ᠸᠠᠩ ᠵᠢᠶᠠᠨ ᠪᠦᠯᠬᠦᠮ ᠳᠠᠭᠠᠭᠤᠯᠤᠨ ᠬᠤᠪᠧᠢ ᠭᠤᠸᠠᠩᠳᠦ᠋ᠩ ᠵᠢᠶᠠᠩᠰᠤ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2022/6/21
      6 ᠰᠠᠷ᠎ᠠ ᠶᠢᠨ 13 ᠤ ᠡᠳᠦᠷ ᠠᠴᠠ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠪᠦᠯᠬᠦᠮ ᠳᠠᠭᠠᠭᠤᠯᠤᠨ ᠬᠤᠪᠧᠢ ᠮᠤᠵᠢ ᠶᠢᠨ ᠦᠬᠠᠨ ᠬᠤᠲᠠ᠂ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ᠂ ᠹᠦᠸᠧᠱᠠᠨ ᠬᠤᠲᠠ᠂ ᠵᠢᠶᠠᠩᠰᠤ ᠮᠤᠵᠢ ᠶᠢᠨ ᠨᠠᠨᠵᠢᠩ ᠬᠤᠳᠠ᠂ ᠶᠠᠩᠵᠸᠤ ᠬᠤᠳᠠ᠂ ᠰᠦᠵᠧᠦ ᠬᠤᠳ᠋ᠨ ᠳᠤ ᠭᠦᠷᠴᠦ ᠠᠷᠠᠯᠵᠢᠶᠠᠴᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠵᠦ ᠨᠡᠭᠦᠷᠡᠰᠦᠨ ᠬᠡᠢ ᠶᠢ ᠨᠠᠷᠢᠯᠢᠬᠵᠢᠭᠤᠯᠬᠤ ᠬᠢᠮᠢ ᠶᠢᠨ ᠠᠵᠤ ᠦᠢᠯᠡᠳᠪᠦᠷᠢ᠂ ᠬᠡᠯᠬᠢᠶᠡᠵᠢᠯ ᠢ ᠤᠷᠳᠤᠳᠬᠠᠬᠤ ᠬᠡᠯᠬᠢᠶᠡᠵᠢᠯ ᠢ ᠨᠥᠬᠦᠪᠦᠷᠢᠯᠡᠬᠦ ᠬᠡᠯᠬᠢᠶᠡᠵᠢᠯ ᠢ ᠴᠢᠩᠭᠠᠳᠬᠠᠬᠤ ᠪᠠ ᠤᠰᠤᠲᠥ᠋ᠷᠥᠭᠴᠢ ᠡᠨᠧᠷᠭᠢ᠂ ᠭᠡᠷᠡᠯ ᠤᠨ ᠡᠨᠧᠷᠭᠢ ᠪᠠᠷ ᠴᠠᠬᠢᠯᠭᠠᠨ ᠭᠠᠷᠭᠠᠬᠤ᠂ ᠲᠣᠨᠣᠭᠯᠠᠯ ᠦᠢᠯᠡᠳᠬᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠂ ᠰᠢᠨ᠎ᠡ ᠮᠠᠲ᠋ᠧᠷᠢᠶᠠᠯ ᠪᠠ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠲᠠᠯ᠎ᠠ ᠪᠠᠷ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠬᠦᠷᠴᠤ ᠪᠠᠶᠢᠴᠠᠭᠠᠨ ᠰᠤᠳᠤᠯᠤᠯᠲᠠ ᠬᠢᠵᠦ ᠠᠯᠢ ᠤᠯᠠᠨ ᠬᠠᠮᠲᠤᠷᠠᠯᠴᠠᠭᠠᠨ ᠤ ᠰᠠᠨᠠᠮᠵᠢ ᠲᠣᠭᠲᠠᠵᠤ᠂ ᠢᠯᠡᠳᠲᠡ ᠦᠷ᠎ᠡ ᠪᠦᠲᠦᠮᠵᠢ ᠤᠯᠪᠡ᠃
1.jpg
2.jpg
      ᠸᠠᠩ ᠵᠢᠶᠠᠨ ᠨᠠᠷ ᠤᠷᠢᠳ ᠬᠤᠵᠢᠳ ᠭᠧ ᠯᠥᠸᠧ ᠹᠦ᠋ ᠤᠰᠤᠲᠥ᠋ᠷᠥᠭᠴᠢ ᠡᠨᠧᠷᠭᠢ ᠶᠢᠨ ᠮᠠᠰᠢᠨ ᠲᠡᠷᠭᠡᠨ ᠤ ᠬᠢᠵᠠᠭᠠᠷᠳᠤ ᠺᠤᠮᠫᠠᠨᠢ᠂ ᠭᠤᠸᠠᠩᠵᠧᠦ ᠶᠢᠨ  ᠶᠢᠨ ᠹᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠭᠤᠸᠠᠩᠳᠦ᠋ᠩ ᠤᠨ ᠴᠠᠬᠢᠯᠭᠠᠨ ᠭᠦᠴᠦᠨ ᠤ ᠬᠢᠵᠠᠭᠠᠷᠳᠤ ᠺᠤᠮᠫᠠᠨᠢ᠂ ᠭᠤᠸᠠᠩᠳᠦ᠋ᠩ ᠤᠨ ᠭᠦᠸᠧ ᠬᠤᠩ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ ᠂ ᠨᠠᠨᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ ᠂ ᠨᠠᠨᠵᠢᠩ ᠤᠨ ᠸᠠᠨ ᠳ᠋ᠧ ᠰᠸᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠢ ᠵᠧᠩ ᠬᠢᠮᠢ ᠶᠢᠨ ᠰᠢᠷᠬᠡᠭ ᠤᠨ ᠬᠢᠵᠠᠭᠠᠷᠳᠤ ᠺᠤᠮᠫᠠᠨᠢ᠂ ᠰᠦᠵᠧᠦ ᠶᠢᠨ ᠰᠢᠶᠧ ᠰᠢᠨ ᠪᠦᠯᠦᠭᠯᠡᠯ ᠵᠡᠷᠭᠡ ᠠᠵᠤ ᠠᠬᠤᠶᠢᠯᠠᠯ ᠳᠤ ᠭᠦᠷᠴᠦ ᠠᠵᠤ ᠠᠬᠤᠶᠢᠯᠠᠯ ᠤᠨ ᠡᠷᠭᠢᠯᠲᠡ ᠶᠢᠨ ᠬᠥᠭᠵᠢᠯᠲᠡ ᠶᠢᠨ ᠪᠠᠶᠢᠳᠠᠯ ᠢ ᠤᠶᠢᠯᠠᠭᠠᠨ ᠠᠵᠤ ᠠᠬᠤᠶᠢᠯᠠᠯ ᠤᠨ ᠬᠠᠷᠢᠭᠤᠴᠠᠯᠭᠠᠳᠠᠨ ᠲᠠᠢ ᠰᠠᠭᠤᠳᠠᠯ ᠤᠨ ᠬᠤᠷᠠᠯ ᠬᠢᠵᠦ᠂ ᠮᠠᠨ ᠤ ᠬᠤᠰᠢᠭᠤᠨ ᠤ ᠡᠬᠢ ᠪᠠᠶᠠᠯᠢᠭ ᠤᠨ ᠰᠤᠷᠪᠤᠯᠵᠢ᠂ ᠠᠵᠤ ᠦᠢᠯᠡᠰ ᠤᠨ ᠰᠠᠭᠤᠷᠢ᠂ ᠬᠥᠭᠵᠢᠯᠲᠡ ᠶᠢᠨ ᠣᠳᠣᠬᠢ ᠪᠠᠶᠢᠳᠠᠯ ᠪᠠ ᠰᠠᠭᠤᠷᠢ ᠲᠥᠬᠦᠷᠵᠢᠭᠦᠯᠦᠯᠲᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠠᠯ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠨᠢᠯᠴᠠᠭᠤᠯᠵᠤ ᠠᠵᠤ ᠠᠬᠤᠶᠢᠯᠠᠯᠲᠠᠨ ᠲᠠᠢ ᠬᠠᠮᠲᠤ ᠪᠠᠷ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠷᠡᠭᠡᠳᠦᠢ᠂ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠬᠠᠨᠳᠤᠰᠢ ᠪᠠ ᠠᠵᠤ ᠠᠬᠤᠢ ᠨᠡᠶᠢᠭᠡᠮ ᠤᠨ ᠦᠷ᠎ᠡ ᠠᠰᠢᠭ ᠢ ᠵᠠᠳᠠᠯᠵᠤ ᠰᠢᠨ᠎ᠡ ᠡᠨᠧᠷᠭᠢ ᠶᠢᠨ ᠬᠥᠭᠵᠢᠯᠲᠡ᠂ ᠨᠡᠭᠦᠷᠡᠰᠦᠨ ᠬᠡᠢ ᠶᠢᠨ ᠬᠢᠮᠢ ᠶᠢᠨ ᠠᠵᠤ ᠦᠢᠯᠡᠳᠪᠦᠷᠢ ᠶᠢᠨ ᠨᠠᠷᠢᠯᠢᠬᠵᠢᠭᠤᠯᠬᠤ ᠠᠵᠤ ᠦᠢᠯᠡᠰ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ᠂ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ  ᠬᠠᠮᠳᠤᠷᠠᠯᠴᠠᠬᠤ ᠵᠦᠢᠯᠡᠰ ᠢ ᠵᠣᠯᠭᠠᠭᠤᠯᠤᠨ ᠨᠠᠶᠢᠳᠠᠪᠤᠷᠢᠵᠢᠭᠤᠯᠵᠤ ᠲᠤᠬᠠᠢ ᠶᠢᠨ ᠲᠠᠯᠠᠪᠤᠷ ᠲᠤ ᠪᠤᠳᠠᠳᠠᠢ ᠬᠠᠷᠢᠭᠤᠴᠠᠬᠤ ᠭᠥᠮᠤᠨ ᠢ ᠲᠣᠭᠲᠠᠭᠠᠬᠤ ᠶᠢᠨ ᠬᠠᠮᠲᠤ ᠠᠵᠢᠯ ᠤᠨ ᠲᠤᠰᠬᠠᠢ ᠠᠩᠭᠢ ᠪᠠᠶᠢᠭᠤᠯᠤᠨ ᠨᠠᠶᠢᠳᠠᠪᠤᠷᠢᠵᠢᠭᠤᠯᠤᠯᠳᠠ ᠶᠢ ᠠᠬᠢᠭᠤᠯᠵᠤ ᠬᠡᠰᠡᠭ ᠲᠥᠷᠥᠯ ᠵᠦᠢᠯ ᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠪᠠᠷ ᠲᠤᠬᠳᠠᠨ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠠᠮᠠᠷᠢᠯᠠᠪᠠ᠃
3.jpg
4.jpg
5.jpg
      ᠬᠤᠰᠢᠭᠤ ᠤᠳᠤᠷᠢᠳᠤᠯᠭ᠎ᠠ ᠰᠢᠨ᠎ᠡ᠂ ᠪᠤᠶᠠᠨᠮᠠᠨᠳᠤᠬᠤ᠂ ᠯᠢ ᠵᠥᠩ ᠯᠢᠨ᠂ ᠵᠠᠩ ᡁᠢ ᠰᠢᠦ᠋ᠩ᠂ ᠮᠠ ᠶᠠ ᠳ᠋ᠦᠩ᠂ ᠰᠢᠶᠣᠣ ᡁᠢ ᠺᠤᠸᠠᠨ ᠪᠣᠯᠣᠨ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ  ᠤ ᠠᠷᠠᠯᠵᠢᠶᠠᠴᠢᠨ ᠤᠷᠢᠬᠤ ᠲᠣᠪᠴᠢᠶ᠎ᠠ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃
6.jpg
7.jpg
                                                         ᠰᠤᠷᠪᠤᠯᠵᠢᠯᠠᠬᠴᠢ᠄ ᠯᠤᠨᠳᠤᠨᠬᠤᠸᠠᠷ  ᠢᠤᠢ ᠵᠢᠶᠧ ᠮᠧᠩ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ