ᠴᠠᠩ ᠴᠢᠩ ᠴᠢᠯᠠᠭᠤᠨ ᠲᠣᠰᠣᠨ ᠤ ᠠᠭᠤᠷᠬᠠᠶ ᠶᠢᠨ ᠰᠢᠲᠠᠮᠠᠬᠠᠶ ᠬᠡᠶ ᠭᠠᠷᠭᠠᠬᠤ ᠲᠠᠪᠤᠳᠤᠭᠠᠷ ᠥᠢᠯᠡᠳᠪᠤᠷᠢ ᠶᠢᠨ ᠰᠤ᠋ ᠳ᠋ᠥᠩ 39 — 61 ᠰᠢᠲᠠᠮᠠᠬᠠᠶ ᠬᠡᠶ ᠶᠢᠨ ᠬᠥᠮᠥᠷᠭᠡ
ᠨᠡᠶᠢᠲᠡᠯᠡᠭᠰᠡᠨ ᠴᠠᠭ᠄
2022/7/11
      ᠰᠢᠨ᠎ᠡ ᠪᠠᠷ ᠪᠠᠶᠢᠭᠤᠯᠤᠭᠳᠠᠭᠰᠠᠨ ᠴᠠᠩ ᠴᠢᠩ ᠴᠢᠯᠠᠭᠤᠨ ᠲᠣᠰᠣᠨ ᠤ ᠠᠭᠤᠷᠬᠠᠶ ᠶᠢᠨ ᠰᠢᠲᠠᠮᠠᠬᠠᠶ ᠬᠡᠶ ᠭᠠᠷᠭᠠᠬᠤ ᠲᠠᠪᠤᠳᠤᠭᠠᠷ ᠥᠢᠯᠡᠳᠪᠤᠷᠢ ᠶᠢᠨ ᠰᠤ᠋ ᠳ᠋ᠥᠩ 39 — 61 ᠰᠢᠲᠠᠮᠠᠬᠠᠶ ᠬᠡᠶ ᠶᠢᠨ ᠬᠥᠮᠥᠷᠭᠡ ᠨᠢ ᠥᠥᠰᠢᠨ ᠬᠤᠰᠢᠭᠤᠨ ᠤ ᠤᠯᠠᠭᠠᠨᠲᠣᠯᠣᠭᠠᠶ ᠪᠠᠯᠭᠠᠰᠤᠨ ᠳᠤ ᠪᠠᠶᠢᠷᠢᠯᠠᠵᠤ᠂ ᠰᠢᠳᠠᠮᠠᠬᠠᠢ ᠬᠡᠢ ᠬᠠᠳᠠᠭᠠᠯᠠᠬᠤ ᠬᠥᠮᠥᠷᠭᠡ ᠶᠢᠨ ᠲᠥᠯᠥᠪᠯᠡᠭᠰᠠᠨ ᠬᠦᠮᠦᠷᠭᠡ ᠶᠢᠨ ᠪᠠᠭᠲᠠᠭᠠᠮᠵᠢ ᠨᠢ 22.3 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ᠂ ᠲᠥᠯᠥᠪᠯᠡᠭᠰᠠᠨ ᠬᠠᠳᠠᠭᠠᠯᠠᠬᠤ ᠬᠡᠢ ᠶᠢᠨ ᠭᠡᠮᠵᠢᠶ᠎ᠠ ᠨᠢ 10.8 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠪᠠᠶᠢᠵᠤ᠂ ᠰᠢᠳᠠᠮᠠᠬᠠᠢ ᠭᠡᠢ ᠭᠡᠷᠡᠭᠯᠡᠭᠦ ᠤᠷᠬᠢᠯ ᠤᠨ ᠬᠤᠭᠤᠴᠠᠭ᠎ᠠ ᠶᠢ ᠲᠤᠬᠢᠷᠠᠭᠤᠯᠬᠤ ᠳᠠᠪᠠᠭᠤᠯᠢᠭ ᠢ ᠨᠡᠩ ᠶᠡᠭᠡ ᠪᠠᠷ ᠪᠠᠳᠠᠷᠠᠭᠤᠯᠬᠤ ᠪᠣᠯᠤᠨ᠎ᠠ᠃ ᠨᠢᠭᠡ ᠬᠡᠷ ᠤᠨ ᠭᠤᠷᠪᠠᠨ ᠬᠥᠮᠦᠨ ᠡᠪᠦᠯ ᠤᠨ ᠤᠯᠠᠷᠢᠯ ᠳᠤ ᠡᠳᠦᠷ ᠪᠦᠷᠢ ᠳᠤᠮᠳᠠᠴᠢ ᠪᠠᠷ 1 ᠪᠤᠰᠤᠭ᠎ᠠ ᠲᠦᠷᠪᠡᠯᠵᠢᠨ ᠮᠧᠲᠷ ᠶᠢᠨ ᠰᠢᠳᠠᠮᠠᠬᠠᠢ ᠬᠡᠶ ᠬᠡᠷᠡᠭᠯᠡᠬᠦ ᠪᠠᠷ ᠪᠤᠳᠤᠪᠠᠯ ᠲᠣᠰ ᠬᠥᠮᠥᠷᠭᠡ ᠨᠢ 1 ᠳ᠋ᠦᠩᠰᠢᠭᠤᠷ ᠬᠡᠷ ᠪᠦᠯᠢ ᠶᠢᠨ 10 ᠡᠳᠦᠷ ᠬᠡᠷᠡᠭᠯᠡᠬᠦ ᠬᠡᠶ ᠶᠢ ᠬᠠᠩᠭᠠᠵᠤ ᠲᠠᠶᠢᠯᠤᠨ᠎ᠠ᠃      ᠰᠢᠲᠠᠮᠠᠬᠠᠶ ᠬᠡᠶ ᠬᠠᠳᠠᠭᠠᠯᠠᠬᠤ ᠬᠥᠮᠥᠷᠭᠡ ᠨᠢ ᠠᠰᠢᠭᠯᠠᠯᠲᠠ ᠳᠤ ᠣᠷᠣᠭᠰᠠᠨ ᠤ ᠳᠠᠷᠠᠭ᠎ᠠ ᠴᠠᠩ ᠴᠢᠩ ᠴᠢᠯᠠᠭᠤᠨ ᠲᠣᠰᠣᠨ ᠤ ᠠᠭᠤᠷᠬᠠᠶ ᠶᠢᠨ ᠰᠢᠲᠠᠮᠠᠬᠠᠶ ᠬᠡᠶ ᠬᠠᠳᠠᠭᠠᠯᠠᠬᠤ ᠬᠥᠮᠥᠷᠭᠡ ᠶᠢᠨ ᠡᠪᠦᠯ ᠤᠨ ᠤᠯᠠᠷᠢᠯ ᠤᠨ ᠣᠷᠭᠢᠯ ᠤᠨ ᠦᠶ᠎ᠡ ᠶᠢ ᠳᠣᠭᠢᠷᠠᠭᠤᠯᠬᠤ ᠴᠢᠳᠠᠪᠤᠷᠢ ᠶᠢ ᠣᠲᠣ ᠶᠢᠨ ᠡᠳᠤᠷ ᠪᠦᠷᠢ 530 ᠲᠦᠮᠡᠨ ᠪᠤᠰᠤᠭ᠎ᠠ ᠲᠦᠷᠪᠡᠯᠵᠢᠨ ᠮᠧᠲᠷ ᠪᠠᠶᠢᠭᠰᠠᠨ ᠠᠴᠠ ᠡᠳᠦᠷ ᠪᠦᠷᠢ 880 ᠲᠦᠮᠡᠨ ᠪᠤᠰᠤᠭ᠎ᠠ ᠲᠦᠷᠪᠡᠯᠵᠢᠨ ᠮᠧᠲᠷ ᠪᠣᠯᠭᠠᠨ ᠳᠡᠭᠡᠭᠰᠢᠯᠡᠭᠦᠯᠦᠨ᠎ᠡ᠃ 2023 ᠣᠨ ᠳᠤ ᠪᠠᠭᠳᠠᠭᠠᠮᠵᠢ ᠪᠠ ᠲᠤᠬᠳᠠᠬᠰᠠᠨ ᠦᠢᠦᠯᠡᠳᠪᠤᠷᠢᠯᠡᠯ ᠤᠨ ᠭᠡᠮᠵᠢᠶ᠎ᠠ ᠶᠢ ᠪᠡᠶᠡᠯᠡᠬᠦᠯᠦᠭᠰᠡᠨ ᠤ ᠳᠠᠷᠠᠭ᠎ᠠ ᠬᠥᠮᠥᠷᠭᠡ ᠶᠢᠨ ᠡᠪᠦᠯ ᠤᠨ ᠤᠯᠠᠷᠢᠯ ᠤᠨ ᠣᠷᠭᠢᠯ  ᠤᠨ ᠦᠶ᠎ᠡ ᠶᠢ ᠲᠤᠭᠢᠷᠠᠭᠤᠯᠬᠤ ᠴᠢᠳᠠᠪᠤᠷᠢ ᠨᠢ ᠡᠳᠦᠷ ᠪᠦᠷᠢ 1200 ᠲᠦᠮᠡᠨ ᠪᠤᠰᠤᠭ᠎ᠠ ᠲᠦᠷᠪᠡᠯᠵᠢᠨ ᠮᠧᠲᠷ ᠠᠴᠠ ᠳᠠᠪᠠᠭ᠋ᠤ ᠪᠣᠯᠤᠨ᠎ᠠ᠃
1.png
3.png
2.png
4.png
      ᠣᠳᠣᠬᠠᠨ ᠳᠤ ᠵᠤᠨ ᠤ ᠤᠯᠠᠷᠢᠯ ᠪᠤᠯᠤᠨ ᠡᠪᠤᠯ ᠤᠨ ᠤᠯᠠᠷᠢᠯ ᠤᠨ ᠪᠠᠶᠢᠭᠠᠯᠢ ᠶᠢᠨ ᠰᠢᠲᠠᠮᠠᠬᠠᠶ ᠬᠡᠶ ᠭᠡᠷᠡᠭᠯᠡᠭᠦ ᠭᠡᠮᠵᠢᠶ᠎ᠠ ᠨᠢ ᠠᠳᠠᠯᠢ ᠥᠭᠡᠢ ᠪᠠᠶᠢᠵᠤ᠂ ᠵᠣᠨ ᠤ ᠤᠯᠠᠷᠢᠯ ᠤᠨ ᠬᠡᠷᠡᠭᠯᠡᠭᠴᠢ ᠶᠢᠨ ᠬᠡᠷᠡᠭᠴᠡᠭᠡ ᠪᠠᠭ᠎ᠠ ᠪᠣᠯᠬᠤᠷ ᠠᠵᠤ ᠠᠬᠤᠶᠢᠯᠠᠯ  ᠥᠢᠯᠡᠳᠪᠤᠷᠢᠯᠠᠭᠦ ᠴᠢᠳᠠᠪᠤᠷᠢ ᠪᠠᠨ ᠪᠦᠷᠢᠨ ᠪᠠᠳᠠᠷᠠᠭᠤᠯᠵᠤ ᠳᠡᠶᠢᠯᠬᠦ ᠥᠬᠡᠶ᠂ ᠡᠪᠦᠯ ᠤᠨ ᠤᠯᠠᠷᠢᠯ ᠳᠤ ᠬᠡᠷᠡᠭᠯᠡᠭᠴᠢ ᠶᠢᠨ ᠬᠡᠷᠡᠭᠴᠡᠭᠡ ᠶᠡᠭᠡ ᠪᠤᠯᠵᠤ ᠠᠵᠤ ᠠᠬᠤᠶᠢᠯᠠᠯ ᠠᠴᠠ ᠪᠦᠷᠢᠮᠦᠰᠦᠨ ᠬᠠᠩᠭᠠᠵᠤ ᠳᠡᠶᠢᠯᠬᠦ ᠥᠬᠡᠶ ᠪᠣᠯᠬᠤᠷ ᠵᠢᠯ ᠪᠦᠷᠢ ᠶᠢᠨ ᠳᠤᠯᠠᠭᠠᠯᠠᠭ᠎ᠠ ᠶᠢᠨ ᠤᠯᠠᠷᠢᠯ ᠳᠤ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠭᠢᠯ ᠤᠨ ᠬᠡᠮᠵᠢᠶ᠎ᠡ ᠶᠢ ᠲᠣᠬᠢᠷᠠᠭᠤᠯᠵᠤ ᠬᠠᠩᠭᠠᠯᠭ᠎ᠠ ᠶᠢ ᠪᠠᠲᠤᠯᠠᠬᠤ ᠳᠠᠷᠤᠯᠲᠠ ᠲᠦᠢᠯ ᠤᠨ ᠶᠡᠭᠡ ᠪᠠᠶᠢᠳᠠᠭ᠃ ᠲᠤᠰ ᠬᠥᠮᠥᠷᠭᠡ ᠶᠢᠨ ᠠᠰᠢᠭᠯᠠᠯᠳᠠ ᠳᠤ ᠤᠷᠤᠭᠰᠠᠨ ᠨᠢ ᠡᠨᠡ ᠬᠦ ᠠᠰᠠᠭᠤᠳᠠᠯ ᠢ ᠪᠦᠷᠢᠨ ᠰᠢᠢᠳᠪᠤᠷᠢᠯᠠᠵᠤ ᠲᠠᠶᠢᠯᠭᠦ ᠪᠤᠯᠵᠤ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠦᠢᠯᠡᠳᠪᠦᠷᠢᠯᠡᠯ ᠢ ᠦᠷᠭᠦᠯᠵᠢᠯᠡᠨ ᠲᠣᠭᠲᠠᠭᠤᠨ ᠪᠤᠯᠭᠠᠵᠤ ᠴᠡᠪᠡᠷ ᠡᠨᠧᠷᠭᠢ ᠶᠢᠨ ᠰᠤᠷᠪᠤᠯᠵᠢ ᠶᠢ ᠲᠣᠭᠲᠠᠪᠤᠷᠢᠲᠠᠶ ᠬᠠᠩᠭᠠᠬᠤ ᠪᠣᠯᠤᠨ᠎ᠠ᠃
6.png
8.png
7.png
       ᠰᠤ᠋ ᠳ᠋ᠥᠩ 39 — 61 ᠰᠢᠲᠠᠮᠠᠬᠠᠢ ᠬᠡᠢ ᠬᠠᠳᠠᠭᠠᠯᠠᠬᠤ ᠬᠥᠮᠥᠷᠭᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠠᠯᠢ ᠶᠢᠨ ᠰᠢᠲᠠᠮᠠᠬᠠᠢ ᠬᠡᠢ ᠦᠢᠯᠡᠳᠪᠦᠷᠢᠯᠡᠬᠦ ᠬᠠᠩᠭᠠᠬᠤ ᠬᠠᠳᠠᠭᠠᠯᠠᠬᠤ ᠪᠣᠷᠣᠯᠠᠭᠤᠯᠬᠤ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠲᠠᠮᠠᠬᠠᠶ ᠬᠡᠶ ᠬᠠᠳᠠᠭᠠᠯᠠᠬᠤ ᠭᠥᠢᠴᠡᠳᠭᠡᠯ ᠲᠤᠭ᠎ᠠ ᠶᠢᠨ ᠱᠠᠭᠠᠷᠳᠠᠯᠭ᠎ᠠ ᠶᠢ ᠳᠠᠭᠠᠵᠤ᠂ ᠲᠥᠷᠥᠯ ᠵᠥᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 23.5 ᠳ᠋ᠦᠩᠰᠢᠭᠤᠷ ᠲᠥᠭᠦᠷᠢᠭ ᠪᠠᠶᠢᠵᠤ ᠭᠥᠮᠤᠷᠭᠡ ᠳᠤ ᠴᠢᠳᠬᠤᠨ ᠮᠠᠯᠲᠠᠬᠤ ᠲᠤᠷᠰᠢᠯᠲᠠ ᠶᠢᠨ ᠥᠷᠲᠡᠭᠡ᠂ 24 ᠬᠡᠢ ᠶᠢᠨ ᠠᠭᠤᠷᠬᠠᠶ ᠶᠢᠨ ᠬᠤᠳᠳᠤᠭ᠂ 7 ᠵᠤᠷᠪᠤᠰ 49 ᠺᠢᠯᠣᠮᠧᠲᠷ ᠤᠨ ᠰᠢᠲᠠᠮᠠᠬᠠᠶ ᠬᠡᠶ ᠳᠠᠮᠵᠢᠭᠤᠯᠬᠤ ᠬᠤᠭᠤᠯᠠᠶ ᠶᠢᠨ ᠱᠤᠭᠤᠮ ᠪᠠ 2 ᠪᠠᠶᠢᠭᠠᠯᠢ ᠶᠢᠨ ᠰᠢᠲᠠᠮᠠᠬᠠᠶ ᠬᠡᠶ ᠰᠢᠢᠳᠪᠤᠷᠢᠯᠠᠭᠦ ᠥᠢᠯᠡᠳᠪᠤᠷᠢ ᠵᠡᠷᠭᠡ ᠪᠠᠭᠲᠠᠨ᠎ᠠ᠃  ᠰᠢᠲᠠᠮᠠᠬᠠᠶ ᠬᠡᠶ ᠶᠢᠨ ᠬᠥᠮᠥᠷᠭᠡ ᠨᠢ ᠣᠷᠭᠢᠯ ᠤᠨ ᠦᠶ᠎ᠡ ᠶᠢ ᠵᠤᠭᠢᠰᠳᠠᠢ ᠲᠤᠭᠢᠷᠠᠭᠤᠯᠤᠨ ᠠᠳᠡᠯ ᠤᠨ ᠪᠠᠴᠢᠮ ᠪᠠᠶᠢᠳᠠᠯ ᠢ ᠰᠢᠢᠳᠪᠤᠷᠢᠯᠡᠵᠦ ᠪᠠᠶᠢᠭᠠᠯᠢ ᠶᠢᠨ ᠰᠢᠲᠠᠮᠠᠬᠠᠶ ᠬᠡᠶ ᠥᠢᠯᠡᠳᠪᠤᠷᠢᠯᠠᠭᠦ ᠬᠠᠩᠭᠠᠬᠤ ᠬᠠᠳᠠᠭᠠᠯᠠᠬᠤ ᠪᠣᠷᠣᠯᠠᠭᠤᠯᠬᠤ  ᠲᠤᠭᠳᠠᠯᠴᠠᠭ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠠ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤ ᠬᠦᠴᠦᠲᠡᠶ ᠪᠠᠲᠤᠯᠠᠭ᠎ᠠ ᠬᠠᠩᠭᠠᠬᠤ ᠪᠣᠯᠤᠨ᠎ᠠ᠃ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ