ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/24
      6 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠬᠤᠷᠠᠯ ᠢ ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠵᠡᠷᠭᠡ ᠰᠢᠶᠠᠨ ᠤ ᠲᠡᠰ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
1.jpg    
      ᠬᠤᠷᠠᠯ ᠲᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠡᠭᠦᠳᠦᠨ ᠪᠠᠶᠢᠭᠤᠯᠤᠯᠲᠠ ᠶᠢᠨ ᠭᠠᠵᠠᠷ ᠤᠨ ᠳᠠᠷᠤᠭ᠎ᠠ ᠷᠧᠨ ᠯᠢ ᠬᠤᠸᠠ ᠶᠢ ᠤᠷᠢᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠡᠳᠦᠨ ᠤᠬᠠᠭᠳᠠᠬᠤᠨ ᠵᠢᠴᠢ ᠬᠥᠭᠵᠢᠯᠲᠡ ᠶᠢᠨ ᠱᠠᠲᠤ᠂ ᠶᠠᠭᠤᠨ ᠤ ᠤᠴᠢᠷ ᠠᠴᠠ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠯᠲᠠ ᠶᠢ ᠮᠠᠭᠠᠳᠯᠠᠨ ᠲᠣᠭᠲᠠᠭᠠᠬᠤ ᠠᠷᠭ᠎ᠠ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠷᠭ᠎ᠠ ᠵᠠᠮ ᠵᠡᠷᠭᠡ ᠲᠦᠷᠪᠡᠨ ᠲᠠᠯ᠎ᠠ ᠪᠠᠷ ᠭᠦᠨᠵᠡᠭᠡᠢ ᠨᠠᠷᠢᠨ ᠲᠠᠶᠢᠯᠪᠤᠷᠢᠯᠠᠯᠲᠠ ᠬᠢᠯᠭᠡᠪᠡ᠃ ᠲᠠᠶᠢᠯᠤᠮᠵᠢ ᠨᠢ ᠭᠤᠣᠯ ᠰᠡᠳᠦᠪ ᠲᠠᠢ ᠨᠢᠭᠲᠠ ᠤᠶᠠᠯᠳᠤᠨ ᠭᠤᠣᠯᠳᠠᠯᠭ᠎ᠠ ᠨᠢ ᠲᠣᠪᠣᠶᠢᠮ᠎ᠠ᠂ ᠬᠢᠯᠪᠠᠷ ᠣᠶᠢᠯᠠᠭᠠᠮᠵᠢᠲᠠᠢ ᠪᠠᠶᠢᠵᠤ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠵᠣᠭᠰᠣᠴᠠ ᠪᠤᠯᠭᠠᠨ ᠲᠤᠳᠠᠭᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠬᠦ ᠪᠠᠷ ᠭᠠᠷᠳᠠᠴᠠ ᠪᠣᠯᠭᠠᠵᠤ ᠡᠭᠦᠳᠦᠨ ᠪᠠᠶᠢᠭᠤᠯᠬᠤ ᠢᠲᠡᠭᠡᠯ ᠵᠣᠷᠢᠭ ᠢᠶᠠᠨ ᠬᠥᠪᠴᠢᠯᠡᠬᠦ ᠪᠠᠷ ᠡᠬᠢᠯᠡᠯᠲᠡ ᠪᠣᠯᠭᠠᠨ ᠬᠤᠶᠢᠰᠢᠳᠠ ᠶᠢᠨ ᠮᠠᠨ ᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠦᠨᠳᠦᠰᠦᠨ ᠵᠢᠷᠤᠮᠯᠠᠯ ᠬᠠᠩᠭᠠᠪᠠ᠃      ᠬᠤᠷᠠᠯ ᠠᠴᠠ ᠵᠢᠭᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠠᠵᠢᠯ ᠤᠨ ᠪᠠᠶᠢᠷᠢᠯᠠᠭᠤᠯᠤᠯᠲᠠ ᠪᠠᠨ ᠴᠢᠩᠭᠠᠳᠬᠠᠨ ᠲᠠᠶᠢᠯᠤᠮᠵᠢ ᠶᠢᠨ ᠠᠭᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠣᠳᠣᠬᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠳᠠᠬᠢᠨ ᠪᠠᠶᠢᠴᠠᠭᠠᠵᠤ ᠰᠢᠯᠭᠠᠨ ᠦᠨᠡᠯᠡᠬᠦ ᠠᠵᠢᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠨ ᠲᠣᠰ ᠲᠣᠰ ᠤᠨ ᠡᠭᠦᠷᠭᠡ ᠴᠢᠳᠠᠪᠤᠷᠢ ᠶᠢᠨ ᠲᠣᠭᠤᠷᠢᠨ ᠳᠤ ᠪᠠᠷᠢᠮᠵᠢᠶ᠎ᠠ ᠲᠠᠢ ᠬᠠᠷᠭᠤᠭᠤᠯᠤᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠨᠠᠷᠢᠯᠢᠭᠵᠢᠭᠤᠯᠬᠤ᠂ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠠᠬᠢᠭᠤᠯᠬᠤ ᠭᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠬᠠᠷᠢᠭᠤᠴᠠᠯᠭ᠎ᠠ᠂ ᠬᠠᠮᠢᠶᠠᠷᠤᠯᠲᠠ ᠪᠠᠨ ᠴᠢᠩᠭᠠᠳᠬᠠᠵᠤ ᠠᠵᠢᠯ ᠢ ᠨᠡᠶᠢᠲᠡᠮᠵᠢᠬᠦᠯᠬᠦ ᠶᠢ ᠪᠠᠲᠤᠯᠠᠨ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠪᠦᠷᠢᠯᠳᠦᠭᠦᠯᠵᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢᠶᠠᠷ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ ᠨᠡᠶᠢᠭᠡᠮ ᠤᠨ ᠤᠬᠠᠭᠤᠯᠭ᠎ᠠ ᠶᠢᠨ ᠡᠬᠢ ᠪᠠᠶᠠᠯᠢᠭ ᠢ ᠶᠡᠭᠡ ᠪᠠᠷ ᠡᠮᠬᠢᠯᠡᠨ ᠨᠡᠶᠢᠯᠡᠭᠦᠯᠵᠦ ᠡᠯ᠎ᠡ ᠱᠠᠲᠤᠨ ᠤ ᠡᠯ᠎ᠡ ᠲᠦᠷᠦᠯ ᠤᠨ ᠰᠣᠨᠢᠨ ᠮᠡᠳᠡᠭᠡᠨ ᠤ ᠵᠠᠭᠤᠴᠢᠯᠠᠭᠤᠷ ᠢ ᠠᠰᠢᠭᠯᠠᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ ᠤᠯᠠᠨ ᠲᠦᠮᠡᠨ ᠢ ᠲᠠᠶᠢᠴᠢᠯᠠᠨ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃                                                                ᠰᠤᠷᠪᠤᠯᠵᠢᠯᠠᠬᠴᠢ᠄ ᠯᠤᠨᠳᠤᠨᠬᠤᠸᠠᠷ   ᠾᠧ ᠵᠢᠢ ᠶᠦᠨ   ᠪᠠᠢ ᠰᠢᠤᠸᠠᠢ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ