ᠰᠢᠨ᠎ᠡ ᠬᠤᠯᠪᠤᠬᠳᠠᠯ ᠪᠦᠬᠦᠢ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/24
      6 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠬᠤᠯᠪᠤᠬᠳᠠᠯ ᠪᠦᠬᠦᠢ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠦ ᠤᠯᠤᠰ ᠤᠨ ᠦᠮᠴᠢᠯᠠᠯᠳᠦ ᠠᠵᠤ ᠠᠬᠤᠶᠢᠯᠠᠯ ᠤᠨ ᠥᠭᠡᠷᠡᠴᠢᠯᠡᠯᠲᠡ᠂ ᠡᠳ᠋ ᠤᠨ ᠵᠠᠰᠠᠭ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠠᠭᠤᠷᠬᠠᠢ ᠶᠢᠨ ᠣᠷᠣᠨ ᠤ ᠠᠷᠠᠳ ᠢ ᠨᠡᠭᠦᠯᠭᠡᠬᠦ ᠵᠡᠷᠭᠡ ᠬᠤᠯᠪᠤᠬᠳᠠᠯ ᠪᠦᠬᠦᠢ ᠠᠵᠢᠯ ᠢ ᠲᠤᠰᠬᠠᠢ ᠰᠡᠳᠦᠪ ᠢᠶᠠᠷ ᠰᠤᠳᠤᠯᠵᠤ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠬᠤ ᠳᠤ ᠪᠠᠨ᠂ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠣᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠲᠣᠭᠲᠠᠭᠰᠠᠨ ᠬᠠᠷᠠᠯᠲᠠ ᠶᠢᠨ ᠲᠣᠭᠤᠷᠢᠨ ᠳᠤ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ ᠣᠳᠣᠬᠠᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ᠃                                     ᠰᠤᠷᠪᠤᠯᠵᠢᠯᠠᠬᠴᠢ᠄ ᠯᠤᠨᠳᠤᠨᠬᠤᠸᠠᠷ  ᠡᠥ ᠬᠤᠢ   ᠪᠠᠢ ᠪᠤᠥ ᠴᠢᠶᠠᠩ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ