ᠤᠷᠳᠤᠰ ᠨᠠᠷᠢᠨ ᠨᠤᠤᠰᠤᠲᠤ ᠬᠤᠨᠢᠨ ᠤ ᠰᠤᠶᠤᠯ ᠤᠨ ᠠᠵᠤ ᠦᠢᠯᠡᠰ ᠢ ᠪᠡᠶᠡᠴᠢᠯᠡᠨ ᠤᠶᠢᠯᠠᠭᠠᠬᠤ ᠤᠷᠳᠤᠨ ᠢ ᠪᠠᠶᠢᠷᠢᠯᠠᠭᠤᠯᠤᠨ ᠴᠢᠮᠡᠬᠦ ᠲᠦᠰᠦᠯ ᠢ ᠲᠤᠭᠲᠠᠭᠠᠬᠤ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/24
      6 ᠰᠠᠷ᠎ᠠ ᠶᠢᠨ 23 ᠤ ᠡᠳᠦᠷ᠂ ᠤᠷᠳᠤᠰ ᠨᠠᠷᠢᠨ ᠨᠤᠤᠰᠤᠲᠤ ᠬᠤᠨᠢᠨ ᠤ ᠰᠤᠶᠤᠯ ᠤᠨ ᠠᠵᠤ ᠦᠢᠯᠡᠰ ᠢ ᠪᠡᠶᠡᠴᠢᠯᠡᠨ ᠤᠶᠢᠯᠠᠭᠠᠬᠤ ᠤᠷᠳᠤᠨ ᠢ ᠪᠠᠶᠢᠷᠢᠯᠠᠭᠤᠯᠤᠨ ᠴᠢᠮᠡᠬᠦ ᠲᠦᠰᠦᠯ ᠢ ᠲᠤᠭᠲᠠᠭᠠᠬᠤ ᠰᠠᠭᠤᠳᠠᠯ ᠤᠨ ᠬᠤᠷᠠᠯ ᠤᠯᠠᠭᠠᠨᠲᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠳᠤ ᠬᠤᠷᠠᠯᠳᠤᠪᠠ᠃ ᠦᠪᠦᠷ ᠮᠣᠩᠭᠤᠯ ᠤᠨ ᠤᠳᠬ᠎ᠠ ᠤᠷᠠᠯᠢᠭ ᠤᠨ ᠬᠤᠯᠪᠣᠭᠠᠨ ᠤ ᠰᠣᠳᠣᠯᠣᠭᠴᠢ ᠦᠪᠦᠷ ᠮᠤᠩᠭᠤᠯ ᠤᠨ ᠮᠠᠯ ᠲᠠᠷᠢᠶᠠᠯᠠᠩ ᠤᠨ ᠶᠡᠭᠡ ᠰᠤᠷᠭᠠᠭᠤᠯᠢ ᠤᠨ ᠫᠷᠤᠹᠧᠰᠰᠣᠷ ᠪᠤᠯᠤᠨ ᠬᠤᠰᠢᠭᠤ ᠳᠡᠳ᠋ ᠳᠠᠷᠤᠭ᠎ᠠ ᠠᠯᠲᠠᠨᠴᠢᠯᠠᠭᠤ ᠵᠢᠴᠢ ᠬᠤᠰᠢᠭᠤ ᠮᠠᠯ ᠲᠠᠷᠢᠶᠠᠯᠠᠩ ᠰᠤᠶᠤᠯ ᠵᠢᠭᠤᠯᠴᠢᠯᠠᠯ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠤᠮᠫᠠᠨᠢ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ  ᠲᠤᠪᠴᠢᠶ᠎ᠠ᠂  ᠳᠡᠯᠭᠡᠨ ᠦᠵᠡᠭᠦᠯᠤᠯᠬᠡ ᠶᠢᠨ ᠤᠷᠳᠤᠨ ᠤ ᠪᠦᠲᠦᠭᠡᠨ ᠪᠠᠶᠢᠭᠤᠯᠤᠯᠲᠠ ᠳᠤ ᠬᠤᠯᠪᠤᠭᠳᠠᠬᠤ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠤᠷᠤᠯᠴᠠᠪᠠ᠃      ᠰᠠᠭᠤᠳᠠᠯ ᠤᠨ ᠬᠤᠷᠠᠯ ᠳᠡᠭᠡᠷ᠎ᠡ᠂ ᠬᠤᠯᠪᠤᠭᠳᠠᠯ ᠪᠥᠭᠦᠢ ᠺᠤᠮᠫᠠᠨᠢ ᠶᠢᠨ ᠬᠠᠷᠢᠭᠤᠴᠠᠯᠭᠠᠳᠠᠨ ᠠᠴᠠ ᠲᠤᠰ ᠤᠷᠳᠤᠨ ᠤ ᠲᠤᠳᠤᠷᠠᠬᠢ ᠳᠡᠯᠭᠡᠨ ᠦᠵᠡᠭᠦᠯᠬᠦ ᠠᠭᠤᠯᠭ᠎ᠠ ᠵᠢᠴᠢ ᠤᠷᠳᠤᠨ ᠤ ᠪᠦᠲᠦᠴᠡ ᠶᠢᠨ ᠲᠠᠯ᠎ᠠ ᠪᠠᠷ ᠠᠩᠬᠠᠨ ᠤ ᠪᠤᠷᠤ ᠵᠢᠷᠤᠭ ᠢᠶᠠᠨ  ᠲᠠᠶᠢᠯᠪᠤᠷᠢᠯᠠᠵᠤ᠂ ᠡᠨᠡᠬᠦ ᠪᠤᠷᠤ ᠵᠢᠷᠤᠭ ᠤᠨ ᠲᠤᠭᠤᠷᠢᠨ ᠳᠤ ᠡᠷᠳᠡᠮᠲᠡᠨ ᠪᠠᠭᠰᠢ ᠨᠠᠷ ᠠᠴᠠ ᠤᠷᠳᠤᠰ ᠨᠠᠷᠢᠨ ᠨᠤᠤᠰᠤᠲᠤ ᠬᠤᠨᠢᠨ ᠤ ᠡᠭᠦᠰᠦᠯ ᠬᠦᠭᠵᠢᠯ᠂ ᠮᠠᠯᠵᠢᠬᠤ ᠰᠤᠶᠤᠯ᠂ ᠢᠳᠡᠭᠡᠨ ᠤᠮᠳᠠᠭᠠᠨ ᠤ ᠰᠤᠶᠤᠯ ᠵᠡᠷᠭᠡ ᠠᠭᠤᠯᠭ᠎ᠠ ᠶᠢ ᠬᠡᠷᠬᠢᠨ ᠤᠯᠠᠨ ᠲᠦᠮᠡᠨ ᠳᠤ ᠬᠠᠷᠠᠭᠤᠯᠬᠤ᠂ ᠬᠡᠷᠬᠢᠨ ᠠᠵᠤ ᠦᠢᠯᠡᠰᠵᠢᠭᠦᠯᠬᠦ ᠲᠠᠯ᠎ᠠ ᠪᠠᠷ ᠦᠪᠡᠷ ᠦᠪᠡᠷ ᠤᠨ ᠰᠠᠨᠠᠯ ᠪᠤᠳᠤᠯ ᠢᠶᠠᠨ ᠬᠤᠪᠢᠶᠠᠯᠴᠠᠭᠰᠠᠨ ᠪᠠᠶᠢᠨ᠎ᠠ᠃     ᠰᠠᠭᠤᠳᠠᠯ ᠤᠨ ᠬᠤᠷᠠᠯ ᠳᠡᠭᠡᠷ᠎ᠡ ᠪᠠᠰᠠ ᠰᠢ ᠠᠠ ᠬᠤᠲᠠ ᠶᠢᠨ ᠶᠢᠨ ᠱᠢ ᠶᠠᠩ ᠰᠤᠶᠤᠯ ᠤᠨ ᠠᠵᠤ ᠦᠢᠯᠡᠰ ᠤᠨ ᠪᠦᠯᠦᠭᠯᠡᠯ ᠤᠨ ᠰᠢ ᠠᠠ ᠬᠤᠲᠠ ᠶᠢᠨ ᠬᠤᠨᠢᠨ ᠰᠤᠶᠤᠯ ᠤᠨ ᠮᠦᠽᠧᠢ ᠶᠢᠨ ᠵᠦᠪᠯᠡᠭᠴᠢ ᠭᠥᠸᠧ ᡁᠢ ᠬᠤᠸᠠ ᠲᠠᠢ ᠸᠢᠳᠢᠤ᠋ ᠪᠠᠷ  ᠬᠤᠯᠪᠤᠵᠤ ᠲᠤᠷᠰᠢᠯᠭ᠎ᠠ ᠰᠠᠨᠠᠯ ᠢ ᠨᠢ ᠬᠦᠯᠢᠶᠠᠨ ᠰᠤᠨᠤᠰᠤᠭᠰᠠᠨ ᠪᠠᠶᠢᠨ᠎ᠠ᠃                                           ᠰᠣᠷᠪᠣᠯᠵᠢᠯᠠᠭᠴᠢ᠄ ᠯᠾᠠᠸᠠᠩᠨᠤᠷᠪᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ