ᠮᠠᠨ ᠤ ᠬᠤᠰᠢᠭᠤ ᠬᠤᠪᠢᠶᠠᠷᠢ ᠬᠤᠷᠠᠯ ᠤᠨ ᠲᠠᠯᠠᠪᠠᠢ ᠳᠤ ᠪᠦᠭᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ  ᠤᠨ ᠠᠬᠢᠭᠤᠯᠣᠯᠲᠠ ᠶᠢᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2022/6/17
      ᠤᠶᠢᠷ᠎ᠠ ᠶᠢᠨ ᠡᠳᠤᠷ᠂ ᠪᠦᠬᠦ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠭᠤᠯᠣᠯᠲᠠ ᠶᠢᠨ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠤᠣ ᠵᠠᠨ ᠱᠧᠩ ᠪᠤᠯᠤᠨ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠲᠠ ᠶᠢᠨ ᠳᠡᠳ᠋ ᠳᠠᠷᠤᠭ᠎ᠠ ᠰᠣ᠋ ᠼᠦᠢ ᠹᠠᠩ ᠬᠤᠷᠠᠯ ᠡᠷᠭᠢᠯᠡᠪᠡ᠃  ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠡᠷᠭᠢᠵᠦ ᠬᠠᠷᠠᠬᠤ︾ ᠨᠢᠭᠤᠴᠠ ᠰᠣᠷᠪᠤᠯᠵᠢᠯᠠᠯ ᠤᠨ ᠹᠢᠯᠢᠮ ᠢ ᠦᠵᠡᠵᠦ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯᠣᠨ ᠬᠤᠲᠠ ᠶᠢᠨ ᠪᠡᠯᠡ ᠣᠷᠣᠭᠤᠯᠤᠯᠲᠠ ᠶᠢᠨ ᠠᠭᠢᠭᠤᠯᠤᠯᠳᠠ  ᠶᠢᠨ ᠲᠥᠪ ᠠᠴᠠ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠧᠨ ᠬᠤᠸᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠡᠪᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠡᠢ᠃
1.jpg
2.jpg
       ᠯᠢ ᠯᠢ ᠵᠢᠭᠠᠬᠤ ᠳᠠᠭᠠᠨ᠂ ᠡᠨᠡ ᠵᠢᠯ ᠠᠴᠠ ᠨᠠᠰᠢ᠂ ᠮᠠᠨ ᠤ ᠬᠤᠲᠠ ︽ᠣᠷᠳᠣᠰ ᠬᠤᠲᠠ ᠶᠢᠨ ᠲᠡᠷᠢᠭᠦᠨ ᠤ ᠬᠢ ᠪᠠᠷ  ᠪᠠᠷᠢᠮᠵᠢᠶᠠᠯᠠᠵᠦ ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠤᠢ ᠪᠤᠯᠭᠠᠬᠤ ᠠᠵᠢᠯᠯᠠᠭ᠎ᠠ ᠶᠢᠨ ᠲᠥᠰᠥᠯ ︵500 ᠵᠤᠷᠪᠤᠰ︶︾ ᠢ ᠨᠡᠶᠢᠲᠡᠯᠡᠵᠦ᠂ ᠲᠡᠷᠢᠭᠦᠨ ᠤ  ᠬᠢ ᠪᠠᠷ ᠪᠠᠷᠢᠮᠵᠢᠶᠠᠯᠠᠵᠦ ᠨᠡᠭᠡᠨ ᠳᠠᠪᠠᠭ᠋ᠤ ᠠᠵᠢᠯ ᠢ ᠥᠷᠨᠢᠭᠦᠯᠤᠨ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠳᠤᠨᠢ ᠭᠦᠢᠴᠡᠳᠬᠡᠬᠦ ᠠᠵᠢᠯ ᠢ ᠶᠠᠪᠤᠭᠳᠠᠭᠤᠯᠵᠦ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠦ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠳᠤᠮᠳᠠ ᠪᠠᠰᠠ ᠵᠠᠷᠢᠮ ᠲᠤᠳᠠᠭᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ᠂ ᠡᠭᠦᠨ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠬᠢᠨᠠᠮᠠᠭᠠᠢ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠡᠢ᠃      ᠯᠢ ᠯᠢ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤ ᠲᠡᠬᠦᠰᠬᠡᠯ ᠭᠡᠵᠦ ᠪᠠᠶᠢᠬᠤ ᠦᠭᠡᠢ᠂ ᠬᠡᠵᠢᠶᠡᠳᠡ ᠳᠠᠭᠤᠰᠤᠰᠢ ᠦᠭᠡᠢ᠂ ᠬᠠᠮᠤᠭ ᠤᠨ ᠰᠠᠶᠢᠨ ᠨᠡᠩ ᠰᠠᠶᠢᠨ ᠭᠡᠵᠦ ᠪᠠᠶᠢᠬᠤ ᠦᠭᠡᠢ ᠭᠡᠳᠡᠭ ᠢ ᠭᠦᠨᠵᠡᠭᠡᠢ ᠲᠠᠨᠢᠵᠤ ᠡᠷᠭᠡᠪᠰᠢ ᠦᠷᠬᠦᠯᠵᠢᠯᠡᠨ ᠠᠬᠢᠭᠤᠯᠵᠦ ᠣᠷᠳᠣᠰ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠨᠡᠷᠡᠲᠤ ᠳᠡᠮᠳᠡᠭ ᠢ ᠡᠭᠦᠳᠴᠤ ᠠᠵᠤ ᠠᠬᠤᠶᠢᠯᠠᠯ ᠪᠣᠯᠣᠨ ᠤᠯᠠᠨ ᠲᠦᠮᠡᠨ ᠤ ᠳᠠᠭᠠᠰᠢᠶᠠᠯ ᠢ ᠨᠡᠩ ᠢᠯᠡᠭᠦᠦ ᠣᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠬᠦᠷᠢᠶᠡᠨ ᠳᠤ ᠣᠷᠣᠰᠢᠵᠤ ᠪᠠᠶᠢᠭ᠎ᠠ ᠡᠯ᠎ᠡ ᠲᠦᠷᠦᠯ ᠤᠨ ᠠᠰᠠᠭᠤᠳᠠᠯ ᠢ ᠪᠠᠶᠢᠴᠠᠭᠠᠨ ᠡᠮᠬᠢᠯᠡᠵᠦ ᠨᠢᠭᠤᠴᠠ ᠰᠤᠷᠪᠤᠯᠵᠢᠯᠠᠯ ᠤᠨ ᠹᠢᠯᠢᠮ ᠢᠶᠠᠷ ᠢᠯᠡᠴᠢᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠨ ᠬᠤᠯᠪᠣᠭᠳᠠᠯ ᠪᠦᠬᠦᠢ ᠵᠠᠷᠯᠠᠯ ᠳᠠᠬᠢ ᠲᠤᠳᠠᠭᠳᠠᠯ ᠢ ᠲᠦᠷᠭᠡᠨ ᠨᠥᠬᠦᠪᠦᠷᠢᠯᠡᠵᠦ ᠡᠯ᠎ᠡ ᠲᠦᠷᠦᠯ ᠤᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠢ ᠦᠨᠡᠨ ᠬᠦ ᠪᠠᠲᠤᠯᠠᠬᠤ ᠭᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠲᠥᠪ ᠪᠠ ᠥᠪᠡᠷᠲᠡᠭᠡᠨ ᠵᠠᠰᠠᠬᠤ ᠣᠷᠣᠨ᠂ ᠮᠠᠨ ᠤ ᠬᠤᠲᠠ ᠶᠢᠨ ᠨᠡᠮᠡᠭᠳᠠᠯ ᠢ ᠲᠤᠬᠲᠠᠪᠤᠷᠢᠵᠢᠭᠤᠯᠬᠤ ᠲᠤᠬᠠᠢ ᠰᠢᠷᠢᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠷᠡ ᠭᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ 181 ᠵᠤᠷᠪᠤᠰ ᠪᠠ ᠮᠠᠨ ᠤ ᠬᠤᠲᠠ ᠶᠢᠨ ᠲᠡᠷᠢᠭᠦᠨ ᠤ ᠬᠢ ᠪᠠᠷ ᠪᠠᠷᠢᠮᠵᠢᠶᠠᠯᠠᠵᠦ ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠤᠢ ᠪᠤᠯᠭᠠᠬᠤ 500 ᠵᠤᠷᠪᠤᠰ ᠢ ᠨᠠᠶᠢᠳᠠᠪᠤᠷᠢᠵᠢᠭᠤᠯᠵᠤ ︽ᠳᠥᠷᠪᠡ ᠶᠢ ᠭᠦᠢᠴᠡᠳᠬᠡᠬᠦ︾ ᠪᠠ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠳᠤᠨᠢ ᠭᠦᠢᠴᠡᠳᠬᠡᠬᠦ ᠠᠵᠢᠯ ᠢ ᠬᠢᠨᠠᠮᠠᠭᠠᠢ ᠰᠠᠶᠢᠲᠤᠷ ᠠᠳᠬᠤᠵᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ  ᠬᠡᠷᠡᠭᠲᠡᠢ᠃ ᠱᠠᠯᠠᠪᠳᠠᠭᠤᠯᠤᠨ ᠵᠢᠯᠤᠭᠤᠳᠬᠤ ᠶᠢ ᠰᠠᠶᠢᠲᠤᠷ ᠠᠳᠬᠤᠵᠤ ᠲᠤᠬᠢᠷᠠᠭᠤᠯᠤᠯᠲᠠ ᠬᠢᠵᠦ ᠦᠨᠡᠯᠡᠯᠲᠡ ᠬᠢᠬᠦ ᠶᠢ ᠴᠢᠩᠭᠠᠳᠬᠠᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ ᠬᠢᠨᠠᠯᠲᠠ ᠲᠠᠯᠪᠢᠨ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠴᠢᠷᠮᠠᠶᠢᠨ ᠪᠤᠢ ᠪᠣᠯᠭᠠᠵᠤ ᠣᠷᠳᠣᠰ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃      ᠬᠤᠰᠢᠭᠤ ᠤᠳᠤᠷᠢᠳᠤᠯᠭ᠎ᠠ ᠹᠠᠨ ᠺᠦᠨ᠂ ᠵᠣᠣ ᠰᠢᠦ᠋ᠩ ᠸᠧᠢ᠂ ᠬᠤᠸ ᠢᠦᠢ ᠯᠢᠨ ᠪᠤᠯᠤᠨ ᠡᠯ᠎ᠡ ᠰᠤᠮᠤ ᠪᠠᠯᠭᠠᠰᠤ᠂  ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠤᠷᠤᠯᠴᠠᠪᠠ᠃                           ᠰᠤᠷᠪᠤᠯᠵᠢᠯᠠᠬᠴᠢ᠄  ᠯᠤᠨᠳᠤᠨᠬᠤᠸᠠᠷ   ᠢᠤᠢ ᠵᠢᠶᠧ ᠮᠧᠩ   ᠪᠠᠢ ᠰᠢᠤᠸᠠᠢ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ