ᠸᠠᠩ ᠵᠢᠶᠠᠨ ᠰᠢᠨᠵᠢᠯᠠᠨ ᠪᠠᠶᠢᠴᠠᠭᠠᠯᠳᠠ ᠶᠢᠨ ᠪᠦᠯᠬᠦᠮ ᠢ ᠳᠠᠭᠠᠭᠤᠯᠤᠨ ᠵᠠᠩ ᠵᠢᠶᠠ ᠭᠠᠩ ᠬᠤᠳᠠ ᠳᠤ ᠭᠥᠷᠴᠤ ᠰᠢᠨᠵᠢᠯᠠᠨ ᠪᠠᠶᠢᠴᠠᠭᠠᠯᠳᠠ ᠭᠢᠪᠡ
ᠨᠡᠶᠢᠲᠡᠯᠡᠭᠰᠡᠨ ᠴᠠᠭ᠄
2022/6/21
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠦᠢᠯᠡᠳᠦᠯᠭᠡ ᠪᠣᠯᠭᠠᠨ ᠬᠤᠪᠢᠷᠠᠭᠤᠯᠵᠤ ︽ᠲᠡᠷᠢᠭᠦᠨ ᠤ ᠬᠢ ᠲᠠᠢ ᠪᠠᠷᠢᠮᠵᠢᠶᠠᠯᠠᠵᠤ᠂ ᠨᠡᠭᠡᠨ ᠲᠠᠪᠠᠭ᠋ᠤ︾ ᠬᠥᠭᠵᠢᠯᠲᠡ ᠶᠢᠨ ᠠᠯᠬᠤᠴᠠ ᠶᠢ ᠪᠦᠬᠦ ᠲᠠᠯ᠎ᠠ ᠪᠠᠷ ᠲᠥᠷᠭᠡᠳᠭᠡᠭᠦ ᠶᠢᠨ ᠲᠥᠯᠥᠭᠡ᠂ 6 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠮᠠᠨ ᠤ ᠬᠤᠰᠢᠭᠤᠨ ᠤ ᠰᠢᠨᠵᠢᠯᠠᠨ ᠪᠠᠶᠢᠴᠠᠭᠠᠯᠳᠠ ᠶᠢᠨ ᠪᠦᠯᠬᠦᠮ ᠢ ᠳᠠᠭᠠᠭᠤᠯᠤᠨ ᠵᠠᠩ ᠵᠢᠶᠠ ᠭᠠᠩ ᠬᠤᠲᠠ ᠳᠤ ᠬᠦᠷᠴᠦ ᠪᠠᠶᠢᠴᠠᠭᠠᠨ ᠰᠤᠷᠤᠯᠴᠠᠪᠠ᠃ ᠵᠠᠩ ᠵᠢᠶᠠ ᠭᠠᠩ ᠬᠤᠲᠠ ᠶᠢᠨ ᠨᠠᠮ ᠤᠨ ᠬᠤᠷᠢᠶᠠᠨ ᠤ ᠱᠦᠵᠢ ᠬᠠᠨ ᠸᠧᠢ ᠠᠭᠤᠯᠵᠠᠯᠲᠠ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠾᠧ ᠵᠢᠶᠠᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠴᠢᠶᠠᠨ ᠶᠦᠨ ᠬᠤᠸᠠ ᠪᠠᠷᠠᠳᠠᠨ ᠪᠠᠶᠢᠴᠠᠭᠠᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠰᠢᠨ᠎ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠳᠤᠷᠢᠳᠤᠯᠭ᠎ᠠ ᠯᠢ ᠵᠥᠩ ᠯᠢᠨ᠂ ᠵᠠᠩ ᡁᠢ ᠰᠢᠦ᠋ᠩ᠂ ᠮᠠ ᠶᠠ ᠳ᠋ᠦᠩ᠂ ᠰᠢᠶᠣᠣ ᡁᠢ ᠺᠤᠸᠠᠨ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠠᠨ ᠪᠠᠶᠢᠴᠠᠭᠠᠯᠳᠠ ᠳᠤ ᠤᠷᠤᠯᠴᠠᠪᠠ᠃
1.jpg     
      ᠰᠢᠨᠵᠢᠯᠠᠨ ᠪᠠᠶᠢᠴᠠᠭᠠᠯᠳᠠ ᠶᠢᠨ ᠪᠦᠯᠬᠦᠮ ᠤᠨ ᠬᠢᠨ ᠵᠠᠩ ᠵᠢᠶᠠ ᠭᠠᠩ ᠬᠤᠲᠠ ᠶᠢᠨ ᠦᠵᠡᠭᠦᠯᠦᠯᠭᠡ ᠶᠢᠨ ᠣᠷᠳᠣᠨ ᠳᠤ ᠬᠦᠷᠴᠤ ᠵᠠᠩ ᠵᠢᠶᠠ ᠭᠠᠩ ᠬᠤᠲᠠ ᠶᠢᠨ ᠲᠡᠦᠬᠡ ᠶᠢᠨ ᠤᠯᠠᠷᠢᠯ ᠬᠤᠪᠢᠰᠤᠯ᠂ ᠠᠵᠤ ᠠᠬᠤᠢ ᠶᠢᠨ ᠠᠮᠵᠢᠯᠲᠠ ᠪᠦᠲᠦᠮᠵᠢ ᠪᠠ ᠬᠤᠲᠠ ᠶᠢᠨ ᠪᠦᠲᠦᠭᠡᠨ ᠪᠠᠶᠢᠭᠤᠯᠤᠯᠲᠠ᠂ ᠲᠥᠯᠦᠪᠵᠢᠭᠦᠯᠭᠡ ᠪᠠᠶᠢᠷᠢᠰᠢᠭᠤᠯᠤᠯᠲᠠ᠂ ᠴᠢᠳᠠᠮᠵᠢ ᠶᠢᠨ ᠲᠥᠬᠦᠷᠵᠢᠭᠦᠯᠦᠯᠲᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠱᠠᠵᠸᠤ ᠶᠢᠨ ᠶᠧᠦ ᠬᠤᠸᠠᠩ ᠰᠣᠶᠣᠯ ᠤᠨ ᠬᠦᠷᠢᠶᠡᠯᠡᠩ ᠳᠤ᠂ ᠰᠢᠨᠵᠢᠯᠠᠨ ᠪᠠᠶᠢᠴᠠᠭᠠᠯᠳᠠ ᠶᠢᠨ ᠪᠦᠯᠬᠦᠮ ᠤᠨ ᠬᠢᠨ ᠰᠣᠶᠣᠯ᠂ ᠰᠤᠳᠤᠯᠤᠨ ᠨᠡᠭᠡᠭᠡᠯᠳᠠ᠂ ᠰᠠᠯᠠᠭᠦᠴᠠᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠲᠦᠷᠦᠯ ᠵᠦᠢᠯ ᠢ ᠲᠣᠭᠤᠷᠢᠨ ᠦᠵᠡᠵᠦ ᠰᠢᠷ᠎ᠠ ᠳᠠᠷᠠᠰᠤᠨ ᠤ ᠭᠦᠨ ᠵᠤᠵᠠᠭᠠᠨ ᠰᠣᠶᠣᠯ ᠢ ᠤᠶᠢᠯᠠᠭᠠᠨ ᠠᠵᠤ ᠦᠢᠯᠡᠰ ᠪᠣᠯᠣᠨ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠭᠥᠭᠵᠢᠯᠳᠠ ᠶᠢᠨ ᠵᠠᠮ ᠢ ᠰᠤᠷᠤᠯᠴᠠᠪᠠ᠃ ︽ᠵᠠᠩ ᠵᠢᠶᠠ ᠭᠠᠩ ᠪᠤᠯᠤᠩ︾ ᠤᠨ ᠠᠮᠢ ᠠᠬᠤᠢ ᠶᠢ ᠳᠡᠭᠡᠭᠰᠢᠯᠡᠭᠦᠯᠬᠦ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠰᠢᠨᠵᠢᠯᠠᠨ ᠪᠠᠶᠢᠴᠠᠭᠠᠯᠳᠠ ᠶᠢᠨ ᠪᠦᠯᠬᠦᠮ ᠤᠨ ᠬᠢᠨ ᠭᠠᠷᠠᠮ ᠪᠤᠯᠤᠩ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ᠂ ᠪᠢᠨᠵᠢᠶᠠᠩ  ᠤᠨ ᠦᠵᠡᠮᠵᠢ ᠶᠢ ᠰᠠᠶᠢᠵᠢᠷᠠᠭᠤᠯᠬᠤ᠂ ᠬᠥᠳᠡᠭᠡ ᠲᠣᠰᠬᠤᠨ ᠤ ᠣᠨᠴᠠᠯᠢᠭᠲᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠣᠶᠢᠯᠠᠭᠠᠪᠠ᠃ ᠱᠠ ᠭᠠᠩ ᠪᠦᠯᠦᠭᠯᠡᠯ ᠨᠢ ᠪᠦᠬᠦ ᠤᠯᠤᠰ ᠤᠨ ᠲᠠᠩ ᠴᠣᠭᠴᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠪᠣᠯᠣᠳ ᠲᠡᠮᠦᠷ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠ ᠲᠣᠭᠲᠠᠴᠠ ᠶᠢᠨ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠵᠤ ᠠᠵᠤ ᠠᠬᠤᠶᠢᠯᠠᠯ ᠤᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠭᠦᠭᠵᠢᠭᠦ ᠶᠢ ᠪᠠᠶᠡᠯᠡᠭᠦᠯᠦᠭᠰᠡᠨ ᠪᠠᠶᠢᠨ᠎ᠠ᠃ ᠰᠢᠨᠵᠢᠯᠠᠨ ᠪᠠᠶᠢᠴᠠᠭᠠᠯᠳᠠ ᠶᠢᠨ ᠪᠦᠯᠬᠦᠮ ᠤᠨ ᠬᠢᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ ᠵᠡᠷᠭᠡ ᠬᠡᠯᠪᠡᠷᠢ ᠪᠠᠷ ᠠᠵᠤ ᠠᠬᠤᠶᠢᠯᠠᠯ ᠤᠨ ᠬᠥᠭᠵᠢᠯᠲᠡ᠂ ᠰᠢᠨ᠎ᠡ ᠶᠢ ᠡᠭᠦᠳᠬᠦ ᠣᠶᠢᠯᠠᠭᠠᠭᠳᠠᠬᠤᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠠᠵᠢᠯ ᠢ ᠨᠠᠷᠢᠨ ᠣᠶᠢᠯᠠᠭᠠᠪᠠ᠃
2.jpg      
      ᠸᠠᠩ ᠵᠢᠶᠠᠨ ᠬᠡᠯᠡᠬᠦ ᠳᠡᠭᠡᠨ᠂ ᠡᠨᠡ ᠤᠳᠠᠭ᠎ᠠ ᠶᠢᠨ ᠪᠠᠶᠢᠴᠠᠭᠠᠨ ᠰᠤᠷᠤᠯᠴᠠᠯᠭ᠎ᠠ ᠪᠠᠷ ᠲᠠᠮᠵᠢᠨ ᠣᠯᠠᠨ ᠢᠶᠠᠷ ᠢᠶᠠᠨ ᠦᠵᠡᠯ ᠰᠠᠨᠠᠭᠠᠨ ᠤ ᠵᠥᠷᠢᠶ᠎ᠡ᠂ ᠬᠥᠭᠵᠢᠯᠲᠡ ᠶᠢᠨ ᠬᠦᠷᠦᠯᠴᠡᠬᠦ ᠦᠭᠡᠢ ᠲᠠᠯ᠎ᠠ ᠪᠠ ᠬᠦᠨᠳᠦ ᠬᠡᠴᠡᠭᠦᠦ ᠪᠠᠶᠢᠳᠠᠯ ᠢ ᠣᠶᠢᠯᠠᠭᠠᠵᠤ ᠡᠷᠡᠯᠬᠡᠭᠯᠡᠨ ᠲᠡᠮᠡᠴᠡᠬᠦ ᠢᠲᠡᠭᠡᠯ ᠵᠣᠷᠢᠭ ᠢᠶᠠᠨ ᠭᠦᠢᠴᠡᠳ ᠬᠥᠭᠵᠢᠭᠡᠨ ︽ᠰᠠᠭᠤᠵᠤ ᠳᠡᠶᠢᠯᠬᠦ ᠦᠭᠡᠢ︾ ︽ᠬᠦᠯᠢᠶᠡᠵᠦ ᠳᠡᠶᠢᠯᠬᠦ ᠦᠭᠡᠢ︾ ᠲᠤᠯᠭᠠᠮ ᠰᠡᠳᠬᠢᠯᠭᠡ ᠪᠠᠨ ᠴᠢᠩᠭᠠᠷᠠᠭᠤᠯᠵᠤ ᠰᠠᠶᠢᠨ ᠠᠴᠠ ᠰᠤᠷᠤᠯᠴᠠᠵᠤ᠂ ᠬᠦᠴᠦᠷᠬᠡᠭ ᠲᠠᠢ ᠠᠳᠠᠯᠢᠳᠬᠠᠨ᠂ ᠲᠦᠷᠭᠡᠨ ᠲᠠᠢ ᠤᠷᠤᠯᠳᠤᠵᠤ᠂ ︽ᠭᠠᠪᠰᠢᠭᠠᠶᠢᠯᠠᠨ ᠤᠷᠤᠭᠰᠢᠯᠠᠵᠤ ᠦᠷ᠎ᠡ ᠪᠦᠲᠦᠮᠵᠢ ᠪᠠᠨ ᠳᠡᠭᠡᠭᠰᠢᠯᠡᠬᠦᠯᠦᠨ ᠲᠡᠷᠢᠭᠦᠨ ᠳᠤ ᠤᠷᠤᠬᠤ ᠪᠠᠷ ᠲᠡᠮᠡᠴᠡᠬᠦ︾ ᠪᠠᠷ ᠴᠢᠷᠮᠠᠶᠢᠵᠤ ᠨᠤᠮᠢᠨ ᠲᠠᠩᠰᠤᠭ ᠦᠦᠰᠢᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠬᠦ ᠪᠠ ᠡᠯ᠎ᠡ ᠵᠦᠢᠯ ᠤᠨ ᠠᠵᠢᠯ ᠢ ᠥᠷᠨᠢᠭᠦᠯᠬᠦ ᠶᠢ ᠨᠢᠭᠲᠠ ᠤᠶᠠᠯᠳᠤᠭᠤᠯᠵᠤ ᠣᠷᠣᠨ ᠨᠤᠲᠤᠭ ᠲᠤ ᠶᠠᠭᠤ ᠳᠤᠲᠠᠭᠳᠠᠪᠠᠯ ᠲᠡᠭᠦᠨ ᠢ ᠰᠤᠷᠤᠯᠴᠠᠵᠤ᠂ ᠬᠥᠭᠵᠢᠯᠲᠡ ᠳᠤ ᠶᠠᠭᠤ ᠳᠤᠲᠠᠭᠳᠠᠪᠠᠯ ᠲᠡᠭᠦᠨ ᠢ ᠨᠥᠬᠦᠪᠦᠷᠢᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠲᠡᠷᠢᠭᠦᠨ ᠤ ᠬᠢ ᠲᠠᠢ ᠪᠠᠷᠢᠮᠵᠢᠶᠠᠯᠠᠵᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠡᠯ᠎ᠡ ᠵᠦᠢᠯ ᠤᠨ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠰᠡᠳᠬᠢᠬᠦᠢ ᠶᠢᠨ ᠬᠦᠯᠢᠶᠡᠰᠦᠯᠡᠯ ᠢ ᠰᠠᠨᠠᠭᠠᠴᠢᠯᠠᠭ᠎ᠠ ᠠᠴᠠ ᠪᠠᠨ ᠡᠪᠳᠡᠵᠦ ᠠᠵᠠ ᠲᠣᠬᠢᠶᠠᠯ ᠢ ᠡᠵᠡᠮᠳᠠᠨ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠶᠢ ᠲᠦᠷᠭᠡᠳᠬᠡᠵᠦ ᠬᠤᠳᠠ ᠶᠢᠨ ᠶᠠᠰᠤ ᠴᠢᠨᠠᠷ ᠪᠣᠯᠣᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠤᠨ ︽ᠠᠮᠢ ᠠᠬᠤᠢ ᠶᠢ ᠤᠷᠢᠳᠠᠪᠡᠷ ᠪᠤᠳᠤᠯᠬᠢᠯᠠᠭᠰᠠᠨ ᠪᠣᠬᠢᠷᠳᠤᠯ ᠦᠭᠡᠢ ᠬᠥᠭᠵᠢᠯᠲᠡ︾ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠴᠢᠨᠠᠷ ᠰᠠᠶᠢᠲᠠᠢ ᠨᠤᠮᠢᠨ ᠲᠠᠩᠰᠤᠭ ᠦᠦᠰᠢᠨ ᠢ ᠪᠦᠬᠦ ᠲᠠᠯ᠎ᠠ ᠪᠠᠷ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃
3.jpg     
      ᠰᠢᠨᠵᠢᠯᠠᠨ ᠪᠠᠶᠢᠴᠠᠭᠠᠯᠳᠠ ᠶᠢᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠣᠯᠣᠯᠴᠠᠭ᠎ᠠ ᠪᠠᠨ ᠴᠢᠩᠭᠠᠳᠬᠠᠵᠤ ᠰᠤᠷᠤᠯᠴᠠᠯᠭ᠎ᠠ ᠰᠣᠯᠢᠯᠴᠠᠭ᠎ᠠ ᠶᠢᠨ ᠲᠣᠭᠲᠠᠴᠠ ᠶᠢ ᠪᠠᠶᠢᠭᠤᠯᠤᠨ ᠬᠠᠷᠢᠯᠴᠠᠨ ᠰᠤᠷᠤᠯᠴᠠᠵᠥ ᠬᠠᠷᠢᠯᠴᠠᠨ ᠲᠣᠯᠢ ᠪᠣᠯᠭᠠᠵᠤ ᠬᠠᠮᠲᠤᠪᠠᠷ ᠳᠠᠪᠰᠢᠨ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠠᠷ ᠰᠠᠨᠠᠯ ᠨᠢᠭᠡᠲᠡᠢ ᠵᠦᠪᠰᠢᠶᠡᠷᠡᠪᠡ᠃
4.jpg 
                                         ᠰᠤᠷᠪᠤᠯᠵᠢᠯᠠᠬᠴᠢ᠄ ᠯᠤᠨᠳᠤᠨᠬᠤᠸᠠᠷ   ᠢᠦᠢ ᠵᠢᠶᠧ ᠮᠧᠩ   
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ