ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠨ ᠴᠢᠨᠠᠷ ᠰᠠᠶᠢᠲᠠᠢ ᠬᠥᠭᠵᠢᠬᠦᠯᠬᠦ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/2
      5 ᠰᠠᠷ᠎ᠠ ᠶᠢᠨ 30 ᠤ ᠡᠳᠦᠷ᠂ ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠨ ᠴᠢᠨᠠᠷ ᠰᠠᠶᠢᠲᠠᠢ ᠬᠥᠭᠵᠢᠬᠦᠯᠬᠦ ᠰᠠᠭᠤᠳᠠᠯ ᠤᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠬᠤᠷᠠᠯ ᠡᠷᠭᠢᠯᠡᠵᠦ᠂ ᠬᠤᠰᠢᠭᠤ ᠤᠳᠤᠷᠢᠳᠤᠯᠭ᠎ᠠ ᠯᠢ ᠵᠥᠩ ᠯᠢᠨ᠂ ᠵᠠᠩ ᡁᠢ ᠰᠢᠦ᠋ᠩ᠂ ᠵᠢᠶᠣᠣ ᠳ᠋ᠠᠩ ᠱᠧᠩ᠂ ᠵᠧᠦ ᠱᠤᠸᠠᠢ᠂ ᠮᠠ ᠶᠠ ᠳ᠋ᠦᠩ ᠪᠤᠯᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
1.jpg
           ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠨᠡᠶᠢᠭᠡᠮ᠂ ᠠᠷᠠᠳ ᠤᠨ ᠠᠮᠢᠳᠤᠷᠠᠯ ᠠᠵᠢᠯ ᠣᠯᠭᠤᠯᠲᠠ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠲᠠᠨᠢᠵᠤ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠲᠦᠷᠭᠡᠨ ᠬᠤᠪᠢᠷᠠᠭᠤᠯᠵᠤ ᠬᠤᠳᠠᠯᠳᠤᠭ᠎ᠠ ᠡᠵᠡᠩᠨᠠᠭᠦ ᠣᠷᠴᠢᠨ ᠨᠦᠬᠦᠴᠡᠯ ᠢ ᠴᠢᠨᠠᠭᠰᠢᠳᠠ ᠰᠢᠯᠢᠳᠡᠭᠵᠢᠭᠦᠯᠤᠨ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠵᠦ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠡᠯ᠎ᠡ ᠠᠵᠢᠯ ᠲᠦᠷᠦᠯ ᠳᠤ ᠲᠤᠯᠭᠠᠷᠠᠭᠰᠠᠨ ᠠᠰᠠᠭᠤᠳᠠᠯ ᠢ ᠡᠮᠬᠢᠯᠡᠨ ᠲᠤᠳᠠᠭᠳᠠᠯ ᠢᠶᠠᠨ ᠲᠦᠷᠭᠡᠨ ᠨᠥᠬᠦᠪᠦᠷᠢᠯᠡᠵᠦ ᠠᠯᠳᠠᠰᠢ ᠭᠠᠷᠬᠤ ᠶᠢ ᠰᠡᠷᠭᠡᠶᠢᠯᠡᠬᠦ ᠬᠡᠷᠡᠭᠲᠡᠢ᠃ ᠠᠵᠤ ᠦᠢᠯᠡᠰ ᠤᠨ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠵᠦ ᠰᠠᠨᠠᠭᠠᠴᠢᠯᠠᠭ᠎ᠠ ᠠᠴᠠ ᠪᠠᠨ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠷᠢᠯᠴᠠᠨ ᠲᠦᠷᠦ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠶᠢ ᠣᠯᠵᠤ ᠡᠯ᠎ᠡ ᠱᠠᠲᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠡᠷᠬᠡ ᠲᠡᠭᠰᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ ᠶᠢ ᠴᠢᠩᠭ᠎ᠠ ᠭᠡᠷᠡᠭᠵᠢᠭᠦᠯᠵᠦ ᠨᠡᠩ ᠵᠢᠷᠤᠮᠵᠢᠭᠰᠠᠨ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠵᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠣᠳᠠᠲᠠᠢ ᠪᠠᠶᠢᠳᠠᠯ ᠪᠣᠯᠣᠨ ᠬᠤᠳᠠᠯᠳᠤᠭ᠎ᠠ ᠡᠵᠡᠩᠨᠠᠭᠦ ᠣᠷᠴᠢᠨ ᠨᠦᠬᠦᠴᠡᠯ ᠤᠨ ᠪᠠᠶᠢᠭᠤᠯᠤᠯᠲᠠ ᠶᠢ ᠦᠨᠳᠦᠰᠦᠯᠡᠨ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠰᠢᠨ᠎ᠡ ᠬᠤᠪᠢᠷᠠᠯᠲᠠ ᠶᠢ ᠮᠡᠳᠡᠷᠡᠭᠦᠯᠵᠦ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠠᠭᠦ ᠣᠷᠴᠢᠨ ᠨᠦᠬᠦᠴᠡᠯ ᠢ ᠪᠤᠢ ᠪᠣᠯᠭᠠᠵᠤ ᠴᠢᠨᠠᠷ ᠰᠠᠶᠢᠲᠠᠢ ᠨᠤᠮᠢᠨ ᠲᠠᠩᠰᠤᠭ ᠦᠦᠰᠢᠨ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠵᠦ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠵᠡᠢ᠃                                       ᠰᠤᠷᠪᠤᠯᠵᠢᠯᠠᠬᠴᠢ᠄ ᠯᠤᠨᠳᠤᠨᠬᠤᠸᠠᠷ᠂ ᠾᠧ ᠵᠢᠢ ᠶᠦᠨ᠂ ᠪᠠᠢ ᠰᠢᠤᠸᠠᠢ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ