ᠪᠥᠬᠦ ᠬᠤᠰᠢᠭᠤᠨ ᠤ ᠠᠵᠤ ᠦᠢᠯᠡᠳᠪᠦᠷᠢ ᠪᠠ ᠠᠷᠠᠳ ᠠᠴᠠ ᠡᠵᠡᠩᠨᠡᠭᠰᠡᠨ ᠠᠵᠤ ᠠᠬᠤᠶ ᠶᠢ ᠴᠢᠨᠠᠷ ᠰᠠᠶᠢᠲᠠᠶ ᠪᠠᠷ ᠬᠥᠭᠵᠢᠭᠦᠯᠬᠦ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/2
      3 ᠰᠠᠷ᠎ᠠ ᠶᠢᠨ 13 ᠤ ᠡᠳᠦᠷ᠂ ᠪᠥᠬᠦ ᠬᠤᠰᠢᠭᠤᠨ ᠤ ᠠᠵᠤ ᠦᠢᠯᠡᠳᠪᠦᠷᠢ ᠪᠠ ᠠᠷᠠᠳ ᠠᠴᠠ ᠡᠵᠡᠩᠨᠡᠭᠰᠡᠨ ᠠᠵᠤ ᠠᠬᠤᠶ ᠶᠢ ᠴᠢᠨᠠᠷ ᠰᠠᠶᠢᠲᠠᠶ ᠪᠠᠷ ᠬᠥᠭᠵᠢᠭᠦᠯᠬᠦ ᠶᠡᠭᠡ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠰᠢᠶᠠᠨ ᠤ ᠳᠡᠰ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠯᠢ ᠵᠥᠩ ᠯᠢᠨ ᠬᠤᠷᠠᠯ ᠢ ᠡᠷᠭᠢᠯᠡᠪᠡ᠃
1.jpg
2.jpg
        ᠬᠤᠷᠠᠯ ᠨᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠤ ᠦᠢᠯᠡᠳᠪᠦᠷᠢ ᠪᠠ ᠠᠷᠠᠳ ᠠᠴᠠ ᠡᠵᠡᠩᠨᠡᠭᠰᠡᠨ ᠠᠵᠤ ᠠᠬᠤᠶ ᠶᠢ ᠴᠢᠨᠠᠷ ᠰᠠᠶᠢᠲᠠᠶ ᠪᠠᠷ ᠬᠥᠭᠵᠢᠭᠦᠯᠬᠦ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠡᠷᠭᠢᠯᠳᠠ ᠶᠢᠨ ᠪᠠᠶᠢᠳᠠᠯ ᠳᠤ ᠵᠠᠳᠠᠯᠤᠯᠳᠠ ᠳᠤᠬᠢᠷᠠᠭᠤᠯᠤᠯᠳᠠ ᠬᠢᠵᠦ ᠬᠤᠶᠢᠰᠢᠳᠠ ᠶᠢᠨ ᠨᠢᠭᠡ ᠬᠤᠭᠤᠴᠠᠭᠠᠨ ᠤ ᠭᠤᠤᠯᠳᠠᠯᠭᠠᠳᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠳᠡᠭᠡᠷ᠎ᠡ᠂ ᠦᠤᠰᠢᠨ ᠬᠤᠰᠢᠭᠤᠨ ᠤ 2021 ᠣᠨ ᠤ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠂ ᠭᠠᠶᠢᠯᠢ ᠲᠠᠲᠠᠪᠤᠷᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ  ᠡᠭᠦᠳᠬᠦ ᠳᠠᠯ᠎ᠠ ᠪᠠᠷ ᠬᠢ ᠰᠢᠯᠢᠳᠡᠭ ᠠᠵᠤ ᠠᠬᠤᠶᠢᠯᠠᠯ ᠪᠣᠯᠤᠨ ᠰᠢᠯᠢᠳᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠢ ᠭᠦᠬᠢᠭᠦᠯᠦᠨ ᠰᠠᠶᠢᠰᠢᠶᠠᠭᠰᠠᠨ ᠤ ᠬᠠᠮᠳᠤ ᠠᠵᠤ ᠠᠬᠤᠶᠢᠯᠠᠯ ᠤᠨ ᠲᠥᠯᠥᠭᠡᠯᠡᠭᠴᠢ ᠨᠠᠷ ᠠᠴᠠ ᠰᠠᠨᠠᠯ ᠵᠦᠪᠯᠡᠯᠭᠡ ᠪᠠᠨ ᠰᠤᠯᠢᠯᠴᠠᠭᠰᠠᠨ ᠪᠠᠶᠢᠨ᠎ᠠ᠃       ᠸᠠᠩ ᠵᠢᠶᠠᠨ ᠵᠢᠭᠠᠬᠤ ᠳᠠᠭᠠᠨ᠂ ᠪᠥᠬᠦ ᠬᠤᠰᠢᠭᠤ ᠪᠠᠷ ᠢᠶᠠᠨ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠨ ᠠᠵᠤ ᠦᠢᠯᠡᠳᠪᠦᠷᠢ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯ ︽ᠲᠡᠷᠢᠭᠦᠨ ᠤ ᠬᠢ ᠲᠠᠢ ᠪᠠᠷᠢᠮᠵᠢᠶᠠᠯᠠᠵᠤ ᠨᠡᠭᠡᠨ ᠳᠠᠪᠠᠭ᠋ᠤ︾ ᠶᠢᠨ ᠳᠤᠯᠭᠠᠮ ᠱᠠᠭᠠᠷᠳᠠᠯᠭ᠎ᠠ ᠮᠥᠨ᠂ ᠣᠷᠣᠨ ᠪᠦᠰᠡ ᠶᠢᠨ ᠠᠵᠤ ᠠᠬᠤᠶ ᠶᠢᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ ᠪᠤᠯᠬᠤ ᠶᠢ ᠭᠦᠢᠴᠡᠳ ᠲᠠᠨᠢᠬᠤ ᠬᠡᠷᠡᠭᠲᠡᠶ᠃ ᠠᠵᠤ ᠦᠢᠯᠡᠳᠪᠦᠷᠢ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠦᠷᠭᠡᠨ ᠳᠡᠯᠭᠡᠷ᠂ ᠴᠢᠨᠠᠷᠵᠢᠭᠤᠨ᠂ ᠳᠥᠭᠦᠮ ᠳᠥᠲᠡ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠤᠷᠴᠢᠨ ᠲᠤᠭᠤᠷᠢᠨ ᠪᠠ ᠠᠵᠤ ᠦᠢᠯᠡᠰ ᠤᠨ ᠰᠠᠭᠤᠷᠢ ᠳᠤ ᠪᠠᠨ ᠰᠠᠭᠤᠷᠢᠯᠠᠨ ᠰᠢᠨ᠎ᠡ ᠬᠥᠭᠵᠢᠯᠲᠡ ᠶᠢᠨ ᠣᠨᠣᠯᠵᠢᠬᠤᠨ ᠢᠶᠠᠷ ᠤᠳᠤᠷᠢᠳᠤᠮᠵᠢ ᠪᠣᠯᠭᠠᠵᠤ ᠨᠡᠭᠦᠷᠡᠰᠦᠲᠥ᠋ᠷᠥᠭᠴᠢ ᠶᠢᠨ ᠭᠠᠷᠭᠠᠯᠳᠠ  ᠶᠢ ᠪᠦᠲᠦᠮᠵᠢᠲᠡᠶ ᠬᠢᠵᠠᠭᠠᠷᠯᠠᠨ ᠪᠠᠭᠠᠰᠬᠠᠬᠤ ᠤᠷᠢᠲᠠᠯ ᠳᠣᠣᠷ᠎ᠠ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠡᠶᠡᠯᠡᠭᠦᠯᠦᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ ᠠᠳᠬᠤᠨ ᠠᠰᠢᠭᠯᠠᠵᠤ ᠠᠵᠤ ᠠᠬᠤᠶᠢᠯᠠᠯ ᠢ ᠬᠠᠪᠰᠤᠷᠤᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠲᠦᠷᠭᠡᠨ ᠳᠦᠳᠡ ᠢᠯᠡᠷᠭᠡᠢ ᠬᠥᠭᠵᠢᠯᠲᠡ ᠶᠢ ᠪᠡᠶᠡᠯᠡᠭᠦᠯᠦᠨ ᠮᠠᠨ ᠤ ᠬᠤᠰᠢᠭᠤᠨ ᠤ ᠠᠵᠤ ᠦᠢᠯᠡᠳᠪᠦᠷᠢ ᠪᠠ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠬᠤ ᠭᠡᠷᠡᠭᠳᠠᠢ ᠭᠡᠵᠡᠢ᠃       ᠸᠠᠩ ᠵᠢᠶᠠᠨ ᠴᠢᠬᠤᠯᠠᠴᠢᠯᠠᠬᠤ ᠳᠠᠭᠠᠨ᠂ ᠲᠡᠷᠢᠭᠦᠨ ᠤ ᠬᠢ ᠲᠠᠢ ᠪᠠᠷᠢᠮᠵᠢᠶᠠᠯᠠᠵᠤ ᠰᠢᠰᠲ᠋ᠧᠮ ᠲᠠᠢ ᠲᠥᠯᠥᠪᠵᠢᠭᠦᠯᠤᠨ ᠠᠵᠤ ᠦᠢᠯᠡᠳᠪᠦᠷᠢ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠣᠬᠢᠷᠲᠤᠯ ᠥᠬᠡᠶ ᠭᠦᠭᠵᠢᠯᠳᠡ ᠶᠢ ᠯᠠᠪᠳᠠᠭᠤᠨ ᠪᠠᠲᠤᠲᠠᠶ ᠠᠬᠢᠭᠤᠯᠤᠨ ᠰᠢᠨ᠎ᠡ ᠡᠨᠧᠷᠭᠢ ᠶᠢᠨ ᠠᠵᠤ ᠦᠢᠯᠡᠰ ᠢ ᠶᠡᠭᠡ ᠪᠠᠷ ᠭᠦᠭᠵᠢᠭᠦᠯᠵᠤ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ︽ᠬᠤᠶᠠᠷ ᠥᠨᠳᠥᠷ︾ ᠠᠵᠢᠯ ᠲᠥᠷᠥᠯ ᠤᠨ ᠬᠡᠪᠴᠢᠶ᠎ᠡ ᠪᠣᠯᠤᠨ ᠦᠢᠯᠡᠳᠪᠦᠷᠢᠯᠡᠯ ᠤᠨ ᠴᠢᠳᠠᠪᠤᠷᠢ ᠶᠢ ᠴᠢᠩᠭ᠎ᠠ ᠡᠵᠡᠮᠳᠡᠵᠦ ᠪᠣᠬᠢᠷᠲᠤᠯ ᠥᠬᠡᠶ ᠠᠵᠤ ᠠᠬᠤᠶ᠂ ᠠᠮᠢ ᠠᠬᠤᠶ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ ᠠᠵᠤ ᠦᠢᠯᠡᠰ ᠤᠨ ᠬᠠᠮᠳᠤᠷᠠᠭᠰᠠᠨ ᠬᠥᠭᠵᠢᠯᠲᠡ ᠶᠢ ᠰᠠᠶᠢᠲᠤᠷ ᠠᠳᠬᠤᠨ ᠬᠡᠪᠴᠢᠶᠡᠵᠢᠯ ᠤᠨ ᠳᠠᠪᠠᠭᠤᠯᠢᠭ᠂ ᠲᠥᠪᠯᠡᠷᠡᠯ ᠤᠨ ᠦᠢᠯᠡᠳᠦᠯ ᠢ ᠲᠠᠰᠤᠷᠠᠯᠲᠠ ᠥᠬᠡᠶ ᠪᠦᠷᠢᠯᠳᠦᠭᠦᠯᠵᠦ ᠥᠷᠢᠰᠥᠯᠳᠦᠬᠦ ᠬᠦᠴᠦᠨ ᠪᠣᠯᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠲᠦᠷᠦᠯ ᠵᠦᠢᠯ ᠢ ᠠᠳᠬᠤᠵᠤ ᠪᠡᠯᠡ ᠣᠷᠣᠭᠤᠯᠤᠯᠲᠠ ᠶᠢ ᠥᠷᠭᠡᠳᠬᠡᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ ᠬᠡᠷᠡᠭᠲᠡᠢ᠃ ᠨᠢᠭᠡᠨᠲᠡ ᠨᠥᠭᠡᠴᠡᠯᠡᠭᠰᠡᠨ ᠲᠥᠷᠥᠯ ᠵᠦᠢᠯ ᠤᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠨᠡᠮᠡᠭᠳᠡᠭᠦᠯᠵᠦ ᠤᠳᠤᠬᠠᠨ ᠤ ᠠᠵᠤ ᠦᠢᠯᠡᠰ ᠤᠨ ᠭᠡᠯᠭᠢᠶᠠᠵᠢᠯ ᠢ ᠤᠷᠲᠤᠳᠬᠠᠨ ᠨᠡᠮᠡᠯᠲᠡ ᠥᠷᠲᠡᠭ ᠢ ᠨᠢ ᠲᠡᠭᠡᠭᠰᠢᠯᠠᠭᠦᠯᠭᠦ ᠭᠡᠷᠡᠭᠳᠠᠢ᠃ ᠰᠢᠨ᠎ᠡ ᠶᠢ ᠡᠭᠦᠳᠬᠦ ᠪᠠᠷ ᠭᠤᠣᠯ ᠭᠦᠴᠦᠨ ᠢᠶᠠᠨ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠦᠨᠵᠡᠭᠡᠢ ᠬᠡᠷᠡᠭᠵᠢᠭᠦᠯᠵᠦ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠪᠠ ᠬᠤᠲᠠ ᠶᠢᠨ ᠲᠡᠰ ᠤᠨ 30 ᠵᠤᠷᠪᠤᠰ ᠠᠷᠭ᠎ᠠ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠬᠤᠰᠢᠭᠤᠨ ᠤ ᠪᠠᠨ ᠪᠣᠳᠠᠳᠤ ᠪᠠᠶᠢᠳᠠᠯ ᠲᠠᠢ ᠤᠶᠠᠯᠳᠤᠭᠤᠯᠤᠨ ᠡᠬᠢ ᠪᠠᠶᠠᠯᠢᠭ ᠪᠠ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠶᠢ ᠠᠵᠤ ᠠᠬᠤᠶᠢᠯᠠᠯ ᠳᠤ ᠲᠥᠪᠯᠠᠷᠠᠭᠦᠯᠭᠦ ᠭᠡᠷᠡᠭᠳᠠᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠶ᠃ ︽ᠮᠢᠩᠭᠠᠨ ᠳ᠋ᠦᠩᠰᠢᠭᠤᠷ ᠤᠨ ᠲᠠᠰ ᠤᠨ ᠬᠦᠷᠢᠶᠡᠯᠡᠩ ᠲᠣᠭᠤᠷᠢᠭ︾ ᠢ ᠪᠥᠲᠥᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ ᠲᠤᠰᠬᠠᠶ ᠠᠩᠭᠢ ᠵᠣᠬᠢᠶᠠᠨ ᠪᠠᠶᠢᠭᠤᠯᠵᠤ ᠲᠥᠷᠥ ᠶᠢᠨ ᠪᠣᠳᠣᠯᠭ᠎ᠠ ᠪᠠ ᠠᠵᠤ ᠦᠢᠯᠡᠰ ᠤᠨ ᠬᠦᠭᠵᠢᠯᠳᠡ ᠶᠢᠨ ᠴᠢᠭᠯᠡᠯ ᠢ ᠰᠤᠳᠤᠯᠤᠨ ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ ᠴᠠᠭ ᠲᠤᠬᠠᠶ ᠳᠤᠨᠢ ᠠᠵᠤ ᠠᠬᠤᠶᠢᠯᠠᠯ ᠢ ᠤᠷᠢᠨ ᠣᠷᠣᠭᠤᠯᠵᠤ ᠬᠤᠰᠢᠭᠤᠨ ᠤ ᠪᠠᠯᠠ ᠤᠷᠤᠭᠤᠯᠤᠯᠳᠠ ᠪᠠ ᠪᠦᠳᠦᠭᠡᠨ ᠪᠠᠶᠢᠭᠤᠯᠤᠯᠳᠠ ᠶᠢ ᠠᠭᠢᠭᠤᠯᠬᠤ ᠭᠡᠷᠡᠭᠳᠠᠢ᠃ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢ ᠠᠬᠢᠭᠤᠯᠤᠨ ᠬᠠᠮᠢᠶᠠᠷᠤᠯᠳᠠ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ ᠲᠥᠷᠥᠯ ᠵᠦᠢᠯ ᠢ ᠬᠢᠨᠠᠨ ᠵᠥᠪᠰᠢᠶᠡᠷᠡᠬᠦ ᠭᠠᠷᠳᠠᠮ ᠢ ᠴᠠᠭ ᠲᠤᠬᠠᠶ ᠳᠤᠨᠢ ᠭᠦᠢᠴᠡᠳᠭᠡᠨ ᠡᠮᠬᠢ ᠵᠢᠷᠤᠮ ᠲᠠᠢ ᠪᠠᠷ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠪᠠᠳᠤᠯᠠᠬᠤ ᠬᠡᠷᠡᠭᠲᠡᠢ ᠭᠡᠵᠡᠢ᠃      ᠸᠠᠩ ᠵᠢᠶᠠᠨ ᠱᠠᠭᠠᠷᠳᠠᠬᠤ ᠳᠤ ᠪᠠᠨ᠂ ᠪᠦᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠵᠤ ᠤᠳᠤᠷᠢᠳᠬᠤ ᠴᠢᠳᠠᠪᠬᠢ ᠪᠠᠨ ᠴᠢᠩᠭᠠᠳᠬᠠᠵᠤ ᠠᠵᠢᠯ ᠤᠨ ᠲᠣᠭᠲᠠᠴᠠ ᠪᠠᠨ ᠪᠦᠷᠢᠨᠰᠢᠭᠦᠯᠤᠨ ᠠᠵᠤ ᠦᠢᠯᠡᠳᠪᠦᠷᠢ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠳᠤᠲᠠᠭᠤᠳᠠᠯ ᠪᠠ ᠲᠤᠲᠠᠭᠳᠠᠯ ᠲᠠᠢ ᠲᠠᠯ᠎ᠠ ᠶᠢ ᠬᠦᠯᠢᠶᠡᠰᠦᠯᠡᠵᠦ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯᠲᠠᠳ ᠤᠨ ᠬᠤᠣᠰ ᠴᠢᠭᠯᠡᠯ ᠤᠨ ᠨᠡᠪᠳᠡᠷᠡᠯᠴᠡᠭᠡ ᠶᠢ ᠪᠠᠶᠢᠩᠭᠤᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ᠃ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠣᠯᠤᠨ ᠬᠤᠰᠢᠭᠤᠨ ᠤ ᠭᠤᠣᠯ ᠪᠣᠯᠬᠤ ᠠᠵᠤ ᠠᠬᠤᠶᠢᠯᠠᠯ ᠤᠨ ᠰᠠᠯᠠᠭ᠎ᠠ ᠮᠦᠴᠢᠷ ᠤᠨ ᠬᠢᠨ ᠣᠶᠤᠨ ᠴᠢᠳᠠᠯ᠂ ᠡᠬᠢ ᠪᠠᠶᠠᠯᠢᠭ᠂ ᠲᠥᠷᠥ ᠶᠢᠨ ᠪᠣᠳᠣᠯᠭ᠎ᠠ ᠪᠠᠨ ᠠᠵᠤ ᠦᠢᠯᠡᠳᠪᠦᠷᠢ ᠶᠢᠨ ᠲᠡᠰᠢ ᠬᠡᠯᠪᠠᠶᠢᠯᠭᠡᠬᠦ ᠶᠢ ᠪᠠᠷᠢᠮᠲᠠᠯᠠᠨ ᠠᠵᠤ ᠦᠢᠯᠡᠳᠪᠦᠷᠢ ᠠᠵᠤ ᠠᠬᠤᠢ ᠶᠢᠨ ᠲᠣᠭᠲᠠᠭᠤᠨ ᠭᠦᠭᠵᠢᠯᠳᠡ ᠶᠢ ᠪᠠᠲᠤᠯᠠᠬᠤ ᠬᠡᠷᠡᠭᠲᠡᠶ᠃ ᠬᠢᠨᠠᠨ ᠵᠢᠯᠣᠭᠤᠳᠴᠤ ᠰᠢᠯᠭᠠᠨ ᠬᠢᠨᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠬᠢᠨᠠᠨ ᠰᠢᠯᠭᠠᠬᠤ ᠦᠢᠯᠡᠳᠦᠯ  ᠢᠶᠠᠨ ᠴᠢᠩᠭᠠᠳᠬᠠᠵᠤ ᠲᠡᠷᠢᠭᠦᠨ ᠤ ᠬᠢ ᠲᠠᠢ ᠪᠠᠷᠢᠮᠵᠢᠶᠠᠯᠠᠨ ᠰᠢᠯᠢᠳᠡᠭ ᠢ ᠨᠢ ᠬᠥᠬᠢᠭᠦᠯᠦᠨ ᠰᠠᠶᠢᠰᠢᠶᠠᠵᠤ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠠᠮᠲᠤᠷᠠᠯ ᠬᠦᠴᠦᠨ ᠢ ᠪᠦᠷᠢᠯᠳᠦᠭᠦᠯᠤᠨ ᠣᠳᠣᠬᠢᠴᠢᠯᠠᠭᠰᠠᠨ ᠨᠤᠮᠢᠨ ᠲᠠᠩᠰᠤᠭ ᠦᠦᠰᠢᠨ ᠤ ᠰᠢᠨ᠎ᠡ ᠬᠥᠭᠵᠢᠯᠲᠡ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠵᠦ ᠰᠢᠯᠢᠳᠡᠭ ᠪᠦᠳᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠳᠤᠵᠠᠭᠠᠵᠶ᠎ᠠ ᠭᠡᠵᠡᠢ᠃       ᠯᠢ ᠵᠦᠩ ᠯᠢᠨ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠨ ᠬᠢᠨ ᠰᠤᠷᠤᠯᠴᠠᠨ ᠰᠤᠳᠤᠯᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠲᠦᠷᠦ ᠶᠢᠨ ᠪᠤᠳᠤᠯᠭ᠎ᠠ ᠪᠠᠷ ᠤᠳᠤᠷᠢᠳᠤᠮᠵᠢ ᠪᠤᠯᠭᠠᠨ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠬᠦ ᠬᠡᠷᠡᠭᠲᠡᠢ᠃ ᠢᠳᠡᠪᠬᠢᠲᠡᠶ ᠬᠤᠯᠪᠣᠭᠠᠯᠠᠨ ᠬᠥᠳᠡᠯᠦᠯᠴᠡᠵᠦ ᠨᠠᠶᠢᠳᠠᠪᠤᠷᠢᠵᠢᠭᠤᠯᠤᠯᠲᠠ ᠶᠢ ᠠᠳᠬᠤᠵᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠪᠠᠶᠢᠩᠭᠤᠵᠢᠭᠰᠠᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ ᠡᠯ᠎ᠡ ᠠᠵᠤ ᠠᠬᠤᠶᠢᠯᠠᠯ ᠲᠥᠷᠥᠯ ᠵᠦᠢᠯ ᠤᠨ ᠠᠬᠢᠴᠠ ᠪᠠᠨ ᠳᠦᠷᠭᠡᠳᠭᠡᠭᠦ ᠬᠡᠷᠡᠭᠲᠡᠶ᠃ ᠠᠷᠭ᠎ᠠ ᠪᠣᠳᠣᠯᠭ᠎ᠠ ᠪᠠ ᠰᠡᠳᠬᠢᠬᠦᠢ ᠶᠢᠨ ᠰᠢᠨ᠎ᠡ ᠡᠭᠦᠳᠦᠯᠳᠡ ᠶᠢ ᠴᠢᠬᠤᠯᠠᠴᠢᠯᠠᠵᠤ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠠᠯ᠎ᠠ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠵᠤ ᠵᠣᠷᠢᠭᠲᠠᠶ ᠪᠠᠷ ᠬᠠᠷᠢᠭᠤᠴᠠᠯᠭ᠎ᠠ ᠪᠠᠨ ᠡᠭᠦᠷᠭᠡᠯᠡᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠪᠥᠬᠦ ᠬᠤᠰᠢᠭᠤᠨ ᠤ ᠠᠵᠤ ᠦᠢᠯᠡᠳᠪᠦᠷᠢ ᠪᠣᠯᠤᠨ ᠠᠷᠠᠳ ᠠᠴᠠ ᠡᠵᠡᠩᠨᠡᠭᠰᠡᠨ‌ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠶ ᠭᠡᠵᠠᠢ᠃                                            ᠰᠤᠷᠪᠤᠯᠵᠢᠯᠠᠭᠴᠢ᠄ ᠠᠷᠢᠭᠤᠨ᠎ᠠ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ