠᠭᠤᠲᠤ ᠪᠠᠯᠭᠠᠰᠤᠨ ᠤ ᠪᠤᠵᠠᠢ ᠭᠠᠴᠠᠭᠠᠨ ᠤ ᠬᠤᠷᠠᠯ ᠤᠨ ᠭᠡᠷ      ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠤᠷᠢᠵᠤ᠂ ᠣᠷᠳᠣᠰ ᠨᠠᠷᠢᠨ ᠨᠣᠣᠰᠣᠲᠤ ᠬᠤᠨᠢ ᠶᠢ ᠥᠨᠳᠥᠷ ᠦᠷ᠎ᠡ ᠠᠰᠢᠭ ᠲᠠᠢ ᠦᠷᠡᠵᠢᠭᠦᠯᠬᠦ ᠮᠡᠷᠭᠡᠵᠢᠯ᠂ ᠬᠤᠨᠢᠨ ᠨᠣᠣᠰᠣ ᠶᠢ ᠲᠠᠰ ᠬᠤᠪᠢᠶᠠᠨ ᠡᠮᠬᠢᠯᠡᠬᠦ ᠮᠡᠷᠭᠡᠵᠢᠯ ᠤᠨ ᠪᠣᠯᠪᠠᠰᠤᠷᠠᠯ ᠵᠢᠴᠢ ᠮᠠᠰᠢᠨ ᠢᠶᠠᠷ ᠨᠣᠣᠰᠣ ᠬᠠᠶᠢᠴᠢᠯᠠᠬᠤ ᠮᠡᠷᠭᠡᠵᠢᠯ ᠤᠨ ᠦᠵᠡᠭᠦᠯᠦᠯᠭᠡ ᠶᠢᠨ ᠪᠣᠯᠪᠠᠰᠤᠷᠠᠯ ᠢ ᠶᠠᠪᠤᠭᠳᠠᠭᠤᠯᠤᠨ᠎ᠠ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ︵ᠨᠢᠭᠡ︶ ᠵᠣᠬᠢᠶᠠᠨ ᠪᠠᠶᠢᠭᠤᠯᠬᠤ ᠺᠣᠮᠢᠰ      ᠲᠣᠰ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠬᠡᠷᠡᠭᠵᠢᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠬᠦᠯᠬᠦ ᠶᠢ ᠪᠠᠲᠤᠯᠠᠬᠤ ᠶᠢᠨ ᠲᠥᠯᠥᠭᠡ᠂ 2022 ᠣᠨ ᠤ ᠣᠷᠳᠣᠰ ᠨᠠᠷᠢᠨ ᠨᠣᠣᠰᠣᠲᠤ ᠬᠤᠨᠢᠨ ᠴᠤᠭᠯᠠᠭᠠᠨ ᠢ ᠵᠣᠬᠢᠶᠠᠨ ᠪᠠᠶᠢᠭᠤᠯᠬᠤ ᠺᠣᠮᠢᠰ ᠢ ᠪᠠᠶᠢᠭᠤᠯᠬᠤ ᠪᠠᠷ ᠲᠣᠭᠲᠠᠪᠠ᠂ ᠪᠦᠷᠢᠯᠳᠦᠭᠦᠨ ᠨᠢ ᠳᠣᠣᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄      ᠠᠯᠲᠠᠨᠴᠢᠯᠠᠭᠤ         ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠵᠢᠷᠠᠨᠪᠠᠶᠠᠷ           ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ                                       ᠸᠠᠨ ᠶᠠᠨ ᠹᠧᠢ        ᠬᠤᠰᠢᠭᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ      ᠪᠦᠷᠢᠯᠳᠦᠭᠦᠨ ᠭᠡᠰᠢᠬᠦᠨ᠄           ᠪᠢᠶᠠᠨ ᠯᠢᠶᠠᠩ         ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ                                      ᠥᠨᠢᠷ               ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ                                      ᠰᠣᠶᠤᠯᠵᠢᠷᠭᠠᠯ         ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ                                      ᠰᠡᠴᠡᠨᠳᠤᠨᠠᠯ           ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ                                      ᠶᠠᠩ ᡁᠢ ᠶᠤᠸᠠᠨ      ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ                                      ᠵᠠᠩ ᠯᠦ ᠶᠦᠨ       ᠬᠤᠰᠢᠭᠤ ᠬᠤᠲᠠ ᠶᠢᠨ ᠶᠠᠪᠤᠳᠠᠯ ᠤᠨ ᠨᠡᠶᠢᠲᠡ ᠶᠢᠨ ᠠᠵᠢᠯ ᠦᠢᠯᠡᠰ ᠤᠨ ᠦᠢᠯᠡᠴᠢᠯᠡᠬᠡᠨ ᠤ ᠲᠦᠪ ᠤᠨ ᠡᠷᠬᠢᠯᠡᠭᠴᠢ                                      ᠸᠠᠩ ᠵᠠᠨ ᠶᠦᠩ     ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ                                      ᠤᠯᠠᠭᠠᠨ            ᠬᠤᠰᠢᠭᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠠᠯᠪᠠᠨ ᠭᠡᠷ  ᠤᠨ ᠡᠷᠬᠢᠯᠡᠭᠴᠢ                                      ᠰᠣᠶᠤᠯᠳᠠᠯᠠᠢ         ᠬᠤᠰᠢᠭᠤ ᠤᠯᠠᠭᠠᠨᠮᠥ᠋ᠴᠢᠷ ᠤᠨ ᠳᠠᠷᠤᠭ᠎ᠠ                                      ᠴᠠᠭᠠᠨᠴᠢᠯᠠᠭᠤ        ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠡᠳ᠋ ᠳᠠᠷᠤᠭ᠎ᠠ                                      ᠯᠢ ᠹᠧᠩ           ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠳ᠋ ᠳᠠᠷᠤᠭ᠎ᠠ                                      ᠯᠢᠦ ᠽᠢ ᠫᠢᠩ      ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠡᠳ᠋ ᠳᠠᠷᠤᠭ᠎ᠠ                                      ᠼᠤᠤ ᠹᠧᠢ          ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ                                      ᠯᠢ ᠱᠢ ᠵᠢᠶᠠᠨ       ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠳᠤ ᠲᠦᠷ ᠲᠤᠰᠢᠶᠠᠯ ᠡᠭᠦᠷᠭᠡᠯᠡᠵᠦ ᠪᠠᠶᠢᠭ᠎ᠠ ᠲᠣᠪᠴᠢᠶᠠᠨ ᠳᠡᠳ᠋ ᠳᠠᠷᠤᠭ᠎ᠠ                                      ᠱᠤᠩᠬᠤᠷ           ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ                                      ᠸᠠᠩ ᠰᠢᠶᠠᠩ ᠹᠧᠩ  ᠦᠦᠰᠢᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ                                      ᠶᠠᠨ ᠭᠤᠸᠠᠨ ᠽᠧᠩ  ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠦᠦᠰᠢᠨ ᠬᠤᠰᠢᠭᠤᠨ ᠤ ᠶᠡᠭᠡ ᠠᠩᠭᠢ ᠶᠢᠨ ᠳᠠᠷᠤᠭ᠎ᠠ                                      ᠴᠢᠩ ᠮᠸᠢ          ᠭᠠᠯᠠᠭᠤᠲᠤ ᠪᠠᠯᠭᠠᠰᠤᠨ ᠤ ᠳᠠᠷᠤᠭ᠎ᠠ                                      ᠰᠡᠯᠡᠩᠬᠡ           ᠰᠢᠷᠬᠤᠰᠤᠨ ᠪᠠᠯᠭᠠᠰᠤᠨ ᠤ ᠳᠠᠷᠤᠭ᠎ᠠ                                      ᠴᠧᠨ ᠬᠠᠢ ᠵᠢᠶᠦ᠋ᠨ   ᠰᠦᠯᠳᠡ ᠰᠤᠮᠤᠨ ᠤ ᠳᠠᠷᠤᠭ᠎ᠠ                                      ᠰᠢᠦᠢ ᠺᠠᠩ ᠰᠢᠶᠠᠩ  ᠤᠯᠠᠭᠠᠨᠲᠣᠯᠤᠭᠠᠢ ᠪᠠᠯᠭᠠᠰᠤᠨ ᠤ ᠳᠠᠷᠤᠭ᠎ᠠ                                      ᠮᠠᠨᠳᠠ             ᠲᠤᠭ ᠪᠠᠯᠭᠠᠰᠤᠨ ᠤ ᠳᠠᠷᠤᠭ᠎ᠠ                                      ᠶᠠᠩ ᠰᠢᠶᠣᠣ ᠮᠢᠩ   ᠦᠦᠰᠢᠨᠵᠦᠦ ᠪᠠᠯᠭᠠᠰᠤᠨ ᠤ ᠳᠠᠷᠤᠭ᠎ᠠ                                      ᠼᠤᠤ ᠽᠧᠩ ᠹᠦ᠋     ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ      ᠵᠣᠬᠢᠶᠠᠨ ᠪᠠᠶᠢᠭᠤᠯᠬᠤ ᠺᠣᠮᠢᠰ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠳᠤ ᠲᠤᠬᠢᠷᠠᠭᠤᠯᠵᠦ᠂ ᠵᠢᠷᠠᠨᠪᠠᠶᠠᠷ ᠨᠥᠬᠦᠷ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠠᠵᠢᠯᠯᠠᠭ᠎ᠠ ᠶᠢᠨ ᠡᠯ᠎ᠡ ᠵᠦᠢᠯ ᠤᠨ ᠨᠡᠪᠲᠡᠷᠡᠯᠴᠡᠨ ᠵᠣᠬᠢᠴᠠᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠬᠠᠷᠢᠭᠤᠴᠠᠨ᠎ᠠ᠃      ︵ᠬᠤᠶᠠᠷ︶ ᠵᠣᠬᠢᠶᠠᠨ ᠪᠠᠶᠢᠭᠤᠯᠬᠤ ᠺᠣᠮᠢᠰ ᠤᠨ ᠳᠣᠣᠷᠠᠬᠢ ᠪᠠᠶᠢᠭᠤᠯᠤᠮᠵᠢ ᠪᠠ ᠪᠦᠷᠢᠯᠳᠦᠭᠦᠨ ᠬᠡᠰᠢᠬᠦᠨ      ⒈ᠬᠤᠷᠠᠯ ᠤᠨ ᠶᠠᠪᠤᠳᠠᠯ ᠤᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠴᠠᠭᠠᠨᠴᠢᠯᠠᠭᠤ      ᠪᠦᠷᠢᠯᠳᠦᠭᠦᠨ ᠭᠡᠰᠢᠬᠦᠨ᠄ ᠱᠤᠩᠬᠤᠷ᠂ ᠰᠢᠦᠢ ᠯᠢ ᠮᠧᠶ᠂ ᠪᠤᠯᠠᠭ᠂ ᠤᠯᠠᠨᠲᠡᠭᠦᠦᠲᠤ᠂ ᠼᠦᠢ ᠷᠣᠣ᠂ ᠰᠣᠳᠣᠪᠢᠯᠢᠭ᠌᠂ ᠵᠠᠶᠠᠭᠠᠲᠤ᠂ ᠰᠢᠦᠢ ᠵᠥᠩ ᠯᠢᠨ᠂ ᠵᠧᠩ ᠵᠢᠶᠠᠨ ᠹᠧᠩ᠂ ᠮᠦᠩᠭᠦᠨᠰᠤᠸ᠎ᠠ᠂ ᠭᠤᠸ ᠮᠢᠨ᠂ ᠰᠡᠴᠡᠨᠪᠢᠯᠢᠭ᠂ ᠰᠢᠶᠧ ᠷᠦᠩ ᠰᠢᠶᠠ᠂ ᠯᠢᠦ ᠬᠤᠶ᠂ ᠤᠷᠴᠢᠯᠠᠩ᠃      ᠠᠵᠢᠯ ᠤᠨ ᠡᠭᠦᠷᠭᠡ ᠬᠠᠷᠢᠭᠤᠴᠠᠯᠭ᠎ᠠ᠄ ᠠᠵᠢᠯᠯᠠᠭᠠᠨ ᠤ ᠲᠥᠰᠥᠯ ᠲᠣᠭᠲᠠᠭᠠᠬᠤ᠂ ᠲᠠᠯᠠᠪᠤᠷ ᠪᠠᠶᠢᠷᠢᠯᠠᠭᠤᠯᠬᠤ᠂ ᠠᠵᠢᠯᠯᠠᠭᠠᠨ ᠤ ᠡᠳ᠋ ᠪᠠᠷᠠᠭ᠎ᠠ ᠬᠤᠳᠠᠯᠳᠤᠨ ᠠᠪᠬᠤ᠂ ᠬᠤᠷᠠᠯ ᠤᠨ ᠶᠠᠪᠤᠳᠠᠯ ᠤᠨ ᠨᠡᠷ᠎ᠡ ᠮᠡᠳᠡᠭᠦᠯᠬᠦ᠂ ᠭᠥᠯᠢᠶᠡᠨ ᠠᠪᠬᠤ ᠵᠡᠷᠭᠡ ᠠᠵᠢᠯ ᠵᠢᠴᠢ ᠵᠣᠬᠢᠶᠠᠨ ᠪᠠᠶᠢᠭᠤᠯᠬᠤ ᠺᠣᠮᠢᠰ ᠤᠨ ᠳᠠᠭᠠᠭᠠᠯᠭᠠᠬᠰᠠᠨ ᠪᠤᠰᠤᠳ ᠠᠵᠢᠯ ᠢ ᠬᠠᠷᠢᠭᠤᠴᠠᠨ᠎ᠠ᠃      ⒉ᠨᠠᠷᠢᠨ ᠪᠢᠴᠢᠭᠡᠴᠢ ᠤᠬᠠᠭᠤᠯᠭ᠎ᠠ ᠶᠢᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠴᠠᠭᠠᠨᠴᠢᠯᠠᠭᠤ      ᠪᠦᠷᠢᠯᠳᠦᠭᠦᠨ ᠭᠡᠰᠢᠬᠦᠨ᠄ ᠱᠣᠩᠬᠤᠷ᠂ ᠰᠢᠦᠢ ᠯᠢ ᠮᠧᠶ᠂ ᠵᠢᠶᠠ ᠪᠥᠸᠧ᠂ ᠬᠤᠤ ᠸᠧᠨ ᠹᠧᠩ᠂ ᠤᠯᠠᠨᠲᠡᠭᠦᠦᠲᠤ᠂ ᠮᠦᠩᠭᠦᠨᠰᠤᠸ᠎ᠠ᠂ ᠵᠠᠶᠠᠭᠠᠲᠤ᠂ ᠯᠢᠦ ᠬᠤᠢ᠂ ᠤᠷᠴᠢᠯᠠᠩ᠃      ᠠᠵᠢᠯ ᠤᠨ ᠡᠭᠦᠷᠭᠡ ᠬᠠᠷᠢᠭᠤᠴᠠᠯᠭ᠎ᠠ᠄ ᠬᠤᠷᠠᠯ ᠤᠨ ᠪᠢᠴᠢᠭ ᠮᠠᠲ᠋ᠧᠷᠢᠶᠠᠯ ᠪᠠ ᠤᠬᠠᠭᠤᠯᠤᠨ ᠮᠡᠳᠡᠭᠡᠯᠡᠬᠦ ᠵᠡᠷᠭᠡ ᠠᠵᠢᠯ ᠵᠢᠴᠢ ᠵᠣᠬᠢᠶᠠᠨ ᠪᠠᠶᠢᠭᠤᠯᠬᠤ ᠺᠣᠮᠢᠰ ᠤᠨ ᠳᠠᠭᠠᠭᠠᠯᠭᠠᠬᠰᠠᠨ ᠪᠤᠰᠤᠳ ᠠᠵᠢᠯ ᠢ ᠬᠠᠷᠢᠭᠤᠴᠠᠨ᠎ᠠ᠃      ⒊ᠮᠡᠷᠭᠡᠵᠢᠯ ᠢ ᠰᠢᠯᠭᠠᠨ ᠦᠨᠡᠯᠡᠬᠦ ᠠᠵᠢᠯ ᠤᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠤᠳᠤᠨ      ᠪᠦᠷᠢᠯᠳᠦᠭᠦᠨ ᠭᠡᠰᠢᠬᠦᠨ᠄ ᠪᠤᠯᠠᠭ᠂ ᠮᠠᠨᠳᠤᠯ᠎ᠠ᠂ ᠤᠯᠠᠨᠲᠡᠭᠦᠦᠲᠤ᠂ ᠽᠦᠸᠧ ᠱᠧᠩ ᠢᠦᠢ᠂ ᠵᠧᠩ ᠵᠢᠶᠠᠨ ᠹᠧᠩ᠂ ᠮᠦᠩᠭᠦᠨᠰᠤᠸ᠎ᠠ᠂ ᠨᠤᠷᠪᠤ᠂ ᠰᠤᠶᠤᠯᠭᠡᠷᠡᠯ᠂ ᠵᠤᠤ ᡁᠢ ᠮᠢᠨ᠂ ᠴᠠᠶᠢᠯᠭᠠᠨ᠂ ᠯᠢ ᠱᠢ ᠹᠧᠩ᠂ ᠴᠧᠨ ᠪᠦᠦ ᠫᠢᠩ᠃      ᠠᠵᠢᠯ ᠤᠨ ᠡᠭᠦᠷᠭᠡ ᠬᠠᠷᠢᠭᠤᠴᠠᠯᠭ᠎ᠠ᠄ ᠠᠵᠢᠯᠯᠠᠭᠠᠨ ᠤ ᠤᠷᠤᠯᠳᠤᠭᠠᠨ ᠤ ᠳᠦᠷᠢᠮ᠂ ᠪᠣᠯᠪᠠᠰᠤᠷᠠᠯ ᠤᠨ ᠠᠭᠤᠯᠭ᠎ᠠ᠂ ᠬᠥᠬᠢᠭᠦᠯᠦᠨ ᠰᠠᠶᠢᠰᠢᠶᠠᠬᠤ ᠪᠠᠷᠢᠮᠵᠢᠶ᠎ᠠ ᠶᠢ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠮᠡᠷᠭᠡᠵᠢᠯ ᠤᠨ ᠰᠢᠯᠭᠠᠨ ᠦᠨᠡᠯᠡᠯᠲᠡ ᠵᠡᠷᠭᠡ ᠠᠵᠢᠯ ᠵᠢᠴᠢ ᠵᠣᠬᠢᠶᠠᠨ ᠪᠠᠶᠢᠭᠤᠯᠬᠤ ᠺᠣᠮᠢᠰ ᠤᠨ ᠳᠠᠭᠠᠭᠠᠯᠭᠠᠬᠰᠠᠨ ᠪᠤᠰᠤᠳ ᠠᠵᠢᠯ ᠢ ᠬᠠᠷᠢᠭᠤᠴᠠᠨ᠎ᠠ᠃      ⒋ᠬᠤᠷᠠᠯ ᠤᠨ ᠲᠠᠯᠠᠪᠤᠷ ᠤᠨ ᠠᠮᠤᠷ ᠲᠦᠪᠰᠢᠨ ᠤ ᠠᠵᠢᠯ ᠤᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠯᠢ ᠱᠢ ᠵᠢᠶᠠᠨ      ᠪᠦᠷᠢᠯᠳᠦᠭᠦᠨ ᠭᠡᠰᠢᠬᠦᠨ᠄ ᠲᠤᠬᠠᠢ ᠶᠢᠨ ᠦᠶ᠎ᠡ ᠳᠤ ᠠᠵᠢᠯᠲᠠᠨ ᠰᠢᠯᠵᠢᠬᠦᠯᠦᠨ ᠠᠪᠴᠢᠷᠠᠨ᠎ᠠ      ᠠᠵᠢᠯ ᠤᠨ ᠡᠭᠦᠷᠭᠡ ᠬᠠᠷᠢᠭᠤᠴᠠᠯᠭ᠎ᠠ᠄ ᠠᠵᠢᠯᠯᠠᠭᠠᠨ ᠤ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠮ ᠬᠠᠷᠢᠯᠴᠠᠭ᠎ᠠ ᠶᠢ ᠵᠢᠯᠤᠭᠤᠳᠬᠤ ᠵᠡᠷᠭᠡ ᠠᠮᠤᠷ ᠲᠦᠪᠰᠢᠨ ᠤ ᠠᠵᠢᠯ ᠵᠢᠴᠢ ᠵᠣᠬᠢᠶᠠᠨ ᠪᠠᠶᠢᠭᠤᠯᠬᠤ ᠺᠣᠮᠢᠰ ᠤᠨ ᠳᠠᠭᠠᠭᠠᠯᠭᠠᠬᠰᠠᠨ ᠪᠤᠰᠤᠳ ᠠᠵᠢᠯ ᠢ ᠬᠠᠷᠢᠭᠤᠴᠠᠨ᠎ᠠ᠃      ⒌ᠰᠠᠬᠢᠯᠭ᠎ᠠ ᠪᠠᠲᠤ ᠬᠢᠨᠠᠯᠲᠠ ᠲᠠᠯᠪᠢᠬᠤ ᠠᠵᠢᠯ ᠤᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠼᠤᠤ ᠹᠧᠢ      ᠪᠦᠷᠢᠯᠳᠦᠭᠦᠨ ᠭᠡᠰᠢᠬᠦᠨ᠄ ᠤᠶᠤᠨᠭᠤᠸ᠎ᠠ᠂ ᠪᠠᠳᠮᠠᠴᠡᠴᠡᠭ᠃      ᠠᠵᠢᠯ ᠤᠨ ᠡᠭᠦᠷᠭᠡ ᠬᠠᠷᠢᠭᠤᠴᠠᠯᠭ᠎ᠠ᠄ ᠠᠵᠢᠯᠯᠠᠭᠠᠨ ᠤ ᠬᠤᠭᠤᠴᠠᠭᠠᠨ ᠳᠠᠬᠢ ᠡᠯ᠎ᠡ ᠭᠤᠭᠴᠤᠭ᠎ᠠ ᠶᠢᠨ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠣᠰ ᠤᠳᠠᠭᠠᠨ ᠤ ᠬᠤᠷᠠᠯ ᠪᠣᠯ ᠮᠠᠨ ᠤ ᠬᠤᠰᠢᠭᠤᠨ ᠤ ᠨᠠᠷᠢᠨ ᠨᠣᠣᠰᠣᠲᠤ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠨᠢᠬᠡᠨ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠠᠵᠢᠯ ᠤᠨ ᠳᠤᠭᠤᠶᠢᠯᠠᠩ ᠡᠷᠬᠡᠪᠰᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯ ᠢᠶᠠᠨ ᠨᠠᠷᠢᠨ ᠬᠢᠨᠠᠮᠠᠭᠠᠢ ᠰᠠᠶᠢᠲᠤᠷ ᠬᠢᠨ᠎ᠡ᠃      ︵ᠬᠤᠶᠠᠷ︶ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠲᠣᠰ ᠤᠳᠠᠭᠠᠨ ᠤ ᠠᠵᠢᠯᠯᠠᠭ᠎ᠠ ᠶᠢ ᠨᠢᠬᠡ ᠤᠳᠠᠭᠠᠨ ᠤ ᠣᠷᠳᠣᠰ ᠨᠠᠷᠢᠨ ᠨᠣᠣᠰᠣᠲᠤ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠭᠠᠳᠠᠭᠰᠢ ᠳᠡᠯᠭᠡᠨ ᠦᠵᠡᠭᠦᠯᠬᠦ ᠴᠣᠩᠬᠤ ᠪᠣᠯᠭᠠᠨ ᠡᠷᠭᠢᠯᠡᠵᠦ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ ᠠᠵᠢᠯᠯᠠᠭᠠᠨ ᠤ ᠡᠯ᠎ᠡ ᠵᠦᠢᠯ ᠤᠨ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠨ᠎ᠠ᠃      ︵ᠭᠤᠷᠪᠠ︶ ᠠᠵᠢᠯᠯᠠᠭᠠᠨ ᠤ ᠤᠬᠠᠭᠤᠯᠭ᠎ᠠ ᠶᠢ ᠴᠢᠩᠭᠠᠳᠬᠠᠵᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠨᠡ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ ᠭᠠᠳᠠᠭᠰᠢ ᠤᠬᠠᠭᠤᠯᠬᠤ ᠡᠷᠴᠢᠮ ᠢᠶᠠᠨ ᠴᠢᠩᠭᠠᠳᠬᠠᠵᠦ ᠣᠷᠳᠣᠰ ᠨᠠᠷᠢᠨ ᠨᠣᠣᠰᠣᠲᠤ ᠬᠤᠨᠢᠨ ᠤ ᠨᠡᠷ᠎ᠡ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠣᠷᠳᠣᠰ ᠨᠠᠷᠢᠨ ᠨᠣᠣᠰᠣᠲᠤ ᠬᠤᠨᠢᠨ ᠤ ᠠᠵᠤ ᠦᠢᠯᠡᠰ ᠤᠨ ᠰᠠᠶᠢᠨ ᠪᠥᠭᠡᠳ ᠲᠦᠷᠭᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠪᠣᠯᠪᠠᠰᠤᠨ᠂ ᠠᠷᠪᠢᠴᠢ ᠭᠠᠮᠲᠠᠢ᠂ ᠡᠷᠡᠭᠦᠯ ᠡᠩᠬᠡ ᠪᠠᠷ ᠬᠤᠷᠠᠯ ᠡᠷᠭᠢᠯᠡᠬᠦ ᠵᠠᠷᠴᠢᠮ ᠢ ᠪᠠᠷᠢᠮᠲᠠᠯᠠᠵᠤ ᠪᠥᠬᠦ ᠬᠤᠰᠢᠭᠤᠨ ᠤ ᠮᠠᠯᠴᠢᠨ ᠲᠠᠷᠢᠶᠠᠴᠢᠨ ᠳᠤ ᠦᠨᠳᠦᠰᠦᠲᠡᠨ ᠤ ᠣᠨᠴᠠᠯᠢᠭ ᠢᠶᠠᠷ ᠭᠦᠨ ᠵᠤᠵᠠᠭᠠᠨ ᠰᠣᠶᠣᠯ ᠤᠨ ᠦᠪᠡᠳᠡᠭᠰᠢ ᠨᠠᠶᠢᠷ ᠢ ᠡᠭᠦᠳᠦᠨ ᠪᠦᠲᠦᠭᠡᠵᠦ ᠥᠭᠬᠦᠨ᠎ᠡ᠃      ︵ᠳᠥᠷᠪᠡ︶ ᠮᠡᠳᠡᠭᠡ ᠵᠠᠩᠭᠢ ᠶᠢᠨ ᠬᠠᠷᠢᠯᠴᠠᠭ᠎ᠠ ᠶᠢ ᠰᠠᠭᠠᠳ ᠦᠭᠡᠢ ᠨᠠᠪᠲᠠᠷᠡᠭᠦᠯᠵᠦ ᠠᠵᠢᠯᠯᠠᠭ᠎ᠠ ᠶᠢ ᠨᠠᠷᠢᠨ ᠨᠢᠮᠪᠠᠢ ᠰᠠᠶᠢᠲᠤᠷ ᠡᠷᠭᠢᠯᠡᠨ᠎ᠡ᠃ ᠪᠢᠴᠢᠭ ᠮᠠᠲ᠋ᠧᠷᠢᠶᠠᠯ ᠢ ᠭᠥᠯᠢᠶᠡᠨ ᠠᠪᠤᠭᠰᠠᠨ ᠤ ᠳᠠᠷᠠᠭ᠎ᠠ ᠡᠯ᠎ᠡ ᠰᠤᠮᠤ ᠪᠠᠯᠭᠠᠰᠤ ᠨᠢ ᠤᠷᠤᠯᠳᠤᠭᠠᠨ ᠳᠤ ᠣᠷᠤᠯᠴᠠᠬᠤ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠲᠤᠰᠬᠠᠢ ᠬᠥᠮᠥᠨ ᠲᠣᠬᠢᠷᠠᠭᠤᠯᠤᠨ ᠡᠯ᠎ᠡ ᠬᠠᠮᠢᠶ᠎ᠠ ᠪᠦᠬᠦᠢ ᠭᠠᠴᠠᠭ᠎ᠠ ᠲᠣᠰᠬᠤᠨ ᠲᠠᠢ ᠵᠣᠯᠭᠠᠭᠤᠯᠵᠤ 6 ᠰᠠᠷ᠎ᠠ ᠶᠢᠨ 2 ᠤᠨ ᠡᠳᠦᠷ ᠤᠨ 17᠄ 30 ᠠᠴᠠ ᠡᠮᠦᠨ᠎ᠡ ᠬᠠᠷᠢᠯᠴᠠᠬᠤ ᠬᠥᠮᠥᠨ ᠵᠢᠴᠢ ᠬᠤᠷᠠᠯ ᠳᠤ ᠣᠷᠣᠯᠴᠠᠭᠰᠠᠨ ᠬᠠᠷᠢᠭᠤ ᠪᠠᠷᠢᠮᠲᠠ ᠪᠠᠨ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠣᠨ᠎ᠡ᠃ ᠬᠤᠷᠠᠯ ᠳᠤ ᠣᠷᠣᠯᠴᠠᠭᠰᠠᠳ ᠡᠷᠬᠡᠪᠰᠢ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠤᠶᠤ ᠬᠠᠭᠤᠯᠪᠤᠷᠢ ᠪᠠᠨ ᠠᠪᠴᠤ ᠢᠷᠡᠨ᠎ᠡ᠂ ᠴᠥᠭᠡᠨ ᠲᠣᠭᠠᠲᠤ ᠦᠨᠳᠦᠰᠦᠲᠡᠨ ᠦᠨᠳᠦᠰᠦᠲᠡᠨ ᠤ ᠬᠤᠪᠴᠠᠰᠤ ᠵᠠᠰᠠᠯ ᠢᠶᠠᠷ ᠭᠤᠶᠤᠯᠠᠨ᠎ᠠ᠃ ᠬᠤᠷᠠᠯ ᠳᠤ ᠣᠷᠣᠯᠴᠠᠬᠤ ᠪᠣᠶ ᠪᠦᠬᠦᠢ ᠬᠥᠮᠥᠰ ᠡᠷᠬᠡᠪᠰᠢ 7 ᠡᠳᠦᠷ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ ᠢᠷᠡᠨ᠎ᠡ᠃ ᠬᠤᠲᠠ ᠶᠢᠨ ᠭᠠᠳᠠᠨᠠᠬᠢ ᠬᠥᠮᠥᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠢᠷᠡᠭᠰᠡᠨ ᠤ ᠳᠠᠷᠭ᠎ᠠ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠨ᠎ᠡ᠃ ᠤᠷᠤᠯᠳᠤᠭᠠᠨ ᠳᠤ ᠣᠷᠤᠯᠴᠠᠬᠤ ᠨᠠᠷᠢᠨ ᠨᠣᠣᠰᠣᠲᠤ ᠬᠤᠨᠢ ᠶᠢ ᠡᠷᠬᠡᠪᠰᠢ 6 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 10 ᠴᠠᠭ ᠠᠴᠠ ᠡᠮᠦᠨ᠎ᠡ ᠭᠠᠯᠠᠭᠤᠲᠤ ᠪᠠᠯᠭᠠᠰᠤᠨ ᠤ ᠪᠤᠵᠠᠢ ᠭᠠᠴᠠᠭᠠᠨ ᠤ ᠮᠣᠷᠢ ᠤᠷᠤᠯᠳᠤᠬᠤ ᠲᠠᠯᠠᠪᠠᠢ ᠳᠤ ᠬᠦᠷᠭᠡᠨ᠎ᠡ᠃      ᠬᠠᠷᠢᠯᠴᠠᠬᠤ ᠬᠥᠮᠥᠨ᠄ ᠪᠤᠯᠠᠭ 15049496815︔ ᠤᠯᠠᠨᠲᠡᠭᠦᠦᠲᠤ 15384777801      ᠹᠠᠺᠰ᠄ 0477 — 7593100︔ ᠰᠢᠤᠳᠠᠨ ᠬᠠᠶᠢᠷᠴᠠᠭ᠄ wushenqiglz@163.com       
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ