ᠦᠨᠳᠤᠰᠣᠳᠡᠨ ᠤ ᠪᠦᠯᠭᠦᠮᠳᠡᠯ ᠢ ᠤᠯᠠᠮ ᠰᠠᠶᠢᠨ ᠪᠠᠳᠤᠳᠬᠠᠬᠤ ᠶᠢᠨ ᠲᠦᠯᠥᠭᠡ ᠣᠶᠢᠷ᠎ᠠ ᠶᠢᠨ ᠡᠳᠤᠷ᠂ ᠲᠤᠭ ᠪᠠᠯᠭᠠᠰᠤᠨ ᠤ ᠠᠵᠠᠳᠠᠢ ᠨᠡᠶᠢᠭᠡᠮ | ᠲᠤᠭᠤᠷᠢᠭ ᠤᠨ ᠬᠢᠨ ᠨᠡᠶᠢᠭᠡᠮ ᠲᠤᠭᠤᠷᠢᠭ ᠤᠨ ᠬᠠᠷᠢᠶᠠᠨ ᠳᠤ ᠪᠠᠶᠢᠭ᠎ᠠ ᠠᠯᠳᠠᠨ ᠤᠷᠤᠭ ᠲᠠᠢ ᠭᠡᠷ ᠪᠦᠯᠢ ᠳᠤ ︽ᠠᠯᠳᠠᠨ ᠤᠷᠤᠭ ᠤᠨ ᠰᠤᠪᠤᠳ ᠭᠡᠯᠬᠢᠶ᠎ᠡ᠂ | ᠠᠮᠢ ᠨᠠᠰᠤᠨ ᠤ ᠨᠠᠨᠳᠢᠨ ᠬᠤᠯᠪᠤᠭ᠎ᠠ︾ ᠭᠡᠭᠦ ᠪᠢᠴᠢᠭᠡᠰᠤ ᠪᠤᠯᠤᠨ ᠲᠤᠷᠠᠰᠬᠠᠯ ᠤᠨ ᠪᠤᠳᠠᠰ ᠭᠠᠷᠳᠠᠭᠤᠯᠵᠤ᠂ 70 ᠨᠠᠰᠤᠨ ᠠᠴᠠ ᠲᠡᠭᠡᠭᠰᠢᠭᠢ ᠨᠠᠰᠤᠳᠠᠶᠢᠴᠤᠳ ᠢ | ᠪᠤᠯᠭᠤᠭᠠᠨ ᠲᠤᠬᠤᠨᠢᠭᠤᠯᠤᠭᠰᠠᠨ ᠪᠠᠶᠢᠨ᠎ᠠ᠃ ᠡᠬᠦᠨ ᠤ ᠬᠠᠮᠲᠤ ᠠᠵᠢᠯ ᠤᠨ ᠴᠢᠯᠥᠭᠡᠨ ᠤ ᠤᠯᠠᠭᠠᠨᠮᠦ᠋ᠴᠢᠷ ᠠᠴᠠ ︽ᠲᠤᠮᠳᠠᠳᠤ ᠶᠢᠨ ᠦᠨᠳᠤᠰᠤᠳᠡᠨ ᠤ | ᠬᠠᠮᠳᠤ ᠶᠢᠨ ᠴᠤᠭᠴᠠ ᠶᠢᠨ ᠤᠬᠠᠮᠰᠡᠷ ᠢ ᠪᠡᠳᠤ ᠴᠤᠭᠴᠠᠯᠠᠬᠤ︾ ᠤᠷᠠᠨ ᠰᠠᠶᠢᠬᠠᠨ ᠤ ᠲᠤᠭᠯᠠᠯᠳᠠ ᠭᠠᠷᠭᠠᠵᠤ ᠨᠠᠰᠤᠳᠠᠶᠢᠴᠤᠳ ᠢᠶᠠᠨ ᠪᠠᠶᠠᠰᠬᠠᠭᠰᠠᠨ ᠪᠠᠶᠢᠨ᠎ᠠ᠃ | ᠲᠤᠭ ᠪᠠᠯᠭᠠᠰᠤᠨ ᠤ ᠠᠵᠠᠳᠠᠢ ᠨᠡᠶᠢᠭᠡᠮ ᠲᠤᠭᠤᠷᠢᠭ ᠤᠨ ᠨᠠᠮ ᠤᠨ ᠡᠭᠦᠷ ᠤᠨ ᠱᠦᠵᠢ ᠤᠳᠤᠨᠴᠢᠮᠡᠭ᠄ ︽ᠮᠠᠨ ᠤ ᠲᠤᠭ ᠪᠠᠯᠭᠠᠰᠤᠨ ᠤ ᠠᠵᠠᠳᠠᠢ | ᠨᠡᠶᠢᠭᠡᠮ ᠲᠤᠭᠤᠷᠢᠭ ᠲᠤ 31 ᠮᠤᠵᠢ᠂ ᠬᠤᠳᠠ᠂ ᠦᠪᠡᠷᠳᠡᠭᠡᠨ ᠵᠠᠰᠠᠬᠤ ᠤᠷᠤᠨ ᠠᠴᠠ ᠢᠷᠡᠭᠰᠡᠨ ᠬᠤᠳᠤᠩ᠂ ᠮᠠᠨᠵᠤ ᠵᠡᠷᠭᠡ 9 ᠦᠨᠳᠤᠰᠤᠳᠡᠨ ᠤ | ᠰᠠᠭᠤᠭᠠᠯᠢ ᠠᠷᠡᠳ ᠰᠠᠭᠤᠵᠤ ᠪᠠᠶᠢᠳᠠᠭ᠂ ᠡᠶᠢᠮᠦᠷᠬᠦ ᠠᠵᠢᠯᠯᠠᠭ᠎ᠠ ᠶᠢ ᠦᠷᠨᠢᠬᠦᠯᠬᠦ ᠪᠠᠷ ᠳᠠᠮᠵᠢᠨ ᠦᠨᠳᠤᠰᠤᠳᠡᠨ ᠤ ᠬᠤᠭᠤᠷᠤᠨᠳᠤᠭᠢ ᠪᠦᠯᠭᠦᠮᠳᠡᠯ ᠢ | ᠨᠢᠭᠳᠠᠷᠠᠭᠤᠯᠵᠤ ᠠᠬᠠᠰ ᠵᠠᠬᠠᠰ ᠨᠠᠰᠤᠳᠠᠳ ᠢᠶᠠᠨ ᠬᠦᠨᠳᠤᠯᠡᠭᠦ ᠰᠠᠶᠢᠬᠠᠨ ᠵᠠᠩ ᠰᠤᠷᠳᠠᠬᠤᠨ ᠢ ᠤᠯᠠᠮᠵᠢᠯᠠᠵᠦ ᠪᠠᠶᠢᠨ᠎ᠠ︾ ᠬᠡᠪᠡ᠃ | | | ᠰᠤᠷᠪᠣᠯᠵᠢᠯᠠᠭᠴᠢ᠄ ᠪᠤᠶᠠᠨᠳᠤ |