ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 22 ᠤᠨ ᠴᠠᠬᠢᠯᠭᠠᠨ ᠮᠡᠳᠡᠭ᠊ᠡ᠋ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠰᠢ ᠶᠢᠨ ᠫᠢᠩ 6 ᠰᠠᠷ᠎ᠠ ᠶᠢᠨ 22 ᠤᠨ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠳ᠋ᠠᠶᠢᠲ᠋ᠠ ᠶᠢᠨ ᠰᠠᠭᠤᠷᠢ | ᠲᠦᠷᠢᠮ ᠢ ᠪᠠᠶᠢᠭᠤᠯᠵᠤ ᠳ᠋ᠠᠶᠢᠲ᠋ᠠ ᠶᠢᠨ ᠡᠯᠧᠮᠧᠨ᠋ᠲ ᠤᠨ ᠦᠶᠯᠡᠳᠦᠯ ᠢ ᠨᠠᠩ ᠰᠠᠶᠢᠲᠤᠷ ᠪᠠᠳᠠᠷᠠᠭᠤᠯᠬᠤ ᠲᠤᠬᠠᠶ ᠰᠠᠨᠠᠯ︾᠂ ︽ᠵᠠᠰᠠᠭ ᠵᠠᠬᠢᠷᠭᠠᠨ ᠤ | ᠬᠤᠪᠢᠶᠠᠷᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠥᠨᠡᠯᠡᠬᠦ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠲᠤᠬᠠᠶ ᠠᠵᠢᠯ ᠤᠨ ᠲᠥᠰᠦᠯ︾᠂ ︽ᠲᠣᠮᠣ ᠬᠡᠯᠪᠡᠷᠢ ᠶᠢᠨ ᠲᠤᠭᠠᠴᠠᠭ᠎ᠠ ᠬᠢᠬᠦ ᠲᠠᠪᠴᠠᠩ ᠤᠨ | ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠲᠤᠭᠠᠴᠠᠭ᠎ᠠ ᠬᠢᠬᠦ ᠪᠠ ᠮᠥᠩᠭᠦᠨ ᠭᠦᠶᠯᠭᠡᠭᠡᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠢᠷᠤᠮᠵᠢᠩᠭᠤᠢ ᠡᠷᠡᠭᠦᠯ ᠢᠶᠠᠷ ᠬᠥᠭᠵᠢᠬᠦ ᠶᠢ ᠠᠬᠢᠭᠤᠯᠬᠤ ᠠᠵᠢᠯ ᠤᠨ ᠲᠥᠰᠦᠯ︾ ᠢ ᠬᠢᠨᠠᠨ ᠵᠦᠪᠯᠡᠵᠤ ᠪᠠᠳᠤᠯᠠᠵᠠᠢ᠃ | ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ ᠳ᠋ᠠᠶᠢᠲ᠋ᠠ ᠶᠢᠨ ᠰᠠᠭᠤᠷᠢ ᠲᠦᠷᠢᠮ ᠤᠨ ᠪᠠᠶᠢᠭᠤᠯᠤᠯᠲᠠ ᠨᠢ ᠤᠯᠤᠰ ᠤᠨ ᠬᠥᠭᠵᠢᠯᠲᠡ ᠪᠠ ᠠᠮᠤᠷ | ᠲᠦᠪᠰᠢᠨ ᠤ ᠶᠡᠭᠡ ᠲᠠᠯ᠎ᠠ ᠳᠤ ᠬᠤᠯᠪᠣᠭᠳᠠᠨ᠎ᠠ᠂ ᠤᠯᠤᠰ ᠤᠨ ᠳ᠋ᠠᠶᠢᠲ᠋ᠠ ᠶᠢᠨ ᠠᠮᠤᠷ ᠲᠦᠪᠰᠢᠨ ᠢ ᠬᠠᠮᠠᠭᠠᠯᠠᠵᠤ᠂ ᠬᠤᠪᠢ ᠬᠥᠮᠦᠨ ᠤ ᠮᠡᠳᠡᠭᠡ ᠵᠠᠩᠭᠢ ᠪᠠ | ᠬᠤᠳᠠᠯᠳᠤᠭᠠᠨ ᠤ ᠨᠢᠭᠤᠴᠠ ᠶᠢ ᠬᠠᠮᠠᠭᠠᠯᠠᠵᠤ᠂ ᠳ᠋ᠠᠶᠢᠲ᠋ᠠ ᠶᠢᠨ ᠥᠨᠳᠥᠷ ᠪᠦᠲᠦᠮᠵᠢᠲᠡᠢ ᠭᠦᠢᠯᠭᠡᠭᠡ ᠬᠡᠷᠡᠭᠯᠡᠯᠲᠡ ᠶᠢ ᠠᠬᠢᠭᠤᠯᠵᠤ᠂ ᠪᠣᠳᠠᠲᠤ ᠴᠣᠭᠴᠠ ᠶᠢᠨ | ᠠᠵᠤ ᠠᠬᠤᠢ ᠳᠤ ᠬᠦᠴᠦᠨ ᠴᠢᠳᠠᠯ ᠣᠯᠭᠤᠵᠤ᠂ ᠳ᠋ᠠᠶᠢᠲ᠋ᠠ ᠶᠢᠨ ᠥᠮᠴᠢᠯᠡᠯ ᠤᠨ ᠡᠷᠬᠡ᠂ ᠭᠦᠢᠯᠭᠡᠭᠡ ᠶᠢᠨ ᠠᠷᠠᠯᠵᠢᠶ᠎ᠠ᠂ ᠠᠰᠢᠭ ᠣᠷᠣᠯᠭ᠎ᠠ ᠶᠢᠨ | ᠬᠤᠪᠢᠶᠠᠷᠢᠯᠠᠯᠲᠠ᠂ ᠠᠮᠤᠷ ᠲᠦᠪᠰᠢᠨ ᠤ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳ᠋ᠠᠶᠢᠲ᠋ᠠ ᠶᠢᠨ ᠰᠠᠭᠤᠷᠢ ᠲᠦᠷᠢᠮ ᠤᠨ ᠰᠢᠰᠲ᠋ᠧᠮ ᠢ | ᠲᠦᠷᠭᠡᠳᠭᠡᠨ ᠪᠠᠶᠢᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠬᠤᠪᠢᠶᠠᠷᠢᠯᠠᠯ ᠤᠨ ᠠᠵᠢᠯ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠰᠣᠬᠤᠷ ᠪᠠᠯᠠᠢ ᠡᠮᠬᠢ ᠵᠢᠷᠤᠮ ᠦᠭᠡᠢ ᠪᠠᠶᠢᠬᠤ ᠠᠴᠠ | ᠵᠠᠶᠢᠯᠠᠰᠭᠢᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠮ᠎ᠡ ᠶᠣᠰᠣ ᠪᠣᠯᠤᠨ ᠴᠢᠳᠠᠪᠤᠷᠢᠲᠠᠨ ᠤ ᠦᠰᠦᠨ ᠪᠣᠶᠢᠵᠢᠬᠤ | ᠵᠢᠮ᠎ᠡ ᠶᠣᠰᠣ ᠶᠢ ᠵᠢᠷᠤᠮᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠬᠥᠭᠵᠢᠭᠡᠬᠦ ᠪᠠᠷ ᠬᠠᠷᠠᠯᠲᠠ ᠪᠣᠯᠭᠠᠵᠤ᠂ ᠰᠢᠨ᠎ᠡ ᠶᠢ ᠡᠭᠦᠳᠬᠦ ᠠᠵᠢᠯᠯᠠᠭ᠎ᠠ ᠶᠢᠨ ᠲᠦᠷᠦᠯ ᠬᠡᠯᠪᠡᠷᠢ ᠶᠢ ᠦᠨᠳᠦᠰᠦᠯᠡᠨ᠂ ᠰᠢᠨ᠎ᠡ ᠶᠢ ᠡᠭᠦᠳᠬᠦ ᠦᠷᠳᠡᠭ᠂ | ᠴᠢᠳᠠᠪᠤᠷᠢ᠂ ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ | ᠪᠠᠶᠢᠭᠤᠯᠵᠤ᠂ ᠬᠥᠮᠦᠨ ᠪᠤᠯᠭᠠᠨ ᠡᠷᠳᠡᠮ ᠴᠢᠳᠠᠪᠤᠷᠢ ᠪᠠᠨ ᠭᠦᠢᠴᠡᠳ ᠪᠠᠳᠠᠷᠠᠭᠤᠯᠬᠤ᠂ ᠬᠦᠮᠦᠨ ᠪᠦᠬᠦᠨ ᠤ ᠡᠷᠳᠡᠮ ᠴᠢᠳᠠᠪᠤᠷᠢ ᠶᠢ ᠭᠦᠢᠴᠡᠳ ᠬᠡᠷᠡᠭᠯᠡᠬᠦ᠂ | ᠡᠷᠳᠡᠮ ᠴᠢᠳᠠᠪᠤᠷᠢ ᠪᠠᠨ ᠬᠡᠷᠡᠭᠯᠡᠵᠤ ᠠᠮᠵᠢᠯᠲᠠ ᠪᠦᠳᠦᠮᠵᠢ ᠭᠠᠷᠭᠠᠬᠤ ᠶᠢ ᠬᠦᠳᠤᠯᠤᠨ ᠵᠢᠯᠣᠭᠤᠳᠬᠤ ᠬᠡᠷᠡᠭᠲᠡᠢ᠃ ᠲᠤᠮᠤ ᠬᠡᠯᠪᠡᠷᠢ ᠶᠢᠨ ᠲᠣᠭᠠᠴᠠᠭ᠎ᠠ ᠬᠢᠬᠦ ᠪᠠ | ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠴᠠᠩ ᠤᠨ ᠠᠵᠤ ᠠᠬᠤᠶᠢᠯᠠᠯ ᠤᠨ ᠡᠬᠢᠨ ᠤ ᠴᠢᠳᠠᠮᠵᠢ ᠳᠠᠭᠠᠨ ᠪᠤᠴᠠᠬᠤ ᠶᠢ | ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠤᠨ᠂ ᠲᠦᠷᠢᠮ ᠤᠨ ᠳᠤᠲᠠᠭᠤᠳᠠᠯ ᠢ ᠨᠥᠬᠦᠪᠥᠷᠢᠯᠡᠵᠦ᠂ ᠲᠣᠭᠠᠴᠠᠭ᠎ᠠ ᠬᠢᠬᠦ ᠪᠠ ᠮᠥᠩᠭᠦᠨ | ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠨ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠭᠡᠮ | ᠰᠣᠭᠤᠭ ᠢ ᠰᠡᠷᠭᠡᠶᠢᠯᠡᠨ ᠠᠷᠢᠯᠭᠠᠵᠤ᠂ ᠲᠠᠪᠴᠠᠩ ᠤᠨ ᠠᠵᠤ ᠠᠬᠤᠶᠢᠯᠠᠯ ᠨᠢ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠠ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠢᠯᠤᠭᠤᠳᠬᠠᠬᠤ ᠵᠡᠷᠭᠡ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠬᠦ ᠶᠢ ᠳᠡᠮᠵᠢᠬᠦ ᠬᠡᠷᠡᠭᠲᠡᠢ ᠭᠡᠵᠤ | ᠴᠢᠬᠤᠯᠠᠴᠢᠯᠠᠵᠠᠢ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠬᠤᠷᠠᠯ ᠳᠤ ᠣᠷᠣᠯᠴᠠᠪᠠ᠃ | ᠬᠤᠷᠠᠯ ᠠᠴᠠ᠂ ᠳ᠋ᠠᠶᠢᠲ᠋ᠠ ᠨᠢ ᠰᠢᠨ᠎ᠡ ᠬᠡᠯᠪᠡᠷᠢ ᠶᠢᠨ ᠦᠶᠯᠡᠳᠪᠦᠷᠢᠯᠡᠯ ᠤᠨ ᠡᠯᠧᠮᠧᠨ᠋ᠲ ᠪᠣᠯᠤᠭᠰᠠᠨ ᠤ ᠬᠤᠪᠢ ᠳᠤ᠂ ᠲᠣᠭᠠᠴᠢᠯᠠᠯᠳᠠ᠂ ᠰᠦᠯᠵᠢᠶᠡᠵᠢᠯᠳᠡ | ᠂ ᠤᠶᠤᠨᠴᠢᠯᠠᠯᠳᠠ ᠶᠢᠨ ᠰᠠᠭᠤᠷᠢ ᠮᠦᠨ᠂ ᠨᠢᠭᠡᠨᠲᠡ ᠦᠶᠯᠡᠳᠪᠦᠷᠢᠯᠡᠯ᠂ ᠬᠤᠪᠢᠶᠠᠷᠢᠯᠠᠯᠲᠠ᠂ ᠭᠦᠶᠯᠭᠡᠭᠡ᠂ ᠬᠡᠷᠡᠭᠯᠡᠭᠡ ᠪᠠ ᠨᠡᠶᠢᠭᠡᠮ ᠤᠨ ᠦᠶᠯᠡᠴᠢᠯᠡᠭᠡ | ᠬᠠᠮᠢᠶᠠᠷᠤᠯᠲᠠ ᠵᠡᠷᠭᠡ ᠡᠯ᠎ᠡ ᠭᠤᠭᠴᠤᠭ᠎ᠠ ᠳᠤ ᠦᠳᠳᠡᠷ ᠲᠦᠷᠭᠡᠨ ᠢᠶᠠᠷ ᠠᠭᠤᠰᠤᠯᠴᠠᠵᠤ᠂ ᠦᠶᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ | ᠬᠡᠯᠪᠡᠷᠢ ᠪᠠ ᠨᠡᠶᠢᠭᠡᠮ ᠤᠨ ᠵᠠᠰᠠᠯᠲᠠ ᠶᠢᠨ ᠠᠷᠭ᠎ᠠ ᠬᠡᠯᠪᠡᠷᠢ ᠶᠢ ᠭᠦᠨᠵᠡᠭᠡᠶ ᠬᠤᠪᠢᠷᠠᠭᠤᠯᠵᠤ ᠪᠠᠶᠢᠨ᠎ᠠ᠃ ᠮᠠᠨ ᠤ ᠤᠯᠤᠰ ᠪᠣᠯ ᠳ᠋ᠠᠶᠢᠲ᠋ᠠ ᠶᠢᠨ ᠬᠡᠪᠴᠢᠶᠡᠵᠢᠯ ᠪᠠ | ᠳ᠋ᠠᠶᠢᠲ᠋ᠠ ᠶᠢᠨ ᠬᠡᠷᠡᠭᠯᠡᠭᠡᠨ ᠤ ᠳᠠᠪᠠᠭᠤᠯᠢᠭ ᠲᠠᠢ ᠶᠤᠮ᠂ ᠪᠢᠳᠡ ᠳ᠋ᠠᠶᠢᠲ᠋ᠠ ᠶᠢᠨ ᠠᠮᠤᠷ ᠲᠦᠪᠰᠢᠨ ᠤ ᠬᠠᠤᠯᠢ᠂ ᠬᠤᠪᠢ ᠬᠥᠮᠦᠨ ᠤ ᠮᠡᠳᠡᠭᠡ ᠵᠠᠩᠭᠢ ᠶᠢ | ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠡᠶᠢᠲᠡᠯᠡᠬᠦ ᠶᠢ ᠠᠬᠢᠭᠤᠯᠵᠤ᠂ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷᠴᠢᠯᠡᠯᠲᠡ ᠶᠢ | ᠢᠳᠡᠪᠬᠢᠲᠡᠶ ᠰᠦᠪᠡᠭᠴᠢᠯᠡᠨ ᠠᠬᠢᠭᠤᠯᠵᠤ᠂ ᠳ᠋ᠠᠶᠢᠲ᠋ᠠ ᠪᠠᠷ ᠵᠠᠩᠭᠢᠯᠠᠭ᠎ᠠ ᠶᠢᠨ ᠡᠯᠧᠮᠧᠨ᠋ᠲ ᠪᠣᠯᠭᠠᠭᠰᠠᠨ ᠲᠣᠭᠠᠴᠢᠯᠠᠭᠰᠠᠨ ᠠᠵᠤ ᠠᠬᠤᠶ ᠶᠢ ᠲᠦᠷᠭᠡᠳᠭᠡᠨ | ᠪᠠᠶᠢᠭᠤᠯᠵᠤ᠂ ᠢᠳᠡᠪᠬᠢᠲᠡᠶ ᠠᠬᠢᠴᠠ ᠲᠠᠢ ᠪᠣᠯᠪᠠ᠃ ᠳ᠋ᠠᠶᠢᠲ᠋ᠠ ᠶᠢᠨ ᠥᠮᠴᠢᠯᠡᠯ ᠤᠨ ᠡᠷᠬᠡ ᠶᠢᠨ ᠲᠦᠷᠢᠮ ᠢ ᠪᠠᠶᠢᠭᠤᠯᠵᠤ᠂ ᠤᠯᠠᠨ ᠨᠡᠶᠢᠲᠡ ᠶᠢᠨ ᠳ᠋ᠠᠶᠢᠲ᠋ᠠ᠂ | ᠠᠵᠤ ᠠᠬᠤᠶᠢᠯᠠᠯ ᠤᠨ ᠳ᠋ᠠᠶᠢᠲ᠋ᠠ᠂ ᠬᠤᠪᠢ ᠬᠥᠮᠦᠨ ᠤ ᠳ᠋ᠠᠶᠢᠲ᠋ᠠ ᠶᠢ ᠲᠦᠷᠦᠯ ᠬᠤᠪᠢᠶᠠᠨ ᠲᠡᠰ ᠬᠤᠪᠢᠶᠠᠨ ᠡᠷᠬᠡ ᠶᠢ ᠨᠤᠲᠠᠯᠠᠨ ᠲᠤᠬᠳᠠᠭᠠᠵᠤ ᠡᠷᠬᠡ ᠣᠯᠭᠤᠵᠤ | ᠬᠡᠷᠡᠭᠯᠡᠭᠦ ᠶᠢ ᠠᠬᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠡᠵᠡᠮᠳᠡᠬᠦ ᠡᠷᠬᠡ᠂ ᠳ᠋ᠠᠶᠢᠲ᠋ᠠ ᠶᠢ ᠪᠤᠯᠪᠠᠰᠤᠷᠠᠭᠤᠯᠤᠨ ᠬᠡᠷᠡᠭᠯᠡᠬᠦ ᠡᠷᠬᠡ᠂ ᠳ᠋ᠠᠶᠢᠲ᠋ᠠ ᠶᠢᠨ | ᠪᠦᠲᠦᠭᠡᠭᠳᠡᠭᠦᠨ ᠤ ᠡᠵᠡᠩᠨᠡᠯᠲᠡ ᠶᠢᠨ ᠡᠷᠬᠡ ᠵᠡᠷᠭᠡ ᠶᠢ ᠰᠠᠯᠭᠠᠨ ᠬᠤᠪᠢᠶᠠᠭᠰᠠᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠲᠣᠭᠲᠡᠴᠡ ᠶᠢ ᠪᠠᠶᠢᠭᠤᠯᠵᠤ᠂ | ᠳ᠋ᠠᠶᠢᠲ᠋ᠠ ᠶᠢᠨ ᠡᠯᠧᠮᠧᠨ᠋ᠲ ᠤᠨ ᠡᠷᠬᠡ ᠠᠰᠢᠭ ᠢ ᠬᠠᠮᠠᠭᠠᠯᠠᠬᠤ ᠲᠦᠷᠢᠮ ᠢ ᠪᠦᠷᠢᠨᠰᠢᠬᠦᠯᠬᠦ ᠬᠡᠷᠡᠭᠲᠡᠢ᠃ ᠲᠣᠭᠲᠠᠭᠠᠯ ᠳᠤ ᠨᠡᠶᠢᠴᠡᠬᠦ ᠥᠨᠳᠥᠷ ᠪᠦᠲᠦᠮᠵᠢᠲᠡᠶ | ᠳ᠋ᠠᠶᠢᠲ᠋ᠠ ᠶᠢᠨ ᠡᠯᠧᠮᠧᠨ᠋ᠲ ᠤᠨ ᠭᠦᠶᠯᠭᠡᠭᠡ ᠪᠠ ᠠᠷᠠᠯᠵᠢᠶᠠᠨ ᠤ ᠲᠦᠷᠢᠮ ᠢ ᠪᠠᠶᠢᠭᠤᠯᠵᠤ᠂ ᠳ᠋ᠠᠶᠢᠲ᠋ᠠ ᠶᠢᠨ ᠪᠥᠬᠦ ᠶᠠᠪᠤᠴᠠ ᠶᠢ ᠲᠣᠭᠲᠠᠭᠠᠯ ᠳᠤ ᠨᠡᠶᠢᠴᠡᠭᠦᠯᠬᠦ ᠪᠠ | ᠬᠢᠨᠠᠨ ᠬᠠᠮᠢᠶᠠᠷᠬᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠢᠷᠤᠮᠵᠢᠭᠰᠠᠨ ᠳ᠋ᠠᠶᠢᠲ᠋ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠬᠤ ᠬᠡᠷᠡᠭᠲᠡᠶ᠃ | ᠳ᠋ᠠᠶᠢᠲ᠋ᠠ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠲᠣᠭᠲᠡᠴᠡ ᠶᠢ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠡᠯᠧᠮᠧᠨ᠋ᠲ ᠤᠨ ᠠᠰᠢᠭ | ᠣᠷᠣᠯᠭ᠎ᠠ ᠶᠢᠨ ᠬᠤᠪᠢᠶᠠᠷᠢᠯᠠᠯᠲᠠ ᠳᠠᠬᠢ ᠵᠠᠰᠠᠭ ᠤᠨ ᠣᠷᠳᠣᠨ ᠤ ᠬᠥᠲᠥᠯᠥᠨ ᠵᠢᠯᠣᠭᠤᠳᠴᠤ ᠲᠣᠬᠢᠷᠠᠭᠤᠯᠬᠤ ᠦᠶᠯᠡᠳᠦᠯ ᠢ ᠨᠠᠩ ᠰᠠᠶᠢᠲᠤᠷ ᠪᠠᠳᠠᠷᠠᠭᠤᠯᠵᠤ᠂ | ᠦᠷ᠎ᠡ ᠪᠦᠲᠦᠮᠵᠢ ᠶᠢ ᠢᠯᠡᠷᠡᠭᠦᠯᠬᠦ᠂ ᠡᠷᠬᠡ ᠲᠡᠭᠰᠢ ᠶᠢ ᠠᠬᠢᠭᠤᠯᠬᠤ ᠳ᠋ᠠᠶᠢᠲ᠋ᠠ ᠶᠢᠨ ᠡᠯᠧᠮᠧᠨ᠋ᠲ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ | ᠪᠠᠶᠢᠭᠤᠯᠬᠤ ᠬᠡᠷᠡᠭᠲᠡᠶ᠃ ᠠᠮᠤᠷ ᠲᠦᠪᠰᠢᠨ ᠢ ᠳ᠋ᠠᠶᠢᠲ᠋ᠠ ᠶᠢᠨ ᠵᠠᠰᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠠᠮᠤᠷ ᠲᠦᠪᠰᠢᠨ ᠤ ᠬᠤᠷᠢᠭ᠎ᠠ | ᠱᠤᠭᠤᠮ ᠢ ᠪᠠᠲᠤ ᠰᠠᠬᠢᠵᠤ᠂ ᠬᠢᠨᠠᠯᠲᠠ ᠬᠠᠮᠢᠶᠠᠷᠤᠯᠲᠠ ᠶᠢᠨ ᠤᠯᠠᠭᠠᠨ ᠱᠤᠭᠤᠮ ᠢ ᠲᠣᠳᠣᠷᠬᠠᠶᠢᠯᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ | ᠬᠡᠷᠡᠭᠵᠢᠭᠦᠯᠬᠦ ᠬᠠᠤᠯᠢ ᠪᠠᠷᠢᠬᠤ ᠠᠵᠢᠯ ᠢ ᠴᠢᠩᠭᠠᠳᠬᠠᠵᠤ᠂ ᠡᠷᠬᠡᠪᠰᠢ ᠴᠢᠩᠭ᠎ᠠ ᠬᠠᠮᠢᠶᠠᠷᠬᠤ ᠬᠡᠷᠡᠭᠲᠡᠢ ᠶᠢ ᠨᠢ ᠲᠤᠶᠢᠯᠪᠤᠷᠢᠲᠠᠢ ᠬᠠᠮᠢᠶᠠᠷᠬᠤ ᠬᠡᠷᠡᠭᠲᠡᠢ᠃ ᠵᠠᠰᠠᠭ | ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠤᠯᠠᠨ ᠲᠠᠯ᠎ᠠ ᠶᠢᠨ ᠬᠠᠮᠵᠢᠯᠴᠠᠨ ᠵᠠᠰᠠᠬᠤ ᠵᠠᠭᠪᠤᠷ ᠢ ᠪᠠᠶᠢᠭᠤᠯᠵᠤ᠂ ᠠᠵᠢᠯ ᠲᠦᠷᠦᠯ ᠬᠤᠪᠢᠶᠠᠨ ᠬᠢᠨᠠᠨ | ᠬᠠᠮᠢᠶᠠᠷᠬᠤ ᠪᠠ ᠠᠵᠢᠯ ᠲᠦᠷᠦᠯ ᠠᠯᠤᠰᠯᠠᠨ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠳ᠋ᠠᠶᠢᠲ᠋ᠠ ᠶᠢᠨ ᠠᠮᠤᠷ ᠲᠦᠪᠰᠢᠨ ᠤ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠤᠯᠤᠰ ᠤᠨ ᠵᠠᠰᠠᠭ ᠵᠠᠬᠢᠷᠭᠠᠨ ᠤ ᠬᠤᠪᠢᠶᠠᠷᠢᠯᠠᠯ ᠤᠨ | ᠪᠠᠶᠢᠷᠢᠯᠠᠭᠤᠯᠤᠯᠳᠠ ᠪᠠ ᠲᠤᠬᠢᠷᠠᠭᠤᠯᠤᠯᠳᠠ ᠶᠢᠨ ᠠᠵᠢᠯ ᠶᠡᠷᠦᠩᠬᠡᠢ ᠳᠡᠭᠡᠨ ᠯᠠᠪᠳᠠᠭᠤᠨ ᠪᠣᠯᠭᠤᠮᠵᠢᠲᠠᠢ ᠡᠮᠬᠢ ᠵᠢᠷᠤᠮ ᠲᠠᠢ ᠠᠬᠢᠪᠠ᠃ ᠨᠠᠮ ᠤᠨ ᠲᠥᠪ | ᠬᠤᠷᠢᠶᠠᠨ ᠤ ᠵᠠᠰᠠᠭ ᠵᠠᠬᠢᠷᠭᠠᠨ ᠤ ᠬᠤᠪᠢᠶᠠᠷᠢᠯᠠᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ | ᠬᠤᠪᠢᠶᠠᠷᠢᠯᠠᠯ ᠤᠨ ᠴᠢᠬᠤᠯᠠ ᠶᠡᠭᠡ ᠥᠭᠡᠷᠡᠴᠢᠯᠡᠯᠲᠡ᠂ ᠴᠢᠬᠤᠯᠠ ᠶᠡᠭᠡ ᠲᠦᠷᠦ ᠶᠢᠨ ᠪᠤᠳᠤᠯᠭ᠎ᠠ᠂ ᠴᠢᠬᠤᠯᠠ ᠶᠡᠭᠡ ᠲᠤᠬᠢᠷᠠᠭᠤᠯᠤᠯᠳᠠ ᠶᠢ ᠨᠠᠮ ᠤᠨ ᠲᠥᠪ | ᠬᠤᠷᠢᠶ᠎ᠠ ᠠᠴᠠ ᠰᠤᠳᠤᠯᠤᠨ ᠰᠢᠢᠳᠪᠦᠷᠢᠲᠦ ᠪᠤᠳᠤᠯᠭ᠎ᠠ ᠲᠤᠭᠲᠠᠭᠠᠬᠤ ᠬᠡᠷᠡᠭᠲᠡᠢ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ᠂ | ᠪᠠᠷᠠᠯᠠᠯᠲᠤ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠵᠠᠰᠠᠭ ᠵᠠᠬᠢᠷᠭᠠᠨ ᠤ ᠬᠤᠪᠢᠶᠠᠷᠢᠯᠠᠯ ᠤᠨ ᠶᠡᠷᠦᠩᠬᠡᠢ ᠲᠥᠯᠥᠪᠵᠢᠭᠦᠯᠭᠡ ᠶᠢᠨ ᠰᠡᠳᠭᠢᠴᠡ ᠶᠢ ᠵᠣᠬᠢᠶᠠᠨ | ᠪᠠᠶᠢᠭᠤᠯᠤᠨ ᠰᠤᠳᠤᠯᠵᠤ ᠲᠤᠭᠤᠷᠪᠢᠨ ᠲᠣᠭᠲᠠᠭᠠᠵᠤ᠂ ᠵᠠᠰᠠᠭ ᠵᠠᠬᠢᠷᠭᠠᠨ ᠤ ᠬᠤᠪᠢᠶᠠᠷᠢᠯᠠᠯ ᠤᠨ ᠲᠤᠬᠢᠷᠠᠭᠤᠯᠤᠯᠳᠠ ᠶᠢᠨ ᠰᠢᠨᠵᠢᠯᠡᠬᠦ ᠤᠬᠠᠭᠠᠨᠴᠢ ᠴᠢᠨᠠᠷ᠂ | ᠵᠢᠷᠤᠮᠵᠢᠩᠭᠤᠢ ᠴᠢᠨᠠᠷ᠂ ᠪᠦᠳᠤᠮᠵᠢᠳᠤ ᠴᠢᠨᠠᠷ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠤᠪᠢᠶᠠᠷᠢᠯᠠᠯ ᠤᠨ ᠲᠤᠬᠢᠷᠠᠭᠤᠯᠤᠯᠳᠠ ᠶᠢ ᠤᠯᠤᠰ ᠤᠨ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠠᠵᠤ ᠠᠬᠤᠢ ᠨᠡᠶᠢᠭᠡᠮ ᠤᠨ ᠬᠥᠭᠵᠢᠯᠲᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ | ᠪᠠᠶᠢᠭᠤᠯᠤᠯᠲᠠ ᠶᠢᠨ ᠬᠡᠷᠡᠭᠴᠡᠭᠡ ᠲᠠᠢ ᠵᠣᠬᠢᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠡᠦᠬᠡ ᠰᠣᠶᠣᠯ ᠢ ᠤᠯᠠᠮᠵᠢᠯᠠᠨ ᠬᠠᠮᠠᠭᠠᠯᠠᠬᠤ ᠶᠢ ᠨᠡᠩ ᠴᠢᠬᠤᠯᠠ | ᠪᠠᠶᠢᠷᠢᠨ ᠳᠤ ᠲᠠᠯᠪᠢᠵᠤ᠂ ᠮᠠᠨ ᠤ ᠤᠯᠤᠰ ᠤᠨ ᠵᠠᠰᠠᠭ ᠵᠠᠬᠢᠷᠭᠠᠨ ᠤ ᠬᠤᠪᠢᠶᠠᠷᠢᠯᠠᠯ ᠢ ᠲᠣᠭᠲᠠᠭᠠᠭᠰᠠᠨ ᠲᠡᠦᠬᠡᠨ ᠲᠤᠷᠰᠢᠯᠭ᠎ᠠ ᠶᠢ ᠭᠦᠨᠵᠡᠭᠡᠢ ᠰᠤᠳᠤᠯᠵᠤ᠂ | ᠵᠠᠰᠠᠭ ᠵᠠᠬᠢᠷᠭᠠᠨ ᠤ ᠬᠤᠪᠢᠶᠠᠷᠢᠯᠠᠯ ᠤᠨ ᠨᠡᠷ᠎ᠡ ᠶᠢ ᠬᠠᠯᠠᠬᠤ ᠳᠤ ᠯᠠᠪᠳᠠᠭᠤᠨ ᠪᠣᠯᠭᠤᠮᠵᠢᠲᠠᠢ ᠬᠠᠨᠳᠤᠵᠤ᠂ ᠬᠠᠭᠤᠴᠢᠨ ᠭᠠᠵᠠᠷ ᠤᠨ ᠨᠡᠷ᠎ᠡ ᠶᠢ ᠳᠤᠷ᠎ᠠ ᠪᠠᠷ ᠢᠶᠠᠨ | ᠥᠭᠡᠷᠡᠴᠢᠯᠡᠬᠦ ᠦᠭᠡᠢ ᠪᠠᠶᠢᠬᠤ ᠬᠡᠷᠡᠭᠲᠡᠢ᠃ ᠵᠠᠰᠠᠭ ᠵᠠᠬᠢᠷᠭᠠᠨ ᠤ ᠬᠤᠪᠢᠶᠠᠷᠢᠯᠠᠯ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠷᠢᠮᠲᠠᠯᠠᠵᠤ᠂ ᠴᠢᠬᠤᠯᠠ | ᠪᠤᠰᠤ ᠪᠠᠶᠢᠳᠠᠯ ᠳᠤ ᠲᠤᠬᠢᠷᠠᠭᠤᠯᠤᠯᠲᠠ ᠬᠢᠬᠦ ᠦᠭᠡᠢ᠂ ᠣᠨᠣᠪᠴᠢᠲᠠᠢ ᠲᠣᠭᠲᠠᠭᠠᠵᠤ ᠳᠡᠶᠢᠯᠬᠦ ᠦᠭᠡᠢ ᠪᠠᠶᠢᠳᠠᠯ ᠳᠤ ᠲᠤᠬᠢᠷᠠᠭᠤᠯᠤᠯᠲᠠ ᠬᠢᠬᠦ ᠦᠭᠡᠢ᠂ ᠴᠠᠭ | ᠲᠣᠬᠢᠶᠠᠯ ᠨᠥᠬᠦᠴᠡᠯ ᠪᠦᠷᠢᠯᠳᠦᠭᠡᠳᠦᠢ ᠪᠣᠯ ᠦᠬᠡᠷᠡᠴᠢᠯᠡᠬᠦ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠤᠪᠢᠶᠠᠷᠢᠯᠠᠯ ᠳᠤ | ᠲᠤᠬᠢᠷᠠᠭᠤᠯᠤᠯᠳᠠ ᠬᠢᠬᠦ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠤᠪᠢᠶᠠᠷᠢᠯᠠᠯ ᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ | ᠲᠥᠯᠥᠪᠵᠢᠭᠦᠯᠭᠡ᠂ ᠪᠠᠷᠢᠮᠵᠢᠶ᠎ᠠ ᠯᠤᠭ᠎ᠠ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠤᠪᠢᠶᠠᠷᠢᠯᠠᠯ ᠤᠨ ᠬᠠᠮᠢᠶᠠᠷᠤᠯᠲᠠ ᠶᠢ ᠬᠠᠤᠯᠢ | ᠶᠣᠰᠣᠭᠠᠷ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ | ᠥᠷᠨᠢᠭᠦᠯᠬᠦ ᠳᠤ᠂ ᠮᠣᠷᠠᠯ ᠴᠢᠳᠠᠪᠤᠷᠢ ᠶᠢ ᠬᠤᠣᠰᠯᠠᠭᠤᠯᠬᠤ ᠶᠢ ᠪᠠᠷᠢᠮᠲᠠᠯᠠᠵᠤ᠂ ᠤᠯᠤᠰ ᠤᠨ ᠴᠢᠬᠤᠯᠠ ᠶᠡᠭᠡ ᠪᠣᠭᠤᠮᠲᠠ ᠰᠢᠪᠲᠤᠯᠬᠤ ᠡᠭᠦᠷᠭᠡ ᠶᠢ ᠡᠭᠦᠷᠭᠡᠯᠡᠬᠦ | ᠵᠢᠴᠢ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠣᠯᠤᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ | ᠰᠤᠳᠤᠯᠭᠠᠨ ᠵᠡᠷᠭᠡ ᠲᠦᠷᠦᠯ ᠠᠩᠭᠢᠯᠠᠯ ᠤᠨ ᠴᠢᠳᠠᠪᠤᠷᠢᠲᠠᠨ ᠤ ᠦᠨᠡᠯᠡᠯᠲᠡ ᠶᠢ ᠦᠷᠨᠢᠬᠦᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ | ᠣᠨᠴᠠᠯᠢᠭ ᠲᠤ ᠨᠡᠶᠢᠴᠡᠭᠰᠡᠨ ᠦᠨᠡᠯᠡᠯᠲᠡ ᠶᠢᠨ ᠭᠦᠢᠴᠡᠳᠭᠡᠯ ᠲᠤᠭ᠎ᠠ᠂ ᠦᠨᠡᠯᠡᠯᠳᠡ ᠶᠢᠨ ᠠᠷᠭ᠎ᠠ ᠬᠡᠯᠪᠡᠷᠢ ᠶᠢᠨ ᠰᠢᠨ᠎ᠠ ᠶᠢ ᠡᠬᠦᠳᠬᠦ᠂ ᠬᠥᠮᠦᠨ ᠬᠡᠷᠡᠭᠯᠡᠬᠦ | ᠨᠢᠭᠡᠴᠢ ᠶᠢᠨ ᠳᠣᠲᠣᠭᠠᠳᠤ ᠶᠢᠨ ᠲᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠠᠴᠠ ᠲᠤᠷᠰᠢᠯᠲᠠ ᠶᠢᠨ ᠴᠡᠭ ᠤᠨ ᠡᠭᠦᠷᠭᠡ ᠶᠢ ᠳᠤᠷᠠᠳᠴᠤ᠂ | ᠬᠡᠷᠡᠭᠵᠢᠭᠦᠯᠵᠦ ᠪᠣᠯᠬᠤ ᠲᠡᠷᠡ ᠬᠡᠪ ᠢᠶᠠᠷ ᠨᠢ ᠬᠡᠷᠡᠭᠯᠡᠵᠤ ᠪᠣᠯᠬᠤ ᠳᠡᠯᠭᠡᠷᠡᠭᠦᠯᠵᠦ ᠪᠣᠯᠬᠤ ᠪᠦᠲᠦᠮᠵᠢᠲᠡᠢ ᠠᠷᠭ᠎ᠠ ᠬᠢᠳᠡᠯ ᠢ ᠪᠦᠷᠢᠯᠳᠦᠭᠦᠯᠬᠦ ᠬᠡᠷᠡᠭᠲᠡᠢ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ ᠤᠨ ᠬᠢᠨ ᠲᠤᠷᠰᠢᠯᠲᠠ ᠶᠢᠨ ᠴᠡᠭ ᠤᠨ ᠨᠢᠭᠡᠴᠢ ᠳᠠᠬᠢ ᠵᠢᠯᠣᠭᠤᠳᠤᠯᠭ᠎ᠠ ᠪᠠᠨ ᠴᠢᠩᠭᠠᠳᠬᠠᠵᠤ᠂ | ᠲᠤᠷᠰᠢᠯᠲᠠ ᠶᠢᠨ ᠴᠡᠭ ᠤᠨ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠲᠠᠪᠴᠠᠩ ᠤᠨ ᠠᠵᠤ ᠠᠬᠤᠶᠢᠯᠠᠯ ᠤᠨ ᠲᠣᠭᠠᠴᠠᠭ᠎ᠠ ᠬᠢᠬᠦ ᠪᠠ ᠪᠤᠰᠤᠳ ᠮᠥᠩᠭᠦᠨ ᠭᠦᠶᠯᠭᠡᠭᠡᠨ ᠤ ᠠᠵᠢᠯᠯᠠᠭ᠎ᠠ ᠶᠢ ᠬᠠᠤᠯᠢ ᠲᠣᠭᠲᠠᠭᠠᠯ | ᠶᠣᠰᠣᠭᠠᠷ ᠪᠦᠬᠦᠨ ᠢ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠶᠯᠡᠴᠢᠯᠡᠬᠦ ᠪᠠᠷ ᠦᠨᠳᠦᠰᠦ ᠪᠣᠯᠭᠠᠵᠤ᠂ | ᠮᠥᠩᠭᠦᠨ ᠭᠦᠶᠯᠭᠡᠭᠡᠨ ᠤ ᠲᠤᠬᠠᠶᠢᠯᠠᠭᠰᠠᠨ ᠠᠵᠢᠯ ᠤᠨ ᠫᠠᠶᠢᠰᠠ ᠡᠯᠭᠦᠨ ᠡᠵᠡᠩᠨᠡᠬᠦ ᠶᠢ ᠪᠠᠷᠢᠮᠲᠠᠯᠠᠵᠤ᠂ ᠲᠣᠭᠠᠴᠠᠭ᠎ᠠ ᠬᠢᠬᠦ ᠬᠦᠷᠢᠶᠡᠨ ᠤ ᠵᠢᠷᠤᠮᠯᠠᠯ ᠲᠦᠷᠢᠮ ᠪᠠ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠤ᠂ ᠬᠡᠷᠡᠭ ᠤᠨ ᠡᠮᠦᠨᠡᠬᠢ ᠬᠡᠷᠡᠭ ᠤᠨ ᠳᠤᠮᠳᠠᠬᠢ ᠬᠡᠷᠡᠭ ᠤᠨ ᠳᠠᠷᠠᠭᠠᠬᠢ ᠪᠥᠬᠦ | ᠬᠡᠯᠬᠢᠶ᠎ᠡ ᠪᠥᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠮᠥᠩᠭᠦᠨ ᠭᠦᠢᠯᠭᠡᠭᠡᠨ ᠤ ᠰᠲ᠋ᠤᠺ ᠡᠵᠡᠮᠳᠡᠯ ᠤᠨ ᠺᠣᠮᠫᠠᠨᠢ ᠶᠢᠨ ᠬᠢᠨᠠᠯᠲᠠ | ᠬᠠᠮᠢᠶᠠᠷᠤᠯᠲᠠ ᠪᠠ ᠲᠠᠪᠴᠠᠩ ᠤᠨ ᠠᠵᠤ ᠠᠬᠤᠶᠢᠯᠠᠯ ᠤᠨ ᠰᠲ᠋ᠤᠺ ᠡᠵᠡᠮᠳᠡᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠢᠨᠲ᠋ᠧᠷ ᠰᠦᠯᠵᠢᠶᠡᠨ ᠤ ᠬᠠᠳᠠᠭᠠᠯᠠᠮᠵᠢ ᠵᠢᠭᠡᠯᠡᠯᠭᠡ᠂ ᠳᠠᠭᠠᠳᠬᠠᠯ᠂ ᠦᠨᠡᠲᠦ ᠲᠡᠮᠳᠡᠭᠲᠦ᠂ ᠰᠠᠭᠤᠷᠢ ᠮᠥᠩᠭᠦ ᠵᠡᠷᠭᠡ ᠲᠤᠬᠠᠶᠢᠯᠠᠭᠰᠠᠨ | ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ᠂ ᠲᠠᠪᠴᠠᠩ ᠤᠨ ᠠᠵᠤ ᠠᠬᠤᠶᠢᠯᠠᠯ ᠤᠨ ᠭᠠᠭᠴᠠᠭᠠᠷ ᠡᠵᠡᠮᠰᠢᠯ ᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠲᠠᠪᠴᠠᠩ ᠤᠨ ᠠᠵᠤ ᠠᠬᠤᠶᠢᠯᠠᠯ ᠤᠨ ᠳᠠᠷᠤᠭᠳᠠᠮᠠᠯ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠮᠤ | ᠳ᠋ᠠᠶᠢᠲ᠋ᠠ ᠶᠢᠨ ᠬᠠᠭᠤᠴᠢᠨ ᠬᠡᠷᠡᠭᠯᠡᠭᠴᠢᠳ ᠢᠶᠠᠨ ᠬᠢᠬᠠᠬᠤ ᠪᠠ ᠪᠤᠳᠤᠬᠤ ᠠᠷᠭ᠎ᠠ ᠶᠢᠨ ᠭᠠᠳᠠᠭᠤᠷᠴᠢᠯᠠᠯ ᠢ ᠳᠦᠷᠢᠮᠵᠢᠭᠦᠯᠬᠦ ᠬᠡᠷᠡᠭᠲᠡᠢ᠃ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠪ ᠪᠠ ᠣᠷᠣᠨ ᠨᠤᠲᠤᠭ ᠤᠨ ᠬᠠᠮᠵᠢᠯᠴᠠᠨ ᠬᠢᠨᠠᠨ | ᠬᠠᠮᠢᠶᠠᠷᠤᠬᠰᠠᠨ ᠪᠠᠶᠢᠷᠢᠰᠢᠯ ᠢ ᠪᠦᠷᠢᠨᠰᠢᠬᠦᠯᠵᠤ᠂ ᠴᠢᠳᠠᠮᠵᠢᠳᠤ ᠬᠢᠨᠠᠯᠲᠠ ᠬᠠᠮᠢᠶᠠᠷᠤᠯᠲᠠ᠂ ᠮᠦᠨ ᠴᠢᠨᠡᠷ ᠢ ᠢᠯᠡᠷᠡᠬᠦᠯᠬᠦ ᠮᠠᠶ᠋ᠢᠭ ᠤᠨ ᠬᠢᠨᠠᠯᠲᠠ ᠬᠠᠮᠢᠶᠠᠷᠤᠯᠲᠠ᠂ | ᠦᠷᠭᠦᠯᠵᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠪᠠ ᠬᠠᠮᠲᠤᠷᠠᠬᠰᠠᠨ ᠬᠠᠤᠯᠢ ᠬᠡᠷᠡᠭᠵᠢᠭᠦᠯᠬᠦ ᠶᠢ | ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠢᠨᠠᠯᠲᠠ ᠬᠠᠮᠢᠶᠠᠷᠤᠯᠲᠠ ᠶᠢᠨ ᠨᠢᠭᠡᠳᠦᠯᠲᠦ ᠴᠢᠨᠠᠷ ᠢ ᠪᠠᠲᠤᠯᠠᠵᠤ᠂ ᠮᠥᠩᠭᠦᠨ | ᠭᠦᠶᠯᠭᠡᠭᠡᠨ ᠤ ᠬᠠᠤᠯᠢ ᠪᠤᠰᠤ ᠠᠵᠢᠯᠯᠠᠭ᠎ᠠ ᠶᠢ ᠬᠠᠤᠯᠢ ᠶᠣᠰᠣᠭᠠᠷ ᠡᠷᠡᠰ ᠪᠠᠶᠢᠴᠠᠭᠠᠨ ᠰᠢᠶᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ |