ᠡᠨᠡ ᠵᠢᠯ ᠠᠴᠠ ᠨᠠᠰᠢ᠂ ᠮᠠᠨ ᠤ ᠬᠤᠰᠢᠭᠤᠨ ᠳᠤ ᠪᠤᠷᠤᠭᠠᠨ ᠤᠷᠤᠭᠰᠠᠨ ᠥᠭᠡᠢ ᠠᠴᠠ ᠪᠤᠯᠵᠤ ᠪᠥᠬᠦ ᠬᠤᠰᠢᠭᠤᠨ ᠤ ᠶᠡᠬᠡᠩᠬᠢ ᠬᠡᠰᠡᠭ ᠭᠠᠵᠠᠷ ᠣᠷᠣᠨ | ᠳᠤ ᠭᠠᠩ ᠤᠨ ᠪᠠᠶᠢᠳᠠᠯ ᠭᠡᠴᠡᠭᠦᠳᠡᠭᠰᠠᠨ ᠪᠠᠶᠢᠨ᠎ᠠ᠂ ᠡᠨᠠᠭᠦ ᠪᠠᠶᠢᠳᠠᠯ ᠳᠤ ᠴᠢᠭᠯᠡᠭᠦᠯᠤᠨ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠴᠠᠭ | ᠲᠤᠬᠠᠶ ᠳᠤᠨᠢ ᠬᠥᠮᠦᠨ ᠤ ᠬᠦᠴᠦ᠂ ᠪᠣᠳᠠᠰ ᠤᠨ ᠬᠦᠴᠦᠨ ᠢ ᠵᠣᠬᠢᠶᠠᠨ ᠪᠠᠶᠢᠭᠤᠯᠵᠤ ᠭᠠᠩ ᠬᠠᠭᠰᠠᠷᠠᠭᠠᠨ ᠲᠠᠢ ᠲᠡᠮᠡᠴᠡᠵᠤ ᠭᠠᠮᠰᠢᠭ ᠢ ᠪᠠᠭᠠᠰᠬᠠᠬᠤ ᠠᠵᠢᠯ ᠢ | ᠡᠷᠴᠢᠮᠳᠠᠢ ᠥᠷᠨᠢᠭᠦᠯᠵᠤ ᠪᠠᠶᠢᠨ᠎ᠠ᠃ | | | | | | 6 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ ᠭᠠᠯᠠᠭᠤᠳᠤ ᠪᠠᠯᠭᠠᠰᠤ ᠠᠩᠬᠠᠨ ᠤ ᠪᠦᠯᠦᠭ 90 ᠲᠣᠨ ᠤ ᠰᠦᠢᠳᠬᠡᠯ ᠦᠭᠡᠶ ᠡᠪᠡᠰᠦ | ᠪᠣᠷᠳᠤᠭ᠎ᠠ ᠶᠢ 200 ᠮᠠᠯᠴᠢᠨ ᠲᠠᠷᠢᠶᠠᠴᠢᠨ ᠡᠷᠦᠬᠡ ᠶᠢᠨ ᠡᠭᠦᠳᠡᠨ ᠳᠤ ᠭᠥᠷᠭᠡᠵᠤ ᠮᠠᠯᠴᠢᠨ ᠲᠠᠷᠢᠶᠠᠴᠢᠨ ᠤ ᠭᠠᠩ ᠬᠠᠭᠰᠠᠷᠠᠭᠠᠨ ᠲᠠᠢ ᠲᠡᠮᠡᠴᠡᠵᠤ ᠬᠦᠴᠢᠷ ᠢ | ᠳᠤᠭᠤᠯᠬᠤ ᠳᠤ ᠨᠢ ᠲᠠᠮᠵᠢᠯᠭᠡ ᠥᠵᠡᠭᠦᠯᠥᠭᠰᠠᠨ ᠪᠠᠶᠢᠨ᠎ᠠ᠃ | | | | | | ᠭᠠᠯᠠᠭᠤᠳᠤ ᠪᠠᠯᠭᠠᠰᠤᠨ ᠤ ᠪᠠᠶ᠋ᠬᠠᠦ᠋ᠨᠳᠦᠷ ᠭᠠᠴᠠᠭᠠᠨ ᠤ ᠮᠠᠯᠴᠢᠨ ᠪᠤᠶᠠᠠᠳᠡᠯᠭᠡᠷ᠄ ︽ᠡᠨᠡ ᠵᠢᠯ ᠮᠠᠨ ᠤ ᠠᠳᠡ ᠭᠠᠩ ᠬᠠᠭᠰᠠᠷᠠᠭᠠᠨ ᠠᠴᠠ ᠪᠤᠯᠵᠤ | ᠪᠡᠯᠴᠢᠭᠡᠷ ᠲᠤ ᠦᠬᠡᠷ ᠬᠤᠨᠢᠨ ᠤ ᠢᠳᠡᠬᠦ ᠡᠪᠡᠰᠦ ᠦᠭᠡᠢ ᠪᠣᠯᠵᠠᠢ᠂ ᠥᠨᠥᠳᠦᠷ ᠨᠠᠮ ᠵᠠᠰᠠᠭ ᠠᠴᠠ ᠮᠠᠯᠴᠢᠨ ᠲᠠᠷᠢᠶᠠᠴᠢᠨ ᠳᠤ ᠰᠦᠢᠳᠬᠡᠯ ᠬᠤᠷᠢᠶᠠᠬᠤ | ᠦᠭᠡᠢ ᠪᠠᠷ ᠪᠣᠷᠣ ᠴᠠᠷᠭᠠᠰᠤ ᠶᠢᠨ ᠡᠪᠡᠰᠦ ᠲᠦᠭᠡᠭᠡᠵᠦ ᠮᠠᠯ ᠤᠨ ᠢᠳᠡᠬᠦ ᠡᠪᠡᠰᠦ ᠶᠢ ᠬᠠᠩᠭᠠᠨ ᠮᠠᠨ ᠤ ᠭᠠᠩ ᠬᠠᠭᠰᠠᠷᠠᠭᠠᠨ ᠤ ᠪᠠᠶᠢᠳᠠᠯ ᠢ ᠰᠢᠢᠳᠪᠦᠷᠢᠯᠡᠵᠤ | ᠦᠭᠬᠦᠯ᠎ᠡ᠂ ᠨᠠᠮ ᠪᠣᠯᠤᠨ ᠵᠠᠰᠠᠭ ᠤᠨ ᠣᠷᠳᠣᠨ ᠠᠴᠠ ᠮᠠᠨ ᠤ ᠮᠠᠯᠴᠢᠨ ᠲᠠᠷᠢᠶᠠᠴᠢᠨ ᠢ ᠬᠠᠯᠠᠮᠵᠢᠯᠠᠨ ᠬᠠᠶᠢᠷᠠᠯᠠᠭᠰᠠᠭᠠᠷ ᠢᠷᠡᠭᠰᠡᠨ ᠳᠤ ᠲᠦᠢᠯ ᠢᠶᠠᠷ ᠲᠠᠯᠠᠷᠬᠠᠵᠤ | ᠪᠠᠶᠢᠨ᠎ᠠ︾ ᠬᠡᠵᠤ ᠪᠠᠶᠢᠯ᠎ᠠ᠃ | ᠡᠨᠡ ᠤᠳᠠᠭ᠎ᠠ ᠭᠠᠯᠠᠭᠤᠳᠤ ᠪᠠᠯᠭᠠᠰᠤᠨ ᠤ ᠰᠠᠷᠠᠭᠤᠯᠨᠤᠳᠤᠭ ᠭᠠᠴᠠᠭᠠᠨ ᠤ ᠮᠠᠯᠴᠢᠨ ᠬᠠᠰᠪᠠᠶᠠᠷ 16 ᠪᠤᠭᠤᠳᠠᠯ ᠪᠤᠷᠤ ᠴᠠᠷᠭᠠᠰᠤ ᠶᠢᠨ ᠡᠪᠡᠰᠤ ᠬᠤᠪᠢᠶᠠᠨ | ᠠᠪᠴᠠᠶ᠃ ᠲᠡᠷᠡ ᠰᠤᠷᠪᠤᠯᠵᠢᠯᠠᠭᠴᠢ ᠳᠤ᠄ ︽ᠭᠠᠩ ᠬᠠᠭᠰᠠᠷᠠᠭᠠᠨ ᠠᠴᠠ ᠪᠣᠯᠵᠣ ᠮᠠᠯ ᠣᠨᠤᠭ᠎ᠠ ᠢᠳᠡᠬᠦ ᠡᠪᠡᠰᠦ ᠥᠬᠡᠶ ᠪᠤᠯᠤᠭᠰᠠᠨ ᠴᠤ ᠵᠠᠰᠠᠭ ᠤᠨ | ᠣᠷᠳᠣᠨ ᠤ ᠬᠠᠪᠰᠤᠷᠤᠯᠭ᠎ᠠ ᠳᠡᠮᠵᠢᠯᠭᠡ ᠪᠠᠶᠢᠭᠰᠠᠨ ᠠᠴᠠ ᠮᠠᠯᠴᠢᠳ ᠡᠨᠡ ᠬᠦ ᠪᠡᠷᠬᠡ ᠪᠣᠭᠤᠮᠲᠠ ᠶᠢ ᠯᠠᠪᠲᠠᠶ ᠲᠤᠭᠤᠯᠵᠤ ᠲᠠᠶᠢᠯᠤᠨ᠎ᠠ ᠭᠡᠳᠡᠭ ᠲᠤ ᠢᠳᠡᠭᠡᠯ ᠲᠠᠢ | ᠪᠠᠶᠢᠨ᠎ᠠ︾ ᠭᠡᠵᠤ ᠪᠠᠶᠢᠯ᠎ᠠ᠃ | | | | | | | | | ᠡᠭᠦᠨ ᠠᠴᠠ ᠭᠠᠳᠠᠨ᠎ᠠ᠂ ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤ ᠠᠵᠢᠯᠲᠠᠳ ᠢᠶᠠᠨ ᠵᠣᠬᠢᠶᠠᠨ ᠪᠠᠶᠢᠭᠤᠯᠵᠤ ᠠᠮᠢᠳᠤᠷᠠᠯ ᠬᠦᠴᠢᠷᠲᠡᠯᠳᠠᠢ ᠡᠷᠦᠬᠡ᠂ | ᠡᠪᠡᠰᠦ ᠪᠣᠷᠳᠤᠭ᠎ᠠ ᠨᠥᠭᠡᠴᠡᠯᠡᠵᠦ ᠳᠡᠶᠢᠯᠬᠦ ᠥᠬᠡᠶ ᠮᠠᠯᠴᠢᠨ ᠲᠠᠷᠢᠶᠠᠴᠢᠨ ᠤ ᠬᠢᠨ ᠳᠤ ᠬᠦᠷᠴᠤ᠂ ᠮᠠᠯ ᠲᠠᠷᠢᠶᠠᠯᠠᠩ ᠠᠵᠤ ᠠᠬᠤᠶ ᠶᠢᠨ ᠤᠰᠤᠯᠠᠯᠲᠠ ᠳᠤ | ᠬᠡᠷᠡᠭᠯᠡᠬᠦ ᠴᠠᠬᠢᠯᠭᠠᠨ ᠪᠠ ᠮᠠᠯ ᠤᠨ ᠤᠤᠭᠤᠬᠤ ᠤᠰᠤᠨ ᠤ ᠠᠰᠠᠭᠤᠳᠠᠯ ᠢ ᠨᠠᠷᠢᠨ ᠤᠶᠢᠯᠠᠭᠠᠨ ᠲᠤᠬᠠᠶ ᠶᠢᠨ ᠲᠠᠯᠠᠪᠠᠶ ᠳᠤ ᠠᠯᠪᠠᠯᠠᠵᠤ᠂ ᠣᠯᠠᠨ ᠤ ᠤᠬᠠᠭᠠᠨ ᠢ | ᠲᠥᠪᠯᠡᠷᠡᠭᠦᠯᠦᠨ ᠮᠠᠯᠴᠢᠨ ᠲᠠᠷᠢᠶᠠᠴᠢᠨ ᠤ ᠪᠤᠳᠠᠳᠤ ᠬᠦᠴᠢᠷᠳᠡᠯ ᠢ ᠰᠢᠢᠳᠪᠤᠷᠢᠯᠠᠨ ᠥᠭᠴᠠᠢ᠃ | ᠭᠠᠯᠠᠭᠤᠳᠤ ᠪᠠᠯᠭᠠᠰᠤᠨ ᠤ ᠰᠠᠷᠠᠭᠤᠯᠨᠤᠳᠤᠭ ᠭᠠᠴᠠᠭᠠᠨ ᠤ ᠵᠦᠪᠯᠡᠯ ᠤᠨ ᠰᠠᠷᠠᠭᠤᠯ᠄ ︽ᠮᠠᠯᠴᠢᠨ ᠲᠠᠷᠢᠶᠠᠴᠢᠨ ᠤ ᠴᠠᠬᠢᠯᠭᠠᠨ ᠬᠦᠷᠦᠯᠴᠡᠬᠦ ᠥᠬᠡᠶ | ᠪᠠᠶᠢᠬᠤ ᠠᠰᠠᠭᠤᠳᠠᠯ ᠳᠤ ᠴᠢᠭᠯᠡᠬᠦᠯᠦᠨ ᠪᠢᠳᠡ ᠬᠥᠳᠡᠭᠡ ᠲᠣᠰᠬᠤᠨ ᠤ ᠴᠠᠬᠢᠯᠭᠠᠨ ᠬᠠᠩᠭᠠᠬᠤ ᠰᠠᠯᠠᠭ᠎ᠠ ᠮᠥᠴᠢᠷ ᠲᠠᠢ ᠨᠡᠪᠲᠡᠷᠡᠯᠴᠡᠵᠦ ᠪᠠᠭᠲᠠᠭᠠᠮᠵᠢ ᠶᠢ | ᠥᠷᠭᠡᠳᠬᠡᠬᠦ ᠪᠠᠷ ᠭᠤᠶᠤᠴᠢᠯᠠᠬᠤ ᠶᠢᠨ ᠬᠠᠮᠲᠤ ᠡᠷᠦᠬᠡ ᠪᠦᠷᠢ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠣᠶᠢᠯᠠᠭᠠᠵᠤ ᠮᠠᠯᠴᠢᠨ ᠲᠠᠷᠢᠶᠠᠴᠢᠨ ᠡᠷᠦᠬᠡ ᠶᠢᠨ | ᠴᠠᠬᠢᠯᠭᠠᠨ ᠬᠡᠷᠡᠭᠯᠡᠬᠦ ᠶᠢ ᠳᠣᠭᠢᠷᠠᠭᠤᠯᠤᠨ᠂ ᠴᠠᠬᠢᠯᠭᠠᠨ ᠢ ᠵᠦᠶ ᠵᠣᠬᠢᠰᠲᠠᠶ ᠬᠡᠷᠡᠭᠯᠡᠬᠦ ᠶᠢ ᠪᠠᠲᠤᠯᠠᠵᠤ᠂ ᠮᠠᠯᠴᠢᠨ ᠲᠠᠷᠢᠶᠠᠴᠢᠨ ᠤ ᠬᠤᠬᠢᠷᠠᠯ ᠢ ᠪᠠᠭᠠᠰᠬᠠᠬᠤ ᠪᠠᠷ | ᠴᠢᠷᠮᠠᠶᠢᠵᠤ ᠪᠠᠶᠢᠨ᠎ᠠ︾ ᠭᠡᠵᠤ ᠶᠠᠷᠢᠵᠤ ᠪᠠᠶᠢᠯ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ ᠬᠦᠨᠳᠦ ᠭᠡᠴᠠᠭᠦᠤ ᠭᠠᠩ ᠤᠨ ᠪᠠᠶᠢᠳᠠᠯ ᠳᠤ ᠴᠢᠭᠯᠡᠭᠦᠯᠦᠨ ᠮᠠᠨ ᠤ ᠬᠤᠰᠢᠭᠤ᠂ ᠪᠥᠬᠦ ᠬᠤᠰᠢᠭᠤᠨ ᠤ ᠭᠠᠩ | ᠬᠠᠭᠰᠠᠷᠠᠭᠠᠨ ᠢ ᠠᠷᠭᠠᠴᠠᠭᠠᠬᠤ Ⅳᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠲᠤᠭᠳᠠᠯᠴᠠᠭ᠎ᠠ ᠶᠢ ᠡᠬᠢᠯᠡᠨ ᠬᠡᠷᠡᠭᠵᠢᠭᠦᠯᠵᠦ ᠴᠠᠭ ᠠᠭᠤᠷ᠂ ᠲᠠᠷᠢᠶᠠᠯᠠᠩ ᠮᠠᠯ | ᠠᠵᠤ ᠠᠬᠤᠶ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠠᠴᠠ ᠭᠠᠩ ᠬᠠᠭᠰᠠᠷᠠᠭᠠᠨ ᠤ ᠪᠠᠶᠢᠳᠠᠯ ᠪᠠ ᠭᠠᠩ ᠢ | ᠠᠷᠭᠠᠴᠠᠭᠠᠬᠤ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠲᠣᠬᠢᠷᠠᠭᠤᠯᠵᠤ ᠲᠤᠬᠠᠶ ᠶᠢᠨ ᠭᠠᠵᠠᠷ ᠤᠨ ᠭᠠᠩ ᠬᠠᠭᠰᠠᠷᠠᠭᠠᠨ ᠢ ᠠᠷᠭᠠᠴᠠᠭᠠᠵᠤ ᠭᠠᠮᠰᠢᠭ ᠢ | ᠪᠠᠭᠠᠰᠬᠠᠬᠤ ᠠᠵᠢᠯ ᠢ ᠪᠥᠬᠦ ᠲᠠᠯ᠎ᠠ ᠪᠠᠷ ᠵᠢᠯᠤᠭᠤᠳᠤᠨ᠂ ᠴᠠᠭ ᠠᠭᠤᠷ ᠤᠨ ᠪᠠᠶᠢᠳᠠᠯ ᠢ ᠦᠨᠳᠦᠰᠦᠯᠡᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ | ᠥᠷᠨᠢᠭᠦᠯᠵᠤ ᠪᠠᠶᠢᠨ᠎ᠠ᠃ ᠡᠭᠦᠨ ᠠᠴᠠ ᠭᠠᠳᠠᠨ᠎ᠠ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠤᠰᠤᠨ ᠴᠥᠭᠦᠷᠥᠮ ᠤᠨ ᠤᠰᠤ ᠬᠠᠩᠭᠠᠬᠤ᠂ | ᠪᠠᠴᠢᠮ ᠪᠠᠶᠢᠳᠠᠯ ᠢ ᠠᠷᠭᠠᠴᠠᠭᠠᠨ ᠤᠰᠤ ᠲᠠᠲᠠᠬᠤ᠂ ᠬᠤᠳᠳᠤᠭ ᠮᠠᠯᠲᠠᠵᠤ ᠤᠰᠤ ᠲᠠᠲᠠᠬᠤ ᠵᠡᠷᠭᠡ ᠡᠯ᠎ᠡ ᠲᠥᠷᠤᠯ ᠤᠨ ᠪᠠᠴᠢᠮ ᠪᠠᠶᠢᠳᠠᠯ ᠢ ᠠᠷᠭᠠᠴᠠᠭᠠᠬᠤ | ᠠᠷᠭ᠎ᠠ ᠬᠡᠮᠵᠢᠶ᠎ᠡ ᠶᠢ ᠭᠡᠷᠡᠭᠯᠡᠭᠦ ᠪᠠᠷ ᠳᠠᠮᠵᠢᠭᠤᠯᠤᠨ᠂ ᠨᠡᠶᠢᠲᠡ 1.4 ᠲᠦᠮᠡᠨ ᠡᠯ᠎ᠡ ᠲᠥᠷᠥᠯ ᠤᠨ ᠮᠠᠰᠢᠨ ᠴᠠᠬᠢᠯᠭᠠᠨ ᠬᠤᠳᠳᠤᠭ ᠢ ᠬᠥᠳᠡᠯᠭᠡᠵᠦ᠂ ᠭᠠᠩ | ᠬᠠᠭᠰᠠᠷᠠᠭᠠᠨ ᠲᠠᠢ ᠲᠡᠮᠡᠴᠡᠨ ᠪᠠᠴᠢᠮ ᠪᠠᠶᠢᠳᠠᠯ ᠢ ᠠᠷᠭᠠᠴᠠᠭᠠᠬᠤ ᠤᠰᠤᠨ ᠰᠤᠷᠪᠤᠯᠵᠢ ᠶᠢᠨ ᠬᠤᠳᠳᠤᠭ 43᠂ ᠬᠥᠭᠡᠷᠭᠡ ᠶᠢᠨ ᠥᠷᠲᠡᠭᠡ 3 ᠭᠠᠷᠭᠠᠵᠤ᠂ | ᠮᠠᠯᠵᠢᠬᠤ ᠲᠠᠷᠢᠶᠠᠯᠠᠬᠤ ᠣᠷᠣᠨ ᠤ ᠬᠥᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠵᠤ ᠡᠳ᠋ ᠤᠨ ᠵᠠᠰᠠᠭ ᠠᠴᠠ ᠪᠠᠰᠠ ᠨᠢᠭᠡᠳᠦᠭᠡᠷ | ᠪᠦᠯᠦᠭ 680 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠶᠢ ᠪᠠᠴᠢᠮ ᠳᠣᠭᠢᠷᠠᠭᠤᠯᠤᠨ ᠭᠠᠩ ᠢ ᠠᠷᠠᠭᠠᠴᠠᠭᠠᠵᠤ ᠭᠠᠮᠰᠢᠭ ᠢ ᠪᠠᠭᠠᠰᠬᠠᠬᠤ ᠠᠵᠢᠯ ᠳᠤ | ᠭᠡᠷᠡᠭᠯᠡᠭᠰᠠᠨ ᠪᠠᠶᠢᠨ᠎ᠠ᠃ | ᠡᠨᠡ ᠵᠢᠯ᠂ ᠮᠠᠨ ᠤ ᠬᠤᠰᠢᠭᠤ ᠮᠠᠯᠴᠢᠨ ᠲᠠᠷᠢᠶᠠᠴᠢᠨ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ᠂ ᠲᠠᠷᠢᠶᠠᠯᠠᠩ ᠤᠨ | ᠮᠠᠰᠢᠨ ᠪᠠᠭᠠᠵᠢ ᠶᠢᠨ ᠨᠥᠬᠦᠪᠥᠷᠢ᠂ ᠠᠮᠤ ᠪᠤᠳᠠᠭ᠎ᠠ ᠳᠠᠷᠢᠬᠤ ᠨᠥᠬᠦᠪᠥᠷᠢ ᠵᠡᠷᠭᠡ ᠡᠯ᠎ᠡ ᠲᠥᠷᠥᠯ ᠤᠨ ᠮᠠᠯ ᠲᠠᠷᠢᠶᠠᠯᠠᠩ ᠠᠵᠤ ᠠᠬᠤᠶ ᠳᠤ ᠬᠤᠯᠪᠣᠭᠳᠠᠬᠤ ᠪᠠᠯᠠ | ᠮᠥᠩᠭᠦ ᠶᠢ ᠨᠠᠶᠢᠳᠠ 3685 ᠲᠦᠮᠡᠨ ᠲᠥᠭᠦᠷᠢᠭ ᠢ ᠲᠠᠷᠬᠠᠭᠠᠭᠰᠠᠨ ᠪᠠᠶᠢᠨ᠎ᠠ᠃ ᠡᠭᠦᠨ ᠳᠤ 6 ᠳ᠋ᠤᠭᠠᠷ ᠰᠠᠷ᠎ᠠ ᠳᠤ ᠨᠡᠶᠢᠲᠡ 2977 ᠲᠦᠮᠡᠨ ᠲᠥᠭᠦᠷᠢᠭ | ᠲᠠᠷᠬᠠᠭᠠᠵᠤ ᠮᠠᠯᠴᠢᠨ ᠲᠠᠷᠢᠶᠠᠴᠢᠨ ᠤ ᠮᠠᠯ ᠤᠨ ᠡᠪᠡᠰᠤ ᠪᠣᠷᠳᠤᠭ᠎ᠠ ᠬᠤᠳᠠᠯᠳᠤᠨ ᠠᠪᠬᠤ ᠪᠠᠯᠠ ᠮᠥᠩᠭᠦ ᠳᠤᠲᠠᠭᠳᠠᠬᠤ ᠳᠠᠷᠤᠯᠲᠠ ᠶᠢ ᠨᠠᠮᠳᠠᠭᠤᠯᠵᠤ ᠮᠠᠯᠴᠢᠨ | ᠲᠠᠷᠢᠶᠠᠴᠢᠨ ᠤ ᠭᠠᠩ ᠬᠠᠭᠰᠠᠷᠠᠭᠠᠨ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠴᠢᠳᠠᠵᠠᠢ᠃ | | | ᠰᠤᠷᠪᠤᠯᠵᠢᠯᠠᠭᠴᠢ᠄ ᠤᠶᠤᠨᠴᠢᠮᠡᠭ ᠨᠠᠷᠠᠰᠤ | |