ᠦᠦᠰᠢᠨ ᠵᠠᠰᠠᠭ ᠠᠯᠪᠠᠨ ᠳᠠᠷᠬᠠᠭᠠᠬᠤ〔2022〕44 ᠳ᠋ᠤᠭᠡᠷ ᠲᠣᠭᠠᠲᠤ | | | ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠪᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠳᠤ᠄ | ︽ᠦᠦᠰᠢᠨ ᠬᠤᠰᠢᠭᠤᠨ ᠤ ᠬᠤᠨ ᠭᠠᠯᠠᠭᠤ ᠤᠳᠬ᠎ᠠ ᠤᠷᠠᠯᠢᠭ ᠤᠨ ᠲᠡᠳᠬᠦᠯᠲᠡ ᠶᠢᠨ ᠠᠷᠭ᠎ᠠ︾ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠤ | 4 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠠᠵᠢᠯ ᠤᠨ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠭᠡᠷᠠᠢ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2022 ᠣᠨ ᠤ 5 ᠰᠠᠷ᠎ᠠ ᠶᠢᠨ 6 ᠤ ᠡᠳᠦᠷ | | | | | | | ᠦᠦᠰᠢᠨ ᠬᠤᠰᠢᠭᠤᠨ ᠤ ᠬᠤᠨ ᠭᠠᠯᠠᠭᠤ ᠤᠳᠬ᠎ᠠ ᠤᠷᠠᠯᠢᠭ ᠤᠨ ᠲᠡᠳᠬᠦᠯᠲᠡ ᠶᠢᠨ ᠠᠷᠭ᠎ᠠ | | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ | ᠬᠤᠷᠠᠯ ᠤᠨ ᠠᠷᠪᠠᠨ ᠨᠢᠭᠡᠳᠦᠭᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ᠂ ᠳᠤᠮᠳᠠᠳᠤ ᠤᠯᠤᠰ ᠤᠨ ᠵᠣᠬᠢᠶᠠᠯᠴᠢᠳ ᠤᠨ | ᠡᠪᠯᠡᠯ ᠤᠨ ᠠᠷᠪᠠᠳᠤᠭᠠᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ ᠮᠠᠨ ᠤ ᠬᠤᠰᠢᠭᠤᠨ ᠤ ︽ᠭᠠᠪᠰᠢᠭᠠᠶᠢᠯᠠᠨ ᠤᠷᠤᠭᠰᠢᠯᠠᠵᠤ ᠦᠷ᠎ᠡ ᠪᠦᠲᠦᠮᠵᠢ ᠪᠠᠨ ᠳᠡᠭᠡᠭᠰᠢᠯᠡᠬᠦᠯᠤᠨ ᠲᠡᠷᠢᠬᠦᠨ ᠳᠤ ᠤᠷᠤᠬᠤ ᠪᠠᠷ | ᠲᠡᠮᠡᠴᠡᠬᠦ︾ ᠶᠢ ᠠᠬᠢᠭᠤᠯᠵᠤ ᠴᠢᠨᠠᠷ ᠰᠠᠶᠢᠲᠠᠢ ᠪᠣᠬᠢᠷᠳᠤᠯ ᠦᠭᠡᠢ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠨ ᠪᠦᠬᠦ ᠬᠤᠰᠢᠭᠤᠨ ᠤ ᠤᠳᠬ᠎ᠠ | ᠤᠷᠠᠯᠢᠭ ᠤᠨ ᠹᠷᠤᠨᠲ ᠠᠴᠠ ᠴᠢᠳᠠᠪᠤᠷᠢᠲᠠᠨ᠂ ᠰᠣᠳᠣᠨ ᠪᠦᠲᠦᠭᠡᠯ᠂ ᠨᠡᠷᠡᠲᠦ ᠲᠡᠮᠳᠡᠭ ᠭᠠᠷᠬᠤ ᠶᠢ ᠵᠣᠷᠢᠭᠵᠢᠭᠤᠯᠤᠨ ᠤᠳᠬ᠎ᠠ ᠤᠷᠠᠯᠢᠭ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠭᠡ ᠶᠢᠨ ᠤᠳᠬ᠎ᠠ | ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠤᠨ ᠤᠳᠬ᠎ᠠ ᠤᠷᠠᠯᠢᠭ ᠤᠨ ᠵᠤᠬᠢᠶᠠᠨ ᠪᠦᠲᠦᠬᠡᠯᠬᠡ ᠶᠢ ᠴᠡᠴᠡᠭᠯᠡᠭᠦᠯᠦᠨ | ᠬᠥᠭᠵᠢᠭᠦᠯᠵᠦ ᠤᠳᠬ᠎ᠠ ᠤᠷᠠᠯᠢᠭ ᠤᠨ ᠠᠵᠢᠯᠯᠠᠭᠠᠨ ᠤ ᠨᠡᠷᠡᠲᠤ ᠲᠡᠮᠳᠡᠭ ᠢ ᠡᠭᠦᠳᠴᠦ ᠴᠢᠨᠠᠷ ᠰᠠᠶᠢᠲᠠᠢ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ | ᠬᠤᠲᠠ ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠶᠢᠨ ᠲᠦᠯᠦᠬᠡ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠣᠰᠣᠭᠠᠷ᠂ ︽ᠣᠷᠳᠣᠰ ᠬᠤᠲᠠ ᠶᠢᠨ | ᠴᠠᠬᠢᠯᠳᠠᠭ ᠤᠨ ᠴᠡᠴᠡᠭ ᠤᠳᠬ᠎ᠠ ᠤᠷᠠᠯᠢᠭ ᠤᠨ ᠵᠤᠬᠢᠶᠠᠨ ᠪᠦᠲᠦᠬᠡᠯᠭᠡ ᠶᠢᠨ ᠳᠡᠳᠬᠦᠯᠲᠡ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠳᠤ | ᠲᠦᠰᠢᠭᠯᠡᠵᠤ᠂ ᠦᠦᠰᠢᠨ ᠬᠤᠰᠢᠭᠤᠨ ᠤ ᠤᠳᠬ᠎ᠠ ᠤᠷᠠᠯᠢᠭ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ ︽ᠦᠦᠰᠢᠨ ᠬᠤᠰᠢᠭᠤᠨ ᠤ ᠬᠤᠨ ᠭᠠᠯᠠᠭᠤ | ᠤᠳᠬ᠎ᠠ ᠤᠷᠠᠯᠢᠭ ᠤᠨ ᠳᠡᠳᠬᠦᠯᠲᠡ ᠶᠢᠨ ᠠᠷᠭ᠎ᠠ︾ ︵ᠨᠡᠷᠡᠶᠢᠳᠦᠯ ᠢ ᠲᠦᠷ ᠲᠣᠭᠲᠠᠭᠠᠪᠠ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ | ᠲᠣᠭᠲᠠᠭᠠᠪᠠ᠃ | | | ᠨᠢᠭᠡᠳᠦᠭᠡᠷ ᠪᠦᠯᠦᠭ ᠶᠡᠷᠦᠩᠬᠡᠢ ᠳᠦᠷᠢᠮ | | | ᠨᠢᠭᠡᠳᠦᠭᠡᠷ ᠵᠦᠢᠯ ᠵᠢᠯᠤᠭᠤᠳᠬᠤ ᠦᠵᠡᠯ ᠰᠠᠨᠠᠭ᠎ᠠ᠃ ᠵᠤᠷᠢᠭᠵᠢᠭᠤᠯᠤᠨ ᠲᠡᠳᠬᠦᠬᠦ ᠢᠨᠵᠧᠨᠧᠷᠢᠩ ᠤᠨ ᠬᠡᠷᠡᠭᠵᠢᠭᠦᠯᠦᠯᠲᠡ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠨ ︽ᠬᠤᠶᠠᠷ ᠲᠤ ᠦᠢᠯᠡᠴᠢᠯᠡᠬᠦ︾ ᠴᠢᠭᠯᠡᠯ ᠪᠠ ︽ᠴᠡᠴᠡᠭ ᠪᠦᠬᠦᠨ ᠢ | ᠵᠡᠷᠭᠡᠪᠡᠷ ᠳᠡᠯᠭᠡᠷᠡᠭᠦᠯᠵᠦ᠂ ᠡᠷᠳᠡᠮᠲᠡᠨ ᠪᠦᠬᠦᠨ ᠢ ᠴᠢᠯᠦᠭᠡᠲᠡᠢ ᠶᠠᠷᠢᠯᠴᠠᠭᠤᠯᠬᠤ︾ ᠴᠢᠭᠯᠡᠯᠲᠡ ᠶᠢ ᠪᠠᠷᠢᠮᠲᠠᠯᠠᠵᠤ᠂ ᠮᠣᠷᠠᠯ ᠴᠢᠳᠠᠪᠤᠷᠢ ᠶᠢ ᠬᠤᠣᠰᠯᠠᠭᠤᠯᠤᠨ᠂ | ᠠᠪᠢᠶᠠᠰ ᠪᠢᠯᠢᠭ ᠢ ᠪᠦᠷᠢᠳᠦᠬᠦᠯᠬᠦ ᠪᠠᠷ ᠪᠠᠷᠢᠮᠵᠢᠶ᠎ᠠ ᠪᠣᠯᠭᠠᠨ ︽ᠨᠡᠶᠢᠭᠡᠮ ᠳᠤ ᠬᠠᠨᠳᠤᠭᠤᠯᠬᠤ᠂ ᠢᠯᠡ ᠲᠣᠳᠣ ᠪᠠᠶᠢᠯᠭᠠᠬᠤ᠂ ᠨᠢᠭᠡᠳᠦᠯᠲᠡᠢ ᠲᠥᠯᠥᠪᠯᠡᠵᠦ ᠨᠡᠶᠢᠲᠡ | ᠳᠤᠨᠢ ᠬᠠᠷᠠᠭᠠᠯᠵᠠᠬᠤ᠂ ᠭᠤᠣᠯᠳᠠᠯᠭ᠎ᠠ ᠶᠢ ᠳᠣᠪᠤᠶᠢᠯᠭᠠᠬᠤ︾ ᠵᠠᠷᠴᠢᠮ ᠢ ᠪᠠᠷᠢᠮᠲᠠᠯᠠᠵᠤ ᠪᠥᠬᠦ ᠬᠤᠰᠢᠭᠤᠨ ᠤ ᠤᠳᠬ᠎ᠠ ᠤᠷᠠᠯᠢᠭ ᠤᠨ ᠠᠵᠢᠯᠲᠠᠳ ᠢ ᠬᠥᠲᠥᠯᠥᠨ | ᠵᠢᠯᠤᠭᠤᠳᠴᠤ ᠥᠭᠡᠳᠡᠯᠡᠨ ᠲᠠᠪᠰᠢᠬᠤ ᠶᠢ ᠬᠥᠭᠡᠭᠡᠴᠡᠯᠳᠦᠬᠦ ᠨᠠᠩ ᠣᠯᠠᠨ ᠰᠢᠯᠢᠳᠡᠭ ᠤᠯᠠᠮᠵᠢᠯᠠᠯ ᠤᠨ ᠪᠦᠲᠦᠬᠡᠯ ᠢ ᠴᠢᠷᠮᠠᠶᠢᠨ ᠵᠣᠬᠢᠶᠠᠨ ᠪᠦᠲᠦᠭᠡᠵᠦ ᠨᠡᠶᠢᠭᠡᠮ | ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ | ᠰᠣᠶᠣᠯ ᠢ ᠢᠯᠡᠷᠡᠭᠦᠯᠵᠦ ᠰᠢᠨ᠎ᠡ ᠴᠠᠭ ᠦᠶ᠎ᠡ ᠶᠢᠨ ᠵᠣᠷᠢᠭ ᠰᠠᠨᠠᠭᠠᠨ ᠤ ᠵᠢᠷᠤᠭ ᠢ ᠭᠦᠨᠵᠡᠭᠡᠢ ᠵᠢᠷᠤᠭᠯᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠤᠭᠴᠠ ᠶᠢᠨ ᠤᠬᠠᠮᠰᠠᠷ ᠢ ᠪᠠᠲᠤ ᠴᠣᠭᠴᠠᠯᠠᠵᠤ ᠦᠦᠰᠢᠨ ᠬᠤᠰᠢᠭᠤᠨ ᠤ ᠭᠠᠵᠠᠷ ᠣᠷᠣᠨ ᠤ ᠣᠨᠴᠠᠯᠢᠭ ᠪᠣᠯᠣᠨ ᠰᠣᠶᠣᠯ ᠢᠷᠭᠡᠨᠰᠢᠯ ᠤᠨ ᠵᠣᠷᠢᠭ ᠰᠠᠨᠠᠭ᠎ᠠ ᠶᠢ | ᠢᠯᠡᠷᠡᠭᠦᠯᠦᠭᠰᠡᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠤᠬᠢᠶᠠᠨ ᠪᠦᠲᠦᠭᠡᠨ᠎ᠡ᠃ | ᠬᠤᠶᠠᠳᠤᠭᠠᠷ ᠵᠦᠢᠯ ᠵᠣᠷᠢᠯᠭ᠎ᠠ ᠠᠴᠢ ᠬᠤᠯᠪᠣᠭᠳᠠᠯ᠃ ᠮᠠᠨ ᠤ ᠬᠤᠰᠢᠭᠤᠨ ᠤ ᠤᠳᠬ᠎ᠠ ᠤᠷᠠᠯᠢᠭ ᠤᠨ ᠠᠵᠢᠯ ᠦᠢᠯᠡᠰ ᠢ ᠴᠡᠴᠡᠭᠯᠡᠭᠦᠯᠦᠨ | ᠬᠥᠭᠵᠢᠭᠦᠯᠬᠦ᠂ ᠰᠣᠶᠣᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠬᠤ᠂ ᠮᠣᠷᠠᠯ ᠴᠢᠳᠠᠪᠤᠷᠢ ᠬᠤᠣᠰᠯᠠᠭᠰᠠᠨ ᠤᠳᠬ᠎ᠠ ᠤᠷᠠᠯᠢᠭ ᠤᠨ | ᠴᠢᠳᠠᠪᠤᠷᠢᠲᠠᠨ ᠢ ᠬᠥᠮᠥᠵᠢᠭᠦᠯᠬᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠭᠠᠷᠭᠠᠬᠤ᠂ ᠮᠠᠨ ᠤ ᠬᠤᠰᠢᠭᠤᠨ ᠤ ᠤᠳᠬ᠎ᠠ ᠤᠷᠠᠯᠢᠭ ᠤᠨ ᠨᠥᠯᠥᠭᠡᠯᠡᠬᠦ | ᠬᠦᠴᠦᠨ ᠢ ᠳᠡᠭᠡᠭᠰᠢᠯᠡᠭᠦᠯᠬᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠬᠠᠷᠠᠯᠲᠠ ᠪᠣᠯᠭᠠᠵᠤ ᠴᠠᠬᠢᠯᠳᠠᠭ ᠤᠨ ᠴᠡᠴᠡᠭ ᠤᠳᠬ᠎ᠠ ᠤᠷᠠᠯᠢᠭ ᠤᠨ ᠵᠤᠷᠢᠭᠵᠢᠭᠤᠯᠤᠨ ᠲᠡᠳᠬᠦᠬᠦ | ᠢᠨᠵᠧᠨᠧᠷᠢᠩ ᠳᠤ ᠲᠦᠰᠢᠭᠯᠡᠨ ᠤᠳᠬ᠎ᠠ ᠤᠷᠠᠯᠢᠭ ᠤᠨ ᠵᠤᠬᠢᠶᠠᠨ ᠪᠦᠲᠦᠭᠡᠯᠭᠡ ᠶᠢᠨ ᠵᠤᠷᠢᠭᠵᠢᠭᠤᠯᠤᠯ᠂ ᠤᠳᠬ᠎ᠠ ᠤᠷᠠᠯᠢᠭ ᠤᠨ ᠪᠦᠲᠦᠭᠡᠯ ᠤᠨ ᠳᠡᠮᠵᠢᠯᠭᠡ᠂ | ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠣᠯᠠᠨ ᠲᠠᠯ᠎ᠠ ᠠᠴᠠ ᠭᠠᠷᠳᠠᠵᠤ ᠲᠦᠷᠦᠯ ᠬᠤᠪᠢᠶᠠᠨ ᠵᠢᠯᠤᠭᠤᠳᠴᠤ᠂ ᠤᠨᠢᠨ ᠳᠡᠭᠡᠷ᠎ᠡ ᠨᠢ | ᠲᠡᠳᠬᠦᠵᠦ᠂ ᠤᠳᠤᠷᠢᠳᠤᠮᠵᠢ ᠨᠢ ᠲᠣᠳᠣᠷᠬᠠᠢ᠂ ᠣᠨᠴᠠᠯᠢᠭ ᠨᠢ ᠢᠯᠡ ᠲᠣᠳᠣ ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠥᠵᠢᠭᠦᠯᠬᠦ ᠵᠤᠷᠢᠭᠵᠢᠭᠤᠯᠤᠨ | ᠲᠡᠳᠬᠦᠬᠦ ᠰᠢᠰᠲ᠋ᠧᠮ ᠢ ᠪᠦᠷᠢᠯᠳᠦᠭᠦᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠢᠯᠡᠷᠡᠭᠦᠯᠦᠭᠰᠡᠨ᠂ ᠰᠢᠨ᠎ᠡ ᠴᠠᠭ ᠦᠶ᠎ᠡ ᠶᠢᠨ ᠤᠶᠤᠨ ᠰᠠᠨᠠᠭᠠᠨ ᠤ ᠲᠦᠷᠢ ᠲᠦᠷᠬᠦ ᠶᠢ ᠪᠠᠳᠠᠷᠠᠭᠤᠯᠤᠭᠰᠠᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠠᠢ ᠨᠢᠭᠲᠠ ᠤᠶᠠᠯᠳᠤᠭᠤᠯᠬᠤ ᠪᠠ ᠢᠯᠡ ᠲᠤᠲᠤ ᠳᠤᠰᠬᠠᠭᠰᠠᠨ ᠤᠳᠬ᠎ᠠ ᠤᠷᠠᠯᠢᠭ ᠤᠨ | ᠪᠦᠲᠦᠭᠡᠯ ᠢ ᠭᠤᠣᠯᠳᠠᠯᠭ᠎ᠠ ᠲᠠᠢ ᠵᠣᠷᠢᠭᠵᠢᠭᠤᠯᠤᠨ ᠳᠡᠳᠬᠦᠬᠦ ᠡᠲᠡᠭᠡᠳ ᠪᠣᠯᠭᠠᠨ᠎ᠠ᠃ | ᠭᠤᠷᠪᠠᠳᠤᠭᠠᠷ ᠵᠦᠢᠯ ᠤᠳᠤᠷᠢᠳᠬᠤ ᠪᠠᠶᠢᠭᠤᠯᠤᠮᠵᠢ᠃ ᠦᠦᠰᠢᠨ ᠬᠤᠰᠢᠭᠤᠨ ᠤ ᠤᠳᠬ᠎ᠠ ᠤᠷᠠᠯᠢᠭ ᠤᠨ ᠴᠢᠳᠠᠪᠤᠷᠢᠲᠠᠨ᠂ ᠵᠣᠬᠢᠶᠠᠨ ᠪᠦᠲᠦᠭᠡᠯᠭᠡ᠂ | ᠠᠵᠢᠯᠯᠠᠭ᠎ᠠ ᠶᠢ ᠵᠣᠷᠢᠭᠵᠢᠭᠤᠯᠤᠨ ᠲᠡᠳᠬᠦᠬᠦ ᠢᠨᠵᠧᠨᠧᠷᠢᠩ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠨᠡᠷᠡᠶᠢᠳᠦᠨ᠎ᠡ︶ | ᠢ ᠪᠠᠶᠢᠭᠤᠯᠵᠤ᠂ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠡᠭᠦᠷᠭᠡᠯᠡᠵᠦ᠂ | ᠭᠡᠰᠢᠬᠦᠨ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠶᠠᠷ ᠪᠦᠷᠢᠯᠳᠦᠨ᠎ᠡ᠃ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠳᠤ | ᠳᠤᠬᠢᠷᠠᠭᠤᠯᠵᠤ᠂ ᠵᠣᠷᠢᠭᠵᠢᠭᠤᠯᠤᠨ ᠲᠡᠳᠬᠦᠬᠦ ᠢᠨᠵᠧᠨᠧᠷᠢᠩ ᠤᠨ ᠡᠯ᠎ᠡ ᠵᠦᠢᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠡᠯ᠎ᠡ ᠵᠦᠢᠯ ᠤᠨ ᠬᠢᠨᠠᠨ | ᠲᠣᠭᠲᠠᠭᠠᠬᠤ ᠠᠵᠢᠯ ᠢ ᠦᠵᠡᠯ ᠤᠬᠠᠮᠰᠠᠷ ᠤᠨ ᠬᠡᠯᠪᠡᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠰᠠᠯᠠᠭ᠎ᠠ ᠮᠥᠴᠢᠷ᠂ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ᠂ ᠣᠷᠣᠨ ᠤ ᠳᠣᠲᠣᠷᠠᠬᠢ ᠤᠳᠬ᠎ᠠ ᠤᠷᠠᠯᠢᠭ ᠤᠨ ᠴᠢᠳᠠᠪᠤᠷᠢᠲᠠᠨ ᠤ | ᠬᠥᠮᠥᠷᠭᠡ ᠶᠢᠨ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠺᠤᠮᠢᠰ ᠠᠴᠠ ᠪᠣᠳᠠᠲᠠᠢ ᠬᠠᠷᠢᠭᠤᠴᠠᠨ᠎ᠠ᠃ | | | ᠬᠤᠶᠠᠳᠤᠭᠠᠷ ᠪᠦᠯᠦᠭ ᠵᠤᠷᠢᠭᠵᠢᠭᠤᠯᠤᠨ ᠲᠡᠳᠬᠦᠬᠦ ᠬᠡᠪᠴᠢᠶ᠎ᠡ ᠬᠢᠭᠡᠳ ᠪᠡᠯᠡ ᠮᠥᠩᠭᠦ ᠶᠢᠨ ᠪᠠᠷᠢᠮᠵᠢᠶ᠎ᠠ | | | ᠳᠥᠷᠪᠡᠳᠦᠭᠡᠷ ᠵᠦᠢᠯ ᠵᠣᠬᠢᠶᠠᠨ ᠪᠦᠲᠦᠭᠡᠯᠭᠡ ᠶᠢ ᠵᠤᠷᠢᠭᠵᠢᠭᠤᠯᠤᠨ ᠲᠡᠳᠬᠦᠬᠦ | ︵ᠨᠢᠭᠡ︶ ᠲᠡᠳᠬᠦᠯᠲᠡ ᠶᠢᠨ ᠲᠥᠷᠥᠯ ᠵᠦᠢᠯ | ⒈ ᠤᠳᠬ᠎ᠠ ᠵᠣᠬᠢᠶᠠᠯ ᠤᠨ ᠠᠩᠬᠠᠨ ᠤ ᠪᠦᠲᠦᠭᠡᠯ ᠪᠠ ᠤᠳᠬ᠎ᠠ ᠤᠷᠠᠯᠢᠭ ᠤᠨ ᠰᠢᠭᠦᠮᠵᠢ ᠶᠢᠨ ᠲᠦᠷᠦᠯ᠃ ᠲᠤᠭᠤᠵᠢᠰ ︵ᠷᠣᠮᠠᠨ᠂ ᠲᠤᠭᠤᠵᠢ᠂ | ᠦᠬᠦᠯᠡᠯᠭᠡ︶᠂ ᠢᠷᠠᠭᠤ ᠨᠠᠶᠢᠷᠠᠭ᠂ ᠮᠡᠳᠡᠭᠡᠯᠡᠯ ᠤᠨ ᠤᠷᠠᠨ ᠵᠣᠬᠢᠶᠠᠯ᠂ ᠪᠠᠷᠢᠮᠲᠠᠲᠤ ᠤᠷᠠᠨ ᠵᠣᠬᠢᠶᠠᠯ ᠂ ᠰᠢᠯᠦᠭ ᠤᠨ ᠲᠡᠭᠦᠪᠦᠷᠢ᠂ ᠨᠠᠶᠢᠷᠠᠭᠤᠯᠤᠯ ᠤᠨ | ᠲᠡᠭᠦᠪᠦᠷᠢ ︵ᠡᠰᠰᠧ ᠪᠠ ᠰᠤᠯᠠ ᠪᠢᠴᠢᠯᠭᠡ ᠶᠢᠨ ᠲᠡᠭᠦᠪᠦᠷᠢ ᠪᠠᠭᠲᠠᠨ᠎ᠠ︶᠂ ᠠᠷᠠᠳ ᠤᠨ ᠠᠮᠠᠨ ᠵᠣᠬᠢᠶᠠᠯ ᠤᠨ ᠲᠡᠭᠦᠪᠦᠷᠢ᠂ ᠰᠦᠯᠵᠢᠶᠡᠨ ᠤ ᠤᠷᠠᠨ | ᠵᠣᠬᠢᠶᠠᠯ ᠤᠨ ᠲᠡᠭᠦᠪᠦᠷᠢ᠂ ᠤᠳᠬ᠎ᠠ ᠤᠷᠠᠯᠢᠭ ᠤᠨ ᠰᠢᠭᠦᠮᠵᠢ ᠶᠢᠨ ᠲᠡᠭᠦᠪᠦᠷᠢ ᠵᠡᠷᠭᠡ᠃ | ⒉ ᠺᠢᠨᠣ᠋ ᠲᠧᠯᠸᠢᠰ ᠵᠦᠴᠦᠭᠡ ᠶᠢᠨ ᠪᠦᠲᠦᠭᠡᠯ ᠤᠨ ᠲᠥᠷᠥᠯ᠃ ᠠᠩᠬᠠᠨ ᠤ ᠵᠣᠬᠢᠶᠠᠭᠰᠠᠨ ᠪᠠ ᠥᠭᠡᠷᠡᠴᠢᠯᠡᠨ ᠨᠠᠶᠢᠷᠠᠭᠤᠯᠤᠭᠰᠠᠨ ᠺᠢᠨᠣ᠋ ᠲᠧᠯᠸᠢᠰ | ᠵᠦᠴᠦᠭᠡ ︵ᠣᠬᠤᠷ ᠹᠢᠯᠢᠮ︶᠂ ᠪᠠᠷᠢᠮᠲᠠᠲᠤ ᠺᠢᠨᠣ᠋᠂ ᠷᠠᠳᠢᠣ᠋ ᠵᠦᠴᠦᠭᠡ᠂ ᠰᠦᠯᠵᠢᠶᠡᠨ ᠤ ᠵᠦᠴᠦᠭᠡ ᠶᠢᠨ ᠵᠣᠬᠢᠶᠠᠯ᠃ | ⒊ ᠲᠠᠶᠢᠰᠠᠨ ᠤ ᠤᠷᠠᠯᠢᠭ ᠤᠨ ᠪᠦᠲᠦᠭᠡᠯ ᠤᠨ ᠲᠥᠷᠥᠯ᠃ ᠰᠢ ᠵᠦᠴᠦᠭᠡ ︵ᠪᠠᠭ᠎ᠠ ᠬᠡᠯᠪᠡᠷᠢ ᠶᠢᠨ ᠵᠦᠴᠦᠭᠡ ᠶᠢᠨ ᠭᠠᠷᠴᠠᠭ︶ ᠶᠢᠨ ᠵᠦᠴᠦᠭᠡ ᠶᠢᠨ | ᠵᠤᠬᠢᠶᠠᠯ ᠤᠨ ᠵᠣᠬᠢᠶᠠᠨ ᠪᠦᠲᠦᠭᠡᠯᠭᠡ᠃ | ︵ᠬᠤᠶᠠᠷ︶ ᠳᠡᠳᠬᠦᠮᠵᠢ ᠶᠢᠨ ᠮᠦᠩᠭᠦ | ⒈ ᠷᠣᠮᠠᠨ᠂ ᠢᠷᠠᠭᠤ ᠨᠠᠶᠢᠷᠠᠭ᠂ ᠮᠡᠳᠡᠭᠡᠯᠡᠯ ᠤᠨ ᠤᠷᠠᠨ ᠵᠣᠬᠢᠶᠠᠯ᠂ ᠪᠠᠷᠢᠮᠲᠠᠲᠤ ᠤᠷᠠᠨ ᠵᠣᠬᠢᠶᠠᠯ᠂ ᠰᠢ ᠵᠦᠴᠦᠭᠡ ᠶᠢᠨ ᠵᠣᠬᠢᠶᠠᠯ᠂ ᠺᠢᠨᠣ᠋ | ᠲᠧᠯᠸᠢᠰ ᠤᠨ ᠵᠦᠴᠦᠭᠡ ᠶᠢᠨ ᠵᠣᠬᠢᠶᠠᠯ ᠨᠢ ᠵᠤᠬᠢᠶᠠᠯ ᠪᠦᠷᠢ 3 ᠲᠦᠮᠡᠨ ᠲᠥᠭᠦᠷᠢᠭ᠃ | ⒉ ᠲᠤᠭᠤᠵᠢ ᠥᠭᠦᠯᠡᠯᠭᠡ ᠶᠢᠨ ᠲᠡᠭᠦᠪᠦᠷᠢ᠂ ᠰᠢᠯᠦᠭ ᠤᠨ ᠲᠡᠭᠦᠪᠦᠷᠢ᠂ ᠨᠠᠶᠢᠷᠠᠭᠤᠯᠤᠯ ᠤᠨ ᠲᠡᠭᠦᠪᠦᠷᠢ ︵ᠡᠰᠰᠧ ᠪᠠ ᠰᠤᠯᠠ ᠪᠢᠴᠢᠯᠭᠡ ᠶᠢᠨ | ᠲᠡᠭᠦᠪᠦᠷᠢ ᠪᠠᠭᠲᠠᠨ᠎ᠠ︶᠂ ᠠᠷᠠᠳ ᠤᠨ ᠠᠮᠠᠨ ᠵᠣᠬᠢᠶᠠᠯ ᠤᠨ ᠲᠡᠭᠦᠪᠦᠷᠢ᠂ ᠰᠦᠯᠵᠢᠶᠡᠨ ᠤ ᠤᠷᠠᠨ ᠵᠣᠬᠢᠶᠠᠯ ᠤᠨ ᠲᠡᠭᠦᠪᠦᠷᠢ ᠨᠢ ᠲᠡᠭᠦᠪᠦᠷᠢ ᠪᠦᠷᠢ 2 ᠲᠦᠮᠡᠨ | ᠲᠥᠭᠦᠷᠢᠭ᠃ | ⒊ ᠺᠢᠨᠣ᠋ ᠲᠧᠯᠸᠢᠰ ᠤᠨ ᠣᠬᠤᠷ ᠹᠢᠯᠢᠮ ᠤᠨ ᠵᠤᠬᠢᠶᠠᠯ᠂ ᠪᠠᠷᠢᠮᠲᠠᠲᠤ ᠺᠢᠨᠣ᠋ ᠶᠢᠨ ᠵᠤᠬᠢᠶᠠᠯ᠂ ᠷᠠᠳᠢᠣ᠋ ᠵᠦᠴᠦᠭᠡ ᠶᠢᠨ ᠵᠤᠬᠢᠶᠠᠯ᠂ ᠰᠦᠯᠵᠢᠶᠡᠨ ᠤ | ᠵᠦᠴᠦᠭᠡ ᠶᠢᠨ ᠵᠤᠬᠢᠶᠠᠯ᠂ ᠪᠠᠭ᠎ᠠ ᠬᠡᠯᠪᠡᠷᠢ ᠶᠢᠨ ᠵᠦᠴᠦᠭᠡ ᠶᠢᠨ ᠭᠠᠷᠴᠠᠭ ᠵᠦᠴᠦᠬᠡ ᠶᠢᠨ ᠵᠤᠬᠢᠶᠠᠯ ᠨᠢ ᠵᠤᠬᠢᠶᠠᠯ ᠪᠦᠷᠢ 2 ᠲᠦᠮᠡᠨ ᠲᠥᠭᠦᠷᠢᠭ᠃ | ᠳᠡᠭᠡᠷ᠎ᠡ ᠳᠤᠷᠠᠳᠤᠭᠰᠠᠨ 3 ᠲᠥᠷᠥᠯ ᠳᠤ᠂ ᠲᠥᠷᠥᠯ ᠪᠦᠷᠢ ᠶᠢᠨ ᠲᠡᠳᠬᠦᠬᠦ ᠲᠤᠭ᠎ᠠ ᠶᠢ ᠵᠠᠷᠴᠢᠮ ᠳᠡᠭᠡᠷ᠎ᠡ ᠪᠠᠨ ᠵᠢᠯ ᠪᠦᠷᠢ 3 ᠠᠴᠠ ᠬᠡᠲᠦᠷᠡᠭᠦᠯᠬᠦ | ᠦᠭᠡᠢ᠃ | ᠲᠠᠪᠤᠳᠤᠭᠠᠷ ᠵᠦᠢᠯ ᠦᠷ᠎ᠡ ᠪᠦᠲᠦᠭᠡᠯ ᠢ ᠵᠤᠷᠢᠭᠵᠢᠭᠤᠯᠤᠨ ᠲᠡᠳᠬᠦᠬᠦ | ︵ᠨᠢᠭᠡ︶ ᠲᠡᠳᠬᠦᠮᠵᠢ ᠶᠢᠨ ᠠᠭᠤᠯᠭ᠎ᠠ | ⒈ ᠵᠣᠬᠢᠶᠠᠨ ᠪᠦᠲᠦᠭᠡᠯᠭᠡ ᠶᠢᠨ ᠦᠷ᠎ᠡ ᠪᠦᠲᠦᠭᠡᠯ ᠤᠨ ᠲᠥᠷᠥᠯ | ⑴ ᠤᠯᠤᠰ ᠤᠨ ᠳᠣᠲᠣᠭᠠᠳᠤ ᠶᠢᠨ ᠨᠢᠭᠡᠳᠦᠯᠲᠡᠢ ᠦᠷᠭᠦᠯᠵᠢᠯᠡᠭᠰᠡᠨ ᠬᠡᠪᠯᠡᠭᠳᠡᠬᠦᠨ ᠤ ᠳ᠋ᠤᠭᠠᠷ ︵CN ᠳ᠋ᠤᠭᠠᠷ︶᠂ ᠤᠯᠠᠨ ᠤᠯᠤᠰ ᠤᠨ ᠪᠠᠷᠢᠮᠵᠢᠶᠠᠲᠤ | ᠦᠷᠭᠦᠯᠵᠢᠯᠡᠭᠰᠡᠨ ᠬᠡᠪᠯᠡᠭᠳᠡᠬᠦᠨ ᠤ ᠳ᠋ᠤᠭᠠᠷ ︵ISSN ᠳ᠋ᠤᠭᠠᠷ︶᠂ ᠰᠢᠤᠳᠠᠨ ᠤ ᠲᠠᠷᠬᠠᠭᠠᠯᠲᠠ ᠶᠢᠨ ᠣᠷᠣᠯᠠᠬᠤ ᠨᠣᠮᠧᠷ ᠲᠠᠢ᠂ ᠳᠤᠮᠳᠠᠳᠤ ᠤᠯᠤᠰ ᠤᠨ | ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ᠂ ᠤᠯᠤᠰ ᠤᠨ ᠳᠡᠰ ᠤᠨ ᠬᠡᠪᠯᠡᠯ ᠤᠨ ᠬᠤᠷᠢᠶ᠎ᠠ | ᠠᠴᠠ ᠭᠤᠣᠯᠯᠠᠨ ᠬᠠᠮᠢᠶᠠᠷᠴᠤ ᠭᠤᠤᠯᠯᠠᠨ ᠡᠷᠬᠢᠯᠡᠵᠤ ᠪᠠᠶᠢᠭ᠎ᠠ ᠤᠳᠬ᠎ᠠ ᠵᠣᠬᠢᠶᠠᠯ ᠤᠨ ᠰᠣᠨᠢᠨ ᠰᠡᠳᠬᠦᠯ ︵ᠰᠣᠩᠭᠤᠮᠠᠯ ᠬᠡᠪᠯᠡᠯ︶ ᠳᠡᠭᠡᠷ᠎ᠡ ᠨᠡᠶᠢᠲᠡᠯᠡᠭᠰᠡᠨ | ᠲᠤᠭᠤᠵᠢᠰ ᠤᠨ ᠵᠤᠬᠢᠶᠠᠯ ︵ᠷᠤᠮᠠᠨ᠂ ᠲᠤᠭᠤᠵᠢ᠂ ᠦᠬᠦᠯᠡᠯᠭᠡ︶᠂ ᠮᠡᠳᠡᠭᠡᠯᠡᠯ ᠤᠨ ᠤᠷᠠᠨ ᠵᠣᠬᠢᠶᠠᠯ᠂ ᠪᠠᠷᠢᠮᠲᠠᠲᠤ ᠤᠷᠠᠨ ᠵᠣᠬᠢᠶᠠᠯ᠂ ᠢᠷᠠᠭᠤ ᠨᠠᠶᠢᠷᠠᠭ᠂ | ᠨᠠᠶᠢᠷᠠᠭᠤᠯᠤᠯ ︵ᠡᠰᠰᠧ ᠪᠠ ᠰᠤᠯᠠ ᠪᠢᠴᠢᠯᠭᠡ ᠪᠠᠭᠲᠠᠨ᠎ᠠ︶᠂ ᠵᠦᠴᠦᠭᠡ ᠶᠢᠨ ᠵᠣᠬᠢᠶᠠᠯ᠂ ᠰᠢᠭᠦᠮᠵᠢ ᠵᠡᠷᠭᠡ︔ ᠤᠯᠤᠰ ᠤᠨ ᠳᠣᠲᠣᠭᠠᠳᠤ ᠶᠢᠨ ᠨᠢᠭᠡᠳᠦᠯᠲᠡᠢ | ᠦᠷᠭᠦᠯᠵᠢᠯᠡᠭᠰᠡᠨ ᠬᠡᠪᠯᠡᠭᠳᠡᠬᠦᠨ ᠤ ᠳ᠋ᠤᠭᠠᠷ ︵CN ᠳ᠋ᠤᠭᠠᠷ︶᠂ ᠤᠯᠠᠨ ᠤᠯᠤᠰ ᠤᠨ ᠪᠠᠷᠢᠮᠵᠢᠶᠠᠲᠤ ᠦᠷᠭᠦᠯᠵᠢᠯᠡᠭᠰᠡᠨ ᠬᠡᠪᠯᠡᠭᠳᠡᠬᠦᠨ ᠤ ᠳ᠋ᠤᠭᠠᠷ ︵ISSN | ᠳ᠋ᠤᠭᠠᠷ︶᠂ ᠰᠢᠤᠳᠠᠨ ᠤ ᠲᠠᠷᠬᠠᠭᠠᠯᠲᠠ ᠶᠢᠨ ᠣᠷᠣᠯᠠᠬᠤ ᠨᠣᠮᠧᠷ ᠲᠠᠢ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ | ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ᠂ ᠤᠯᠤᠰ ᠤᠨ ᠳᠡᠰ ᠤᠨ ᠬᠡᠪᠯᠡᠯ ᠤᠨ ᠬᠤᠷᠢᠶ᠎ᠠ ᠠᠴᠠ ᠭᠤᠣᠯᠯᠠᠨ ᠬᠠᠮᠢᠶᠠᠷᠴᠤ ᠭᠤᠤᠯᠯᠠᠨ ᠡᠷᠬᠢᠯᠡᠵᠤ ᠪᠠᠶᠢᠭ᠎ᠠ | ᠤᠳᠬ᠎ᠠ ᠤᠷᠠᠯᠢᠭ ᠤᠨ ᠰᠣᠨᠢᠨ ᠰᠡᠳᠬᠦᠯ ︵ᠰᠣᠩᠭᠤᠮᠠᠯ ᠬᠡᠪᠯᠡᠯ︶ ᠳᠡᠭᠡᠷ᠎ᠡ ᠨᠡᠶᠢᠲᠡᠯᠡᠭᠰᠡᠨ ᠳᠠᠭᠤᠤ ᠬᠥᠭᠵᠢᠮ ︵ᠦᠭᠡ ᠠᠶ᠎ᠠ︶᠂ ᠤᠷᠠᠨ ᠪᠢᠴᠢᠯᠭᠡ᠂ ᠤᠷᠠᠨ | ᠵᠢᠷᠤᠭ᠂ ᠬᠡᠷᠡᠯ ᠵᠢᠷᠤᠭ᠂ ᠰᠢ ᠵᠦᠴᠦᠭᠡ᠂ ᠳᠠᠭᠤᠷᠢᠯᠢᠭ᠂ ᠠᠷᠠᠳ ᠤᠨ ᠤᠳᠬ᠎ᠠ ᠤᠷᠠᠯᠢᠭ᠂ ᠰᠢᠭᠦᠮᠵᠢ ᠵᠡᠷᠭᠡ ᠪᠦᠲᠦᠭᠡᠯ᠃ | ⑵ ᠤᠯᠤᠰ ᠤᠨ ᠳᠣᠲᠣᠭᠠᠳᠤ ᠶᠢᠨ ᠨᠢᠭᠡᠳᠦᠯᠲᠡᠢ ᠦᠷᠭᠦᠯᠵᠢᠯᠡᠭᠰᠡᠨ ᠬᠡᠪᠯᠡᠭᠳᠡᠬᠦᠨ ᠤ ᠳ᠋ᠤᠭᠠᠷ ︵CN ᠳ᠋ᠤᠭᠠᠷ︶᠂ ᠤᠯᠠᠨ ᠤᠯᠤᠰ ᠤᠨ ᠪᠠᠷᠢᠮᠵᠢᠶᠠᠲᠤ | ᠦᠷᠭᠦᠯᠵᠢᠯᠡᠭᠰᠡᠨ ᠬᠡᠪᠯᠡᠭᠳᠡᠬᠦᠨ ᠤ ᠳ᠋ᠤᠭᠠᠷ ︵ISSN ᠳ᠋ᠤᠭᠠᠷ︶᠂ ᠰᠢᠤᠳᠠᠨ ᠤ ᠲᠠᠷᠬᠠᠭᠠᠯᠲᠠ ᠶᠢᠨ ᠣᠷᠣᠯᠠᠬᠤ ᠨᠣᠮᠧᠷ ᠲᠠᠢ᠂ ᠮᠤᠵᠢ᠂ ᠥᠪᠡᠷᠲᠡᠭᠡᠨ ᠵᠠᠰᠠᠬᠤ | ᠣᠷᠣᠨ ᠤ ᠳᠡᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠮᠤᠵᠢ᠂ ᠥᠪᠡᠷᠲᠡᠭᠡᠨ ᠵᠠᠰᠠᠬᠤ ᠣᠷᠣᠨ ᠤ ᠵᠣᠬᠢᠶᠠᠯᠴᠢᠳ ᠤᠨ ᠡᠪᠯᠡᠯ ᠵᠡᠷᠭᠡ | ᠠᠴᠠ ᠭᠤᠤᠯᠯᠠᠨ ᠬᠠᠮᠢᠶᠠᠷᠴᠤ ᠭᠤᠤᠯᠯᠠᠨ ᠡᠷᠬᠢᠯᠡᠵᠤ ᠪᠠᠶᠢᠭ᠎ᠠ ᠨᠥᠯᠥᠭᠡᠯᠡᠬᠦ ᠬᠦᠴᠦᠨ ᠪᠦᠬᠦᠢ ᠤᠳᠬ᠎ᠠ ᠵᠣᠬᠢᠶᠠᠯ ᠤᠨ ᠰᠣᠨᠢᠨ ᠰᠡᠳᠬᠦᠯ ︵ᠰᠣᠩᠭᠤᠮᠠᠯ ᠬᠡᠪᠯᠡᠯ︶ | ᠳᠡᠭᠡᠷ᠎ᠡ ᠨᠡᠶᠢᠲᠡᠯᠡᠭᠰᠡᠨ ᠲᠤᠭᠤᠵᠢᠰ ᠤᠨ ᠵᠤᠬᠢᠶᠠᠯ ︵ᠷᠤᠮᠠᠨ᠂ ᠲᠤᠭᠤᠵᠢ᠂ ᠦᠬᠦᠯᠡᠯᠭᠡ︶᠂ ᠮᠡᠳᠡᠭᠡᠯᠡᠯ ᠤᠨ ᠤᠷᠠᠨ ᠵᠣᠬᠢᠶᠠᠯ᠂ ᠪᠠᠷᠢᠮᠲᠠᠲᠤ ᠤᠷᠠᠨ ᠵᠣᠬᠢᠶᠠᠯ᠂ | ᠢᠷᠠᠭᠤ ᠨᠠᠶᠢᠷᠠᠭ᠂ ᠨᠠᠶᠢᠷᠠᠭᠤᠯᠤᠯ ︵ᠡᠰᠰᠧ ᠪᠠ ᠰᠤᠯᠠ ᠪᠢᠴᠢᠯᠭᠡ ᠪᠠᠭᠲᠠᠨ᠎ᠠ︶᠂ ᠵᠦᠴᠦᠭᠡ ᠶᠢᠨ ᠵᠣᠬᠢᠶᠠᠯ᠂ ᠰᠢᠭᠦᠮᠵᠢ ᠵᠡᠷᠭᠡ︔ ᠤᠯᠤᠰ ᠤᠨ | ᠳᠣᠲᠣᠭᠠᠳᠤ ᠶᠢᠨ ᠨᠢᠭᠡᠳᠦᠯᠲᠡᠢ ᠦᠷᠭᠦᠯᠵᠢᠯᠡᠭᠰᠡᠨ ᠬᠡᠪᠯᠡᠭᠳᠡᠬᠦᠨ ᠤ ᠳ᠋ᠤᠭᠠᠷ ︵CN ᠳ᠋ᠤᠭᠠᠷ︶᠂ ᠣᠯᠠᠨ ᠤᠯᠤᠰ ᠤᠨ ᠪᠠᠷᠢᠮᠵᠢᠶᠠᠲᠤ ᠦᠷᠭᠦᠯᠵᠢᠯᠡᠭᠰᠡᠨ | ᠬᠡᠪᠯᠡᠭᠳᠡᠬᠦᠨ ᠤ ᠳ᠋ᠤᠭᠠᠷ ︵ISSN ᠳ᠋ᠤᠭᠠᠷ︶᠂ ᠰᠢᠤᠳᠠᠨ ᠤ ᠲᠠᠷᠬᠠᠭᠠᠯᠲᠠ ᠶᠢᠨ ᠣᠷᠣᠯᠠᠬᠤ ᠨᠣᠮᠧᠷ ᠲᠠᠢ ᠮᠤᠵᠢ᠂ ᠥᠪᠡᠷᠲᠡᠭᠡᠨ ᠵᠠᠰᠠᠬᠤ ᠣᠷᠣᠨ ᠤ ᠳᠡᠰ | ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠮᠤᠵᠢ᠂ ᠥᠪᠡᠷᠲᠡᠭᠡᠨ ᠵᠠᠰᠠᠬᠤ ᠣᠷᠣᠨ ᠤ ᠵᠣᠬᠢᠶᠠᠯᠴᠢᠳ ᠤᠨ ᠡᠪᠯᠡᠯ ᠵᠡᠷᠭᠡ ᠠᠴᠠ ᠭᠤᠤᠯᠯᠠᠨ | ᠬᠠᠮᠢᠶᠠᠷᠴᠤ ᠭᠤᠤᠯᠯᠠᠨ ᠡᠷᠬᠢᠯᠡᠵᠤ ᠪᠠᠶᠢᠭ᠎ᠠ ᠨᠥᠯᠥᠭᠡᠯᠡᠬᠦ ᠬᠦᠴᠦᠨ ᠪᠦᠬᠦᠢ ᠤᠳᠬ᠎ᠠ ᠤᠷᠠᠯᠢᠭ ᠤᠨ ᠰᠣᠨᠢᠨ ᠰᠡᠳᠬᠦᠯ ︵ᠰᠣᠩᠭᠤᠮᠠᠯ ᠬᠡᠪᠯᠡᠯ︶ ᠳᠡᠭᠡᠷ᠎ᠡ | ᠨᠡᠶᠢᠲᠡᠯᠡᠭᠰᠡᠨ ᠳᠠᠭᠤᠤ ᠬᠥᠭᠵᠢᠮ ︵ᠦᠭᠡ ᠠᠶ᠎ᠠ︶᠂ ᠤᠷᠠᠨ ᠪᠢᠴᠢᠯᠭᠡ᠂ ᠤᠷᠠᠨ ᠵᠢᠷᠤᠭ᠂ ᠬᠡᠷᠡᠯ ᠵᠢᠷᠤᠭ᠂ ᠰᠢ ᠵᠦᠴᠦᠭᠡ᠂ ᠳᠠᠭᠤᠷᠢᠯᠢᠭ᠂ ᠠᠷᠠᠳ ᠤᠨ | ᠤᠳᠬ᠎ᠠ ᠤᠷᠠᠯᠢᠭ᠂ ᠰᠢᠭᠦᠮᠵᠢ ᠵᠡᠷᠭᠡ ᠤᠷᠠᠯᠢᠭ ᠤᠨ ᠪᠦᠲᠦᠭᠡᠯ᠃ | ⑶ ᠨᠣᠮ ᠪᠢᠴᠢᠭ ᠤᠨ ᠬᠡᠪᠯᠡᠯ ᠤᠨ ᠲᠤᠪᠶᠤᠭ ᠤᠨ ᠲᠤᠭ᠎ᠠ ᠪᠠᠷᠢᠮᠲᠠ ︵CIP︶ ᠲᠠᠢ᠂ ᠵᠢᠩᠬᠢᠨᠢ ᠪᠠᠷ ᠬᠡᠪᠯᠡᠨ ᠲᠠᠷᠬᠠᠭᠠᠭᠰᠠᠨ ᠷᠣᠮᠠᠨ᠂ ᠢᠷᠠᠭᠤ | ᠨᠠᠶᠢᠷᠠᠭ᠂ ᠨᠠᠶᠢᠷᠠᠭᠤᠯᠤᠯ᠂ ᠰᠢᠭᠦᠮᠵᠢ᠂ ᠲᠤᠭᠤᠵᠢ ᠥᠭᠦᠯᠡᠯᠭᠡ ᠶᠢᠨ ᠲᠡᠭᠦᠪᠦᠷᠢ᠂ ᠰᠢᠯᠦᠭ ᠤᠨ ᠲᠡᠭᠦᠪᠦᠷᠢ᠂ ᠨᠠᠶᠢᠷᠠᠭᠤᠯᠤᠯ ᠤᠨ ᠲᠡᠭᠦᠪᠦᠷᠢ ︵ᠡᠰᠰᠧ ᠪᠠ | ᠰᠤᠯᠠ ᠪᠢᠴᠢᠯᠭᠡ ᠶᠢᠨ ᠲᠡᠭᠦᠪᠦᠷᠢ ᠪᠠᠭᠲᠠᠨ᠎ᠠ︶᠂ ᠰᠢᠭᠦᠮᠵᠢ ᠶᠢᠨ ᠲᠡᠭᠦᠪᠦᠷᠢ ᠵᠡᠷᠭᠡ᠂ ᠤᠷᠠᠨ ᠵᠢᠷᠤᠭ᠂ ᠤᠷᠠᠨ ᠪᠢᠴᠢᠯᠭᠡ᠂ ᠭᠡᠷᠡᠯ ᠵᠢᠷᠤᠭ᠂ ᠳᠠᠭᠤᠤ | ᠬᠥᠭᠵᠢᠮ ᠤᠨ ᠪᠦᠲᠦᠭᠡᠯ ᠤᠨ ᠲᠡᠭᠦᠪᠦᠷᠢ ᠵᠡᠷᠭᠡ᠃ | ⑷ ᠵᠢᠩᠬᠢᠨᠢ ᠰᠦᠯᠵᠢᠶᠡᠨ ᠤ ᠲᠠᠪᠴᠠᠩ ᠳᠤ ᠠᠩᠬ᠎ᠠ ᠲᠠᠷᠬᠠᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠳᠤ ᠨᠡᠶᠢᠴᠡᠨ᠂ | ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠢᠯᠡᠷᠡᠭᠦᠯᠬᠦ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ | ᠂ ᠨᠡᠶᠢᠭᠡᠮ ᠤᠨ ᠤᠬᠠᠭᠤᠯᠭ᠎ᠠ ᠶᠢᠨ ᠦᠢᠯᠡᠳᠦᠯ ᠢᠶᠠᠷ ᠰᠠᠶᠢᠨ᠂ ᠳᠠᠷᠤᠮ ᠤᠨ ᠲᠤᠭ᠎ᠠ ᠨᠢ 10 ᠲᠦᠮᠡᠨ ᠬᠥᠮᠥᠨ ᠤᠳᠠᠭ᠎ᠠ ᠶᠢ ᠳᠠᠪᠠᠭᠰᠠᠨ ᠰᠦᠯᠵᠢᠶᠡᠨ ᠤ ᠤᠷᠠᠨ | ᠵᠣᠬᠢᠶᠠᠯ ᠤᠨ ᠪᠦᠲᠦᠭᠡᠯ᠃ | ⑸ ᠤᠯᠤᠰ ᠤᠨ ᠳᠣᠲᠣᠭᠠᠳᠤ ᠶᠢᠨ ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ ᠤᠳᠬ᠎ᠠ ᠤᠷᠠᠯᠢᠭ ᠤᠨ ᠱᠠᠩᠨᠠᠯ ᠢ ᠣᠯᠣᠭᠰᠠᠨ ᠤᠳᠬ᠎ᠠ | ᠤᠷᠠᠯᠢᠭ ᠤᠨ ᠪᠦᠲᠦᠭᠡᠯ᠃ | ⑹ ︽ᠤᠯᠠᠨ ᠬᠤᠷᠠᠬᠤ︾ ︽ᠦᠦᠰᠢᠨ ᠤᠳᠬ᠎ᠠ ᠤᠷᠠᠯᠢᠭ︾ ᠰᠡᠳᠬᠦᠯ ᠤᠨ ᠰᠢᠯᠢᠳᠡᠭ ᠪᠦᠲᠦᠭᠡᠯ᠃ | ⒉ ᠳᠡᠯᠭᠡᠨ ᠦᠵᠡᠭᠦᠯᠦᠯᠭᠡ ᠶᠢᠨ ᠲᠦᠷᠦᠯ | ⑴ ᠬᠤᠪᠢ ᠬᠥᠮᠥᠨ ᠤ ᠪᠦᠲᠦᠭᠡᠯ ᠨᠢ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠰᠣᠶᠣᠯ ᠪᠠ ᠵᠢᠭᠤᠯᠴᠢᠯᠠᠯ ᠤᠨ | ᠶᠠᠮᠤᠨ ᠵᠢᠴᠢ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ ᠭᠤᠣᠯᠯᠠᠨ | ᠡᠷᠬᠢᠯᠡᠵᠤ᠂ ᠤᠯᠤᠰ ᠤᠨ ᠲᠡᠰ ᠤᠨ ᠲᠤᠰᠬᠠᠢ ᠮᠡᠷᠭᠡᠵᠢᠯ ᠤᠨ ᠲᠠᠯᠠᠪᠠᠶ ᠣᠷᠳᠣᠨ ᠳᠤ ᠡᠷᠬᠢᠯᠡᠭᠰᠡᠨ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ᠂ | ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠦᠵᠡᠰᠬᠦᠯᠡᠩ ᠳᠤ ᠰᠤᠩᠭᠤᠭᠳᠠᠭᠰᠠᠨ᠃ | ⑵ ᠬᠤᠪᠢ ᠬᠥᠮᠥᠨ ᠤ ᠪᠦᠲᠦᠭᠡᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ | ᠰᠣᠶᠣᠯ ᠪᠠ ᠵᠢᠭᠤᠯᠴᠢᠯᠠᠯ ᠤᠨ ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠡᠯ᠎ᠡ ᠤᠳᠬ᠎ᠠ | ᠤᠷᠠᠯᠢᠭᠴᠢᠳ ᠤᠨ ᠡᠪᠯᠡᠯ ᠠᠴᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯ ᠤᠨ ᠲᠠᠯᠠᠪᠠᠶ ᠣᠷᠳᠣᠨ ᠳᠤ | ᠡᠷᠭᠢᠯᠡᠭᠰᠡᠨ ᠤᠷᠠᠨ ᠪᠢᠴᠢᠯᠭᠡ᠂ ᠤᠷᠠᠨ ᠵᠢᠷᠤᠭ᠂ ᠬᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠦᠵᠡᠰᠬᠦᠯᠡᠩ ᠳᠤ | ᠰᠤᠩᠭᠤᠭᠳᠠᠭᠰᠠᠨ᠃ | ⑶ ᠬᠤᠪᠢ ᠬᠥᠮᠥᠨ ᠤ ᠪᠦᠲᠦᠭᠡᠯ ᠨᠢ ᠣᠷᠳᠣᠰ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠬᠤᠲᠠ ᠶᠢᠨ ᠰᠣᠶᠣᠯ | ᠵᠢᠭᠤᠯᠴᠢᠯᠠᠯ ᠤᠨ ᠲᠣᠪᠴᠢᠶ᠎ᠠ ᠵᠢᠴᠢ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ | ᠭᠤᠣᠯᠯᠠᠨ ᠡᠷᠭᠢᠯᠡᠵᠦ᠂ ᠬᠤᠲᠠ ᠶᠢᠨ ᠲᠠᠰ ᠤᠨ ᠲᠤᠰᠬᠠᠢ ᠮᠡᠷᠭᠡᠵᠢᠯ ᠤᠨ ᠲᠠᠯᠠᠪᠠᠶ ᠣᠷᠳᠣᠨ ᠳᠤ ᠡᠷᠭᠢᠯᠡᠭᠰᠡᠨ ᠤᠷᠠᠨ ᠪᠢᠴᠢᠯᠭᠡ᠂ ᠤᠷᠠᠨ ᠵᠢᠷᠤᠭ᠂ ᠬᠡᠷᠡᠯ | ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠦᠵᠡᠰᠬᠦᠯᠡᠩ ᠳᠤ ᠰᠤᠩᠭᠤᠭᠳᠠᠭᠰᠠᠨ ᠃ | ︵ᠬᠤᠶᠠᠷ︶ ᠲᠡᠳᠬᠦᠮᠵᠢ ᠶᠢᠨ ᠮᠦᠩᠭᠦ | ⒈ ᠤᠯᠤᠰ ᠤᠨ ᠲᠠᠰ ᠤᠨ ᠤᠳᠬ᠎ᠠ ᠵᠣᠬᠢᠶᠠᠯ ᠤᠨ ᠰᠣᠨᠢᠨ ᠰᠡᠳᠬᠦᠯ ᠳᠡᠭᠡᠷ᠎ᠡ ᠨᠡᠶᠢᠲᠡᠯᠡᠭᠰᠡᠨ ᠤᠳᠬ᠎ᠠ ᠵᠣᠬᠢᠶᠠᠯ ᠤᠨ ᠠᠩᠬᠠᠨ ᠤ ᠪᠦᠲᠦᠭᠡᠯ ᠃ ᠷᠣᠮᠠᠨ | ᠂ ᠮᠡᠳᠡᠭᠡᠯᠡᠯ ᠤᠨ ᠤᠷᠠᠨ ᠵᠣᠬᠢᠶᠠᠯ᠂ ᠪᠠᠷᠢᠮᠲᠠᠲᠤ ᠤᠷᠠᠨ ᠵᠣᠬᠢᠶᠠᠯ ᠨᠢ ᠵᠤᠬᠢᠶᠠᠯ ᠪᠦᠷᠢ 5 ᠲᠦᠮᠡᠨ ᠲᠥᠭᠦᠷᠢᠭ᠂ ᠲᠤᠭᠤᠵᠢ᠂ ᠮᠡᠳᠡᠭᠡᠯᠡᠯ ᠤᠨ ᠤᠷᠠᠨ ᠵᠣᠬᠢᠶᠠᠯ᠂ | ᠪᠠᠷᠢᠮᠲᠠᠲᠤ ᠤᠷᠠᠨ ᠵᠣᠬᠢᠶᠠᠯ ᠨᠢ ᠵᠤᠬᠢᠶᠠᠯ ᠪᠦᠷᠢ 3 ᠲᠦᠮᠡᠨ ᠲᠥᠭᠦᠷᠢᠭ᠂ ᠥᠭᠦᠯᠡᠯᠭᠡ᠂ ᠮᠡᠳᠡᠭᠡᠯᠡᠯ ᠤᠨ ᠤᠷᠠᠨ ᠵᠣᠬᠢᠶᠠᠯ᠂ ᠪᠠᠷᠢᠮᠲᠠᠲᠤ ᠤᠷᠠᠨ ᠵᠣᠬᠢᠶᠠᠯ ᠨᠢ | ᠵᠣᠬᠢᠶᠠᠯ ᠪᠦᠷᠢ 1 ᠲᠦᠮᠡᠨ ᠲᠥᠭᠦᠷᠢᠭ︔ ᠢᠷᠠᠭᠤ ᠨᠠᠶᠢᠷᠠᠭ᠂ ᠨᠠᠶᠢᠷᠠᠭᠤᠯᠤᠯ ︵ᠡᠰᠰᠧ᠂ ᠰᠤᠯᠠ ᠪᠢᠴᠢᠯᠭᠡ︶᠂ ᠰᠤᠳᠤᠯᠭᠠᠨ ᠤ ᠰᠢᠬᠦᠮᠵᠢ ᠶᠢᠨ ᠪᠦᠲᠦᠭᠡᠯ | ᠨᠢ ᠪᠦᠲᠦᠭᠡᠯ ᠪᠦᠷᠢ 0.5 ᠲᠦᠮᠡᠨ ᠲᠥᠭᠦᠷᠢᠭ᠃ | ᠤᠯᠤᠰ ᠤᠨ ᠳᠡᠰ ᠤᠨ ᠤᠳᠬ᠎ᠠ ᠵᠣᠬᠢᠶᠠᠯ ᠤᠨ ᠰᠣᠩᠭᠤᠮᠠᠯ ᠬᠡᠪᠯᠡᠯ ︵ᠰᠣᠨᠢᠨ︶ ᠳᠤ ᠰᠣᠩᠭᠤᠭᠳᠠᠭᠰᠠᠨ ᠪᠦᠲᠦᠭᠡᠯ᠃ ᠷᠣᠮᠠᠨ᠂ ᠮᠡᠳᠡᠭᠡᠯᠡᠯ ᠤᠨ ᠤᠷᠠᠨ | ᠵᠣᠬᠢᠶᠠᠯ᠂ ᠪᠠᠷᠢᠮᠲᠠᠲᠤ ᠤᠷᠠᠨ ᠵᠣᠬᠢᠶᠠᠯ ᠨᠢ ᠵᠣᠬᠢᠶᠠᠯ ᠪᠦᠷᠢ 7 ᠲᠦᠮᠡᠨ ᠲᠥᠭᠦᠷᠢᠭ᠂ ᠲᠤᠭᠤᠵᠢ᠂ ᠮᠡᠳᠡᠭᠡᠯᠡᠯ ᠤᠨ ᠤᠷᠠᠨ ᠵᠣᠬᠢᠶᠠᠯ᠂ ᠪᠠᠷᠢᠮᠲᠠᠲᠤ ᠤᠷᠠᠨ | ᠵᠣᠬᠢᠶᠠᠯ ᠨᠢ ᠵᠣᠬᠢᠶᠠᠯ ᠪᠦᠷᠢ 5 ᠲᠦᠮᠡᠨ ᠲᠥᠭᠦᠷᠢᠭ᠂ ᠥᠭᠦᠯᠡᠯᠭᠡ᠂ ᠮᠡᠳᠡᠭᠡᠯᠡᠯ ᠤᠨ ᠤᠷᠠᠨ ᠵᠣᠬᠢᠶᠠᠯ᠂ ᠪᠠᠷᠢᠮᠲᠠᠲᠤ ᠤᠷᠠᠨ ᠵᠣᠬᠢᠶᠠᠯ ᠨᠢ ᠵᠣᠬᠢᠶᠠᠯ ᠪᠦᠷᠢ 3 | ᠲᠦᠮᠡᠨ ᠲᠥᠭᠦᠷᠢᠭ︔ ᠢᠷᠠᠭᠤ ᠨᠠᠶᠢᠷᠠᠭ᠂ ᠨᠠᠶᠢᠷᠠᠭᠤᠯᠤᠯ ︵ᠡᠰᠰᠧ᠂ ᠰᠤᠯᠠ ᠪᠢᠴᠢᠯᠭᠡ︶᠂ ᠰᠤᠳᠤᠯᠭᠠᠨ ᠤ ᠰᠢᠬᠦᠮᠵᠢ ᠶᠢᠨ ᠪᠦᠲᠦᠭᠡᠯ ᠨᠢ ᠪᠦᠲᠦᠭᠡᠯ | ᠪᠦᠷᠢ 1.5 ᠲᠦᠮᠡᠨ ᠲᠥᠭᠦᠷᠢᠭ᠃ | ⒉ ᠤᠯᠤᠰ ᠤᠨ ᠳᠡᠰ ᠤᠨ ᠤᠳᠬ᠎ᠠ ᠤᠷᠠᠯᠢᠭ ᠤᠨ ᠰᠣᠨᠢᠨ ᠰᠡᠳᠬᠦᠯ ᠳᠡᠭᠡᠷ᠎ᠡ ᠨᠡᠶᠢᠲᠡᠯᠡᠭᠰᠡᠨ ᠳᠠᠭᠤᠤ ᠬᠥᠭᠵᠢᠮ ︵ᠦᠭᠡ ᠠᠶ᠎ᠠ︶᠂ ᠤᠷᠠᠨ | ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ᠂ ᠰᠢ ᠵᠦᠴᠦᠭᠡ᠂ ᠳᠠᠭᠤᠷᠢᠯᠢᠭ᠂ ᠠᠷᠠᠳ ᠤᠨ ᠤᠳᠬ᠎ᠠ ᠤᠷᠠᠯᠢᠭ᠂ ᠰᠢᠭᠦᠮᠵᠢ ᠵᠡᠷᠭᠡ ᠪᠦᠲᠦᠭᠡᠯ ᠨᠢ ᠪᠦᠲᠦᠭᠡᠯ | ᠪᠦᠷᠢ 0.5 ᠲᠦᠮᠡᠨ ᠲᠥᠭᠦᠷᠢᠭ᠃ | ⒊ ᠮᠤᠵᠢ᠂ ᠥᠪᠡᠷᠲᠡᠭᠡᠨ ᠵᠠᠰᠠᠬᠤ ᠣᠷᠣᠨ ᠤ ᠳᠡᠰ ᠤᠨ ᠤᠳᠬ᠎ᠠ ᠵᠣᠬᠢᠶᠠᠯ ᠤᠨ ᠰᠣᠨᠢᠨ ᠰᠡᠳᠬᠦᠯ ᠳᠡᠭᠡᠷ᠎ᠡ ᠨᠡᠶᠢᠲᠡᠯᠡᠭᠰᠡᠨ ᠤᠳᠬ᠎ᠠ ᠵᠣᠬᠢᠶᠠᠯ ᠤᠨ | ᠪᠦᠲᠦᠭᠡᠯ ᠃ ᠷᠣᠮᠠᠨ᠂ ᠮᠡᠳᠡᠭᠡᠯᠡᠯ ᠤᠨ ᠤᠷᠠᠨ ᠵᠣᠬᠢᠶᠠᠯ᠂ ᠪᠠᠷᠢᠮᠲᠠᠲᠤ ᠤᠷᠠᠨ ᠵᠣᠬᠢᠶᠠᠯ ᠨᠢ ᠵᠣᠬᠢᠶᠠᠯ ᠪᠦᠷᠢ 1 ᠲᠦᠮᠡᠨ ᠲᠥᠭᠦᠷᠢᠭ᠂ ᠲᠤᠭᠤᠵᠢ᠂ | ᠮᠡᠳᠡᠭᠡᠯᠡᠯ ᠤᠨ ᠤᠷᠠᠨ ᠵᠣᠬᠢᠶᠠᠯ᠂ ᠪᠠᠷᠢᠮᠲᠠᠲᠤ ᠤᠷᠠᠨ ᠵᠣᠬᠢᠶᠠᠯ ᠨᠢ ᠵᠣᠬᠢᠶᠠᠯ ᠪᠦᠷᠢ 0.2 ᠲᠦᠮᠡᠨ ᠲᠥᠭᠦᠷᠢᠭ᠂ ᠥᠭᠦᠯᠡᠯᠭᠡ᠂ ᠮᠡᠳᠡᠭᠡᠯᠡᠯ ᠤᠨ ᠤᠷᠠᠨ | ᠵᠣᠬᠢᠶᠠᠯ᠂ ᠪᠠᠷᠢᠮᠲᠠᠲᠤ ᠤᠷᠠᠨ ᠵᠣᠬᠢᠶᠠᠯ ᠨᠢ ᠵᠣᠬᠢᠶᠠᠯ ᠪᠦᠷᠢ 0.1 ᠲᠦᠮᠡᠨ ᠲᠥᠭᠦᠷᠢᠭ︔ ᠮᠤᠵᠢ᠂ ᠥᠪᠡᠷᠲᠡᠭᠡᠨ ᠵᠠᠰᠠᠬᠤ ᠣᠷᠣᠨ ᠤ ᠳᠡᠰ ᠤᠨ ᠤᠳᠬ᠎ᠠ | ᠵᠣᠬᠢᠶᠠᠯ ᠤᠨ ᠰᠣᠨᠢᠨ ᠰᠡᠳᠬᠦᠯ ᠳᠡᠭᠡᠷ᠎ᠡ ᠨᠡᠶᠢᠲᠡᠯᠡᠭᠰᠡᠨ ᠢᠷᠠᠭᠤ ᠨᠠᠶᠢᠷᠠᠭ᠂ ᠨᠠᠶᠢᠷᠠᠭᠤᠯᠤᠯ ︵ᠡᠰᠰᠧ ᠂ ᠰᠤᠯᠠ ᠪᠢᠴᠢᠯᠭᠡ︶᠂ ᠰᠤᠳᠤᠯᠭᠠᠨ ᠤ ᠰᠢᠬᠦᠮᠵᠢ ᠶᠢᠨ | ᠪᠦᠲᠦᠭᠡᠯ ᠨᠢ ᠪᠦᠲᠦᠭᠡᠯ ᠪᠦᠷᠢ 0.2 ᠲᠦᠮᠡᠨ ᠲᠥᠭᠦᠷᠢᠭ᠃ ᠬᠥᠮᠥᠨ ᠪᠦᠷᠢ ᠵᠢᠯ ᠳᠤ 3 ᠬᠤᠪᠢ ᠠᠴᠠ ᠢᠯᠡᠬᠦᠦ ᠲᠡᠳᠬᠦᠮᠵᠢ ᠶᠢᠨ ᠪᠡᠯᠡ ᠮᠥᠩᠭᠦ ᠶᠢ | ᠡᠳ᠋ᠯᠡᠵᠤ ᠪᠤᠯᠬᠤ ᠦᠬᠡᠢ᠃ ᠵᠢᠯ ᠪᠦᠷᠢ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠺᠤᠮᠢᠰ ᠠᠴᠠ ︽ᠬᠢᠨᠠᠨ ᠲᠣᠭᠲᠠᠭᠠᠬᠤ ᠨᠠᠷᠢᠨ ᠳᠦᠷᠢᠮ︾ ᠢ | ᠦᠨᠳᠦᠰᠦᠯᠡᠨ ᠰᠣᠩᠭᠤᠨ ᠠᠪᠤᠭᠰᠠᠨ ᠵᠤᠷᠢᠭᠵᠢᠭᠤᠯᠤᠨ ᠲᠡᠳᠬᠦᠬᠦ ᠪᠦᠲᠦᠭᠡᠯ ᠢ 50 ᠬᠤᠪᠢ ᠠᠴᠠ ᠬᠡᠲᠦᠷᠡᠭᠦᠯᠬᠦ ᠦᠭᠡᠢ᠃ | ᠮᠤᠵᠢ᠂ ᠥᠪᠡᠷᠲᠡᠭᠡᠨ ᠵᠠᠰᠠᠬᠤ ᠣᠷᠣᠨ ᠤ ᠳᠡᠰ ᠤᠨ ᠤᠳᠬ᠎ᠠ ᠵᠣᠬᠢᠶᠠᠯ ᠤᠨ ᠰᠣᠩᠭᠤᠮᠠᠯ ᠬᠡᠪᠯᠡᠯ ︵ᠰᠣᠨᠢᠨ︶ ᠳᠤ ᠰᠤᠩᠭᠤᠭᠳᠠᠭᠰᠠᠨ ᠤᠳᠬ᠎ᠠ | ᠵᠣᠬᠢᠶᠠᠯ ᠤᠨ ᠪᠦᠲᠦᠭᠡᠯ᠃ ᠷᠣᠮᠠᠨ᠂ ᠮᠡᠳᠡᠭᠡᠯᠡᠯ ᠤᠨ ᠤᠷᠠᠨ ᠵᠣᠬᠢᠶᠠᠯ᠂ ᠪᠠᠷᠢᠮᠲᠠᠲᠤ ᠤᠷᠠᠨ ᠵᠣᠬᠢᠶᠠᠯ ᠨᠢ ᠵᠣᠬᠢᠶᠠᠯ ᠪᠦᠷᠢ 1.5 ᠲᠦᠮᠡᠨ ᠲᠥᠭᠦᠷᠢᠭ᠂ | ᠲᠤᠭᠤᠵᠢ᠂ ᠮᠡᠳᠡᠭᠡᠯᠡᠯ ᠤᠨ ᠤᠷᠠᠨ ᠵᠣᠬᠢᠶᠠᠯ᠂ ᠪᠠᠷᠢᠮᠲᠠᠲᠤ ᠤᠷᠠᠨ ᠵᠣᠬᠢᠶᠠᠯ ᠨᠢ ᠵᠣᠬᠢᠶᠠᠯ ᠪᠦᠷᠢ 0.3 ᠲᠦᠮᠡᠨ ᠲᠥᠭᠦᠷᠢᠭ᠂ ᠥᠭᠦᠯᠡᠯᠭᠡ᠂ ᠮᠡᠳᠡᠭᠡᠯᠡᠯ ᠤᠨ | ᠤᠷᠠᠨ ᠵᠣᠬᠢᠶᠠᠯ᠂ ᠪᠠᠷᠢᠮᠲᠠᠲᠤ ᠤᠷᠠᠨ ᠵᠣᠬᠢᠶᠠᠯ ᠨᠢ ᠵᠣᠬᠢᠶᠠᠯ ᠪᠦᠷᠢ 0.15 ᠲᠦᠮᠡᠨ ᠲᠥᠭᠦᠷᠢᠭ︔ ᠢᠷᠠᠭᠤ ᠨᠠᠶᠢᠷᠠᠭ᠂ ᠨᠠᠶᠢᠷᠠᠭᠤᠯᠤᠯ ︵ᠡᠰᠰᠧ ᠂ ᠰᠤᠯᠠ | ᠪᠢᠴᠢᠯᠭᠡ︶᠂ ᠰᠤᠳᠤᠯᠭᠠᠨ ᠤ ᠰᠢᠬᠦᠮᠵᠢ ᠶᠢᠨ ᠪᠦᠲᠦᠭᠡᠯ ᠨᠢ ᠪᠦᠲᠦᠭᠡᠯ ᠪᠦᠷᠢ 0.3 ᠲᠦᠮᠡᠨ ᠲᠥᠭᠦᠷᠢᠭ᠃ ᠵᠢᠯ ᠪᠦᠷᠢ ᠲᠤᠰᠬᠠᠢ ᠮᠡᠷᠭᠡᠵᠢᠯᠲᠡᠨ ᠤ ᠬᠢᠨᠠᠨ | ᠲᠣᠭᠲᠠᠭᠠᠬᠤ ᠺᠣᠮᠢᠰ ᠠᠴᠠ ︽ᠬᠢᠨᠠᠨ ᠲᠣᠭᠲᠠᠭᠠᠬᠤ ᠨᠠᠷᠢᠨ ᠳᠦᠷᠢᠮ︾ ᠢ ᠦᠨᠳᠦᠰᠦᠯᠡᠨ ᠰᠣᠩᠭᠤᠨ ᠠᠪᠤᠭᠰᠠᠨ ᠵᠤᠷᠢᠭᠵᠢᠭᠤᠯᠤᠨ ᠲᠡᠳᠬᠦᠬᠦ ᠪᠦᠲᠦᠭᠡᠯ ᠢ | 20 ᠬᠤᠪᠢ ᠠᠴᠠ ᠬᠡᠲᠦᠷᠡᠭᠦᠯᠬᠦ ᠦᠭᠡᠢ᠃ | ⒋ ᠮᠤᠵᠢ᠂ ᠥᠪᠡᠷᠲᠡᠭᠡᠨ ᠵᠠᠰᠠᠬᠤ ᠣᠷᠣᠨ ᠤ ᠳᠡᠰ ᠤᠨ ᠤᠳᠬ᠎ᠠ ᠤᠷᠠᠯᠢᠭ ᠤᠨ ᠰᠣᠨᠢᠨ ᠰᠡᠳᠬᠦᠯ ᠳᠡᠭᠡᠷ᠎ᠡ ᠨᠡᠶᠢᠲᠡᠯᠡᠭᠰᠡᠨ ᠳᠠᠭᠤᠤ ᠬᠥᠭᠵᠢᠮ ︵ | ᠦᠭᠡ ᠠᠶ᠎ᠠ︶᠂ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ᠂ ᠰᠢ ᠵᠦᠴᠦᠭᠡ᠂ ᠲᠠᠭᠤᠷᠢᠯᠢᠭ᠂ ᠠᠷᠠᠳ ᠤᠨ ᠤᠳᠬ᠎ᠠ ᠤᠷᠠᠯᠢᠭ᠂ ᠰᠢᠭᠦᠮᠵᠢ ᠵᠡᠷᠭᠡ | ᠪᠦᠲᠦᠭᠡᠯ ᠨᠢ ᠪᠦᠲᠦᠭᠡᠯ ᠪᠦᠷᠢ 0.1 ᠲᠦᠮᠡᠨ ᠲᠥᠭᠦᠷᠢᠭ ᠃ ᠵᠢᠯ ᠪᠦᠷᠢ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠺᠣᠮᠢᠰ ᠠᠴᠠ ︽ᠬᠢᠨᠠᠨ | ᠲᠣᠭᠲᠠᠭᠠᠬᠤ ᠨᠠᠷᠢᠨ ᠳᠦᠷᠢᠮ︾ ᠢ ᠦᠨᠳᠦᠰᠦᠯᠡᠨ ᠰᠣᠩᠭᠤᠨ ᠠᠪᠤᠭᠰᠠᠨ ᠵᠤᠷᠢᠭᠵᠢᠭᠤᠯᠤᠨ ᠲᠡᠳᠬᠦᠬᠦ ᠪᠦᠲᠦᠭᠡᠯ ᠢ 30 ᠬᠤᠪᠢ ᠠᠴᠠ ᠬᠡᠲᠦᠷᠡᠭᠦᠯᠬᠦ ᠦᠭᠡᠢ᠃ | | ⒌ ᠬᠡᠪᠯᠡᠭᠳᠡᠭᠰᠡᠨ ᠤᠳᠬ᠎ᠠ ᠤᠷᠠᠯᠢᠭ ᠤᠨ ᠪᠦᠲᠦᠭᠡᠯ ᠨᠢ ᠲᠤᠰ ᠪᠦᠷᠢ 0.5 ︱ 3 ᠲᠦᠮᠡᠨ ᠲᠥᠭᠦᠷᠢᠭ᠃ | ⒍ ᠰᠦᠯᠵᠢᠶᠡᠨ ᠤ ᠲᠠᠪᠴᠠᠩ ᠳᠡᠭᠡᠷ᠎ᠡ ᠨᠡᠶᠢᠲᠡᠯᠡᠭᠰᠡᠨ ᠤᠳᠬ᠎ᠠ ᠵᠣᠬᠢᠶᠠᠯ ᠤᠨ ᠪᠦᠲᠦᠭᠡᠯ᠃ ᠪᠦᠲᠦᠭᠡᠯ ᠪᠦᠷᠢ ᠨᠢ᠄ 1000 ᠦᠰᠦᠭ ᠠᠴᠠ | ᠳᠣᠷᠣᠭᠰᠢ ᠨᠢ 0.2 ᠲᠦᠮᠡᠨ ᠲᠥᠭᠦᠷᠢᠭ᠂ 1000 ᠥᠰᠥᠭ ᠠᠴᠠ 5000 ᠥᠰᠥᠭ ᠤᠨ ᠬᠤᠭᠤᠷᠤᠨᠳᠤ ᠨᠢ 0.3 ᠲᠦᠮᠡᠨ ᠲᠥᠭᠦᠷᠢᠭ︔ 5000 | ᠥᠰᠥᠭ ᠠᠴᠠ 10000 ᠥᠰᠥᠭ ᠤᠨ ᠬᠤᠭᠤᠷᠤᠨᠳᠤ ᠨᠢ 0.5 ᠲᠦᠮᠡᠨ ᠲᠥᠭᠦᠷᠢᠭ︔ 10000 ᠦᠰᠦᠭ ᠠᠴᠠ ᠳᠡᠭᠡᠭᠰᠢ ᠨᠢ 1 ᠲᠦᠮᠡᠨ ᠲᠥᠭᠦᠷᠢᠭ᠃ | ᠵᠢᠯ ᠪᠦᠷᠢ ᠶᠢᠨ ᠰᠢᠯᠭᠠᠷᠠᠭᠤᠯᠤᠯᠲᠠ ᠶᠢ 10 ᠬᠤᠪᠢ ᠠᠴᠠ ᠬᠡᠲᠦᠷᠡᠭᠦᠯᠬᠦ ᠦᠭᠡᠢ᠃ ᠬᠥᠮᠥᠨ ᠪᠦᠷᠢ ᠵᠢᠯ ᠳᠤ 1 ᠬᠤᠪᠢ ᠠᠴᠠ ᠬᠡᠲᠦᠷᠡᠬᠦᠯᠬᠦ ᠦᠭᠡᠢ᠃ | ⒎ ᠤᠯᠤᠰ ᠤᠨ ᠲᠠᠰ ᠤᠨ ᠦᠵᠡᠰᠬᠦᠯᠡᠩ ᠳᠤ ᠰᠣᠩᠭᠤᠭᠳᠠᠬᠤ ᠳᠤ ᠲᠠᠯᠠᠪᠠᠢ ᠪᠦᠷᠢ 2 — 5 ᠲᠦᠮᠡᠨ ᠲᠥᠭᠦᠷᠢᠭ︔ ᠥᠪᠡᠷᠲᠡᠭᠡᠨ ᠵᠠᠰᠠᠬᠤ | ᠣᠷᠣᠨ ᠤ ᠲᠠᠰ ᠤᠨ ᠦᠵᠡᠰᠬᠦᠯᠡᠩ ᠳᠤ ᠰᠣᠩᠭᠤᠭᠳᠠᠬᠤ ᠳᠤ ᠲᠠᠯᠠᠪᠠᠢ ᠪᠦᠷᠢ 0.1 ᠲᠦᠮᠡᠨ ᠲᠥᠭᠦᠷᠢᠭ︔ ᠬᠤᠲᠠ ᠶᠢᠨ ᠲᠠᠰ ᠤᠨ ᠦᠵᠡᠰᠬᠦᠯᠡᠩ ᠳᠤ | ᠰᠣᠩᠭᠤᠭᠳᠠᠬᠤ ᠳᠤ ᠲᠠᠯᠠᠪᠠᠢ ᠪᠦᠷᠢ 0.05 ᠲᠦᠮᠡᠨ ᠲᠥᠭᠦᠷᠢᠭ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠺᠣᠮᠢᠰ ᠠᠴᠠ ︽ᠬᠢᠨᠠᠨ ᠲᠣᠭᠲᠠᠭᠠᠬᠤ | ᠨᠠᠷᠢᠨ ᠳᠦᠷᠢᠮ︾ ᠢ ᠦᠨᠳᠦᠰᠦᠯᠡᠨ ᠬᠢᠨᠠᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠵᠢᠯ ᠪᠦᠷᠢ 50 ᠲᠠᠯᠠᠪᠠᠢ ᠠᠴᠠ ᠬᠡᠲᠦᠷᠡᠭᠦᠯᠬᠦ ᠦᠭᠡᠢ᠃ | ⒏ ᠪᠥᠬᠦ ᠤᠯᠤᠰ ᠤᠨ ᠴᠢᠨᠠᠷᠲᠠᠢ ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ ᠤᠳᠬ᠎ᠠ ᠤᠷᠠᠯᠢᠭ ᠤᠨ ᠱᠠᠩᠨᠠᠯ ᠳᠤ ᠱᠠᠩᠨᠠᠯ ᠭᠥᠷᠳᠡᠭᠰᠡᠨ ᠤᠳᠬ᠎ᠠ | ᠤᠷᠠᠯᠢᠭ ᠤᠨ ᠪᠦᠲᠦᠭᠡᠯ ᠢ ᠱᠠᠩᠨᠠᠯ ᠤᠨ ᠮᠥᠩᠭᠦ ᠪᠠ ᠵᠡᠷᠭᠡ ᠲᠠᠰ ᠢ ᠨᠢ ᠦᠨᠳᠦᠰᠦᠯᠡᠵᠤ 3 ︱ 5 ᠲᠦᠮᠡᠨ ᠲᠥᠭᠦᠷᠢᠭ ᠢᠶᠠᠷ ᠳᠠᠬᠢᠨ ᠱᠠᠩᠨᠠᠨ᠎ᠠ᠃ | ⒐ ᠵᠢᠯ ᠪᠦᠷᠢ ᠨᠢᠭᠡ ᠤᠳᠠᠭ᠎ᠠ ︽ᠤᠯᠠᠨ ᠬᠤᠷᠠᠬᠤ︾ ︽ᠦᠦᠰᠢᠨ ᠤᠳᠬ᠎ᠠ ᠤᠷᠠᠯᠢᠭ︾ ᠰᠡᠳᠬᠦᠯ ᠤᠨ ᠰᠢᠯᠢᠳᠡᠭ ᠪᠦᠲᠦᠭᠡᠯ ᠢ ᠱᠠᠩᠨᠠᠨ᠎ᠠ᠂ | ᠬᠤᠭᠤᠴᠠᠭ᠎ᠠ ᠪᠦᠷᠢ 1 ᠪᠦᠲᠦᠭᠡᠯ᠂ ᠡᠬᠡ ᠪᠢᠴᠢᠭ ᠤᠨ ᠬᠠᠷᠠᠮᠵᠢ ᠶᠢᠨ ᠮᠦᠩᠭᠦᠨ ᠤ 5 ᠳᠠᠬᠢᠨ ᠢᠶᠠᠷ ᠱᠠᠩᠨᠠᠨ᠎ᠠ᠃ | ᠵᠢᠷᠭᠤᠳᠤᠭᠠᠷ ᠵᠦᠢᠯ ᠠᠵᠢᠯᠯᠠᠭ᠎ᠠ ᠶᠢ ᠵᠤᠷᠢᠭᠵᠢᠭᠤᠯᠤᠨ ᠲᠡᠳᠬᠦᠬᠦ | ︵ᠨᠢᠭᠡ︶ ᠲᠡᠳᠬᠦᠮᠵᠢ ᠶᠢᠨ ᠠᠭᠤᠯᠭ᠎ᠠ | ⒈ ᠭᠤᠣᠯ ᠰᠡᠳᠦᠪᠲᠦ ᠠᠵᠢᠯᠯᠠᠭᠠᠨ ᠤ ᠲᠦᠷᠦᠯ | ⑴ ᠲᠥᠪ ᠤᠨ ᠤᠬᠠᠭᠤᠯᠭ᠎ᠠ ᠰᠣᠶᠣᠯ ᠤᠨ ᠪᠠᠶᠢᠭᠤᠯᠭ᠎ᠠ ᠨᠢᠭᠡᠴᠢ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠵᠠᠰᠠᠭ ᠤᠨ ᠣᠷᠳᠣᠨ ᠪᠣᠯᠣᠨ ᠮᠠᠨ ᠤ ᠬᠤᠲᠠ ᠬᠠᠮᠲᠤᠷᠠᠨ ᠡᠷᠭᠢᠯᠡᠭᠰᠡᠨ ᠪᠤᠶᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤ ᠲᠤᠰᠢᠶᠠᠨ ᠬᠦᠢᠴᠡᠳᠭᠡᠬᠦᠯᠦᠭᠰᠡᠨ ᠪᠥᠬᠦ ᠤᠯᠤᠰ ᠤᠨ ᠴᠢᠨᠠᠷᠲᠠᠢ᠂ ᠣᠯᠠᠨ ᠤᠯᠤᠰ ᠤᠨ ᠴᠢᠨᠠᠷᠲᠠᠢ ᠨᠥᠯᠥᠭᠡᠯᠡᠬᠦ ᠬᠦᠴᠦᠨ ᠲᠠᠢ ᠴᠢᠬᠤᠯᠠ ᠶᠡᠭᠡ | ᠤᠳᠬ᠎ᠠ ᠤᠷᠠᠯᠢᠭ ᠤᠨ ᠠᠵᠢᠯᠯᠠᠭ᠎ᠠ ᠳᠤ ᠪᠣᠳᠠᠲᠤ ᠪᠠᠶᠢᠳᠠᠯ ᠢ ᠦᠨᠳᠦᠰᠦᠯᠡᠨ ᠢᠵᠢ ᠪᠦᠷᠢᠳᠦᠭᠦᠯᠦᠭᠰᠡᠨ ᠲᠡᠳᠬᠦᠯᠲᠡ ᠶᠢᠨ ᠪᠡᠯᠡ ᠮᠥᠩᠭᠦ ᠣᠯᠭᠤᠨ᠎ᠠ᠃ | ⑵ ᠥᠪᠡᠷᠲᠡᠭᠡᠨ ᠵᠠᠰᠠᠬᠤ ᠣᠷᠣᠨ ᠤ ᠲᠠᠰ ᠤᠨ ᠤᠬᠠᠭᠤᠯᠭ᠎ᠠ ᠰᠣᠶᠣᠯ ᠤᠨ ᠪᠠᠶᠢᠭᠤᠯᠭ᠎ᠠ ᠨᠢᠭᠡᠴᠢ ᠪᠣᠯᠣᠨ ᠮᠠᠨ ᠤ ᠬᠤᠰᠢᠭᠤ ᠠᠴᠠ ᠬᠠᠮᠲᠤᠷᠠᠨ | ᠡᠷᠭᠢᠯᠡᠭᠰᠡᠨ᠂ ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ ᠤᠳᠬ᠎ᠠ ᠤᠷᠠᠯᠢᠭ ᠤᠨ ᠠᠵᠢᠯᠯᠠᠭ᠎ᠠ ᠳᠤ ᠪᠣᠳᠠᠲᠤ ᠪᠠᠶᠢᠳᠠᠯ ᠢ ᠦᠨᠳᠦᠰᠦᠯᠡᠨ ᠢᠵᠢ | ᠪᠦᠷᠢᠳᠦᠭᠦᠯᠦᠭᠰᠡᠨ ᠲᠡᠳᠬᠦᠯᠲᠡ ᠶᠢᠨ ᠪᠡᠯᠡ ᠮᠥᠩᠭᠦ ᠣᠯᠭᠤᠨ᠎ᠠ᠃ | ⑶ ᠬᠤᠲᠠ ᠠᠴᠠ ᠭᠤᠣᠯᠳᠠᠯᠭ᠎ᠠ ᠲᠠᠢ ᠬᠦᠮᠦᠵᠢᠬᠦᠯᠬᠦ ᠳᠤ ᠵᠢᠭᠰᠠᠭᠠᠭᠳᠠᠵᠤ᠂ ᠵᠣᠬᠢᠬᠤ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠲᠠᠢ ᠤᠳᠬ᠎ᠠ | ᠤᠷᠠᠯᠢᠭ ᠤᠨ ᠠᠵᠢᠯᠯᠠᠭ᠎ᠠ ᠳᠤ ᠪᠣᠳᠠᠲᠤ ᠪᠠᠶᠢᠳᠠᠯ ᠢ ᠦᠨᠳᠦᠰᠦᠯᠡᠨ ᠢᠵᠢ ᠪᠦᠷᠢᠳᠦᠭᠦᠯᠦᠭᠰᠡᠨ ᠲᠡᠳᠬᠦᠯᠲᠡ ᠶᠢᠨ ᠪᠡᠯᠡ ᠮᠥᠩᠭᠦ ᠣᠯᠭᠤᠨ᠎ᠠ᠃ | ⑷ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠬᠢᠭᠡᠳ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ ᠭᠤᠣᠯᠯᠠᠨ ᠡᠷᠭᠢᠯᠡᠭᠰᠡᠨ | ᠡᠯ᠎ᠡ ᠲᠥᠷᠥᠯ ᠤᠨ ᠤᠳᠬ᠎ᠠ ᠤᠷᠠᠯᠢᠭ ᠤᠨ ᠠᠵᠢᠯᠯᠠᠭ᠎ᠠ ᠳᠤ ᠪᠣᠳᠠᠲᠤ ᠪᠠᠶᠢᠳᠠᠯ ᠢ ᠦᠨᠳᠦᠰᠦᠯᠡᠨ ᠢᠵᠢ ᠪᠦᠷᠢᠳᠦᠭᠦᠯᠦᠭᠰᠡᠨ ᠲᠡᠳᠬᠦᠯᠲᠡ ᠶᠢᠨ ᠪᠡᠯᠡ ᠮᠥᠩᠭᠦ | ᠣᠯᠭᠤᠨ᠎ᠠ᠃ | ⒉ ᠦᠵᠡᠰᠬᠦᠯᠡᠩ ᠦᠵᠡᠭᠦᠯᠦᠯᠭᠡ ᠶᠢᠨ ᠲᠦᠷᠦᠯ | ⑴ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠰᠣᠶᠣᠯ ᠪᠠ ᠵᠢᠭᠤᠯᠴᠢᠯᠠᠯ ᠤᠨ ᠶᠠᠮᠤᠨ ᠵᠢᠴᠢ ᠳᠤᠮᠳᠠᠳᠤ | ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ ᠡᠷᠭᠢᠯᠡᠭᠰᠡᠨ ᠤᠷᠠᠨ ᠪᠢᠴᠢᠯᠭᠡ᠂ | ᠤᠷᠠᠨ ᠵᠢᠷᠤᠭ᠂ ᠭᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠬᠤᠪᠢ ᠬᠥᠮᠥᠨ ᠤ ᠭᠤᠣᠯ ᠰᠡᠳᠦᠪᠲᠦ ᠦᠵᠡᠭᠦᠯᠦᠯᠭᠡ᠃ | | ⑵ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠰᠣᠶᠣᠯ ᠪᠠ ᠵᠢᠭᠤᠯᠴᠢᠯᠠᠯ ᠤᠨ | ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ ᠤ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ ᠭᠤᠣᠯᠯᠠᠨ ᠡᠷᠭᠢᠯᠡᠭᠰᠡᠨ ᠤᠷᠠᠨ ᠪᠢᠴᠢᠯᠭᠡ᠂ ᠤᠷᠠᠨ ᠵᠢᠷᠤᠭ | ᠂ ᠬᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠬᠤᠪᠢ ᠬᠥᠮᠥᠨ ᠤ ᠭᠤᠣᠯ ᠰᠡᠳᠦᠪᠲᠦ ᠦᠵᠡᠭᠦᠯᠦᠯᠭᠡ᠃ | ⑶ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠵᠢᠴᠢ ᠲᠡᠭᠦᠨ | ᠤ ᠬᠠᠷᠢᠶ᠎ᠠ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ ᠵᠣᠬᠢᠶᠠᠨ ᠪᠠᠶᠢᠭᠤᠯᠤᠭᠰᠠᠨ ᠪᠠ ᠭᠤᠣᠯᠯᠠᠨ ᠡᠷᠬᠢᠯᠡᠭᠰᠡᠨ ᠬᠤᠪᠢ ᠬᠥᠮᠥᠨ ᠤ ᠪᠦᠲᠦᠭᠡᠯ ᠤᠨ | ᠰᠤᠳᠤᠯᠤᠨ ᠶᠠᠷᠢᠯᠴᠠᠬᠤ ᠬᠤᠷᠠᠯ᠂ ᠪᠦᠲᠦᠭᠡᠯ ᠤᠨ ᠠᠩᠬ᠎ᠠ ᠲᠠᠷᠬᠠᠭᠠᠬᠤ ᠶᠣᠰᠣᠯᠠᠯ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ | ᠤᠷᠠᠯᠢᠭ ᠤᠨ ᠬᠢᠨ ᠤ ᠬᠤᠯᠪᠣᠭᠠᠲᠤ ᠬᠤᠷᠠᠯ ᠵᠢᠴᠢ ᠲᠡᠭᠦᠨ ᠤ ᠬᠠᠷᠢᠶ᠎ᠠ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ ᠵᠣᠬᠢᠶᠠᠨ ᠪᠠᠶᠢᠭᠤᠯᠵᠤ ᠭᠤᠣᠯᠯᠠᠨ | ᠡᠷᠭᠢᠯᠡᠭᠰᠡᠨ ᠬᠤᠪᠢ ᠬᠥᠮᠥᠨ ᠤ ᠪᠦᠲᠦᠭᠡᠯ ᠤᠨ ᠰᠤᠳᠤᠯᠤᠨ ᠶᠠᠷᠢᠯᠴᠠᠬᠤ ᠬᠤᠷᠠᠯ᠂ ᠪᠦᠲᠦᠭᠡᠯ ᠤᠨ ᠠᠩᠬ᠎ᠠ ᠲᠠᠷᠬᠠᠭᠠᠬᠤ ᠶᠣᠰᠣᠯᠠᠯ᠃ ᠣᠷᠳᠣᠰ ᠬᠤᠲᠠ ᠶᠢᠨ | ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠵᠢᠴᠢ ᠲᠡᠭᠦᠨ ᠤ ᠬᠠᠷᠢᠶ᠎ᠠ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ ᠵᠣᠬᠢᠶᠠᠨ ᠪᠠᠶᠢᠭᠤᠯᠵᠤ | ᠭᠤᠣᠯᠯᠠᠨ ᠡᠷᠭᠢᠯᠡᠭᠰᠡᠨ ᠬᠤᠪᠢ ᠬᠥᠮᠥᠨ ᠤ ᠪᠦᠲᠦᠭᠡᠯ ᠤᠨ ᠰᠤᠳᠤᠯᠤᠨ ᠶᠠᠷᠢᠯᠴᠠᠬᠤ ᠬᠤᠷᠠᠯ᠂ ᠪᠦᠲᠦᠭᠡᠯ ᠤᠨ ᠠᠩᠬ᠎ᠠ ᠲᠠᠷᠬᠠᠭᠠᠬᠤ ᠶᠣᠰᠣᠯᠠᠯ᠃ | ︵ᠬᠤᠶᠠᠷ︶ ᠲᠡᠳᠬᠦᠮᠵᠢ ᠶᠢᠨ ᠮᠦᠩᠬᠦ | ⒈ ᠭᠤᠣᠯ ᠰᠡᠳᠦᠪᠲᠦ ᠠᠵᠢᠯᠯᠠᠭ᠎ᠠ ᠶᠢᠨ ᠲᠥᠷᠥᠯ ᠢ ᠪᠣᠳᠠᠲᠠᠢ ᠪᠠᠶᠢᠳᠠᠯ ᠢ ᠨᠢ ᠦᠨᠳᠦᠰᠦᠯᠡᠨ ᠲᠡᠳᠬᠦᠵᠦ᠂ ᠵᠠᠷᠴᠢᠮ ᠳᠡᠭᠡᠷ᠎ᠡ ᠪᠠᠨ ᠵᠢᠯ ᠪᠦᠷᠢ | ᠲᠡᠳᠬᠦᠬᠦ ᠠᠵᠢᠯᠯᠠᠭ᠎ᠠ ᠶᠢ 5 ᠲᠠᠯᠠᠪᠤᠷ ᠠᠴᠠ ᠭᠡᠲᠤᠷᠡᠭᠦᠯᠬᠦ ᠦᠭᠡᠢ᠃ | ⒉ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠰᠣᠶᠣᠯ ᠪᠠ ᠵᠢᠭᠤᠯᠴᠢᠯᠠᠯ ᠤᠨ ᠶᠠᠮᠤᠨ ᠵᠢᠴᠢ ᠳᠤᠮᠳᠠᠳᠤ | ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ ᠭᠤᠣᠯᠯᠠᠨ ᠡᠷᠭᠢᠯᠡᠭᠰᠡᠨ ᠤᠷᠠᠨ | ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠬᠤᠪᠢ ᠬᠥᠮᠥᠨ ᠤ ᠭᠤᠣᠯ ᠰᠡᠳᠦᠪᠲᠦ | ᠦᠵᠡᠭᠦᠯᠦᠯᠭᠡ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠵᠢᠴᠢ | ᠲᠡᠭᠦᠨ ᠤ ᠬᠠᠷᠢᠶ᠎ᠠ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ ᠭᠤᠣᠯᠯᠠᠨ ᠡᠷᠭᠢᠯᠡᠭᠰᠡᠨ ᠪᠦᠲᠦᠭᠡᠯ ᠤᠨ ᠰᠤᠳᠤᠯᠤᠨ ᠶᠠᠷᠢᠯᠴᠠᠬᠤ᠂ ᠠᠩᠬ᠎ᠠ ᠲᠠᠷᠬᠠᠭᠠᠬᠤ | ᠶᠣᠰᠣᠯᠠᠯ ᠢ ᠵᠠᠷᠴᠢᠮ ᠳᠡᠭᠡᠷ᠎ᠡ ᠪᠠᠨ ᠲᠠᠯᠠᠪᠠᠶ ᠪᠦᠷᠢ ᠶᠢᠨ ᠲᠡᠳᠬᠦᠮᠵᠢ ᠶᠢᠨ ᠮᠦᠩᠬᠦ ᠶᠢ 20 ᠲᠦᠮᠡᠨ ᠲᠥᠭᠦᠷᠢᠭ ᠠᠴᠠ ᠬᠡᠲᠦᠷᠡᠬᠦᠯᠬᠦ ᠦᠭᠡᠢ᠃ | ⒊ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠰᠣᠶᠣᠯ ᠪᠠ ᠵᠢᠭᠤᠯᠴᠢᠯᠠᠯ ᠤᠨ | ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ ᠤ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ ᠭᠤᠣᠯᠯᠠᠨ ᠡᠷᠭᠢᠯᠡᠭᠰᠡᠨ ᠤᠷᠠᠨ ᠪᠢᠴᠢᠯᠭᠡ᠂ ᠤᠷᠠᠨ ᠵᠢᠷᠤᠭ | ᠂ ᠬᠡᠷᠡᠯ ᠵᠢᠷᠤᠭ᠂ ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠤᠮᠤ ᠬᠡᠯᠪᠡᠷᠢ ᠶᠢᠨ ᠬᠤᠪᠢ ᠬᠥᠮᠥᠨ ᠤ ᠭᠤᠣᠯ ᠰᠡᠳᠦᠪᠲᠦ ᠦᠵᠡᠭᠦᠯᠦᠯᠭᠡ ᠵᠢᠴᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠵᠢᠴᠢ ᠲᠡᠭᠦᠨ ᠤ ᠬᠠᠷᠢᠶ᠎ᠠ ᠡᠯ᠎ᠡ ᠤᠳᠬ᠎ᠠ | ᠤᠷᠠᠯᠢᠭᠴᠢᠳ ᠤᠨ ᠡᠪᠯᠡᠯ ᠠᠴᠠ ᠭᠤᠣᠯᠯᠠᠨ ᠡᠷᠭᠢᠯᠡᠭᠰᠡᠨ ᠪᠦᠲᠦᠭᠡᠯ ᠤᠨ ᠰᠤᠳᠤᠯᠤᠨ ᠶᠠᠷᠢᠯᠴᠠᠬᠤ᠂ ᠠᠩᠬ᠎ᠠ ᠲᠠᠷᠬᠠᠭᠠᠬᠤ ᠶᠣᠰᠣᠯᠠᠯ ᠢ ᠵᠠᠷᠴᠢᠮ ᠳᠡᠭᠡᠷ᠎ᠡ ᠪᠠᠨ | ᠲᠠᠯᠠᠪᠤᠷ ᠪᠦᠷᠢ ᠶᠢᠨ ᠲᠡᠳᠬᠦᠮᠵᠢ ᠶᠢᠨ ᠮᠦᠩᠬᠦ ᠶᠢ 5 ᠲᠦᠮᠡᠨ ᠲᠥᠭᠦᠷᠢᠭ ᠠᠴᠠ ᠭᠡᠲᠤᠷᠡᠬᠦᠯᠬᠦ ᠦᠭᠡᠢ᠂ ᠵᠢᠯ ᠪᠦᠷᠢ ᠶᠢᠨ ᠲᠡᠳᠬᠦᠮᠵᠢ ᠶᠢᠨ ᠮᠦᠩᠬᠦ ᠶᠢ 5 | ᠲᠠᠯᠠᠪᠤᠷ ᠠᠴᠠ ᠭᠡᠲᠤᠷᠡᠬᠦᠯᠬᠦ ᠦᠭᠡᠢ᠃ | ⒋ ᠣᠷᠳᠣᠰ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ | ᠵᠢᠴᠢ ᠣᠷᠳᠣᠰ ᠬᠤᠲᠠ ᠶᠢᠨ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ ᠭᠤᠣᠯᠯᠠᠨ ᠡᠷᠭᠢᠯᠡᠭᠰᠡᠨ ᠤᠷᠠᠨ ᠪᠢᠴᠢᠯᠭᠡ᠂ ᠤᠷᠠᠨ ᠵᠢᠷᠤᠭ᠂ ᠬᠡᠷᠡᠯ ᠵᠢᠷᠤᠭ᠂ | ᠱᠤᠭᠤᠮᠠᠯ᠂ ᠠᠷᠠᠳ ᠤᠨ ᠭᠠᠷ ᠤᠷᠠᠯᠠᠯ ᠵᠡᠷᠭᠡ ᠲᠣᠮᠣ ᠬᠡᠯᠪᠡᠷᠢ ᠶᠢᠨ ᠬᠤᠪᠢ ᠬᠥᠮᠥᠨ ᠤ ᠭᠤᠣᠯ ᠰᠡᠳᠦᠪᠲᠦ ᠦᠵᠡᠭᠦᠯᠦᠯᠭᠡ ᠵᠢᠴᠢ ᠣᠷᠳᠣᠰ ᠬᠤᠲᠠ ᠶᠢᠨ | ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠵᠢᠴᠢ ᠲᠡᠭᠦᠨ ᠤ ᠬᠠᠷᠢᠶ᠎ᠠ ᠡᠯ᠎ᠡ ᠤᠳᠬ᠎ᠠ ᠤᠷᠠᠯᠢᠭᠴᠢᠳ ᠤᠨ ᠡᠪᠯᠡᠯ ᠠᠴᠠ ᠭᠤᠣᠯᠯᠠᠨ ᠡᠷᠭᠢᠯᠡᠭᠰᠡᠨ | ᠪᠦᠲᠦᠭᠡᠯ ᠤᠨ ᠰᠤᠳᠤᠯᠤᠨ ᠶᠠᠷᠢᠯᠴᠠᠬᠤ᠂ ᠠᠩᠬ᠎ᠠ ᠲᠠᠷᠬᠠᠭᠠᠬᠤ ᠶᠣᠰᠣᠯᠠᠯ ᠢ ᠵᠠᠷᠴᠢᠮ ᠳᠡᠭᠡᠷ᠎ᠡ ᠪᠠᠨ ᠲᠠᠯᠠᠪᠤᠷ ᠪᠦᠷᠢ ᠶᠢᠨ ᠲᠡᠳᠬᠦᠮᠵᠢ ᠶᠢᠨ ᠮᠦᠩᠬᠦ ᠶᠢ 2 | ᠲᠦᠮᠡᠨ ᠲᠥᠭᠦᠷᠢᠭ ᠠᠴᠠ ᠭᠡᠲᠤᠷᠡᠬᠦᠯᠬᠦ ᠦᠭᠡᠢ᠂ ᠵᠢᠯ ᠪᠦᠷᠢ ᠶᠢᠨ ᠲᠡᠳᠬᠦᠮᠵᠢ ᠶᠢᠨ ᠮᠦᠩᠬᠦ ᠶᠢ 5 ᠲᠠᠯᠠᠪᠤᠷ ᠠᠴᠠ ᠭᠡᠲᠤᠷᠡᠬᠦᠯᠬᠦ ᠦᠭᠡᠢ᠃ | ᠳᠣᠯᠣᠳᠤᠭᠠᠷ ᠵᠦᠢᠯ ᠤᠳᠬ᠎ᠠ ᠤᠷᠠᠯᠢᠭ ᠤᠨ ᠴᠢᠳᠠᠪᠤᠷᠢᠲᠠᠨ ᠢ ᠲᠡᠳᠬᠦᠬᠦ | ︵ᠨᠢᠭᠡ︶ ᠲᠡᠳᠬᠦᠬᠦ ᠠᠭᠤᠯᠭ᠎ᠠ | ⒈ ᠭᠡᠰᠢᠭᠦᠨ ᠤ ᠬᠢᠷᠢ ᠬᠡᠮ ᠤᠨ ᠲᠦᠷᠦᠯ | ⑴ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠵᠢᠴᠢ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠳᠤ | ᠬᠠᠷᠢᠶᠠᠯᠠᠭᠳᠠᠬᠤ ᠡᠯ᠎ᠡ ᠤᠳᠬ᠎ᠠ ᠤᠷᠠᠯᠢᠭᠴᠢᠳ ᠤᠨ ᠡᠪᠯᠡᠯ ᠳᠤ ᠣᠷᠣᠭᠰᠠᠨ ᠪᠥᠭᠡᠳ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ | ᠡᠯ᠎ᠡ ᠤᠳᠬ᠎ᠠ ᠤᠷᠠᠯᠢᠭᠴᠢᠳ ᠤᠨ ᠡᠪᠯᠡᠯ ᠤᠨ ᠵᠣᠬᠢᠶᠠᠨ ᠪᠠᠶᠢᠭᠤᠯᠤᠭᠰᠠᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ | ᠢᠳᠡᠪᠬᠢᠲᠡᠢ ᠣᠷᠣᠯᠴᠠᠭᠰᠠᠨ ᠭᠡᠰᠢᠭᠦᠨ᠃ | ⑵ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠳᠤ ᠬᠠᠷᠢᠶᠠᠯᠠᠭᠳᠠᠬᠤ ᠡᠯ᠎ᠡ | ᠤᠳᠬ᠎ᠠ ᠤᠷᠠᠯᠢᠭᠴᠢᠳ ᠤᠨ ᠡᠪᠯᠡᠯ ᠳᠤ ᠣᠷᠣᠭᠰᠠᠨ ᠪᠥᠭᠡᠳ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠡᠯ᠎ᠡ ᠤᠳᠬ᠎ᠠ | ᠤᠷᠠᠯᠢᠭᠴᠢᠳ ᠤᠨ ᠡᠪᠯᠡᠯ ᠤᠨ ᠵᠣᠬᠢᠶᠠᠨ ᠪᠠᠶᠢᠭᠤᠯᠤᠭᠰᠠᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ | ᠣᠷᠣᠯᠴᠠᠭᠰᠠᠨ ᠭᠡᠰᠢᠭᠦᠨ᠃ | ⑶ ᠣᠷᠳᠣᠰ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠳᠤ ᠬᠠᠷᠢᠶᠠᠯᠠᠭᠳᠠᠬᠤ ᠡᠯ᠎ᠡ ᠤᠳᠬ᠎ᠠ ᠤᠷᠠᠯᠢᠭᠴᠢᠳ ᠤᠨ ᠡᠪᠯᠡᠯ ᠳᠤ | ᠣᠷᠣᠭᠰᠠᠨ ᠪᠥᠭᠡᠳ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠡᠯ᠎ᠡ ᠤᠳᠬ᠎ᠠ ᠤᠷᠠᠯᠢᠭᠴᠢᠳ ᠤᠨ ᠡᠪᠯᠡᠯ ᠤᠨ ᠵᠣᠬᠢᠶᠠᠨ | ᠪᠠᠶᠢᠭᠤᠯᠤᠭᠰᠠᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠰᠠᠨ ᠭᠡᠰᠢᠭᠦᠨ᠃ | ⒉ ᠴᠢᠳᠠᠪᠤᠷᠢᠲᠠᠨ ᠤ ᠪᠣᠯᠪᠠᠰᠤᠷᠠᠯ ᠤᠨ ᠲᠦᠷᠦᠯ | ⑴ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠡᠯ᠎ᠡ ᠤᠳᠬ᠎ᠠ ᠤᠷᠠᠯᠢᠭᠴᠢᠳ ᠤᠨ ᠡᠪᠯᠡᠯ ᠤᠨ ᠭᠡᠰᠢᠭᠦᠨ᠂ ᠰᠢᠯᠢᠳᠡᠭ | ᠤᠳᠬ᠎ᠠ ᠤᠷᠠᠯᠢᠭ ᠤᠨ ᠰᠠᠶᠢᠨ ᠲᠤᠷᠠᠴᠤᠳ᠂ ᠤᠳᠬ᠎ᠠ ᠤᠷᠠᠯᠢᠭ ᠤᠨ ᠠᠵᠢᠯᠲᠠᠨ ᠤᠨ ᠭᠠᠳᠠᠭᠰᠢ ᠭᠠᠷᠴᠤ ᠤᠯᠤᠰ ᠤᠨ ᠳᠣᠲᠣᠭᠠᠳᠤ ᠶᠢᠨ ᠲᠤᠰᠬᠠᠢ | ᠮᠡᠷᠭᠡᠵᠢᠯ ᠤᠨ ᠤᠳᠬ᠎ᠠ ᠤᠷᠠᠯᠢᠭ ᠤᠨ ᠪᠠᠶᠢᠭᠤᠯᠤᠮᠵᠢ ᠪᠠ ᠬᠠᠮᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠶᠢᠨ ᠪᠣᠯᠪᠠᠰᠤᠷᠠᠯ ᠳᠤ ᠣᠷᠣᠯᠴᠠᠬᠤ᠃ | ⑵ ᠤᠯᠤᠰ ᠤᠨ ᠳᠣᠲᠣᠭᠠᠳᠤ ᠳᠤ ᠠᠯᠳᠠᠷᠲᠠᠢ᠂ ᠠᠵᠢᠯ ᠲᠥᠷᠥᠯ ᠤᠨ ᠳᠣᠲᠣᠭᠠᠳᠤ ᠳᠤ ᠠᠯᠳᠠᠷᠲᠠᠢ ᠤᠳᠬ᠎ᠠ ᠤᠷᠠᠯᠢᠭᠴᠢᠳ ᠮᠠᠨ ᠤ ᠬᠤᠰᠢᠭᠤᠨ ᠳᠤ | ᠢᠷᠡᠵᠦ ᠡᠯ᠎ᠡ ᠤᠳᠬ᠎ᠠ ᠤᠷᠠᠯᠢᠭᠴᠢᠳ ᠤᠨ ᠡᠪᠯᠡᠯ ᠤᠨ ᠭᠡᠰᠢᠭᠦᠳ ᠲᠤ ᠪᠣᠯᠪᠠᠰᠤᠷᠠᠯ ᠬᠦᠷᠲᠡᠭᠡᠨ᠂ ᠪᠣᠯᠪᠠᠰᠤᠷᠠᠯ ᠳᠤ ᠣᠷᠣᠯᠴᠠᠭᠰᠠᠨ ᠬᠥᠮᠥᠨ ᠤ ᠲᠤᠭ᠎ᠠ ᠨᠢ | 30 ᠬᠥᠮᠥᠨ ᠠᠴᠠ ᠳᠡᠭᠡᠭᠰᠢ ᠪᠠᠶᠢᠬᠤ᠃ | ⑶ ᠨᠡᠶᠢᠲᠡ ᠶᠢᠨ ᠠᠰᠠᠷᠠᠮᠵᠢ ᠶᠢᠨ ᠤᠳᠬ᠎ᠠ ᠤᠷᠠᠯᠢᠭ ᠤᠨ ᠪᠣᠯᠪᠠᠰᠤᠷᠠᠭᠤᠯᠤᠭᠴᠢ᠂ ᠤᠳᠬ᠎ᠠ ᠤᠷᠠᠯᠢᠭ ᠤᠨ ᠰᠠᠭᠤᠷᠢ ᠪᠣᠯᠪᠠᠰᠤᠷᠠᠯ ᠳᠤ ᠲᠣᠪᠣᠶᠢᠮ᠎ᠠ | ᠬᠤᠪᠢ ᠨᠡᠮᠡᠷᠢ ᠦᠵᠡᠭᠦᠯᠦᠭᠴᠢ᠃ | ︵ᠬᠤᠶᠠᠷ︶ ᠲᠡᠳᠬᠦᠮᠵᠢ ᠶᠢᠨ ᠮᠦᠩᠬᠦ | ⒈ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠵᠢᠴᠢ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠳᠤ | ᠬᠠᠷᠢᠶᠠᠯᠠᠭᠳᠠᠬᠤ ᠡᠯ᠎ᠡ ᠲᠤᠰᠬᠠᠢ ᠮᠡᠷᠭᠡᠵᠢᠯ ᠤᠨ ᠤᠳᠬ᠎ᠠ ᠤᠷᠠᠯᠢᠭ ᠤᠨ ᠡᠪᠯᠡᠯ ᠳᠤ ᠣᠷᠣᠬᠰᠠᠳ᠂ ᠬᠥᠮᠥᠨ ᠪᠦᠷᠢ 2 ᠲᠦᠮᠡᠨ ᠲᠥᠭᠦᠷᠢᠭ᠃ | ⒉ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠳᠤ ᠬᠠᠷᠢᠶᠠᠯᠠᠭᠳᠠᠬᠤ ᠡᠯ᠎ᠡ | ᠲᠤᠰᠬᠠᠢ ᠮᠡᠷᠭᠡᠵᠢᠯ ᠤᠨ ᠤᠳᠬ᠎ᠠ ᠤᠷᠠᠯᠢᠭ ᠤᠨ ᠡᠪᠯᠡᠯ ᠳᠤ ᠣᠷᠣᠬᠰᠠᠳ᠂ ᠬᠥᠮᠥᠨ ᠪᠦᠷᠢ 0.2 ᠲᠦᠮᠡᠨ ᠲᠥᠭᠦᠷᠢᠭ᠃ | ⒊ ᠣᠷᠳᠣᠰ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠳᠤ ᠬᠠᠷᠢᠶᠠᠯᠠᠭᠳᠠᠬᠤ ᠡᠯ᠎ᠡ ᠲᠤᠰᠬᠠᠢ ᠮᠡᠷᠭᠡᠵᠢᠯ ᠤᠨ ᠤᠳᠬ᠎ᠠ | ᠤᠷᠠᠯᠢᠭ ᠤᠨ ᠡᠪᠯᠡᠯ ᠳᠤ ᠣᠷᠣᠬᠰᠠᠳ᠂ ᠬᠥᠮᠥᠨ ᠪᠦᠷᠢ 0.1 ᠲᠦᠮᠡᠨ ᠲᠥᠭᠦᠷᠢᠭ᠃ | ⒋ ᠭᠠᠳᠠᠭᠰᠢ ᠭᠠᠷᠴᠤ ᠪᠣᠯᠪᠠᠰᠤᠷᠠᠯ ᠳᠤ ᠣᠷᠤᠯᠴᠠᠭᠰᠠᠨ ᠭᠡᠰᠢᠭᠦᠨ ᠳᠤ ᠭᠡᠰᠢᠭᠦᠨ ᠨᠢᠭᠡᠪᠦᠷᠢ ᠤᠳᠠᠭ᠎ᠠ ᠪᠦᠷᠢ ᠬᠠᠮᠤᠭ ᠤᠨ ᠶᠡᠭᠡ ᠳᠡᠭᠡᠨ 0.5 | ᠲᠦᠮᠡᠨ ᠲᠥᠭᠦᠷᠢᠭ ᠠᠴᠠ ᠬᠡᠲᠦᠷᠡᠬᠦᠯᠬᠦ ᠦᠭᠡᠢ᠂ ᠵᠢᠯ ᠪᠦᠷᠢ 1 ᠲᠦᠮᠡᠨ ᠲᠥᠭᠦᠷᠢᠭ ᠠᠴᠠ ᠬᠡᠲᠦᠷᠡᠬᠦᠯᠬᠦ ᠦᠭᠡᠢ᠃ | ⒌ ᠤᠯᠤᠰ ᠤᠨ ᠳᠣᠲᠣᠭᠠᠳᠤ ᠳᠤ ᠠᠯᠳᠠᠷᠲᠠᠢ᠂ ᠠᠵᠢᠯ ᠲᠥᠷᠥᠯ ᠤᠨ ᠳᠣᠲᠣᠷᠠᠬᠢ ᠨᠠᠷᠠᠲᠤ ᠤᠳᠬ᠎ᠠ ᠤᠷᠠᠯᠢᠭᠴᠢᠳ ᠢ ᠤᠷᠢᠵᠤ ᠪᠤᠯᠪᠠᠰᠤᠷᠠᠯ ᠬᠢᠯᠭᠡᠬᠦ | ᠳᠤ ᠬᠢᠴᠢᠶᠡᠯ ᠤᠨ ᠴᠠᠭ ᠪᠠ ᠫᠷᠤᠹᠧᠰᠰᠤᠷ ᠤᠨ ᠲᠠᠰ ᠢᠶᠠᠷ 0.5 ︱ 2 ᠲᠦᠮᠡᠨ ᠲᠥᠭᠦᠷᠢᠭ ᠤᠨ ᠬᠢᠴᠢᠶᠡᠯᠯᠡᠬᠦ ᠨᠥᠬᠦᠪᠦᠷᠢ ᠣᠯᠭᠤᠨ᠎ᠠ᠃ | ⒍ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠳᠬ᠎ᠠ ᠤᠷᠠᠯᠢᠭ ᠤᠨ ᠪᠣᠯᠪᠠᠰᠤᠷᠠᠯ ᠢ ᠣᠷᠳᠣ ᠬᠤᠭᠤᠴᠠᠭ᠎ᠠ ᠪᠠᠷ ᠵᠣᠬᠢᠶᠠᠨ ᠪᠠᠶᠢᠭᠤᠯᠤᠭᠰᠠᠨ ᠬᠤᠪᠢ | ᠬᠥᠮᠥᠨ ᠳᠤ ᠵᠢᠯ ᠪᠦᠷᠢ 1 ᠲᠦᠮᠡᠨ ᠲᠥᠭᠦᠷᠢᠭ ᠠᠴᠠ ᠬᠡᠲᠤᠷᠡᠭᠦᠯᠬᠦ ᠦᠭᠡᠢ ᠵᠣᠷᠢᠭᠵᠢᠭᠤᠯᠤᠯ ᠤᠨ ᠲᠡᠳᠬᠦᠮᠵᠢ ᠣᠯᠭᠤᠨ᠎ᠠ︔ ᠰᠠᠭᠤᠷᠢ ᠤᠳᠬ᠎ᠠ | ᠤᠷᠠᠯᠢᠭ ᠤᠨ ᠪᠣᠯᠪᠠᠰᠤᠷᠠᠯ ᠢ ᠡᠷᠭᠢᠯᠡᠵᠦ ᠪᠠᠶᠢᠭ᠎ᠠ ᠪᠥᠭᠡᠳ ᠤᠳᠬ᠎ᠠ ᠤᠷᠠᠯᠢᠭ ᠤᠨ ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠦ ᠭᠠᠷᠭᠠᠭᠰᠠᠨ ᠬᠤᠪᠢ ᠬᠥᠮᠥᠨ | ᠪᠤᠶᠤ ᠪᠠᠶᠢᠭᠤᠯᠤᠮᠵᠢ ᠳᠤ 1 ᠲᠦᠮᠡᠨ ᠲᠥᠭᠦᠷᠢᠭ ᠠᠴᠠ ᠬᠡᠲᠤᠷᠡᠭᠦᠯᠬᠦ ᠦᠭᠡᠢ ᠵᠣᠷᠢᠭᠵᠢᠭᠤᠯᠤᠯ ᠤᠨ ᠲᠡᠳᠬᠦᠮᠵᠢ ᠣᠯᠭᠤᠨ᠎ᠠ᠃ | | | ᠭᠤᠷᠪᠠᠳᠤᠭᠠᠷ ᠪᠦᠯᠦᠭ ᠵᠤᠷᠢᠬᠵᠢᠭᠤᠯᠤᠯ ᠤᠨ ᠲᠡᠳᠬᠦᠮᠵᠢ ᠶᠢ ᠭᠤᠶᠤᠴᠢᠯᠠᠨ ᠮᠡᠳᠡᠬᠦᠯᠬᠦ ᠪᠠ ᠬᠢᠨᠠᠨ ᠬᠠᠷᠭᠤᠭᠤᠯᠬᠤ | | | ᠨᠠᠢᠮᠠᠳᠤᠭᠠᠷ ᠵᠦᠢᠯ ᠲᠥᠷᠥᠯ ᠵᠦᠢᠯ ᠢ ᠬᠢᠨᠠᠨ ᠬᠠᠷᠭᠤᠭᠤᠯᠬᠤ | ︵ᠨᠢᠭᠡ︶ ᠵᠣᠬᠢᠶᠠᠨ ᠪᠦᠲᠦᠭᠡᠯᠭᠡ ᠶᠢ ᠵᠤᠷᠢᠬᠵᠢᠭᠤᠯᠤᠨ ᠲᠡᠳᠬᠦᠬᠦ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠵᠢᠯ ᠪᠦᠷᠢ ᠶᠢᠨ ᠡᠬᠢᠨ ᠳᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠵᠤᠷᠢᠬᠵᠢᠭᠤᠯᠤᠨ ᠲᠡᠳᠬᠦᠬᠦ | ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠮᠡᠳᠡᠭᠳᠡᠯ ᠢ ᠳᠠᠷᠤᠮᠠᠯᠯᠠᠨ ᠲᠠᠷᠬᠠᠭᠠᠵᠤ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠨ᠂ ᠪᠠᠶᠢᠭ᠎ᠠ ᠤᠳᠬ᠎ᠠ | ᠤᠷᠠᠯᠢᠭᠴᠢᠳ ᠤᠨ ᠡᠪᠯᠡᠯ ᠠᠴᠠ ᠵᠣᠬᠢᠶᠠᠨ ᠪᠦᠲᠤᠭᠡᠯᠭᠡ ᠶᠢᠨ ᠲᠥᠷᠥᠯ ᠵᠦᠢᠯ ᠤᠨ ᠲᠥᠯᠦᠪᠵᠢᠭᠦᠯᠭᠡ ᠶᠢᠨ ᠲᠥᠰᠥᠯ ᠢ ᠭᠤᠶᠤᠴᠢᠯᠠᠨ ᠮᠡᠳᠡᠭᠦᠯᠵᠦ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠬᠢᠨᠠᠭᠤᠯᠵᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠺᠣᠮᠢᠰ ᠢᠶᠠᠷ ᠬᠢᠨᠠᠨ ᠰᠢᠯᠭᠠᠷᠠᠭᠤᠯᠤᠭᠰᠠᠨ ᠤ | ᠳᠠᠷᠠᠭ᠎ᠠ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠰᠤᠳᠤᠯᠤᠨ ᠲᠣᠭᠲᠠᠭᠠᠯᠭᠠᠬᠰᠠᠨ ᠤ ᠳᠠᠷᠠᠭ᠎ᠠ ᠲᠥᠷᠥᠯ ᠵᠦᠢᠯ ᠢ ᠲᠣᠭᠲᠠᠭᠠᠨ᠎ᠠ᠃ ᠬᠥᠮᠥᠨ ᠪᠦᠷᠢ 5 | ᠵᠢᠯ ᠪᠦᠷᠢ ᠳᠤ ᠨᠢᠭᠡ ᠵᠣᠬᠢᠶᠠᠨ ᠪᠦᠲᠦᠭᠡᠯᠭᠡ ᠶᠢᠨ ᠲᠡᠳᠬᠦᠮᠵᠢ ᠶᠢᠨ ᠲᠦᠷᠦᠯ ᠵᠦᠢᠯ ᠢ ᠭᠤᠶᠤᠴᠢᠯᠠᠨ ᠮᠡᠳᠡᠭᠦᠯᠵᠦ ᠪᠣᠯᠣᠨ᠎ᠠ᠃ | ︵ᠬᠤᠶᠠᠷ︶ ᠦᠷ᠎ᠡ ᠪᠦᠲᠦᠭᠡᠯ ᠢ ᠵᠤᠷᠢᠬᠵᠢᠭᠤᠯᠤᠨ ᠲᠡᠳᠬᠦᠬᠦ | ⒈ ᠵᠣᠬᠢᠶᠠᠨ ᠪᠦᠲᠦᠭᠡᠯᠭᠡ ᠶᠢᠨ ᠦᠷ᠎ᠡ ᠪᠦᠲᠦᠭᠡᠯ ᠤᠨ ᠲᠥᠷᠥᠯ᠃ ᠵᠣᠬᠢᠶᠠᠯ ᠪᠦᠲᠦᠭᠡᠯ ᠢ ᠨᠡᠶᠢᠳᠡᠯᠡᠭᠰᠡᠨ ᠰᠡᠳᠬᠦᠯ ᠤᠨ ᠤᠭ ᠮᠠᠲ᠋ᠧᠷᠢᠶᠠᠯ ᠢ | ᠬᠠᠩᠭᠠᠵᠦ ᠤᠯᠤᠰ ᠤᠨ ᠳᠣᠲᠣᠭᠠᠳᠤ ᠶᠢᠨ ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ ᠤᠳᠬ᠎ᠠ ᠤᠷᠠᠯᠢᠭ ᠤᠨ ᠱᠠᠩᠨᠠᠯ ᠢ ᠭᠥᠷᠳᠡᠭᠰᠡᠨ ᠪᠤᠯ ᠦᠨᠡᠮᠯᠡᠯ ᠤᠨ | ᠤᠭ ᠮᠠᠲ᠋ᠧᠷᠢᠶᠠᠯ ᠢ ᠬᠠᠩᠭᠠᠵᠤ᠂ ᠪᠠᠶᠢᠭ᠎ᠠ ᠤᠳᠬ᠎ᠠ ᠤᠷᠠᠯᠢᠭᠴᠢᠳ ᠤᠨ ᠡᠪᠯᠡᠯ ᠳᠤ ᠲᠤᠰᠢᠶᠠᠵᠤ ᠠᠩᠬ᠎ᠠ ᠠᠯᠬᠤᠮ ᠬᠢᠨᠠᠨ ᠬᠠᠷᠭᠤᠭᠤᠯᠤᠭᠰᠠᠨ ᠤ ᠳᠠᠷᠠᠭ᠎ᠠ | ᠨᠢᠭᠡᠳᠦᠯᠲᠡᠢ ᠳᠡᠭᠡᠭᠰᠢ ᠮᠡᠳᠡᠭᠦᠯᠵᠦ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠺᠣᠮᠢᠰ ᠢᠶᠠᠷ ᠬᠢᠨᠠᠨ ᠲᠣᠭᠲᠠᠭᠠᠯᠭᠠᠨ᠎ᠠ᠃ | ⒉ ᠦᠵᠡᠰᠬᠦᠯᠡᠩ ᠳᠡᠯᠭᠡᠨ ᠦᠵᠡᠭᠦᠯᠤᠯᠭᠡ ᠶᠢᠨ ᠲᠦᠷᠦᠯ᠃ ᠬᠤᠪᠢ ᠬᠥᠮᠥᠨ ᠤ ᠪᠦᠲᠦᠭᠡᠯ ᠨᠢ ᠤᠯᠤᠰ ᠤᠨ ᠲᠡᠰ ᠪᠠ ᠮᠤᠵᠢ᠂ ᠥᠪᠡᠷᠲᠡᠭᠡᠨ ᠵᠠᠰᠠᠬᠤ | ᠣᠷᠣᠨ᠂ ᠬᠤᠳᠠ ᠶᠢᠨ ᠲᠡᠰ ᠤᠨ ᠦᠵᠡᠰᠬᠦᠯᠡᠩ ᠳᠤ ᠰᠤᠩᠭᠤᠭᠳᠠᠬᠰᠠᠨ ᠪᠤᠯ ᠤᠯᠤᠰ᠂ ᠮᠤᠵᠢ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠤᠷᠢᠯᠭ᠎ᠠ ᠶᠢᠨ ᠵᠠᠬᠢᠳᠠᠯ᠂ ᠬᠡᠯᠡᠯᠴᠡᠭᠡᠷ ᠤᠨ ᠪᠢᠴᠢᠭ᠂ ᠰᠠᠨᠠᠮᠵᠢ ᠶᠢᠨ ᠪᠢᠴᠢᠭ᠂ ᠦᠵᠡᠰᠬᠦᠯᠡᠩ ᠳᠤ ᠣᠷᠣᠯᠴᠠᠭᠰᠠᠨ ᠦᠨᠡᠮᠯᠡᠯ᠂ | ᠬᠠᠷᠢᠶ᠎ᠠ ᠡᠪᠯᠡᠯ ᠤᠨ ᠰᠠᠨᠠᠯ ᠵᠢᠴᠢ ᠠᠵᠢᠯᠯᠠᠭᠠᠨ ᠤ ᠲᠥᠰᠥᠯ ᠵᠡᠷᠭᠡ ᠮᠠᠲ᠋ᠧᠷᠢᠶᠠᠯ ᠢ ᠬᠠᠩᠭᠠᠵᠦ᠂ ᠪᠠᠶᠢᠭ᠎ᠠ ᠤᠳᠬ᠎ᠠ ᠤᠷᠠᠯᠢᠭᠴᠢᠳ ᠤᠨ ᠡᠪᠯᠡᠯ ᠠᠴᠠ ᠠᠵᠢᠯᠯᠠᠬᠤ | ᠳᠤᠭᠤᠶᠢᠯᠠᠩ ᠤᠨ ᠠᠯᠪᠠᠨ ᠭᠡᠷ ᠲᠤ ᠨᠢᠭᠡᠳᠦᠯᠲᠡᠢ ᠮᠡᠳᠡᠭᠦᠯᠦᠨ ᠬᠢᠨᠠᠨ ᠬᠠᠷᠭᠤᠭᠤᠯᠤᠭᠤᠯᠵᠤ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠺᠣᠮᠢᠰ ᠢᠶᠠᠷ ᠬᠢᠨᠠᠨ | ᠲᠣᠭᠲᠠᠭᠠᠯᠭᠠᠨ᠎ᠠ᠃ | ︵ᠭᠤᠷᠪᠠ︶ ᠠᠵᠢᠯᠯᠠᠭ᠎ᠠ ᠶᠢ ᠵᠤᠷᠢᠬᠵᠢᠭᠤᠯᠤᠨ ᠲᠡᠳᠬᠦᠬᠦ | ⒈ ᠭᠤᠣᠯ ᠰᠡᠳᠦᠪᠲᠦ ᠠᠵᠢᠯᠯᠠᠭᠠᠨ ᠤ ᠲᠦᠷᠦᠯ᠃ ᠭᠤᠣᠯᠯᠠᠨ ᠡᠷᠭᠢᠯᠡᠭᠰᠡᠨ ᠡᠪᠯᠡᠯ ᠪᠤᠶᠤ ᠬᠤᠪᠢ ᠬᠥᠮᠥᠨ ᠠᠴᠠ ᠭᠤᠶᠤᠴᠢᠯᠠᠯ ᠭᠠᠷᠭᠠᠵᠤ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠬᠢᠨᠠᠭᠤᠯᠤᠭᠰᠠᠨ ᠤ ᠳᠠᠷᠠᠭ᠎ᠠ ᠲᠡᠳᠬᠦᠬᠦ ᠰᠠᠨᠠᠭᠤᠯᠭ᠎ᠠ ᠳᠤᠷᠠᠳᠴᠤ ᠲᠤᠰᠬᠠᠢ ᠮᠡᠷᠭᠡᠵᠢᠯᠲᠡᠨ ᠤ ᠬᠢᠨᠠᠨ | ᠲᠣᠭᠲᠠᠭᠠᠬᠤ ᠺᠣᠮᠢᠰ ᠢᠶᠠᠷ ᠬᠢᠨᠠᠭᠤᠯᠵᠤ ᠲᠣᠭᠲᠠᠭᠠᠯᠭᠠᠨ᠎ᠠ᠃ | ⒉ ᠬᠤᠪᠢ ᠬᠥᠮᠥᠨ ᠤ ᠦᠵᠡᠭᠦᠯᠦᠯᠭᠡ᠂ ᠪᠦᠲᠦᠭᠡᠯ ᠤᠨ ᠠᠩᠬ᠎ᠠ ᠲᠠᠷᠬᠠᠭᠠᠬᠤ ᠶᠣᠰᠣᠯᠠᠯ᠂ ᠰᠤᠳᠤᠯᠤᠨ ᠶᠠᠷᠢᠯᠴᠠᠬᠤ ᠬᠤᠷᠠᠯ ᠵᠡᠷᠭᠡ ᠶᠢ ᠡᠷᠬᠢᠯᠡᠭᠰᠡᠨ | ᠪᠤᠯ ᠤᠯᠤᠰ᠂ ᠮᠤᠵᠢ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠷᠢᠯᠭ᠎ᠠ ᠶᠢᠨ ᠵᠠᠬᠢᠳᠠᠯ᠂ ᠬᠡᠯᠡᠯᠴᠡᠭᠡᠷ ᠤᠨ | ᠪᠢᠴᠢᠭ᠂ ᠰᠠᠨᠠᠮᠵᠢ ᠶᠢᠨ ᠪᠢᠴᠢᠭ᠂ ᠦᠵᠡᠭᠦᠯᠦᠯᠭᠡ ᠳᠤ ᠣᠷᠣᠯᠴᠠᠭᠰᠠᠨ ᠦᠨᠡᠮᠯᠡᠯ᠂ ᠬᠠᠷᠢᠶ᠎ᠠ ᠡᠪᠯᠡᠯ ᠤᠨ ᠰᠠᠨᠠᠯ ᠵᠢᠴᠢ ᠠᠵᠢᠯᠯᠠᠭᠠᠨ ᠤ ᠲᠥᠰᠥᠯ ᠵᠡᠷᠭᠡ | ᠮᠠᠲ᠋ᠧᠷᠢᠶᠠᠯ ᠢ ᠬᠠᠩᠭᠠᠵᠦ᠂ ᠪᠠᠶᠢᠭ᠎ᠠ ᠤᠳᠬ᠎ᠠ ᠤᠷᠠᠯᠢᠭᠴᠢᠳ ᠤᠨ ᠡᠪᠯᠡᠯ ᠳᠤ ᠮᠡᠳᠡᠭᠦᠯᠦᠨ ᠨᠢᠭᠡᠳᠦᠯᠲᠡᠢ ᠳᠡᠭᠡᠭᠰᠢ ᠮᠡᠳᠡᠭᠦᠯᠵᠦ ᠲᠤᠰᠬᠠᠢ ᠮᠡᠷᠭᠡᠵᠢᠯᠲᠡᠨ ᠤ | ᠬᠢᠨᠠᠨ ᠲᠣᠭᠲᠠᠭᠠᠬᠤ ᠺᠣᠮᠢᠰ ᠢᠶᠠᠷ ᠬᠢᠨᠠᠨ ᠲᠣᠭᠲᠠᠭᠠᠯᠭᠠᠨ᠎ᠠ᠃ | ︵ᠳᠥᠷᠪᠡ︶ ᠴᠢᠳᠠᠪᠤᠷᠢᠲᠠᠨ ᠤ ᠪᠣᠯᠪᠠᠰᠤᠷᠠᠯ ᠢᠶᠠᠷ ᠲᠡᠳᠬᠦᠬᠦ | ⒈ ᠭᠡᠰᠢᠭᠦᠨ ᠤ ᠬᠢᠷᠢ ᠬᠡᠮ ᠤᠨ ᠲᠦᠷᠦᠯ᠃ ᠡᠪᠯᠡᠯ ᠳᠤ ᠣᠷᠣᠬᠤ ᠮᠡᠳᠡᠭᠳᠡᠯ ᠤᠨ ᠪᠢᠴᠢᠭ ᠮᠠᠲ᠋ᠧᠷᠢᠶᠠᠯ ᠵᠢᠴᠢ ᠭᠡᠰᠢᠭᠦᠨ ᠤ ᠦᠨᠡᠮᠯᠡᠯ ᠢᠶᠠᠨ ᠠᠪᠴᠤ | ᠬᠤᠰᠢᠭᠤ ᠤᠳᠬ᠎ᠠ ᠤᠷᠠᠯᠢᠭᠴᠢᠳ ᠤᠨ ᠡᠪᠯᠡᠯ ᠳᠤ ᠲᠤᠰᠢᠶᠠᠵᠤ ᠠᠩᠬ᠎ᠠ ᠠᠯᠬᠤᠮ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠵᠦ ᠲᠤᠰᠬᠠᠢ ᠮᠡᠷᠭᠡᠵᠢᠯᠲᠡᠨ ᠤ | ᠬᠢᠨᠠᠨ ᠲᠣᠭᠲᠠᠭᠠᠬᠤ ᠺᠣᠮᠢᠰ ᠢᠶᠠᠷ ᠬᠢᠨᠠᠨ ᠲᠣᠭᠲᠠᠭᠠᠯᠭᠠᠨ᠎ᠠ᠃ | ⒉ ᠭᠠᠳᠠᠭᠰᠢ ᠭᠠᠷᠴᠤ ᠪᠤᠯᠪᠠᠰᠤᠷᠠᠯ ᠳᠤ ᠤᠷᠤᠯᠴᠠᠭᠰᠠᠨ ᠬᠡᠰᠢᠬᠦᠨ᠃ ᠪᠣᠯᠪᠠᠰᠤᠷᠠᠯ ᠠᠴᠠ ᠡᠮᠦᠨ᠎ᠡ ᠳᠠᠩᠰᠠᠯᠠᠭᠤᠯᠬᠤ ᠪᠠᠷ ᠭᠤᠶᠤᠴᠢᠯᠠᠵᠦ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠬᠢᠨᠠᠭᠤᠯᠵᠤ ᠪᠠᠲᠤᠯᠠᠭᠤᠯᠤᠨ᠎ᠠ᠂ ᠪᠣᠯᠪᠠᠰᠤᠷᠠᠯ ᠤᠨ ᠳᠠᠷᠠᠭ᠎ᠠ ᠪᠣᠯᠪᠠᠰᠤᠷᠠᠯ ᠤᠨ ᠤᠷᠢᠯᠭ᠎ᠠ ᠶᠢᠨ ᠪᠢᠴᠢᠭ᠂ | ᠪᠣᠯᠪᠠᠰᠤᠷᠠᠯ ᠤᠨ ᠬᠢᠴᠢᠶᠡᠯ᠂ ᠰᠤᠷᠤᠯᠭ᠎ᠠ ᠲᠡᠭᠦᠰᠦᠭᠰᠡᠨ ᠦᠨᠡᠮᠯᠡᠯ᠂ ᠠᠯᠪᠠᠨ ᠠᠵᠢᠯ ᠢᠶᠠᠷ ᠭᠠᠳᠠᠭᠰᠢ ᠭᠠᠷᠤᠭᠰᠠᠨ ᠭᠡᠷᠡᠴᠢ ᠪᠠᠷᠢᠮᠲᠠ ᠪᠠᠨ ᠠᠪᠴᠤ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠲᠤᠰᠢᠶᠠᠵᠤ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠺᠣᠮᠢᠰ ᠢᠶᠠᠷ ᠬᠢᠨᠠᠭᠤᠯᠵᠤ ᠲᠣᠭᠲᠠᠭᠠᠯᠭᠠᠨ᠎ᠠ᠃ | ⒊ ᠤᠯᠤᠰ ᠤᠨ ᠳᠣᠲᠣᠭᠠᠳᠤ ᠳᠤ ᠠᠯᠳᠠᠷᠳᠠᠢ᠂ ᠠᠵᠢᠯ ᠲᠥᠷᠥᠯ ᠤᠨ ᠳᠣᠲᠣᠷᠠᠬᠢ ᠨᠠᠷᠠᠲᠤ ᠤᠳᠬ᠎ᠠ ᠤᠷᠠᠯᠢᠭᠴᠢᠳ ᠢ ᠤᠷᠢᠵᠤ ᠪᠣᠯᠪᠠᠰᠤᠷᠠᠯ ᠬᠢᠯᠬᠡᠬᠦ᠃ | ᠤᠳᠬ᠎ᠠ ᠤᠷᠠᠯᠢᠭᠴᠢᠨ ᠤ ᠬᠤᠪᠢ ᠬᠥᠮᠥᠨ ᠤ ᠪᠡᠶ᠎ᠡ ᠶᠢᠨ ᠦᠨᠡᠮᠯᠡᠯ᠂ ᠪᠠᠩᠬᠢ ᠶᠢᠨ ᠺᠠᠷᠲ᠂ ᠬᠢᠷᠢ ᠬᠡᠮ ᠤᠨ ᠦᠨᠡᠮᠯᠡᠯ᠂ ᠪᠣᠯᠪᠠᠰᠤᠷᠠᠯ ᠤᠨ ᠲᠥᠰᠥᠯ᠂ | ᠪᠣᠯᠪᠠᠰᠤᠷᠠᠯ ᠳᠤ ᠤᠷᠤᠯᠴᠠᠬᠰᠠᠨ ᠬᠥᠮᠥᠰ ᠤᠨ ᠨᠡᠷᠡᠰ ᠢ ᠬᠠᠩᠭᠠᠵᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠲᠤᠰᠢᠶᠠᠵᠤ ᠲᠤᠰᠬᠠᠢ ᠮᠡᠷᠭᠡᠵᠢᠯᠲᠡᠨ ᠤ | ᠬᠢᠨᠠᠨ ᠲᠣᠭᠲᠠᠭᠠᠬᠤ ᠺᠣᠮᠢᠰ ᠢᠶᠠᠷ ᠬᠢᠨᠠᠨ ᠲᠣᠭᠲᠠᠭᠠᠯᠭᠠᠨ᠎ᠠ᠃ | ⒋ ᠨᠡᠶᠢᠲᠡ ᠶᠢᠨ ᠠᠰᠠᠷᠠᠮᠵᠢ ᠶᠢᠨ ᠤᠳᠬ᠎ᠠ ᠤᠷᠠᠯᠢᠭ ᠤᠨ ᠪᠣᠯᠪᠠᠰᠤᠷᠠᠭᠤᠯᠤᠭᠴᠢ ᠨᠢ 1 ᠵᠢᠯ ᠤᠨ ᠳᠣᠲᠣᠷᠠᠬᠢ ᠪᠣᠯᠪᠠᠰᠤᠷᠠᠯ ᠤᠨ ᠬᠢᠴᠢᠶᠡᠯ᠂ | ᠪᠣᠯᠪᠠᠰᠤᠷᠠᠯ ᠤᠨ ᠬᠥᠮᠥᠨ ᠤᠳᠠᠭ᠎ᠠ᠂ ᠬᠢᠴᠢᠶᠡᠯ ᠤᠨ ᠴᠠᠭ ᠤᠨ ᠬᠡᠮᠵᠢᠶ᠎ᠡ ᠵᠢᠴᠢ ᠪᠣᠯᠪᠠᠰᠤᠷᠠᠯ ᠤᠨ ᠮᠡᠳᠡᠭᠡ ᠵᠠᠩᠭᠢ ᠪᠠᠨ ᠬᠠᠩᠭᠠᠨ᠎ᠠ᠃ ᠤᠳᠬ᠎ᠠ ᠤᠷᠠᠯᠢᠭ ᠤᠨ | ᠰᠠᠭᠤᠷᠢ ᠪᠣᠯᠪᠠᠰᠤᠷᠠᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠳ ᠲᠤ ᠠᠵᠢᠯ ᠡᠷᠭᠢᠯᠡᠬᠦ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ᠂ | ᠮᠡᠷᠭᠡᠵᠢᠯ ᠤᠨ ᠴᠣᠯᠠ ᠶᠢᠨ ᠦᠨᠡᠮᠯᠡᠯ᠂ ᠬᠤᠲᠠ ᠶᠢᠨ ᠲᠠᠰ ᠠᠴᠠ ᠳᠡᠭᠡᠭᠰᠢᠬᠢ ᠤᠳᠬ᠎ᠠ ᠤᠷᠠᠯᠢᠭ ᠤᠨ ᠱᠠᠩᠨᠠᠯ ᠤᠨ ᠵᠦᠢᠯ ᠤᠨ ᠦᠨᠡᠮᠯᠡᠯ᠂ ᠭᠡᠰᠢᠭᠦᠨ ᠤ | ᠦᠨᠡᠮᠯᠡᠯ ᠪᠠ ᠪᠡᠶ᠎ᠡ ᠶᠢᠨ ᠦᠨᠡᠮᠯᠡᠯ ︵15 ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ︶ ᠢᠶᠠᠨ ᠬᠠᠩᠭᠠᠵᠦ ᠤᠳᠬ᠎ᠠ ᠤᠷᠠᠯᠢᠭ ᠤᠨ ᠰᠠᠭᠤᠷᠢ | ᠪᠣᠯᠪᠠᠰᠤᠷᠠᠯ ᠢ 5 ᠵᠢᠯ ᠳᠤ ᠨᠢᠭᠡ ᠤᠳᠠᠭ᠎ᠠ ᠭᠤᠶᠤᠴᠢᠯᠠᠨ ᠮᠡᠳᠡᠭᠦᠯᠵᠦ ᠳᠠᠪᠬᠤᠷ ᠭᠤᠶᠤᠴᠢᠯᠠᠨ ᠮᠡᠳᠡᠭᠦᠯᠵᠦ ᠪᠣᠯᠬᠤ ᠦᠭᠡᠢ᠃ ᠭᠤᠶᠤᠴᠢᠯᠠᠬᠴᠢ ᠶᠢᠨ | ᠮᠠᠲ᠋ᠧᠷᠢᠶᠠᠯ ᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠲᠤᠰᠢᠶᠠᠵᠤ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠺᠣᠮᠢᠰ ᠢᠶᠠᠷ ᠬᠢᠨᠠᠨ | ᠲᠣᠭᠲᠠᠭᠠᠯᠭᠠᠨ᠎ᠠ᠃ | | ᠳᠥᠷᠪᠡᠳᠦᠭᠡᠷ ᠪᠦᠯᠦᠭ ᠲᠦᠷᠦᠯ ᠵᠦᠢᠯ ᠤᠨ ᠬᠠᠮᠢᠶᠠᠷᠤᠯᠲᠠ | | | ᠶᠢᠰᠦᠳᠦᠭᠡᠷ ᠵᠦᠢᠯ ᠵᠤᠷᠢᠭᠵᠢᠭᠤᠯᠤᠨ ᠲᠡᠳᠬᠦᠬᠦ ᠢᠨᠵᠧᠨᠧᠷᠢᠩ ᠨᠢ ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠤᠳᠠᠭ᠎ᠠ ᠲᠥᠪᠯᠡᠷᠡᠭᠦᠯᠦᠨ ᠮᠡᠳᠡᠭᠦᠯᠬᠦ᠂ | ᠲᠥᠪᠯᠡᠷᠡᠭᠦᠯᠦᠨ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ᠎ᠠ᠃ ᠪᠥᠬᠦ ᠬᠤᠰᠢᠭᠤᠨ ᠤ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠵᠣᠬᠢᠶᠠᠨ | ᠪᠠᠶᠢᠭᠤᠯᠤᠭᠰᠠᠨ ᠴᠢᠬᠤᠯᠠ ᠶᠡᠭᠡ ᠲᠥᠷᠥᠯ ᠵᠦᠢᠯ ᠪᠠᠶᠢᠵᠦ᠂ ᠥᠷᠭᠡᠨ ᠳᠡᠯᠭᠡᠷ ᠨᠡᠶᠢᠭᠡᠮ ᠤᠨ ᠨᠥᠯᠥᠭᠡ ᠶᠢ ᠪᠣᠶ ᠪᠣᠯᠭᠠᠵᠤ ᠦᠦᠰᠢᠨ ᠬᠤᠰᠢᠭᠤᠨ ᠤ ᠤᠳᠬ᠎ᠠ | ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠤᠳᠬ᠎ᠠ ᠤᠷᠠᠯᠢᠭ ᠤᠨ ᠪᠦᠲᠦᠭᠡᠯ ᠢ ᠲᠣᠰ | ᠠᠷᠭ᠎ᠠ ᠶᠢᠨ ᠬᠠᠮᠢᠶ᠎ᠠ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠴᠠᠭ ᠲᠤᠨᠢ ᠲᠣᠬᠢᠷᠠᠭᠤᠯᠤᠨ ᠭᠤᠶᠤᠴᠢᠯᠠᠨ ᠮᠡᠳᠡᠭᠦᠯᠵᠦ ᠠᠰ ᠠᠰ ᠢᠶᠠᠷ ᠨᠢ ᠵᠥᠪᠯᠡᠬᠦ | ᠠᠷᠭ᠎ᠠ ᠮᠠᠶ᠋ᠢᠭ ᠢᠶᠠᠷ ᠰᠤᠳᠤᠯᠤᠨ ᠲᠣᠭᠲᠠᠭᠠᠵᠤ ᠵᠤᠷᠢᠬᠵᠢᠭᠤᠯᠵᠦ ᠪᠣᠯᠣᠨ᠎ᠠ᠃ | ᠠᠷᠪᠠᠳᠤᠭᠠᠷ ᠵᠦᠢᠯ ᠲᠡᠳᠬᠦᠬᠦ ᠲᠥᠷᠥ ᠶᠢᠨ ᠪᠣᠳᠣᠯᠭ᠎ᠠ᠃ ᠵᠣᠬᠢᠶᠠᠨ ᠪᠦᠲᠦᠭᠡᠯᠭᠡ ᠶᠢᠨ ᠦᠷ᠎ᠡ ᠪᠦᠲᠦᠭᠡᠯ ᠤᠨ ᠲᠥᠷᠥᠯ᠂ ᠴᠢᠳᠠᠪᠤᠷᠢᠲᠠᠨ ᠤ | ᠪᠣᠯᠪᠠᠰᠤᠷᠠᠯ ᠤᠨ ᠲᠥᠷᠥᠯ᠂ ᠰᠣᠩᠭᠤᠬᠳᠠᠬᠰᠠᠨ ᠦᠵᠡᠬᠦᠯᠦᠯᠬᠡ ᠶᠢᠨ ᠲᠥᠷᠥᠯ ᠢ ᠳᠡᠭᠡᠷ᠎ᠡ ᠨᠢᠭᠡ ᠵᠢᠯ ᠤᠨ 1 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ | 31 ᠤ ᠡᠳᠦᠷ ᠪᠣᠯᠲᠠᠯᠠᠬᠢ ᠬᠤᠭᠤᠴᠠᠭᠠᠨ ᠳᠤ ᠬᠡᠷᠡᠭᠵᠢᠭᠦᠯᠤᠭ᠍ᠰᠡᠨ ᠲᠥᠷᠥᠯ ᠵᠦᠢᠯ ᠢ ᠵᠤᠷᠢᠬᠵᠢᠭᠤᠯᠤᠨ ᠳᠡᠳᠭᠦᠨ᠎ᠡ ︵2022 ᠣᠨ ᠳᠤ 2021 ᠣᠨ ᠤ 1 | ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠤᠨ ᠵᠤᠷᠢᠬᠵᠢᠭᠤᠯᠵᠦ ᠲᠡᠳᠬᠦᠬᠦ ᠲᠥᠷᠥᠯ ᠵᠦᠢᠯ ᠢ ᠰᠢᠯᠭᠠᠷᠠᠭᠤᠯᠵᠤ᠂ ᠲᠠᠷᠠᠭᠠᠴᠢ ᠶᠢᠨ | ᠣᠨ ᠤ ᠰᠢᠯᠭᠠᠷᠠᠭᠤᠯᠤᠯᠲᠠ ᠶᠢ ᠡᠭᠦᠨ ᠢᠶᠠᠷ ᠦᠨᠳᠦᠰᠦᠯᠡᠨ ᠬᠤᠶᠢᠰᠢᠯᠠᠭᠤᠯᠤᠨ᠎ᠠ︶᠃ | ᠠᠷᠪᠠᠨ ᠨᠢᠬᠡᠳᠦᠭᠡᠷ ᠵᠦᠢᠯ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠵᠤᠷᠢᠬᠵᠢᠭᠤᠯᠵᠦ ᠲᠡᠳᠬᠦᠬᠦ ᠲᠦᠷᠦᠯ ᠵᠦᠢᠯ ᠢ ᠵᠣᠬᠢᠶᠠᠨ | ᠪᠦᠲᠦᠭᠡᠵᠦ ᠦᠢᠯᠡᠳᠬᠦ ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠲᠣᠭᠲᠠᠭᠰᠠᠨ ᠮᠡᠳᠡᠭᠦᠯᠬᠦ ᠨᠢᠭᠡᠴᠢ ᠪᠠᠷ ᠳᠠᠮᠵᠢᠭᠤᠯᠤᠨ ᠠᠵᠢᠯᠯᠠᠬᠤ ᠳᠤᠭᠤᠶᠢᠯᠠᠩ ᠤᠨ | ᠠᠯᠪᠠᠨ ᠭᠡᠷ ᠲᠤ ᠭᠤᠶᠤᠴᠢᠯᠠᠨ ᠮᠡᠳᠡᠭᠦᠯᠦᠨ᠎ᠡ᠃ ᠨᠡᠶᠢᠭᠡᠮ ᠤᠨ ᠨᠡᠯᠢᠶᠡᠳ ᠶᠡᠭᠡ ᠨᠥᠯᠥᠬᠡᠯᠡᠬᠦ ᠬᠦᠴᠦᠨ ᠲᠠᠢ ᠣᠨᠴᠠ ᠵᠠᠷᠢᠮ ᠤᠳᠬ᠎ᠠ ᠤᠷᠠᠯᠢᠭ ᠤᠨ ᠰᠣᠳᠣᠨ | ᠪᠦᠲᠦᠭᠡᠯ ᠢ ᠵᠣᠬᠢᠶᠠᠨ ᠪᠦᠲᠦᠭᠡᠵᠦ ᠦᠢᠯᠡᠳᠬᠦ ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠠᠴᠠ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ | ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃ ᠲᠥᠷᠥᠯ ᠵᠦᠢᠯ ᠢ ᠲᠣᠭᠲᠠᠭᠠᠭᠰᠠᠨ ᠤ ᠳᠠᠷᠠᠭ᠎ᠠ ᠵᠣᠷᠢᠭᠵᠢᠭᠤᠯᠤᠯ ᠲᠡᠳᠬᠦᠯᠲᠡ ᠶᠢ ᠬᠦᠷᠳᠡᠭᠰᠡᠨ ᠵᠣᠬᠢᠶᠠᠨ | ᠪᠦᠲᠦᠭᠡᠵᠦ ᠦᠢᠯᠡᠳᠬᠦ ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠨᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠯᠦᠭᠡ ︽ᠵᠣᠬᠢᠶᠠᠨ ᠪᠦᠲᠦᠭᠡᠬᠦ ᠶᠢ | ᠵᠣᠷᠢᠭᠵᠢᠭᠤᠯᠤᠨ ᠲᠡᠳᠬᠦᠬᠦ ᠬᠡᠯᠡᠯᠴᠡᠭᠡᠷ ᠤᠨ ᠪᠢᠴᠢᠭ︾ ᠲᠤ ᠭᠠᠷ ᠤᠨ ᠥᠰᠥᠭ ᠵᠢᠷᠤᠨ᠎ᠠ᠃ | ᠠᠷᠪᠠᠨ ᠬᠤᠶᠠᠳᠣᠭᠠᠷ ᠵᠦᠢᠯ ᠵᠤᠷᠢᠬᠵᠢᠭᠤᠯᠤᠨ ᠲᠡᠳᠬᠦᠬᠦ ᠡᠲᠡᠭᠡᠳ ᠨᠢ ᠦᠦᠰᠢᠨ ᠬᠤᠰᠢᠭᠤᠨ ᠤ ᠡᠷᠦᠬᠡ ᠠᠮᠠ ᠶᠢᠨ ᠳᠠᠩᠰᠠ ᠪᠤᠶᠤ ᠣᠶᠢᠷ᠎ᠠ ᠶᠢᠨ | ᠭᠤᠷᠪᠠᠨ ᠵᠢᠯ ᠳᠤ ᠦᠦᠰᠢᠨ ᠬᠤᠰᠢᠭᠤᠨ ᠳᠤ ᠠᠵᠢᠯᠯᠠᠵᠤ ᠠᠮᠢᠳᠤᠷᠠᠵᠤ ᠪᠠᠶᠢᠭ᠎ᠠ ᠪᠥᠭᠡᠳ ᠣᠳᠣᠬᠠᠨ ᠳᠤ ᠮᠥᠨ ᠦᠦᠰᠢᠨ ᠬᠤᠰᠢᠭᠤᠨ ᠳᠤ ᠠᠮᠢᠳᠤᠷᠠᠵᠤ | ᠪᠠᠶᠢᠭ᠎ᠠ᠂ ᠬᠤᠰᠢᠭᠤᠨ ᠤ ᠳᠡᠰ ᠠᠴᠠ ᠳᠡᠭᠡᠭᠰᠢᠬᠢ ᠤᠳᠬ᠎ᠠ ᠤᠷᠠᠯᠢᠭᠴᠢᠳ ᠤᠨ ᠡᠪᠯᠡᠯ ᠤᠨ ᠭᠡᠰᠢᠭᠦᠨ ᠪᠣᠯᠣᠨ᠎ᠠ᠃ ᠵᠣᠷᠢᠭᠵᠢᠭᠤᠯᠤᠯ ᠲᠡᠳᠬᠦᠯᠲᠡ ᠶᠢ ᠬᠦᠷᠳᠡᠬᠦ | ᠡᠲᠡᠭᠡᠳ ᠨᠢ ᠡᠷᠬᠡᠪᠰᠢ ᠲᠣᠰ ᠬᠥᠮᠥᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠬᠠᠷᠢᠶᠠᠯᠠᠭᠳᠠᠬᠤ ᠡᠪᠯᠡᠯ ᠤᠨ ᠭᠡᠰᠢᠭᠦᠨ ᠤ ᠦᠨᠡᠮᠯᠡᠯ ᠢᠶᠠᠨ | ᠬᠠᠩᠭᠠᠨ᠎ᠠ᠃ | ᠮᠡᠳᠡᠭᠦᠯᠦᠭᠰᠡᠨ ᠵᠤᠷᠢᠬᠵᠢᠭᠤᠯᠵᠦ ᠲᠡᠳᠬᠦᠬᠦ ᠲᠥᠷᠥᠯ ᠵᠦᠢᠯ ︵ᠪᠦᠲᠦᠭᠡᠯ︶ ᠨᠢ ᠡᠷᠬᠡᠪᠰᠢ ᠵᠣᠬᠢᠶᠠᠯ ᠪᠦᠲᠦᠭᠡᠯ ᠤᠨ ᠡᠷᠬᠡ᠂ ᠢᠷᠠᠭᠤ ᠠᠯᠳᠠᠷ ᠤᠨ | ᠡᠷᠬᠡ᠂ ᠡᠯ᠎ᠡ ᠲᠥᠷᠥᠯ ᠤᠨ ᠱᠠᠩᠨᠠᠯ ᠤᠨ ᠵᠦᠢᠯ ᠢ ᠮᠡᠳᠡᠭᠦᠯᠬᠦ ᠡᠷᠬᠡ ᠲᠠᠢ ᠪᠠᠶᠢᠬᠤ ᠬᠡᠷᠡᠭᠲᠡᠢ ᠮᠥᠷᠲᠡᠭᠡᠨ ᠶᠠᠮᠠᠷᠪᠠ ᠬᠠᠤᠯᠢ ᠴᠠᠭᠠᠵᠠ ᠶᠢᠨ ᠵᠢᠭᠤᠷᠠᠯᠳᠤᠭᠠᠨ | ᠣᠷᠣᠰᠢᠬᠤ ᠦᠭᠡᠢ ᠪᠠᠶᠢᠵᠦ᠂ ᠣᠯᠠᠨ ᠲᠠᠯ᠎ᠠ ᠠᠴᠠ ᠮᠡᠳᠡᠭᠦᠯᠵᠦ ᠪᠣᠯᠬᠤ ᠦᠭᠡᠢ᠃ ᠬᠤᠰᠢᠭᠤᠨ ᠳᠣᠲᠣᠷᠠᠬᠢ ᠣᠯᠠᠨ ᠨᠢᠭᠡᠴᠢ ︵ᠬᠤᠪᠢ ᠬᠥᠮᠥᠨ︶ | ᠬᠠᠮᠳᠤᠷᠠᠯᠴᠠᠨ ᠣᠷᠣᠯᠴᠠᠭᠰᠠᠨ ᠲᠥᠷᠥᠯ ᠵᠦᠢᠯ ︵ᠪᠦᠲᠦᠭᠡᠯ︶ ᠢ ᠭᠤᠣᠯ ᠵᠣᠬᠢᠶᠠᠨ ᠪᠦᠲᠦᠭᠡᠵᠦ ᠦᠢᠯᠡᠳᠬᠦ ᠪᠠᠶᠢᠭᠤᠯᠭ᠎ᠠ ᠨᠢᠭᠡᠴᠢ ︵ᠬᠤᠪᠢ ᠬᠥᠮᠥᠨ︶ ᠠᠴᠠ | ᠭᠤᠶᠤᠴᠢᠯᠠᠨ ᠮᠡᠳᠡᠭᠦᠯᠵᠦ᠂ ᠬᠠᠮᠲᠤᠷᠠᠯᠴᠠᠭ᠎ᠠ ᠳᠤ ᠣᠷᠣᠯᠴᠠᠭᠰᠠᠨ ᠡᠯ᠎ᠡ ᠨᠢᠭᠡᠴᠢ ︵ᠬᠤᠪᠢ ᠬᠥᠮᠥᠨ︶ ᠠᠴᠠ ᠭᠤᠶᠤᠴᠢᠯᠠᠨ ᠮᠡᠳᠡᠭᠦᠯᠬᠦ ᠶᠢ ᠵᠥᠪᠰᠢᠶᠡᠷᠡᠭᠰᠡᠨ | ᠪᠢᠴᠢᠭ ᠤᠨ ᠬᠡᠯᠪᠡᠷᠢ ᠶᠢᠨ ᠲᠣᠳᠣᠷᠬᠠᠶᠢᠯᠠᠯᠲᠠ ᠬᠢᠵᠦ᠂ ᠭᠤᠶᠤᠴᠢᠯᠠᠨ ᠮᠡᠳᠡᠭᠦᠯᠦᠭᠴᠢ ᠠᠴᠠ ᠲᠥᠷᠥᠯ ᠵᠦᠢᠯ ︵ᠪᠦᠲᠦᠭᠡᠯ︶ ᠳᠤ ᠭᠤᠣᠯ ᠬᠠᠷᠢᠭᠤᠴᠠᠯᠭ᠎ᠠ ᠶᠢ | ᠡᠭᠦᠷᠭᠡᠯᠡᠨ᠎ᠡ᠃ ᠬᠤᠰᠢᠭᠤᠨ ᠤ ᠭᠠᠳᠠᠨᠠᠬᠢ ᠣᠯᠠᠨ ᠨᠢᠭᠡᠴᠢ ᠲᠠᠢ ᠬᠠᠮᠲᠤᠷᠠᠨ ᠭᠠᠷᠭᠠᠬᠰᠠᠨ ᠲᠥᠷᠥᠯ ᠵᠦᠢᠯ ︵ᠪᠦᠲᠦᠭᠡᠯ︶ ᠢ ᠮᠠᠨ ᠤ ᠬᠤᠰᠢᠭᠤᠨ ᠤ | ᠭᠡᠰᠢᠭᠦᠳ ᠢᠶᠠᠷ ᠭᠤᠣᠯ ᠪᠦᠲᠦᠭᠡᠭᠳᠡᠬᠦᠨ ᠭᠠᠷᠭᠠᠬᠤ ᠲᠠᠯ᠎ᠠ ᠪᠣᠯᠭᠠᠬᠤ ᠴᠢᠬᠤᠯᠠᠲᠠᠢ ᠪᠦᠬᠡᠳ ᠲᠥᠷᠥᠯ ᠵᠦᠢᠯ ︵ᠪᠦᠲᠦᠭᠡᠯ︶ ᠤᠨ ᠪᠦᠲᠦᠭᠡᠭᠳᠡᠬᠦᠨ ᠭᠠᠷᠭᠠᠬᠤ | ᠡᠷᠬᠡ᠂ ᠱᠠᠩᠨᠠᠨ ᠰᠢᠯᠭᠠᠷᠠᠭᠤᠯᠵᠤ ᠮᠡᠳᠡᠭᠦᠯᠬᠦ ᠡᠷᠬᠡ ᠲᠠᠢ ᠪᠠᠶᠢᠵᠤ ᠡᠯ᠎ᠡ ᠬᠠᠮᠲᠤᠷᠠᠭᠰᠠᠨ ᠪᠦᠲᠦᠭᠡᠭᠳᠡᠬᠦᠨ ᠭᠠᠷᠭᠠᠬᠤ ᠨᠢᠭᠡᠴᠢ ᠨᠦᠭᠦᠳ ᠭᠤᠶᠤᠴᠢᠯᠠᠨ | ᠮᠡᠳᠡᠭᠦᠯᠬᠦ ᠶᠢ ᠵᠥᠪᠰᠢᠶᠡᠷᠡᠭᠰᠡᠨ ᠪᠢᠴᠢᠭ ᠤᠨ ᠬᠡᠯᠪᠡᠷᠢ ᠶᠢᠨ ᠲᠣᠳᠣᠷᠬᠠᠶᠢᠯᠠᠯᠲᠠ ᠶᠢ ᠬᠢᠵᠦ ᠥᠭᠭᠦᠨ᠎ᠡ᠃ | ᠠᠷᠪᠠᠨ ᠭᠤᠷᠪᠠᠳᠤᠭᠠᠷ ᠵᠦᠢᠯ ᠵᠣᠷᠢᠭᠵᠢᠭᠤᠯᠤᠨ ᠲᠡᠳᠬᠦᠬᠦ ᠪᠠᠷ ᠵᠢᠱᠢᠭᠳᠡᠭᠰᠡᠨ ᠲᠥᠷᠥᠯ ᠵᠦᠢᠯ ︵ᠪᠦᠲᠦᠭᠡᠯ︶ ᠢ ᠲᠤᠰᠬᠠᠢ ᠮᠡᠷᠭᠡᠵᠢᠯᠲᠡᠨ ᠤ ᠬᠢᠨᠠᠨ | ᠲᠣᠭᠲᠠᠭᠠᠬᠤ ᠺᠣᠮᠢᠰ ᠢᠶᠠᠷ ︽ᠬᠢᠨᠠᠨ ᠲᠣᠭᠲᠠᠭᠠᠬᠤ ᠨᠠᠷᠢᠨ ᠳᠦᠷᠢᠮ︾ ᠢ ᠦᠨᠳᠦᠰᠦᠯᠡᠨ ᠬᠢᠨᠠᠨ ᠲᠣᠭᠲᠠᠭᠠᠵᠤ᠂ ᠤᠳᠤᠷᠢᠳᠬᠤ ᠳᠤᠭᠤᠶᠢᠯᠠᠩ ᠠᠴᠠ | ᠰᠤᠳᠤᠯᠤᠨ ᠲᠣᠭᠲᠠᠭᠠᠭᠰᠠᠨ ᠤ ᠳᠠᠷᠠᠭ᠎ᠠ ᠬᠠᠮᠢᠶ᠎ᠠ ᠪᠦᠬᠦᠢ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠢᠯᠡ ᠨᠡᠶᠢᠲᠡᠯᠡᠵᠦ᠂ ᠢᠯᠡ ᠨᠡᠶᠢᠲᠡᠯᠡᠭᠰᠡᠨ | ᠤ ᠳᠠᠷᠠᠭ᠎ᠠ ᠣᠨᠳᠣᠣ ᠰᠠᠨᠠᠯ ᠦᠭᠡᠢ ᠪᠤᠯ ᠵᠣᠷᠢᠭᠵᠢᠭᠤᠯᠤᠨ ᠲᠡᠳᠬᠦᠨ᠎ᠡ᠃ | ᠠᠷᠪᠠᠨ ᠲᠦᠷᠪᠡᠳᠤᠭᠡᠷ ᠵᠦᠢᠯ ᠭᠤᠶᠤᠴᠢᠯᠠᠨ ᠮᠡᠳᠡᠭᠦᠯᠦᠭᠰᠡᠨ ᠨᠢᠭᠡᠴᠢ ︵ᠬᠤᠪᠢ ᠬᠥᠮᠥᠨ︶ ᠨᠢ ᠵᠣᠷᠢᠭᠵᠢᠭᠤᠯᠤᠨ ᠲᠡᠳᠬᠦᠬᠦ ᠭᠤᠶᠤᠴᠢᠯᠠᠨ | ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠲᠠᠮᠠᠭ᠎ᠠ ᠪᠠᠨ ᠳᠠᠷᠤᠨ᠎ᠠ ︵ᠲᠣᠰ | ᠬᠥᠮᠥᠨ ᠭᠠᠷ ᠤᠨ ᠥᠰᠥᠭ ᠵᠢᠷᠤᠨ᠎ᠠ︶᠃ ᠬᠤᠳᠠᠯ ᠬᠠᠭᠤᠷᠮᠠᠭ ᠮᠠᠲ᠋ᠧᠷᠢᠶᠠᠯ ᠮᠡᠳᠡᠭᠦᠯᠬᠦ ᠶᠢᠨ ᠬᠠᠮᠲᠤ ᠵᠣᠷᠢᠭᠵᠢᠭᠤᠯᠤᠯ ᠲᠡᠳᠬᠦᠯᠲᠡ ᠶᠢ ᠬᠦᠷᠳᠡᠭᠰᠡᠨ ᠪᠠᠶᠢᠪᠠᠯ | ᠪᠠᠶᠢᠴᠠᠭᠠᠨ ᠲᠣᠳᠣᠯᠠᠭᠰᠠᠨ ᠤ ᠳᠠᠷᠠᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠲᠣᠭᠲᠠᠭᠠᠯ ᠶᠣᠰᠣᠭᠠᠷ | ᠰᠢᠢᠳᠪᠦᠷᠢᠯᠡᠭᠦᠯᠦᠨ᠎ᠡ᠃ ᠬᠤᠳᠠᠯ ᠢᠶᠠᠷ ᠮᠡᠳᠡᠭᠦᠯᠦᠭᠰᠡᠳ ᠤᠨ ᠮᠡᠳᠡᠭᠦᠯᠬᠦ ᠬᠢᠷᠢ ᠬᠡᠮ ᠢ ᠨᠠᠰᠤᠨ ᠲᠤᠷᠰᠢᠲᠠ ᠬᠦᠴᠦᠨ ᠦᠭᠡᠢ ᠪᠣᠯᠭᠠᠨ᠎ᠠ︔ ᠮᠡᠳᠡᠭᠦᠯᠦᠭᠰᠡᠨ | ᠨᠢᠭᠡᠴᠢ ᠨᠢ ᠵᠤᠷᠢᠬᠵᠢᠭᠤᠯᠵᠦ ᠲᠡᠳᠬᠦᠬᠦ ᠪᠡᠯᠡ ᠮᠥᠩᠭᠦ ᠶᠢ ᠨᠡᠬᠡᠮᠵᠢᠯᠡᠨ ᠠᠪᠴᠢᠷᠠᠬᠤ ᠶᠢ ᠬᠠᠷᠢᠭᠤᠴᠠᠬᠤ ᠶᠢᠨ ᠬᠠᠮᠲᠤ ᠬᠤᠯᠪᠣᠯᠳᠤᠭᠰᠠᠨ ᠬᠠᠷᠢᠭᠤᠴᠠᠯᠭ᠎ᠠ | ᠡᠭᠦᠷᠭᠡᠯᠡᠨ᠎ᠡ︔ ᠮᠡᠳᠡᠭᠦᠯᠦᠭᠰᠡᠨ ᠬᠤᠪᠢ ᠬᠥᠮᠥᠨ ᠨᠢ ᠵᠣᠷᠢᠭᠵᠢᠭᠤᠯᠤᠨ ᠲᠡᠳᠬᠦᠬᠦ ᠪᠡᠯᠡ ᠮᠥᠩᠭᠦ ᠶᠢ ᠪᠤᠴᠠᠭᠠᠬᠤ ᠶᠢᠨ ᠬᠠᠮᠲᠤ ᠵᠣᠬᠢᠬᠤ ᠬᠠᠷᠢᠭᠤᠴᠠᠯᠭ᠎ᠠ | ᠡᠭᠦᠷᠭᠡᠯᠡᠨ᠎ᠡ᠃ ᠲᠥᠷᠥᠯ ᠵᠦᠢᠯ ︵ᠪᠦᠲᠦᠭᠡᠯ︶ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠠᠴᠠ ᠪᠣᠯᠤᠭᠰᠠᠨ ᠵᠢᠭᠤᠷᠠᠯᠳᠤᠭᠠᠨ ᠢ ᠮᠡᠳᠡᠭᠦᠯᠦᠭᠰᠡᠨ | ᠨᠢᠭᠡᠴᠢ ︵ᠬᠤᠪᠢ ᠬᠥᠮᠥᠨ︶ ᠠᠴᠠ ᠬᠠᠷᠢᠭᠤᠴᠠᠵᠤ᠂ ᠪᠣᠶ ᠪᠣᠯᠭᠠᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠥᠪᠡᠰᠦᠪᠡᠨ ᠡᠭᠦᠷᠭᠡᠯᠡᠨ᠎ᠡ᠃ | ᠠᠷᠪᠠᠨ ᠲᠠᠪᠤᠳᠤᠭᠠᠷ ᠵᠦᠢᠯ ᠮᠡᠳᠡᠭᠦᠯᠬᠦ ᠨᠢᠭᠡᠴᠢ ᠨᠢ ᠬᠤᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠥᠨ ᠢ ᠰᠢᠮᠳᠠᠭᠤᠯᠵᠤ ᠪᠠᠶᠢᠭᠠᠳ ᠪᠡᠯᠡ | ᠮᠥᠩᠭᠦ ᠶᠢ ᠵᠦᠢ ᠵᠣᠬᠢᠰᠲᠠᠢ ᠬᠡᠷᠡᠭᠯᠡᠬᠦ᠂ ᠬᠤᠪᠢᠶᠠᠷᠢᠯᠠᠬᠤ ᠶᠢ ᠬᠠᠷᠢᠭᠤᠴᠠᠨ᠎ᠠ᠃ | ᠠᠷᠪᠠᠨ ᠵᠢᠷᠭᠤᠳᠤᠭᠠᠷ ᠵᠦᠢᠯ ᠡᠯ᠎ᠡ ᠲᠥᠷᠥᠯ ᠤᠨ ᠵᠤᠷᠢᠬᠵᠢᠭᠤᠯᠤᠨ ᠲᠡᠳᠬᠦᠬᠦ ᠲᠥᠷᠥᠯ ᠵᠦᠢᠯ ᠨᠢ ᠠᠳᠠᠯᠢ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠪᠤᠰᠤᠳ ᠲᠥᠷᠥᠯ ᠵᠦᠢᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠵᠡᠷᠭᠡᠪᠡᠷ ᠡᠳ᠋ᠯᠡᠵᠦ ᠪᠣᠯᠬᠤ ᠦᠭᠡᠢ᠃ | ᠠᠷᠪᠠᠨ ᠲᠤᠯᠤᠳᠤᠭᠠᠷ ᠵᠦᠢᠯ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠵᠤᠷᠢᠬᠵᠢᠭᠤᠯᠤᠨ ᠲᠡᠳᠬᠦᠬᠦ ᠲᠥᠷᠥᠯ ᠵᠦᠢᠯ ᠤᠨ ᠪᠡᠶᠡᠯᠡᠭᠦᠯᠬᠦ | ᠦᠶᠡᠯᠡᠯ ᠤᠨ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 3 ᠵᠢᠯ ᠠᠴᠠ ᠬᠡᠲᠦᠷᠡᠭᠦᠯᠬᠦ ᠦᠭᠡᠢ᠃ ᠲᠥᠷᠥᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ ᠲᠥᠷᠥᠯ | ᠵᠦᠢᠯ ᠢ ᠭᠤᠶᠤᠴᠢᠯᠠᠨ ᠮᠡᠳᠡᠭᠦᠯᠬᠦ ᠨᠢᠭᠡᠴᠢ ᠪᠤᠶᠤ ᠬᠤᠪᠢ ᠬᠥᠮᠥᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ᠂ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ | ᠪᠣᠯᠣᠨ ᠨᠡᠶᠢᠭᠡᠮ ᠠᠵᠤ ᠠᠬᠤᠢ ᠶᠢᠨ ᠦᠷ᠎ᠡ ᠠᠰᠢᠭ ᠵᠡᠷᠭᠡ ᠪᠠᠶᠢᠳᠠᠯ ᠢᠶᠠᠨ ᠴᠠᠭ ᠲᠤᠬᠠᠢ ᠳᠤᠨᠢ ᠪᠢᠴᠢᠭ ᠤᠨ ᠭᠡᠯᠪᠡᠷᠢ ᠪᠠᠷ ᠳ᠋ᠦᠩᠨᠡᠵᠦ᠂ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠲᠤ ᠰᠡᠳᠦᠪ ᠳ᠋ᠦᠩᠨᠡᠨ ᠰᠢᠯᠭᠠᠨ ᠬᠤᠷᠢᠶᠠᠬᠤ ᠭᠤᠶᠤᠴᠢᠯᠠᠯ ᠢᠶᠠᠨ ᠳᠤᠷᠠᠳᠤᠨ᠎ᠠ᠃ | ᠠᠷᠪᠠᠨ ᠨᠠᠢᠮᠠᠳᠤᠭᠠᠷ ᠵᠦᠢᠯ ᠵᠣᠬᠢᠶᠠᠨ ᠪᠦᠲᠦᠭᠡᠯᠭᠡ᠂ ᠠᠵᠢᠯᠯᠠᠭ᠎ᠠ ᠶᠢ ᠵᠤᠷᠢᠬᠵᠢᠭᠤᠯᠵᠦ ᠲᠡᠳᠬᠦᠬᠦ ᠲᠥᠷᠥᠯ ᠵᠦᠢᠯ ᠨᠢ ᠶᠠᠮᠠᠷ ᠨᠢᠭᠡᠨ ᠰᠢᠯᠲᠠᠭᠠᠨ | ᠠᠴᠠ ᠪᠣᠯᠵᠤ ᠲᠥᠯᠥᠪᠯᠡᠭᠡ ᠳᠡᠭᠡᠨ ᠲᠣᠬᠢᠷᠠᠭᠤᠯᠤᠯᠲᠠ ᠬᠢᠬᠦ ᠴᠢᠬᠤᠯᠠᠲᠠᠢ ᠪᠠ ᠬᠦᠨᠳᠦ ᠶᠡᠭᠡ ᠡᠰᠡᠷᠭᠦᠴᠡᠵᠦ ᠪᠤᠯᠤᠰᠢ ᠦᠭᠡᠢ ᠬᠡᠷᠡᠭ ᠵᠡᠷᠭᠡ ᠪᠡᠶᠡᠴᠢ ᠪᠤᠰᠤ | ᠰᠢᠯᠲᠠᠭᠠᠨ ᠠᠴᠠ ᠪᠣᠯᠵᠤ ᠵᠣᠭᠰᠤᠭᠠᠬᠤ ᠴᠢᠬᠤᠯᠠᠲᠠᠢ ᠪᠤᠯᠪᠠᠯ ᠮᠡᠳᠡᠭᠦᠯᠦᠭᠰᠡᠨ ᠨᠢᠭᠡᠴᠢ ᠪᠤᠶᠤ ᠬᠤᠪᠢ ᠬᠥᠮᠥᠨ ᠡᠷᠬᠡᠪᠰᠢ ᠴᠠᠭ ᠲᠤᠬᠠᠢ ᠳᠤᠨᠢ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠲᠤ ᠪᠢᠴᠢᠭ ᠤᠨ ᠭᠡᠯᠪᠡᠷᠢ ᠶᠢᠨ ᠮᠡᠳᠡᠭᠦᠯᠦᠯᠲᠡ ᠪᠠᠨ ᠲᠤᠰᠢᠶᠠᠵᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ | ᠰᠤᠳᠤᠯᠤᠨ ᠨᠤᠲᠠᠯᠠᠭᠰᠠᠨ ᠤ ᠳᠠᠷᠠᠭ᠎ᠠ ᠰᠢᠢᠳᠪᠦᠷᠢᠯᠡᠬᠦ ᠰᠠᠨᠠᠯ ᠢᠶᠠᠨ ᠳᠤᠷᠠᠳᠤᠨ᠎ᠠ᠃ ᠪᠤᠰᠤᠳ ᠴᠢᠬᠤᠯᠠ ᠶᠡᠭᠡ ᠵᠦᠢᠯᠡᠰ ᠢ ᠤᠳᠤᠷᠢᠳᠬᠤ ᠳᠤᠭᠤᠶᠢᠯᠠᠩ ᠤᠨ | ᠬᠤᠷᠠᠯ ᠳᠤ ᠳᠡᠪᠰᠢᠭᠦᠯᠦᠨ ᠰᠤᠳᠤᠯᠤᠭᠤᠯᠤᠨ᠎ᠠ᠃ | | ᠲᠠᠪᠤᠳᠤᠭᠠᠷ ᠪᠦᠯᠦᠭ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠳᠠ | | | ᠠᠷᠪᠠ ᠶᠢᠰᠦᠳᠦᠭᠡᠷ ᠵᠦᠢᠯ ᠵᠤᠷᠢᠬᠵᠢᠭᠤᠯᠵᠦ ᠲᠡᠳᠬᠦᠬᠦ ᠲᠤᠰᠬᠠᠢ ᠪᠡᠯᠡ ᠮᠥᠩᠭᠦ ᠶᠢᠨ ᠣᠨ ᠤ ᠶᠡᠷᠦᠩᠬᠡᠢ ᠵᠣᠭᠤᠰᠤᠨ ᠲᠤᠭ᠎ᠠ ᠨᠢ 200 ᠲᠦᠮᠡᠨ | ᠲᠥᠭᠦᠷᠢᠭ ᠪᠠᠶᠢᠵᠤ᠂ ᠣᠨ ᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠵᠤ᠂ ᠬᠤᠰᠢᠭᠤ ᠡᠳ᠋ ᠤᠨ ᠵᠠᠰᠠᠭ ᠠᠴᠠ ᠵᠠᠷᠤᠳᠠᠯ ᠢ ᠬᠡᠷᠡᠭᠯᠡᠬᠦ | ᠲᠣᠭᠲᠠᠭᠠᠯ ᠶᠣᠰᠣᠭᠠᠷ ᠴᠠᠭ ᠲᠤᠬᠠᠢ ᠳᠤᠨᠢ ᠰᠠᠯᠭᠠᠨ ᠥᠭᠴᠦ ᠪᠣᠳᠠᠲᠠᠶᠢᠵᠢᠭᠤᠯᠤᠨ᠎ᠠ᠃ ᠬᠡᠷᠪᠡ ᠲᠡᠳᠬᠦᠨ ᠳᠡᠮᠵᠢᠬᠦ ᠪᠡᠯᠡ ᠮᠥᠩᠭᠦ ᠶᠢ ᠲᠤᠬᠠᠢ ᠶᠢᠨ ᠵᠢᠯ ᠳᠤ | ᠬᠡᠷᠡᠭᠯᠡᠵᠦ ᠳᠠᠭᠤᠰᠤᠭᠰᠠᠨ ᠦᠭᠡᠢ ᠪᠠᠶᠢᠪᠠᠯ ᠦᠯᠡᠳᠡᠭᠰᠡᠨ ᠪᠡᠯᠡ ᠮᠥᠩᠭᠦ ᠶᠢ ᠳᠠᠷᠠᠭ᠎ᠠ ᠨᠢᠭᠡ ᠵᠢᠯ ᠳᠤ ᠰᠢᠯᠵᠢᠭᠦᠯᠦᠨ ᠬᠡᠷᠡᠭᠯᠡᠨ᠎ᠡ︔ ᠲᠤᠬᠠᠢ ᠶᠢᠨ ᠵᠢᠯ ᠤᠨ | ᠱᠠᠩᠨᠠᠯ ᠤᠨ ᠪᠡᠯᠡ ᠮᠥᠩᠭᠦ ᠨᠢ ᠬᠡᠷᠡᠭᠯᠡᠵᠦ ᠬᠦᠷᠦᠭᠰᠡᠨ ᠦᠭᠡᠢ ᠪᠠᠶᠢᠪᠠᠯ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠴᠠᠭ ᠲᠤᠬᠠᠢ ᠳᠤᠨᠢ | ᠭᠤᠶᠤᠴᠢᠯᠠᠨ ᠨᠡᠮᠡᠨ᠎ᠠ᠃ | ᠬᠤᠷᠢᠳᠤᠭᠠᠷ ᠵᠦᠢᠯ ᠵᠣᠬᠢᠶᠠᠨ ᠪᠦᠲᠦᠭᠡᠯᠭᠡ᠂ ᠠᠵᠢᠯᠯᠠᠭ᠎ᠠ ᠶᠢ ᠵᠣᠷᠢᠭᠵᠢᠭᠤᠯᠵᠦ ᠲᠡᠳᠬᠦᠬᠦ ᠪᠡᠯᠡ ᠮᠥᠩᠭᠦ ᠳᠤ ᠲᠤᠰᠬᠠᠢ ᠵᠣᠭᠤᠰ ᠢ ᠲᠤᠰᠬᠠᠢ | ᠵᠦᠢᠯ ᠳᠤ ᠬᠡᠷᠡᠭᠯᠡᠬᠦ ᠶᠢ ᠬᠡᠷᠡᠭᠵᠢᠭᠦᠯᠵᠦ ᠲᠡᠳᠬᠦᠨ ᠳᠡᠮᠵᠢᠭᠳᠡᠭᠰᠡᠨ ᠭᠡᠰᠢᠭᠦᠳ ᠡᠷᠬᠡᠪᠰᠢ ᠤᠯᠤᠰ ᠤᠨ ᠡᠳ᠋ ᠤᠨ ᠵᠠᠰᠠᠭ᠂ ᠡᠳ᠋ ᠤᠨ ᠶᠠᠪᠤᠳᠠᠯ ᠤᠨ ᠳᠦᠷᠢᠮ | ᠲᠣᠭᠲᠠᠭᠠᠯ ᠪᠠ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠎ᠠ᠂ ᠪᠡᠯᠡ ᠮᠥᠩᠭᠦ ᠶᠢ ᠬᠡᠷᠡᠭᠯᠡᠬᠦ ᠴᠢᠭᠯᠡᠯ ᠪᠠ ᠠᠭᠤᠯᠭ᠎ᠠ ᠶᠢ | ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ ᠡᠳ᠋ ᠤᠨ ᠶᠠᠪᠤᠳᠠᠯ ᠤᠨ ᠲᠣᠭᠲᠠᠭᠠᠯ ᠠᠴᠠ ᠵᠥᠷᠢᠴᠡᠭᠰᠡᠨ᠂ ᠵᠤᠷᠢᠬᠵᠢᠭᠤᠯᠵᠦ ᠲᠡᠳᠬᠦᠬᠦ ᠪᠡᠯᠡ ᠮᠥᠩᠭᠦ ᠶᠢ | ᠨᠡᠭᠦᠯᠭᠡᠨ ᠬᠡᠷᠡᠭᠯᠡᠭᠰᠡᠨ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠡᠭᠦᠷᠭᠡ ᠪᠠᠨ ᠭᠦᠢᠴᠡᠳᠬᠡᠭᠰᠡᠨ ᠦᠭᠡᠢ ᠵᠡᠷᠭᠡ ᠪᠠᠶᠢᠳᠠᠯ ᠭᠠᠷᠪᠠᠯ ᠵᠤᠷᠢᠬᠵᠢᠭᠤᠯᠵᠦ ᠲᠡᠳᠬᠦᠬᠦ | ᠪᠡᠯᠡ ᠮᠥᠩᠭᠦ ᠶᠢ ᠬᠤᠷᠢᠶᠠᠨ ᠠᠪᠬᠤ ᠶᠢᠨ ᠬᠠᠮᠲᠤ ᠭᠤᠶᠤᠴᠢᠯᠠᠨ ᠮᠡᠳᠡᠭᠦᠯᠬᠦ ᠬᠢᠷᠢ ᠬᠡᠮ ᠢ ᠨᠢ ᠨᠠᠰᠤᠨ ᠲᠤᠷᠰᠢᠲᠠ ᠬᠦᠴᠦᠨ ᠦᠭᠡᠢ ᠪᠣᠯᠭᠠᠨ᠎ᠠ᠃ ᠶᠠᠮᠠᠷ ᠨᠢᠭᠡᠨ | ᠰᠢᠯᠲᠠᠭᠠᠨ ᠠᠴᠠ ᠪᠣᠯᠵᠤ ᠪᠡᠶᠡᠯᠡᠭᠦᠯᠦᠭᠰᠡᠨ ᠦᠭᠡᠢ ᠵᠤᠷᠢᠬᠵᠢᠭᠤᠯᠵᠦ ᠲᠡᠳᠬᠦᠬᠦ ᠲᠥᠷᠥᠯ ᠵᠦᠢᠯ ᠢ ᠴᠠᠭ ᠲᠤᠬᠠᠢ ᠳᠤᠨᠢ ᠢᠯᠭᠠᠷᠠᠭᠤᠯᠤᠨ ᠪᠠᠶᠢᠴᠠᠭᠠᠵᠤ᠂ | ᠵᠤᠷᠢᠬᠵᠢᠭᠤᠯᠵᠦ ᠲᠡᠳᠬᠦᠬᠦ ᠪᠡᠯᠡ ᠮᠥᠩᠭᠦ ᠶᠢ ᠬᠤᠷᠢᠶᠠᠨ ᠠᠪᠴᠢᠷᠠᠨ᠎ᠠ᠃ | ᠬᠤᠷᠢᠨ ᠨᠢᠭᠡᠲᠤᠭᠡᠷ ᠵᠦᠢᠯ ᠪᠡᠯᠡ ᠮᠥᠩᠭᠦ ᠬᠡᠷᠡᠭᠯᠡᠬᠦ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠳᠠ ᠪᠠᠶᠢᠴᠠᠭᠠᠯᠲᠠ ᠶᠢ ᠬᠦᠯᠢᠶᠡᠨ᠎ᠡ᠃ | | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | | | ᠬᠤᠷᠢᠨ ᠬᠤᠶᠠᠳᠤᠭᠠᠷ ᠵᠦᠢᠯ ᠲᠤᠰ ︽ᠠᠷᠭ᠎ᠠ︾ ᠶᠢ ᠦᠦᠰᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ | ᠬᠠᠷᠢᠭᠤᠴᠠᠨ ᠲᠠᠶᠢᠯᠪᠤᠷᠢᠯᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠲᠣᠰ ︽ᠠᠷᠭ᠎ᠠ︾ ᠶᠢ ᠦᠨᠳᠦᠰᠦᠯᠡᠨ ᠡᠯ᠎ᠡ ᠲᠥᠷᠥᠯ ᠤᠨ ᠬᠢᠨᠠᠨ | ᠲᠣᠭᠲᠠᠭᠠᠬᠤ ᠨᠠᠷᠢᠨ ᠳᠦᠷᠢᠮ ᠢ ᠲᠣᠭᠲᠠᠭᠠᠵᠤ᠂ ᠬᠢᠵᠦ ᠳᠠᠭᠤᠰᠤᠭᠠᠳᠤᠢ ᠵᠦᠢᠯᠡᠰ ᠢ ᠤᠳᠤᠷᠢᠳᠬᠤ ᠳᠤᠭᠤᠶᠢᠯᠠᠩ ᠪᠠ ᠲᠤᠰᠬᠠᠢ ᠮᠡᠷᠭᠡᠵᠢᠯᠲᠡᠨ ᠤ ᠬᠢᠨᠠᠨ | ᠲᠣᠭᠲᠠᠭᠠᠬᠤ ᠺᠣᠮᠢᠰ ᠠᠴᠠ ᠰᠤᠳᠤᠯᠤᠨ ᠲᠣᠭᠲᠠᠭᠠᠨ᠎ᠠ᠃ | ᠬᠤᠷᠢᠨ ᠭᠤᠷᠪᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠡᠷᠡᠭᠵᠢᠭᠦᠯᠦᠨ᠎ᠡ᠃ | | |