ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2022/7/26
      7 ᠰᠠᠷ᠎ᠠ ᠶᠢᠨ 22 ᠤᠨ ᠡᠳᠦᠷ ᠂ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠢᠶ᠎ᠠ ᠪᠠᠭᠰᠢ ᠲᠤᠭᠤᠷᠢᠭ ᠲᠤ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠷ᠎ᠡ ᠬᠠᠭᠠᠰ ᠵᠢᠯ ᠤᠨ ᠠᠵᠢᠯ ᠢᠶᠠᠨ ᠳ᠋ᠦᠩᠨᠡᠨ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠦ᠂ ᠪᠥᠬᠦ ᠤᠯᠤᠰ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠯᠢᠳᠡᠭ ᠬᠤᠲᠠ ᠶᠢ ᠲᠥᠷᠭᠡᠳᠭᠡᠨ ᠪᠦᠲᠦᠭᠡᠨ ᠪᠠᠶᠢᠭᠤᠯᠬᠤ ᠭᠡᠷᠡᠭᠲᠡᠢ ᠬᠡᠵᠡᠢ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ ᠣᠷᠣᠯᠴᠠᠬᠰᠠᠨ ᠤ ᠬᠠᠮᠲᠤ ᠶᠠᠷᠢᠶ᠎ᠠ ᠲᠠᠯᠪᠢᠵᠠᠢ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠭᠢᠯᠡᠭᠰᠡᠨ ᠤ ᠬᠠᠮᠲᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠲᠠ ᠶᠢᠨ ᠤᠯᠤᠰ ᠲᠥᠷᠥ  ᠶᠢᠨ ᠵᠥᠪᠯᠡᠯᠭᠡᠨ ᠤ ᠲᠡᠷᠢᠭᠦᠯᠡᠭᠴᠢ ᠭᠤᠣ ᠵᠠᠨ ᠱᠧᠩ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠪᠠ᠃ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠳᠤ ᠤᠷᠤᠯᠴᠠᠪᠠ᠃ 
1.jpg
2.jpg
        ᠬᠤᠷᠠᠯ ᠠᠴᠠ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ᠂ ᠵᠠᠷᠢᠮ ᠬᠤᠰᠢᠭᠤ ᠲᠣᠭᠤᠷᠢᠭ᠂ ᠰᠠᠯᠠᠭ᠎ᠠ ᠮᠥᠴᠢᠷ ᠪᠤᠯᠤᠨ ᠰᠤᠮᠤ ᠪᠠᠯᠭᠠᠰᠤᠨ ᠤ ᠬᠠᠷᠢᠭᠤᠴᠠᠯᠭᠠᠲᠠᠨ ᠶᠠᠷᠢᠶ᠎ᠠ ᠲᠠᠯᠪᠢᠵᠠᠢ᠃      ᠯᠢ ᠯᠢ ᠡᠨᠡ ᠵᠢᠯ ᠠᠴᠠ ᠨᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠭᠡ ᠬᠦᠴᠦ ᠣᠷᠣᠭᠤᠯᠤᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠵᠦ ᠡᠯ᠎ᠡ ᠲᠦᠷᠦᠯ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠭᠰᠡᠨ ᠪᠠᠶᠢᠨ᠎ᠠ᠃ ᠦᠵᠡᠯ ᠰᠠᠨᠠᠭᠠᠨ ᠤ ᠲᠠᠨᠢᠯᠲᠠ ᠪᠠᠨ ᠭᠦᠨᠵᠡᠭᠡᠶᠢᠷᠡᠭᠦᠯᠵᠦ ᠲᠡᠷᠢᠭᠦᠨ ᠤ ᠬᠡᠪ ᠳᠠᠭᠤᠷᠢᠶᠠᠯ᠂ ᠳᠡᠭᠡᠳᠦ ᠱᠠᠲᠤᠨ ᠤ ᠱᠠᠭᠠᠷᠳᠠᠯᠭ᠎ᠠ᠂ ᠠᠵᠤ ᠠᠬᠤᠶᠢᠯᠠᠯ ᠤᠨ ᠬᠡᠷᠡᠭᠴᠡᠭᠡ ᠪᠣᠯᠣᠨ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠬᠢᠨᠠᠮᠠᠭᠠᠢ ᠬᠠᠷᠠᠭᠤᠯᠤᠨ ᠵᠥᠷᠢᠶ᠎ᠡ ᠪᠠᠨ ᠢᠯᠡᠷᠡᠭᠦᠯᠵᠦ ᠬᠦᠷᠦᠯᠴᠡᠬᠦ ᠦᠭᠡᠢ ᠲᠠᠯ᠎ᠠ ᠪᠠᠨ ᠵᠥᠪ ᠢᠶᠠᠷ ᠲᠠᠨᠢᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠬᠤ ᠬᠡᠷᠡᠭᠲᠡᠢ ᠭᠡᠵᠡᠢ᠃      ᠯᠢ ᠯᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠪᠦᠬᠦ ᠤᠯᠤᠰ ᠤᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠤᠨ ᠰᠢᠯᠢᠳᠡᠭ ᠬᠤᠳᠠ ᠶᠢ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠦᠪᠯᠡᠷᠡᠬᠦᠯᠦᠨ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠭᠰᠠᠨ ᠭᠤᠣᠯᠳᠠᠯᠭ᠎ᠠ ᠲᠠᠢ ᠡᠭᠦᠷᠭᠡ  ᠶᠢ ᠴᠢᠩᠭ᠎ᠠ ᠠᠳᠬᠤᠵᠦ ᠠᠵᠤ ᠠᠬᠤᠶᠢᠯᠠᠯ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ ᠡᠯ᠎ᠡ ᠲᠦᠷᠦᠯ ᠤᠨ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠪᠠᠨ ᠠᠬᠢᠭᠤᠯᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠪᠤᠢ ᠪᠦᠬᠦᠢ ᠠᠰᠠᠭᠤᠳᠠᠯ ᠢ ᠪᠦᠬᠦᠨ ᠢ ᠴᠡᠪᠡᠷᠯᠡᠨ ᠡᠴᠤᠰ ᠲᠤᠨᠢ ᠲᠤᠯᠳᠠᠯ᠎ᠠ ᠰᠢᠢᠳᠪᠤᠷᠢᠯᠡᠬᠦ ᠶᠢ ᠪᠠᠲᠤᠯᠠᠬᠤ ᠬᠡᠷᠡᠭᠲᠡᠢ᠃ ᠪᠠᠷᠢᠮᠵᠢᠶ᠎ᠠ ᠲᠠᠢ ᠬᠠᠷᠭᠤᠭᠤᠯᠤᠨ ᠰᠤᠷᠤᠯᠴᠠᠯᠭ᠎ᠠ ᠶᠢ ᠠᠳᠬᠤᠵᠦ᠂ ᠲᠤᠳᠠᠭᠤᠳᠠᠯ ᠢᠶᠠᠨ ᠬᠠᠨᠳᠤᠯᠭ᠎ᠠ ᠲᠠᠢ ᠪᠠᠷ ᠨᠦᠬᠦᠪᠦᠷᠢᠯᠡᠬᠦ ᠬᠡᠷᠡᠭᠲᠡᠢ᠃ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠠᠳᠬᠤᠵᠤ᠂ ᠣᠨ ᠤ ᠭᠤᠣᠯᠳᠠᠯᠭ᠎ᠠ ᠲᠠᠢ ᠡᠭᠦᠷᠭᠡ ᠵᠢᠴᠢ ︽ᠳᠥᠷᠪᠡ ᠶᠢ ᠭᠦᠢᠴᠡᠳᠭᠡᠭᠦ︾ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ᠃ ᠥᠨᠳᠥᠷ ᠪᠦᠲᠦᠮᠵᠢᠲᠡᠢ ᠪᠠᠷ ᠰᠢᠢᠳᠪᠤᠷᠢᠯᠠᠬᠦ ᠶᠢ ᠠᠳᠬᠤᠵᠦ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ  ᠳᠤᠨᠢ ᠰᠢᠢᠳᠪᠦᠷᠢᠯᠡᠬᠦ︾ ᠠᠵᠢᠯ ᠤᠨ ᠴᠢᠨᠠᠷᠵᠢᠯ ᠪᠣᠯᠣᠨ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠠᠭᠦᠯᠬᠦ ᠭᠡᠷᠡᠭᠲᠡᠢ᠃ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠦ ᠠᠬᠤᠶᠢᠯᠠᠯ ᠤᠨ ᠲᠦᠷᠦ ᠶᠢᠨ ᠪᠤᠳᠤᠯᠭ᠎ᠠ ᠶᠢᠨ ᠠᠰᠢᠭ ᠬᠦᠷᠳᠡᠭᠴᠢ ᠭᠤᠤᠯ ᠴᠤᠬᠴᠠ ᠶᠢ ᠪᠦᠬᠦ ᠲᠠᠯ᠎ᠠ ᠪᠠᠷ ᠤᠶᠢᠯᠠᠭᠠᠨ ᠡᠳ᠋ᠯᠡᠬᠦ ᠶᠤᠰᠤᠲᠠᠢ ᠶᠢ ᠨᠢ ᠪᠦᠬᠦᠨ ᠢ ᠡᠳ᠋ᠯᠡᠬᠦᠯᠬᠦ ᠶᠢ ᠪᠠᠲᠤᠯᠠᠬᠤ ᠬᠡᠷᠡᠭᠲᠡᠢ᠃ ᠦᠢᠯᠡᠴᠢᠯᠡᠭᠡ ᠶᠢ ᠰᠢᠯᠢᠳᠡᠭᠵᠢᠬᠦᠯᠬᠦ ᠶᠢ ᠠᠳᠬᠤᠵᠤ ᠭᠤᠤᠯᠳᠠᠯᠭ᠎ᠠ  ᠲᠠᠢ ᠦᠨᠳᠦᠷ ᠳᠠᠪᠳᠠᠮᠵᠢᠲᠤ ᠬᠢᠨᠠᠨ ᠵᠦᠪᠰᠢᠶᠡᠷᠡᠬᠦ ᠣᠴᠢᠷ ᠶᠠᠪᠤᠳᠠᠯ ᠤᠨ ᠶᠠᠪᠤᠴᠠ ᠶᠢ ᠲᠠᠬᠢᠨ ᠲᠦᠷᠢᠮᠵᠢᠬᠦᠯᠬᠦ ᠶᠢ ᠠᠬᠢᠭᠤᠯᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠠᠰᠤᠷᠠᠯᠲᠠ ᠦᠬᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠯᠢ ᠯᠢ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠭᠤᠣᠯ ᠬᠠᠷᠢᠭᠤᠴᠠᠯᠭᠠᠲᠠᠨ ᠨᠦᠬᠦᠳ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠤᠶᠢᠯᠠᠭᠠᠯᠴᠠᠭ᠎ᠠ ᠪᠠᠨ ᠴᠢᠩᠭᠠᠳᠬᠠᠨ ᠨᠢᠭᠲᠠ ᠬᠠᠮᠵᠢᠯᠴᠠᠵᠤ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠣᠶ ᠪᠤᠯᠭᠠᠬᠤ ᠶᠢ ᠠᠬᠢᠭᠤᠯᠵᠦ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠬᠠᠲᠠᠭᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠣᠳᠣᠬᠢᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠳ᠋ᠦ᠋ ᠬᠤᠢ ᠯᠢᠶᠠᠩ ᠲᠡᠷᠢᠭᠦᠨ ᠤ ᠬᠢ ᠪᠠᠷ ᠪᠠᠷᠢᠮᠵᠢᠶᠠᠯᠠᠬᠤ ᠶᠢ ᠪᠠᠷᠢᠮᠳᠠᠯᠠᠨ ᠦᠷᠭᠦᠯᠵᠢᠯᠡᠨ ᠳᠠᠷᠤᠯᠳᠠ ᠦᠭᠴᠤ ᠡᠷᠡᠮᠡᠬᠡᠶᠢᠯᠡᠨ ᠤᠷᠤᠭᠰᠢᠯᠠᠵᠤ ᠲᠡᠷᠢᠭᠦᠨ ᠳᠤ ᠨᠢ ᠤᠷᠤᠵᠦ ᠵᠢᠬᠰᠠᠭᠠᠯᠳᠠ ᠳᠤ ᠳᠡᠪᠰᠢᠬᠦᠯᠬᠦ ᠪᠠᠷ ᠬᠦᠴᠦᠯᠡᠨ ᠬᠡᠪ ᠳᠠᠭᠤᠷᠢᠶᠠᠯ ᠪᠣᠯᠬᠤ ᠪᠠᠷ ᠴᠢᠷᠮᠠᠶᠢᠵᠦ ᠣᠨᠴᠠᠯᠢᠭ ᠢ ᠡᠭᠦᠳᠬᠦ ᠪᠠᠷ ᠴᠢᠷᠮᠠᠶᠢᠬᠤ ᠳᠤᠮᠳᠠ ᠪᠦᠬᠦ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ᠃ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠬᠦᠯᠬᠦ︾ ᠠᠵᠢᠯᠯᠠᠭ᠎ᠠ ᠶᠢ ᠬᠦᠨᠵᠡᠬᠡᠢ ᠦᠷᠨᠢᠬᠦᠯᠵᠦ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠲᠤᠯᠤᠭᠠᠶᠢᠯᠠᠨ ᠦᠨᠡᠨᠴᠢ ᠢᠳᠡᠭᠡᠮᠵᠢ ᠶᠢ ᠰᠠᠬᠢᠵᠦ ᠠᠮᠠᠯᠠᠯᠲᠠ ᠪᠠᠨ ᠦᠢᠯᠡᠳᠦᠯᠬᠡᠵᠢᠬᠦᠯᠦᠨ ᠮᠠᠨ ᠤ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠦᠭᠰᠡᠨ ᠦᠷ᠎ᠡ ᠪᠦᠲᠦᠭᠡᠯ ᠢ ᠢᠳᠡᠪᠬᠢᠲᠡᠢ ᠤᠬᠠᠭᠤᠯᠤᠨ ᠢᠯᠡᠷᠡᠭᠦᠯᠵᠦ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢᠶᠠᠷ ᠲᠡᠷᠢᠭᠦᠨ ᠤ ᠵᠥᠪ ᠲᠠᠯ᠎ᠠ ᠶᠢᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠲᠡᠷᠡ ᠶᠤᠰᠤᠭᠠᠷ ᠨᠢ ᠠᠳᠬᠤᠵᠤ ᠠᠵᠤ ᠠᠬᠤᠶᠢᠯᠠᠯ ᠪᠣᠯᠣᠨ ᠤᠯᠠᠨ ᠲᠦᠮᠡᠨ ᠤ ᠲᠤᠰ ᠪᠡᠶ᠎ᠡ ᠶᠢᠨ ᠰᠠᠨᠠᠭᠠᠰᠢᠷᠠᠯ ᠳᠤ ᠠᠩᠬᠠᠷᠤᠯ ᠢᠶᠠᠨ ᠲᠥᠪᠯᠡᠷᠡᠭᠦᠯᠵᠦ ᠵᠠᠩᠬᠢᠯᠠᠭ᠎ᠠ ᠶᠢᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠤᠨ ᠬᠠᠷᠢᠭᠤᠴᠠᠯᠭ᠎ᠠ  ᠡᠭᠦᠷᠭᠡᠯᠡᠬᠦ ᠶᠢ ᠴᠢᠩᠭᠠᠳᠬᠠᠵᠦ ᠬᠢᠨᠠᠨ ᠰᠢᠯᠭᠠᠵᠤ ᠱᠠᠩᠨᠠᠵᠤ ᠲᠣᠷᠭᠠᠬᠤ ᠶᠢ ᠴᠢᠩᠳᠠᠯᠠᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠡᠯ᠎ᠡ ᠲᠦᠷᠦᠯ ᠤᠨ ᠡᠭᠦᠷᠭᠡ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃      ᠬᠤᠰᠢᠭᠤ ᠤᠳᠤᠷᠢᠳᠤᠯᠭ᠎ᠠ ᠵᠠᠩ ᡁᠢ ᠰᠢᠥ᠋ᠩ᠂ ᠵᠢᠶᠣᠣ ᠳ᠋ᠠᠩ ᠱᠧᠩ᠂ ᠮᠠ ᠶᠠ ᠳ᠋ᠦᠩ᠂ ᠰᠤ᠋ ᠴᠢᠩ ᠫᠦ᠋᠂ ᠶᠤᠸᠠᠢ ᠵᠧᠨ ᠷᠦᠩ᠂ ᠸᠠᠩ ᠵᠧᠨ᠂ ᠶᠠᠩ ᠵᠥᠩ ᠬᠤᠩ ᠪᠤᠯᠤᠨ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠪᠡ᠃                                  ᠰᠤᠷᠪᠤᠯᠵᠢᠯᠠᠭᠴᠢ᠄ ᠯᠤᠨᠳᠤᠨᠬᠤᠸᠠᠷ   ᠢᠦᠢ ᠵᠢᠶᠧ ᠮᠧᠩ   ᠪᠠᠢ ᠰᠢᠤᠸᠠᠢ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ